《ᠤᠮᠠᠷᠠᠲᠤ ᠬᠢᠯᠢ᠎ᠶ᠋ᠢᠨ ᠪᠤᠭᠤᠷᠤᠯᠴᠤᠳ》 ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ᠎ᠳᠤ ᠬᠦᠴᠦᠨ ᠨᠡᠮᠡᠷᠢᠯᠡᠵᠦ ᠪᠠᠢᠨ᠎ᠠ
2026-05-27 10:42:44
ᠵᠣᠬᠢᠶᠠᠭ᠍ᠴᠢ᠄
ᠪᠠᠢ ᠰᠡᠴᠡᠨ
ᠣᠩᠱᠢᠭ᠍ᠰᠠᠨ ᠣᠳᠠᠭ᠎ᠠ᠄
★★★☆☆

ᠲᠦᠷᠦᠭᠦᠭᠡᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 2026 ᠣᠨ᠎ᠤ 《ᠤᠮᠠᠷᠠᠲᠤ ᠬᠢᠯᠢ᠎ᠶ᠋ᠢᠨ ᠪᠤᠭᠤᠷᠤᠯᠴᠤᠳ》 ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ᠎ᠳᠤ ᠬᠦᠴᠦᠨ ᠨᠡᠮᠡᠷᠢᠯᠡᠬᠦ᠌ ᠰᠠᠢᠨ ᠳᠤᠷ᠎ᠠ᠎ᠶ᠋ᠢᠨ  ᠦᠶ᠋ᠯᠡᠴᠢᠯᠡᠭᠡᠨ᠎ᠦ ᠠᠵᠢᠯᠯᠠᠭ᠎ᠠ ᠰᠢᠯᠢ ᠵᠢᠨ ᠭᠤᠤᠯ ᠠᠢᠮᠠᠭ᠎ᠦᠨ ᠪᠠᠷᠠᠭᠤᠨ ᠦᠵᠦᠮᠦᠴᠢᠨ ᠬᠣᠱᠢᠭᠤᠨ᠎ᠳᠤ ᠡᠬᠢᠯᠡᠪᠡ᠃ ᠠᠵᠢᠯᠯᠠᠭ᠎ᠠ᠎ᠨᠢ ᠥᠪᠡᠷᠲᠡᠭᠡᠨ ᠵᠠᠰᠠᠬᠤ ᠣᠷᠣᠨ᠎ᠤ ᠪᠤᠭᠤᠷᠤᠯᠴᠤᠳ᠎ᠤᠨ ᠲᠤᠰᠭᠠᠶ ᠮᠡᠷᠭᠡᠵᠢᠯᠲᠡᠨ᠎ᠦ ᠬᠦᠴᠦᠨ᠎ᠢ ᠨᠢᠭ᠍ᠲᠠᠷᠠᠭᠤᠯᠵᠤ᠂ ᠮᠠᠯᠵᠢᠬᠤ ᠣᠷᠣᠨ᠎ᠳᠤ ᠭᠦᠨᠵᠡᠭᠡᠢᠷᠡᠨ ᠦᠶ᠋ᠯᠡᠴᠢᠯᠡᠭᠡ ᠬᠦᠷᠭᠡᠵᠦ᠍᠂ ᠠᠷᠠᠳ᠎ᠤᠨ ᠵᠣᠪᠠᠨᠢᠯ᠎ᠢ ᠠᠷᠢᠯᠭᠠᠨ᠂ ᠪᠣᠳᠠᠲᠤ ᠠᠵᠢᠯᠯᠠᠭ᠎ᠠ᠎ᠪᠠᠷ᠎ᠢᠶᠠᠨ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ᠎ᠳᠤ ᠬᠦᠴᠦᠨ ᠨᠡᠮᠡᠷᠢᠯᠡᠵᠦ᠍᠂ 《ᠪᠤᠭᠤᠷᠤᠯᠴᠤᠳ᠎ᠤᠨ ᠠᠵᠢᠯᠯᠠᠭ᠎ᠠ》 ᠶ᠋ᠢᠨ ᠶᠠᠰᠤ ᠴᠢᠨᠠᠷ᠎ᠢ ᠳᠡᠭᠡᠭ᠌ᠰᠢᠯᠡᠭᠦᠯᠦᠨ ᠲᠠᠰ ᠳᠡᠪᠱᠢᠭᠦᠯᠬᠦ᠌᠎ᠶ᠋ᠢ ᠠᠬᠢᠭᠤᠯᠤᠨ᠎ᠠ᠃

2026 ᠣᠨ᠎ᠤ 《ᠤᠮᠠᠷᠠᠲᠤ ᠬᠢᠯᠢ᠎ᠶ᠋ᠢᠨ ᠪᠤᠭᠤᠷᠤᠯᠴᠤᠳ》 ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ᠎ᠳᠤ ᠬᠦᠴᠦᠨ ᠨᠡᠮᠡᠷᠢᠯᠡᠬᠦ᠌ ᠰᠠᠢᠨ ᠳᠤᠷ᠎ᠠ᠎ᠶ᠋ᠢᠨ ᠦᠶ᠋ᠯᠡᠴᠢᠯᠡᠭᠡᠨ᠎ᠦ ᠠᠵᠢᠯᠯᠠᠭ᠎ᠠ᠎ᠶ᠋ᠢ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠂ ᠨᠠᠰᠤᠲᠠᠢᠴᠤᠳ᠎ᠤᠨ ᠠᠵᠢᠯ᠎ᠤᠨ ᠠᠯᠪᠠᠨ ᠬᠡᠷ᠎ᠡᠴᠡ ᠭᠤᠤᠯᠯᠠᠨ ᠡᠷᠭᠢᠯᠡᠵᠦ᠍᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶ᠋ᠢᠨ ᠨᠡᠢᠭᠡᠮ᠎ᠦᠨ ᠠᠵᠢᠯ᠎ᠤᠨ ᠬᠡᠯᠲᠡᠰ᠂ ᠨᠠᠮ᠎ᠤᠨ ᠬᠣᠷᠢᠶ᠎ᠠ᠎ᠶ᠋ᠢᠨ ᠠᠬᠠᠮᠠᠳ ᠺᠠᠳ᠋ᠷ᠎ᠤᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ᠍᠎ᠶ᠋ᠢᠨ ᠵᠥᠪᠯᠡᠯ᠂ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠭᠣᠨ ᠮᠠᠯᠵᠢᠬᠤ ᠣᠷᠣᠨ᠎ᠤ ᠲᠢᠩᠬᠢᠮ ᠬᠠᠮᠵᠢᠨ ᠡᠷᠭᠢᠯᠡᠵᠦ᠍᠂ ᠥᠪᠥᠷ ᠮᠣᠩᠭᠣᠯ᠎ᠤᠨ ᠱᠢᠨᠵᠢᠯᠡᠬᠦ᠌ ᠤᠬᠠᠭᠠᠨᠴᠢ᠎ᠪᠠᠷ ᠪᠡᠶ᠎ᠡ ᠰᠤᠪᠢᠯᠠᠬᠤ ᠡᠷᠡᠭᠦᠯ ᠮᠡᠨᠳᠦ᠍᠎ᠶ᠋ᠢ ᠠᠬᠢᠭᠤᠯᠬᠤ ᠨᠡᠢᠭᠡᠮᠯᠢᠭ ᠲᠠᠭᠠᠭᠠᠴᠢᠯᠠᠨ ᠡᠷᠭᠢᠯᠡᠪᠡ᠃

ᠠᠵᠢᠯᠯᠠᠭᠠᠨ᠎ᠤ ᠲᠤᠬᠠᠶ᠎ᠶ᠋ᠢᠨ ᠲᠠᠯᠠᠪᠠᠶ᠎ᠳᠤ  ᠡᠮᠴᠢᠯᠡᠭᠡᠨ᠎ᠦ ᠲᠤᠰᠭᠠᠶ ᠮᠡᠷᠭᠡᠵᠢᠯᠲᠡᠨ ᠵᠢᠷᠦᠬᠡ ᠲᠠᠷᠢᠬᠢᠨ᠎ᠤ ᠴᠢᠰᠤᠨ ᠰᠤᠳᠠᠯ᠂ ᠠᠮᠢᠰᠭᠤᠯ᠎ᠤᠨ ᠵᠠᠮ᠂ ᠶᠠᠰᠤᠨ᠎ᠤ ᠦᠶ᠎ᠡ ᠭᠡᠱᠢᠭᠦᠦ ᠵᠡᠷᠭᠡ ᠮᠠᠯᠵᠢᠬᠤ ᠣᠷᠣᠨ᠎ᠳᠤ ᠣᠯᠠᠨ ᠡᠭᠦᠰᠳᠡᠭ ᠡᠪᠡᠳᠴᠢᠨ᠎ᠳᠦ ᠴᠢᠭ᠌ᠯᠡᠭᠦᠯᠦᠨ᠂ ᠲᠣᠭᠣᠷᠢᠨ ᠣᠨᠣᠱᠢᠯᠠᠵᠤ ᠠᠯᠪᠠᠨ ᠵᠢᠷᠤᠮ᠎ᠤᠨ ᠡᠮᠴᠢᠯᠡᠭᠡ ᠬᠢᠵᠦ᠍᠂ ᠣᠯᠠᠨ ᠱᠢᠨᠵᠢᠯᠡᠭᠡᠨ ᠬᠠᠮᠲᠤᠷᠠᠨ ᠣᠨᠣᠱᠢᠯᠠᠵᠤ᠂ ᠡᠮ ᠬᠡᠷᠡᠭ᠌ᠯᠡᠬᠦ᠌ ᠵᠢᠯᠣᠭᠣᠳᠣᠯᠭ᠎ᠠ ᠪᠠ ᠥᠪᠡᠷᠮᠢᠴᠡ ᠤᠨᠴᠠᠯᠢᠬ᠍ᠳᠤ ᠣᠨᠣᠱᠢᠯᠠᠨ ᠡᠮᠨᠡᠬᠦ᠌ ᠲᠥᠰᠦᠯ ᠬᠠᠩᠭᠠᠵᠤ᠂ ᠱᠢᠯᠢᠳᠡᠭ ᠡᠮᠴᠢᠯᠡᠭᠡᠨ᠎ᠦ ᠦᠶ᠋ᠯᠡᠴᠢᠯᠡᠭᠡ᠎ᠶ᠋ᠢ ᠮᠠᠯᠴᠢᠨ ᠲᠦᠮᠡᠨ᠎ᠤ ᠲᠡᠷᠭᠡᠳᠡ ᠬᠦᠷᠭᠡᠪᠡ᠃ 5 ᠰᠠᠷ᠎ᠠ᠎ᠶ᠋ᠢᠨ 13 ᠤ᠋ ᠡᠳᠦᠷ᠎ᠡᠴᠡ 15 ᠤ᠋ ᠡᠳᠦᠷ ᠪᠣᠯᠲᠠᠯ᠎ᠠ᠂ ᠪᠠᠷᠠᠭᠤᠨ ᠦᠵᠦᠮᠦᠴᠢᠨ ᠬᠣᠱᠢᠭᠤᠨ᠎ᠳᠤ ᠡᠷᠡᠭᠦᠯ ᠮᠡᠨᠳᠦ᠍᠎ᠶ᠋ᠢᠨ ᠱᠢᠨᠵᠢᠯᠡᠬᠦ᠌ ᠤᠬᠠᠭᠠᠨ᠎ᠢ ᠲᠦᠭᠡᠮᠡᠯᠵᠢᠭᠦᠯᠬᠦ᠌᠂ ᠪᠠᠴᠢᠮ ᠪᠠᠢᠳᠠᠯ᠎ᠢ ᠠᠷᠭᠠᠴᠠᠭᠠᠵᠤ ᠠᠶᠤᠯ᠎ᠠᠴᠠ ᠠᠪᠤᠷᠠᠬᠤ᠂ ᠰᠡᠳᠭᠢᠴᠡ᠎ᠶ᠋ᠢᠨ ᠡᠷᠡᠭᠦᠯ ᠮᠡᠨᠳᠦ᠍᠎ᠶ᠋ᠢᠨ ᠵᠥᠪᠯᠡᠯᠭᠡ ᠥᠭ᠌ᠬᠦ᠂ ᠲᠠᠷᠢᠶᠠᠯᠠᠩ ᠮᠠᠯ ᠠᠵᠤ ᠠᠬᠤᠶ᠎ᠶ᠋ᠢᠨ ᠮᠡᠷᠭᠡᠵᠢᠯ᠎ᠦᠨ ᠪᠣᠳᠠᠲᠠᠶ ᠵᠢᠭᠠᠨ ᠰᠤᠷᠭᠠᠯᠲᠠ᠂ ᠬᠠᠤᠯᠢ ᠲᠦᠭᠡᠮᠡᠯᠵᠢᠭᠦᠯᠬᠦ᠌ ᠤᠬᠠᠭᠤᠯᠭ᠎ᠠ ᠲᠠᠢᠯᠤᠮᠵᠢ᠂ ᠣᠶᠤᠨᠴᠢ᠎ᠪᠠᠷ ᠨᠠᠰᠤᠲᠠᠨ᠎ᠢ ᠲᠤᠰᠠᠯᠠᠬᠤ ᠵᠢᠴᠢ ᠨᠠᠰᠤᠵᠢᠯ᠎ᠤᠨ ᠠᠰᠠᠷᠠᠮᠵᠢ᠎ᠶ᠋ᠢᠨ ᠰᠤᠪᠢᠯᠠᠭ᠍ᠴᠢ᠎ᠶ᠋ᠢᠨ ᠪᠣᠯᠪᠠᠰᠤᠷᠠᠯ ᠵᠡᠷᠭᠡ ᠣᠯᠠᠨ ᠵᠦᠶ᠋ᠯ᠎ᠦᠨ ᠰᠠᠢᠨ ᠳᠤᠷ᠎ᠠ᠎ᠶ᠋ᠢᠨ ᠦᠶ᠋ᠯᠡᠴᠢᠯᠡᠭᠡᠨ᠎ᠦ ᠠᠵᠢᠯᠯᠠᠭ᠎ᠠ ᠥᠷᠨᠢᠭᠦᠯᠪᠠ᠃

