ᠦᠪᠦᠷ ᠮᠤᠡᠭᠭᠤᠯ ᠤ᠋ᠨ ᠦᠪᠡᠷᠲᠡᠭᠡᠨ ᠵᠠᠰᠠᠬᠤ ᠤᠷᠤᠨ ᠤ᠋ ᠲᠠᠷᠢᠶᠠᠯᠠᠡᠭ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ᠋ ᠲᠢᠡᠭᠬᠢᠮ ᠡᠴᠡ ᠤᠢᠯᠠᠭᠠᠭᠰᠠᠠ ᠶ᠋ᠢᠡᠷ᠂ ᠦᠪᠤᠷ ᠮᠤᠩᠭᠤᠯ ᠤ᠋ᠨ ᠦᠬᠡᠷ ᠬᠤᠨᠢᠨ ᠮᠢᠬᠠᠨ ᠤ᠋ ᠠᠯᠪᠠᠨ ᠤ ᠲᠠᠯ᠎ᠠ ᠶ᠋ᠢᠨ ᠪᠤᠷᠤᠯᠠᠭᠤᠯᠭ᠎ᠠ ᠶ᠋ᠢᠨ ᠳᠡᠯᠭᠡᠭᠦᠷ ᠲᠦᠷᠦᠬᠦᠭᠡᠨ ᠱᠸᠨᠵᠸᠨ ᠬᠤᠲᠠ ᠶ᠋ᠢᠨ ᠬᠠᠢ ᠵᠢᠢ ᠰᠢᠡᠭ ᠤᠯᠠᠨ ᠤᠯᠤᠰ ᠤ᠋ᠨ ᠲᠠᠷᠢᠶᠠᠯᠠᠡᠭ ᠤ᠋ᠨ ᠪᠦᠲᠦᠭᠡᠭᠳᠡᠭᠦᠨ ᠤ᠋ ᠡᠳ᠋ ᠪᠠᠷᠠᠭᠠᠨ ᠤ᠋ ᠭᠦᠢᠯᠭᠡᠭᠡ ᠶ᠋ᠢᠨ ᠬᠦᠷᠢᠶᠡᠯᠡᠡᠭ ᠳ᠋ᠦ ᠪᠠᠢᠭᠤᠯᠤᠭᠳᠠᠪᠠ᠃
ᠱᠧᠨᠵᠧᠨ ᠳ᠋ᠤ ᠪᠠᠢᠭᠤᠯᠤᠭᠰᠠᠨ ᠦᠪᠦᠷ ᠮᠤᠡᠭᠭᠤᠯ ᠤ᠋ᠨ ᠦᠬᠡᠷ ᠬᠤᠨᠢᠨ ᠮᠢᠬᠠᠨ ᠤ᠋ ᠠᠯᠪᠠᠨ ᠤ᠋ ᠲᠠᠯ᠎ᠠ ᠶ᠋ᠢᠨ ᠪᠤᠷᠤᠯᠠᠭᠤᠯᠭ᠎ᠠ ᠶ᠋ᠢᠨ ᠳᠡᠯᠭᠡᠭᠦᠷ ᠪᠤᠯ ᠮᠠᠨ ᠤ᠋ ᠤᠷᠤᠨ ᠤ᠋ ᠭᠤᠸᠠᠩᠳᠦ᠋ᠩ ᠱᠢᠶᠠᠩᠭᠠᠩ ᠣᠣᠮᠧᠨ ᠤ᠋ ᠲᠣᠮᠣ ᠪᠤᠯᠤᠩ ᠤ᠋ᠨ ᠣᠷᠣᠨ ᠳ᠋ᠤ ᠪᠠᠢᠭᠤᠯᠤᠭ᠍ᠰᠠᠨ ᠠᠩᠬᠠᠳᠠᠭ᠍ᠴᠢ ᠦᠬᠡᠷ ᠬᠣᠨᠢᠨ ᠮᠢᠬ᠎ᠠ ᠵᠢ ᠱᠢᠭᠤᠳ ᠡᠵᠡᠩᠨᠡᠨ ᠪᠣᠷᠣᠯᠠᠭᠤᠯᠬᠤ ᠲᠠᠪᠴᠠᠩ ᠪᠣᠯᠤᠨ᠎ᠠ᠃ ᠲᠤᠰ ᠳᠡᠯᠭᠡᠭᠦᠷ ᠨᠢ ᠮᠠᠨ ᠤ᠋ ᠤᠷᠤᠨ ᠤ᠋ ᠴᠢᠨᠠᠷ ᠰᠠᠢᠲᠠᠶ ᠦᠬᠡᠷ ᠬᠣᠨᠢᠨ ᠮᠢᠬᠠᠨ ᠤ᠋ ᠪᠦᠲᠦᠭᠡᠭ᠌ᠳᠡᠬᠦᠨ ᠢ᠋ ᠲᠥᠪᠯᠡᠷᠡᠭᠦᠯᠦᠨ ᠳᠡᠯᠭᠡᠨ ᠪᠣᠷᠣᠯᠠᠭᠤᠯᠵᠤ᠂ ᠪᠦᠬᠦ ᠪᠦᠲᠦᠭᠡᠭᠳᠡᠭᠦᠨ ᠳ᠋ᠦ 《ᠥᠪᠥᠷ ᠮᠣᠩᠭᠣᠯ ᠨᠡᠷᠡᠮᠵᠢᠲᠦ》 ᠲᠦᠷᠦᠯ ᠲᠡᠮᠲᠡᠭ ᠤ᠋ᠨ ᠭᠡᠷᠡᠴᠢᠯᠡᠯ ᠪᠠ ᠪᠥᠬᠥ᠌ ᠶᠠᠪᠤᠴᠠ ᠵᠢ ᠮᠥᠷᠳᠡᠵᠦ᠍ ᠪᠤᠯᠬᠤᠢᠴᠠ ᠬᠤᠶᠠᠷ ᠬᠡᠮᠵᠢᠯᠲᠦ ᠺᠣᠳ᠋ ᠲᠣᠬᠢᠷᠠᠭᠤᠯᠵᠤ᠂ ᠪᠤᠷᠤᠯᠠᠭᠤᠯᠭ᠎ᠠ ᠶ᠋ᠢᠨ ᠬᠦᠷᠢᠶ᠎ᠡ ᠬᠡᠪᠴᠢᠶ᠎ᠡ ᠨᠢ ᠵᠦᠵᠢᠶᠠᠩ ᠮᠥᠷᠡᠨ ᠤ᠋ ᠭᠤᠷᠪᠠᠯᠵᠢᠨ ᠬᠣᠢᠭ ᠤ᠋ᠨ ᠭᠠᠵᠠᠷ ᠣᠷᠣᠨ ᠤ᠋ ᠬᠤᠳᠠᠯᠳᠤᠭᠠᠨ ᠤ᠋ ᠬᠡᠲᠦ ᠳᠡᠯᠭᠡᠭᠦᠷ᠂ ᠢᠳᠡᠭᠡᠨ ᠤᠮᠳᠠᠭᠠᠨ ᠤ᠋ ᠬᠤᠭᠤᠯᠠᠨ ᠭᠡᠷ ᠢ᠋ ᠬᠠᠮᠤᠷᠴᠠᠢ᠃
ᠤᠢᠯᠠᠭᠠᠭᠰᠠᠨ ᠶ᠋ᠢᠡᠷ᠂ ᠥᠪᠡᠷᠲᠡᠭᠡᠨ ᠵᠠᠰᠠᠬᠤ ᠣᠷᠣᠨ ᠤ᠋ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠭᠣᠨ ᠮᠠᠯᠵᠢᠬᠤ ᠤᠷᠤᠨ ᠤ᠋ ᠲᠢᠡᠭᠬᠢᠮ ᠨᠢᠬᠡᠨᠳᠡ ᠨᠢᠳᠤᠯᠵᠤ ᠪᠤᠯᠪᠠᠰᠤᠷᠠᠭᠤᠯᠬᠤ ᠲᠥᠪ ᠡᠴᠡ ᠠᠪᠤᠭᠠᠳ ᠤᠮᠠᠷᠠᠲᠤ ᠶ᠋ᠢᠨ ᠦᠬᠡᠷ ᠢ᠋ ᠡᠮᠦᠨᠡᠰᠢ ᠵᠥᠭᠡᠭᠡᠪᠦᠷᠢᠯᠡᠬᠦ᠌᠂ ᠪᠣᠷᠣᠯᠠᠭᠤᠯᠭ᠎ᠠ ᠶ᠋ᠢᠨ ᠳᠡᠯᠭᠡᠭᠦᠷ᠂ ᠤᠷᠢᠳᠴᠢᠯᠠᠨ ᠨᠦᠬᠡᠴᠡᠯᠡᠬᠦ ᠬᠥᠮᠥᠷᠭᠡ ᠬᠦᠷᠲᠡᠯ᠎ᠡ ᠪᠦᠲᠦᠭᠡᠨ ᠪᠠᠢᠭᠤᠯᠵᠤ᠂ ᠦᠬᠡᠷ ᠬᠣᠨᠢᠨ ᠮᠢᠬᠠᠨ ᠤ᠋ ᠬᠠᠩᠭᠠᠯᠭ᠎ᠠ ᠶ᠋ᠢᠨ ᠬᠡᠯᠬᠢᠶ᠎ᠡ ᠶ᠋ᠢᠨ ᠠᠵᠤ ᠦᠶ᠋ᠯᠡᠰ ᠤ᠋ᠨ ᠱᠢᠰᠲ᠋ᠧᠮ ᠢ᠋ ᠲᠡᠭᠦᠯᠳᠡᠷᠵᠢᠭᠦᠯᠤᠨ᠂ ᠦᠶ᠋ᠯᠡᠳᠪᠦᠷᠢᠯᠡᠯ ᠤ᠋ᠨ ᠥᠪᠡᠷ ᠤ᠋ᠨ ᠥᠷᠲᠡᠭ ᠪᠠ ᠪᠣᠷᠣᠯᠠᠭᠤᠯᠭ᠎ᠠ ᠶ᠋ᠢᠨ ᠥᠪᠡᠷ ᠤ᠋ᠨ ᠥᠷᠲᠡᠭ ᠢ᠋ ᠪᠦᠳᠦᠮᠵᠢᠳᠠᠢ ᠪᠠᠭᠤᠷᠠᠭᠤᠯᠵᠤ᠂ ᠦᠪᠤᠷ ᠮᠤᠩᠭᠤᠯ ᠤ᠋ᠨ ᠦᠬᠡᠷ ᠬᠤᠨᠢᠨ ᠮᠢᠬᠠᠨ ᠤ᠋ ᠵᠠᠬ᠎ᠠ ᠳᠡᠯᠭᠡᠭᠦᠷ ᠤ᠋ᠨ ᠥᠷᠢᠰᠦᠯᠳᠦᠬᠦ᠌ ᠬᠦᠴᠦᠨ ᠢ᠋ ᠳᠡᠭᠡᠭᠰᠢᠯᠡᠭᠦᠯᠬᠦ ᠶ᠋ᠢᠨ ᠬᠠᠮᠲᠤ ᠂ ᠲᠤᠰ ᠵᠠᠭᠪᠤᠷ ᠶ᠋ᠢᠡᠨ ᠪᠦᠬᠦ ᠤᠯᠤᠰ ᠤ᠋ᠨ ᠡᠯ᠎ᠠ ᠭᠠᠵᠠᠷ ᠣᠷᠣᠨ ᠳ᠋ᠦ ᠳᠡᠯᠭᠡᠷᠡᠭᠦᠯᠬᠦ ᠪᠡᠷ ᠴᠢᠷᠮᠠᠢᠵᠤ ᠪᠠᠢᠨ᠎ᠠ᠃