ᠥᠪᠥᠷ ᠮᠣᠩᠭᠣᠯ ᠲᠤᠰᠭᠠᠶ ᠪᠠᠯᠠ ᠮᠥᠩᠭᠥ᠌ ᠲᠤᠬᠢᠷᠠᠭᠤᠯᠵᠤ ᠰᠣᠶᠣᠯ᠎ᠤᠨ ᠠᠵᠤ ᠦᠶ᠋ᠯᠡᠰ᠎ᠦᠨ ᠶᠠᠰᠤ ᠴᠢᠨᠠᠷ᠎ᠢ ᠳᠡᠭᠡᠭ᠌ᠰᠢᠯᠡᠭᠦᠯᠦᠨ ᠲᠠᠰ ᠲᠡᠪᠰᠢᠬᠦᠯᠬᠦ ᠢ᠋ᠢ ᠠᠬᠢᠭᠤᠯᠵᠤ ᠪᠤᠢ
2026-05-27 10:10:56
ᠵᠣᠬᠢᠶᠠᠭ᠍ᠴᠢ᠄
ᠰᠠᠷᠭᠠᠢ
ᠣᠩᠱᠢᠭ᠍ᠰᠠᠨ ᠣᠳᠠᠭ᠎ᠠ᠄
★★★☆☆

ᠤᠢᠷ᠎ᠠ᠎ᠳᠤ ᠦᠪᠤᠷ ᠮᠤᠨᠭᠭᠤᠯ ᠤ᠋ᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶ᠋ᠢᠨ ᠤᠬᠠᠭᠤᠯᠬᠤ  ᠬᠡᠯᠲᠡᠰ ᠬᠢᠭᠡᠳ ᠦᠪᠤᠷ ᠮᠤᠨᠭᠭᠤᠯ ᠤ᠋ᠨ ᠥᠪᠡᠷᠲᠡᠭᠡᠨ ᠵᠠᠰᠠᠬᠤ ᠣᠷᠣᠨ᠎ᠤ ᠡᠳ᠋᠎ᠦᠨ ᠵᠠᠰᠠᠭ᠎ᠤᠨ ᠲᠢᠩᠬᠢᠮ ᠬᠠᠮᠳᠤᠷᠠᠵᠤ᠂ ᠥᠪᠡᠷᠲᠡᠭᠡᠨ ᠵᠠᠰᠠᠬᠤ ᠣᠷᠣᠨ᠎ᠤ ᠰᠣᠶᠣᠯ᠎ᠤᠨ ᠠᠵᠤ ᠦᠶ᠋ᠯᠡᠰ᠎ᠦᠨ ᠬᠥᠭ᠌ᠵᠢᠯᠲᠡ᠎ᠶ᠋ᠢᠨ ᠲᠤᠰᠭᠠᠶ ᠪᠠᠯᠠ ᠮᠥᠩᠭᠥ᠌  ᠲᠤᠬᠢᠷᠠᠭᠤᠯᠤᠭᠰᠠᠨ ᠪᠥᠭᠡᠳ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ᠎ᠤᠨ ᠠᠵᠤ ᠦᠶ᠋ᠯᠡᠰ᠎ᠦᠨ ᠬᠥᠭ᠌ᠵᠢᠯᠲᠡ᠎ᠶ᠋ᠢᠨ ᠲᠤᠰᠭᠠᠶ ᠪᠠᠯᠠ ᠮᠥᠩᠭᠥ᠎ᠶ᠋ᠢᠨ ᠬᠠᠮᠢᠶᠠᠷᠤᠯᠲᠠ᠎ᠶ᠋ᠢᠨ ᠠᠷᠭ᠎ᠠ》 (ᠳᠣᠷᠣᠭ᠍ᠰᠢ 《ᠠᠷᠭ᠎ᠠ》 ᠭᠡᠵᠦ᠍ ᠲᠣᠪᠴᠢᠯᠠᠨ᠎ᠠ)᠎ᠶ᠋ᠢ ᠵᠢᠩᠬᠢᠨᠢ᠎ᠪᠡᠷ ᠳᠠᠷᠤᠮᠠᠯᠯᠠᠨ ᠲᠠᠷᠬᠠᠭᠠᠪᠠ᠃

ᠲᠤᠰ ᠰᠣᠶᠣᠯ᠎ᠤᠨ ᠠᠵᠤ ᠦᠢᠯᠡᠰ᠎ᠦᠨ ᠬᠥᠭ᠌ᠵᠢᠯᠲᠡ᠎ᠶ᠋ᠢᠨ ᠲᠤᠰᠭᠠᠶ ᠪᠡᠯᠡ ᠮᠥᠩᠭᠥ᠎ᠶ᠋ᠢ ᠲᠤᠬᠢᠷᠠᠭᠤᠯᠤᠭᠰᠠᠨ ᠨᠢ ᠡᠳ᠋᠎ᠦᠨ ᠵᠠᠰᠠᠭ᠎ᠤᠨ ᠪᠡᠯᠡ ᠮᠥᠩᠭᠥ᠎ᠶ᠋ᠢᠨ ᠬᠥᠲᠥᠯᠥᠨ ᠵᠢᠯᠣᠭᠣᠳᠭᠤ ᠪᠠ ᠬᠥᠱᠢᠭᠦᠷᠭᠡ᠎ᠶ᠋ᠢᠨ ᠦᠢᠯᠡᠳᠦᠯ᠎ᠢ ᠭᠦᠢᠴᠡᠳ ᠪᠠᠳᠠᠷᠠᠭᠤᠯᠵᠤ᠂ ᠨᠡᠩ ᠣᠯᠠᠨ ᠨᠡᠢᠭᠡᠮ᠎ᠦᠨ ᠬᠥᠷᠥᠩᠭᠡ᠎ᠶ᠋ᠢ ᠲᠠᠲᠠᠵᠤ ᠰᠣᠶᠣᠯ᠎ᠤᠨ ᠠᠵᠤ ᠦᠢᠯᠡᠰ᠎ᠦᠨ ᠬᠥᠭ᠌ᠵᠢᠯᠲᠡ᠎ᠳᠦ ᠣᠷᠣᠯᠴᠠᠭᠤᠯᠬᠤ᠎ᠶ᠋ᠢᠨ ᠲᠥᠯᠥᠭᠡ ᠶᠤᠮ᠃ ᠣᠢᠯᠠᠭᠠᠭ᠍ᠰᠠᠨ᠎ᠢᠶᠠᠷ  ᠲᠣᠰ ᠲᠤᠰᠭᠠᠶ ᠪᠠᠯᠠ ᠮᠥᠩᠭᠥ᠎ᠶ᠋ᠢ ᠥᠪᠡᠷᠲᠡᠭᠡᠨ ᠵᠠᠰᠠᠬᠤ ᠣᠷᠣᠨ᠎ᠤ ᠲᠣᠰ ᠱᠠᠲᠤᠨ᠎ᠤ ᠡᠳ᠋᠎ᠦᠨ ᠵᠠᠰᠠᠭ᠎ᠤᠨ ᠲᠥᠰᠦᠪ᠎ᠡᠴᠡ ᠳᠣᠭᠢᠷᠠᠭᠤᠯᠵᠤ᠂ ᠭᠤᠤᠯᠳᠠᠭᠤ ᠰᠣᠶᠣᠯ᠎ᠤᠨ ᠠᠵᠤ ᠦᠶ᠋ᠯᠡᠰ᠎ᠦᠨ ᠶᠠᠰᠤ ᠴᠢᠨᠠᠷ᠎ᠢ ᠳᠡᠭᠡᠭ᠌ᠰᠢᠯᠡᠭᠦᠯᠦᠨ ᠦᠷ᠎ᠡ ᠠᠱᠢᠭ᠎ᠢ ᠨᠡᠮᠡᠭ᠌ᠳᠡᠭᠦᠯᠬᠦ᠌᠂ ᠬᠡᠯᠪᠡᠷᠢ᠎ᠪᠡᠨ ᠬᠤᠪᠢᠷᠠᠭᠤᠯᠤᠨ ᠲᠠᠰ ᠳᠡᠪᠱᠢᠭᠦᠯᠬᠦ᠌ ᠵᠠᠩᠭᠢᠯᠠᠭ᠎ᠠ᠎ᠶ᠋ᠢᠨ ᠭᠣᠭ᠍ᠴᠣᠭ᠎ᠠ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠨᠥᠬᠥᠪᠥᠷᠢᠯᠡᠬᠦ᠌᠂ ᠱᠠᠩᠨᠠᠬᠤ᠂ ᠵᠢᠭᠡᠯᠡᠯᠭᠡ᠎ᠶ᠋ᠢᠨ ᠳᠠᠮ ᠬᠦᠦ ᠮᠦᠩᠬᠦ ᠥᠭ᠌ᠬᠦ ᠵᠡᠷᠬᠡ ᠭᠤᠷᠪᠠᠨ ᠵᠦᠶ᠋ᠯ᠎ᠦᠨ ᠠᠷᠭ᠎ᠠ ᠬᠡᠯᠪᠡᠷᠢ ᠪᠡᠷ ᠲᠡᠮᠵᠢᠯᠬᠡ ᠦᠵᠡᠬᠦᠯᠬᠦ ᠪᠤᠯᠤᠨ᠎ᠠ᠃

《ᠠᠷᠭ᠎ᠠ》 ᠳ᠋ᠤ ᠲᠤᠰᠭᠠᠶ ᠪᠠᠯᠠ ᠮᠥᠩᠭᠥ᠎ᠶ᠋ᠢᠨ ᠵᠢᠷᠭᠤᠭᠠᠨ ᠶᠡᠬᠡ ᠬᠡᠷᠡᠭ᠌ᠯᠡᠯᠲᠡ᠎ᠶ᠋ᠢᠨ ᠬᠡᠪᠴᠢᠶ᠎ᠡ᠎ᠶ᠋ᠢ ᠲᠣᠳᠣᠷᠬᠠᠶ ᠲᠤᠭᠳᠠᠭᠠᠪᠠ᠃ ᠨᠢᠭᠡ᠎ᠳᠦ᠂ ᠭᠤᠤᠯᠳᠠᠯᠭ᠎ᠠ᠎ᠲᠠᠶ ᠰᠣᠶᠣᠯ᠎ᠤᠨ ᠠᠵᠤ ᠠᠬᠤᠢᠯᠠᠯ᠎ᠢ ᠪᠣᠢᠵᠢᠭᠤᠯᠵᠤ᠂ ᠨᠥᠬᠥᠴᠡᠯ᠎ᠳᠦ ᠨᠡᠢᠴᠡᠬᠦ᠌ ᠠᠵᠤ ᠠᠬᠤᠢᠯᠠᠯ᠎ᠢ ᠲᠥᠷᠥᠯ ᠬᠤᠪᠢᠶᠠᠨ ᠨᠠᠷᠢᠯᠢᠭ ᠣᠨᠣᠴᠠᠲᠠᠶ᠎ᠪᠠᠷ ᠲᠡᠳᠬᠦᠨ ᠳᠡᠮᠵᠢᠵᠦ᠂ ᠲᠡᠭᠦᠨ᠎ᠢ ᠪᠤᠵᠠᠭᠠᠢᠷᠠᠭᠤᠯᠤᠨ ᠬᠦᠴᠦᠷᠬᠡᠭ᠌ᠵᠢᠭᠦᠯᠬᠦ᠌᠎ᠳᠦ ᠬᠦᠴᠦᠨ ᠨᠡᠮᠡᠷᠢᠯᠡᠨ᠎ᠡ᠃ ᠬᠣᠶᠠᠷ᠎ᠲᠤ᠂ ᠭᠤᠤᠯᠳᠠᠯᠭ᠎ᠠ᠎ᠲᠠᠶ ᠰᠣᠶᠣᠯ᠎ᠤᠨ ᠠᠵᠤ ᠦᠶ᠋ᠯᠡᠰ᠎ᠦᠨ ᠲᠥᠷᠥᠯ ᠵᠦᠶ᠋ᠯ᠎ᠢ ᠳᠡᠮᠵᠢᠵᠦ᠍᠂ ᠰᠣᠶᠣᠯ ᠬᠢᠭᠡᠳ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠭᠦᠨᠵᠡᠭᠡᠶ ᠠᠭᠤᠰᠤᠯᠴᠠᠭ᠍ᠰᠠᠨ ᠲᠥᠷᠥᠯ ᠵᠦᠶ᠋ᠯ᠂ ᠥᠪᠡᠷᠲᠡᠭᠡᠨ ᠵᠠᠰᠠᠬᠤ ᠣᠷᠣᠨ᠎ᠠᠴᠠ ᠮᠠᠭᠠᠳᠯᠠᠨ ᠲᠣᠭ᠍ᠲᠠᠭᠠᠭ᠍ᠰᠠᠨ ᠭᠤᠤᠯᠳᠠᠯᠭ᠎ᠠ᠎ᠲᠠᠶ ᠰᠣᠶᠣᠯ᠎ᠤᠨ ᠠᠵᠤ ᠦᠶ᠋ᠯᠡᠰ᠎ᠦᠨ ᠲᠥᠷᠥᠯ ᠵᠦᠶ᠋ᠯ᠎ᠢ ᠤᠷᠢᠳ᠎ᠢᠶᠡᠷ ᠳᠡᠮᠵᠢᠵᠦ᠍᠂ ᠰᠣᠨᠢᠨ ᠮᠡᠳᠡᠭᠡ ᠬᠡᠪᠯᠡᠯ᠂ ᠷᠠᠳᠢᠣ᠋ ᠲᠧᠯᠸᠢᠰ᠂ ᠰᠣᠶᠣᠯ ᠤᠷᠠᠯᠢᠭ ᠵᠡᠷᠭᠡ ᠬᠦᠷᠢᠶ᠎ᠡ ᠴᠠᠷᠠᠭ᠎ᠠ ᠲᠡᠢᠰᠢ ᠭᠤᠤᠯᠳᠠᠯᠭ᠎ᠠ᠎ᠲᠠᠶ ᠬᠡᠯᠪᠡᠢᠯᠭᠡᠬᠦ᠌᠎ᠶ᠋ᠢᠨ ᠬᠠᠮᠲᠤ᠂ ᠥᠪᠥᠷ ᠮᠣᠩᠭᠣᠯ᠎ᠤᠨ ᠣᠷᠣᠨ ᠨᠤᠲᠤᠭ᠎ᠤᠨ ᠣᠨᠴᠠᠯᠢᠭ᠎ᠲᠠᠶ ᠭᠠᠷ ᠤᠷᠠᠯᠠᠯ᠎ᠤᠨ ᠪᠦᠲᠦᠭᠡᠭ᠌ᠳᠡᠬᠦᠨ᠎ᠦ ᠵᠢᠷᠤᠭ ᠲᠥᠯᠥᠪᠯᠡᠭᠡ ᠂ ᠱᠢᠯᠢᠳᠡᠭ ᠤᠯᠠᠮᠵᠢᠯᠠᠯᠲᠤ ᠰᠣᠶᠣᠯ᠎ᠤᠨ ᠪᠦᠲᠦᠭᠡᠭ᠌ᠳᠡᠬᠦᠨ᠎ᠢ ᠨᠡᠭᠡᠭᠡᠨ ᠬᠥᠭ᠌ᠵᠢᠭᠦᠯᠬᠦ᠌ ᠪᠠ ᠵᠠᠬ᠎ᠠ ᠳᠡᠯᠭᠡᠭᠦᠷ᠎ᠲᠦ ᠬᠠᠨᠳᠤᠭᠤᠯᠤᠭ᠍ᠰᠠᠨ ᠲᠣᠭ᠍ᠯᠠᠯᠲᠠ᠎ᠶ᠋ᠢᠨ ᠤᠷᠠᠯᠢᠭ᠎ᠤᠨ ᠵᠦᠴᠦᠭᠡ᠎ᠶ᠋ᠢᠨ ᠭᠠᠷᠴᠠᠭ ᠦᠶ᠋ᠯᠡᠳᠬᠦ᠌ ᠵᠢᠴᠢ ᠣᠨᠴᠠᠯᠢᠭ᠍ᠲᠤ ᠰᠣᠶᠣᠯ᠎ᠤᠨ ᠡᠬᠢ ᠪᠠᠶᠠᠯᠢᠭ᠎ᠢ ᠣᠲᠣ ᠦᠶ᠎ᠡ᠎ᠶ᠋ᠢᠨ ᠰᠣᠶᠣᠯ᠎ᠤᠨ ᠪᠦᠲᠦᠭᠡᠭ᠌ᠳᠡᠬᠦᠨ ᠲᠡᠢᠰᠢ ᠬᠤᠪᠢᠷᠠᠭᠤᠯᠬᠤ ᠵᠡᠷᠭᠡ ᠲᠥᠷᠥᠯ ᠵᠦᠶ᠋ᠯ᠎ᠢ ᠲᠡᠮᠵᠢᠨ᠎ᠡ᠃ ᠭᠤᠷᠪᠠ᠎ᠳᠤ᠂ ᠰᠣᠶᠣᠯ᠎ᠤᠨ ᠠᠵᠤ ᠦᠶ᠋ᠯᠡᠰ᠎ᠦᠨ ᠲᠠᠪᠴᠠᠩ᠎ᠤᠨ ᠪᠠᠢᠭᠤᠯᠤᠯᠲᠠ᠎ᠶ᠋ᠢ ᠳᠡᠮᠵᠢᠵᠦ᠍᠂ ᠥᠪᠡᠷᠲᠡᠭᠡᠨ ᠵᠠᠰᠠᠬᠤ ᠣᠷᠣᠨ᠎ᠤ ᠲᠠᠰ ᠵᠢᠴᠢ ᠲᠡᠭᠦᠨ᠎ᠡᠴᠡ ᠳᠡᠭᠡᠭ᠌ᠰᠢᠬᠢ ᠰᠣᠶᠣᠯ᠎ᠤᠨ ᠠᠵᠤ ᠦᠶ᠋ᠯᠡᠰ᠎ᠦᠨ ᠰᠠᠭᠤᠷᠢᠨ᠂ ᠬᠦᠷᠢᠶᠡᠯᠡᠩ ᠲᠣᠭᠣᠷᠢᠭ᠎ᠤᠨ ᠲᠠᠰ ᠳᠡᠪᠱᠢᠬᠦ᠌᠎ᠶ᠋ᠢ ᠠᠬᠢᠭᠤᠯᠵᠤ᠂ ᠰᠣᠶᠣᠯ᠎ᠤᠨ ᠪᠦᠲᠦᠭᠡᠭ᠌ᠳᠡᠬᠦᠨ᠎ᠢ ᠳᠡᠯᠭᠡᠷᠡᠭᠦᠯᠦᠨ ᠠᠷᠠᠯᠵᠢᠶᠠᠯᠠᠬᠤ᠂ ᠬᠡᠪᠯᠡᠯ᠎ᠦᠨ ᠡᠷᠬᠡ᠎ᠶ᠋ᠢᠨ ᠦᠶ᠋ᠯᠡᠴᠢᠯᠡᠭᠡ ᠪᠠ ᠠᠵᠢᠯ ᠲᠥᠷᠥᠯ᠎ᠦᠨ ᠨᠡᠢᠭᠡᠮᠯᠢᠭ᠎ᠦᠨ ᠬᠥᠭ᠌ᠵᠢᠯᠲᠡ ᠵᠡᠷᠭᠡ ᠣᠯᠠᠨ ᠨᠡᠢᠲᠡ᠎ᠶ᠋ᠢᠨ ᠦᠶ᠋ᠯᠡᠴᠢᠯᠡᠭᠡᠨ᠎ᠦ ᠲᠠᠪᠴᠠᠩ᠎ᠢ ᠲᠡᠭᠦᠯᠳᠡᠷᠵᠢᠭᠦᠯᠦᠨ᠎ᠡ᠃ ᠳᠥᠷᠪᠡ᠎ᠳᠦ᠂ ᠰᠣᠶᠣᠯ᠎ᠤᠨ ᠠᠵᠤ ᠦᠢᠯᠡᠰ᠎ᠦᠨ ᠵᠠᠬ᠎ᠠ ᠳᠡᠯᠭᠡᠭᠦᠷ᠎ᠦᠨ ᠣᠷᠴᠢᠨ ᠲᠣᠭᠣᠷᠢᠨ ᠢ᠋ ᠱᠢᠯᠢᠳᠡᠭ᠌ᠵᠢᠭᠦᠯᠵᠦ᠍᠂ ᠬᠠᠮᠢᠶ᠎ᠠ ᠪᠦᠬᠦᠢ ᠨᠢᠭᠡᠴᠢ᠎ᠶ᠋ᠢᠨ ᠤᠯᠤᠰ᠎ᠪᠠ ᠥᠪᠡᠷᠲᠡᠭᠡᠨ ᠵᠠᠰᠠᠬᠤ ᠣᠷᠣᠨ᠎ᠤ ᠲᠡᠰ᠎ᠤᠨ ᠭᠤᠤᠯᠳᠠᠯᠭ᠎ᠠ᠎ᠲᠠᠶ ᠰᠣᠶᠣᠯ᠎ᠤᠨ ᠠᠵᠤ ᠦᠢᠯᠡᠰ᠎ᠦᠨ ᠠᠵᠢᠯᠯᠠᠭ᠎ᠠ ᠡᠷᠬᠢᠯᠡᠬᠦ᠌ ᠪᠤᠶᠤ ᠣᠷᠣᠯᠴᠠᠬᠤ᠎ᠶ᠋ᠢ ᠳᠠᠮᠵᠢᠵᠤ ᠂ ᠰᠣᠶᠣᠯ᠎ᠤᠨ ᠬᠡᠷᠡᠭ᠌ᠯᠡᠭᠡ᠎ᠶ᠋ᠢᠨ ᠵᠠᠬ᠎ᠠ ᠳᠡᠯᠭᠡᠭᠦᠷ᠎ᠢ ᠪᠣᠢᠵᠢᠭᠤᠯᠤᠨ᠂ ᠮᠠᠯ ᠠᠵᠤ ᠠᠬᠤᠶ ᠲᠠᠷᠢᠶᠠᠯᠠᠨᠭ᠌ ᠰᠣᠶᠣᠯ ᠵᠢᠭᠤᠯᠴᠢᠯᠠᠯ ᠬᠤᠳᠠᠯᠳᠤᠭ᠎ᠠ᠎ᠶ᠋ᠢ ᠨᠢᠭᠡ ᠴᠣᠭ᠍ᠴᠠᠵᠢᠭᠤᠯᠤᠨ ᠠᠭᠤᠰᠤᠯᠴᠠᠭᠤᠯᠤᠨ ᠬᠥᠭ᠌ᠵᠢᠭᠦᠯᠬᠦ᠌᠎ᠶ᠋ᠢ ᠠᠬᠢᠭᠤᠯᠤᠨ᠎ᠠ᠃ ᠲᠠᠪᠤ᠎ᠳᠤ᠂ ᠮᠥᠩᠭᠥᠨ ᠭᠦᠢᠯᠭᠡᠭᠡᠨ᠎ᠢ᠋ᠢᠡᠷ ᠰᠣᠶᠣᠯ᠎ᠤᠨ ᠠᠵᠤ ᠦᠢᠯᠡᠰ᠎ᠦᠨ ᠬᠥᠭ᠌ᠵᠢᠯᠲᠡ᠎ᠶ᠋ᠢ ᠳᠡᠮᠵᠢᠬᠦ᠌᠎ᠶ᠋ᠢ ᠵᠣᠷᠢᠭ᠍ᠵᠢᠭᠤᠯᠤᠨ ᠬᠦᠳᠦᠯᠦᠨ ᠵᠢᠯᠣᠭᠣᠳᠴᠤ᠌᠂ ᠰᠣᠶᠣᠯ᠎ᠪᠤᠯᠤᠨ ᠮᠥᠩᠭᠥᠨ ᠭᠦᠢᠯᠭᠡᠭᠡᠨ᠎ᠦ ᠬᠠᠮᠲᠤᠷᠠᠯᠴᠠᠭ᠎ᠠ᠎ᠶ᠋ᠢ ᠳᠡᠮᠵᠢᠬᠦ᠌ ᠡᠷᠴᠢᠮ᠎ᠢᠶᠡᠨ ᠴᠢᠩᠭᠠᠷᠠᠭᠤᠯᠵᠤ᠂ ᠰᠣᠶᠣᠯ᠎ᠤᠨ ᠠᠵᠤ ᠠᠬᠤᠢᠯᠠᠯ᠎ᠤᠨ ᠪᠠᠩᠬᠢ᠂ ᠪᠠᠩᠬᠢ᠎ᠶ᠋ᠢᠨ ᠪᠤᠰᠤ ᠮᠥᠩᠭᠥᠨ ᠭᠦᠢᠯᠭᠡᠭᠡᠨ᠎ᠦ ᠪᠠᠢᠭᠤᠯᠤᠮᠵᠢ ᠵᠡᠷᠭᠡ ᠠᠷᠭ᠎ᠠ ᠵᠠᠮ᠎ᠢ ᠢᠳᠡᠪᠬᠢᠲᠡᠢ ᠠᠱᠢᠭ᠍ᠯᠠᠨ ᠪᠡᠯᠡ ᠬᠤᠷᠠᠮᠳᠤᠭᠤᠯᠬᠤ ᠶ᠋ᠢ ᠬᠦᠳᠦᠯᠦᠨ ᠵᠢᠯᠣᠭᠣᠳᠤᠨ᠎ᠠ᠃ ᠵᠢᠷᠭᠤᠭ᠎ᠠ᠎ᠳᠤ᠂ ᠥᠪᠡᠷᠲᠡᠭᠡᠨ ᠵᠠᠰᠠᠬᠤ ᠣᠷᠣᠨ᠎ᠠᠴᠠ ᠲᠣᠭ᠍ᠲᠠᠭᠠᠭ᠍ᠰᠠᠨ ᠪᠤᠰᠤᠳ ᠬᠠᠮᠢᠶ᠎ᠠ ᠪᠦᠬᠦᠢ ᠭᠤᠤᠯᠳᠠᠯᠭ᠎ᠠ᠎ᠲᠠᠶ ᠵᠦᠢᠯᠡᠰ᠎ᠢ ᠲᠡᠮᠵᠢᠨ᠎ᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号