2025 ᠣᠨ᠎ᠳᠤ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠂ ᠨᠠᠰᠤᠲᠠᠢᠴᠤᠳ᠎ᠤᠨ ᠠᠵᠢᠯ᠎ᠤᠨ ᠠᠯᠪᠠᠨ ᠬᠡᠷ ᠥᠪᠡᠷᠲᠡᠭᠡᠨ ᠵᠠᠰᠠᠬᠤ ᠣᠷᠣᠨ᠎ᠤ ᠬᠣᠯᠪᠣᠭ᠍ᠳᠠᠯ ᠪᠥᠬᠥᠶ ᠰᠠᠯᠠᠭ᠎ᠠ ᠮᠥᠴᠢᠷ᠎ᠲᠡᠶ ᠬᠠᠮᠲᠤᠷᠠᠨ 《ᠤᠮᠠᠷᠠᠲᠤ ᠬᠢᠯᠢ᠎ᠶ᠋ᠢᠨ ᠪᠤᠭᠤᠷᠤᠯᠴᠤᠳ》 ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ᠎ᠳᠤ ᠬᠦᠴᠦᠨ ᠨᠡᠮᠡᠷᠢᠯᠡᠬᠦ᠌ ᠨᠠᠰᠤᠲᠠᠢᠴᠤᠳ᠎ᠤᠨ ᠰᠠᠢᠨ ᠳᠤᠷ᠎ᠠ᠎ᠶ᠋ᠢᠨ ᠦᠶ᠋ᠯᠡᠴᠢᠯᠡᠭᠡᠨ᠎ᠦ ᠲᠥᠪᠯᠡᠷᠡᠩᠭᠦᠶ ᠠᠵᠢᠯᠯᠠᠭ᠎ᠠ᠎ᠶ᠋ᠢ ᠵᠣᠬᠢᠶᠠᠨ ᠪᠠᠢᠭᠤᠯᠤᠨ ᠬᠡᠷᠡᠭ᠌ᠵᠢᠭᠦᠯᠵᠦ᠍᠂ 50 ᠭᠠᠷᠤᠶ ᠪᠤᠭᠤᠷᠤᠯ ᠲᠤᠰᠭᠠᠶ ᠮᠡᠷᠭᠡᠵᠢᠯᠲᠡᠨ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ᠎ᠳᠤ ᠭᠤᠤᠯᠳᠠᠯᠭ᠎ᠠ᠎ᠲᠠᠶ ᠬᠠᠪᠰᠤᠷᠤᠨ ᠲᠡᠳᠬᠦᠬᠦ᠌ 5 ᠬᠣᠱᠢᠭᠤ ᠱᠢᠶᠠᠨ᠎ᠳᠤ ᠬᠦᠷᠴᠦ᠍ ᠰᠠᠢᠨ ᠳᠤᠷ᠎ᠠ᠎ᠶ᠋ᠢᠨ ᠲᠤᠰᠠᠯᠠᠮᠵᠢ ᠦᠵᠡᠭᠦᠯᠵᠦ᠍᠂ 460 ᠭᠠᠷᠤᠶ ᠬᠥᠮᠦᠨ ᠤᠳᠠᠭ᠎ᠠ ᠳ᠋ᠤ ᠦᠶ᠋ᠯᠡᠴᠢᠯᠡᠨ᠂ 800 ᠭᠠᠷᠤᠶ ᠬᠦᠮᠦᠨ ᠳ᠋ᠤ ᠠᠰᠠᠭᠤᠨ ᠯᠠᠪᠯᠠᠬᠤ ᠦᠶ᠋ᠯᠡᠴᠢᠯᠡᠭᠡ ᠬᠠᠩᠭᠠᠵᠤ᠂ ᠡᠷᠡᠭᠦᠯ ᠮᠡᠨᠳᠦ᠂ ᠬᠠᠤᠯᠢ᠎ᠪᠠᠷ ᠵᠠᠰᠠᠬᠤ ᠵᠡᠷᠭᠡ ᠲᠠᠢᠯᠤᠮᠵᠢ  ᠵᠢ 37 ᠲᠠᠯᠠᠪᠠᠶ ᠡᠷᠭᠢᠯᠡᠵᠦ᠍᠂ 17 ᠠᠵᠤ ᠠᠬᠤᠢᠯᠠᠯ ᠪᠠ ᠬᠣᠷᠱᠢᠶ᠎ᠠ᠎ᠳᠤ ᠠᠵᠤ ᠦᠶ᠋ᠯᠡᠰ᠎ᠦᠨ ᠬᠠᠪᠰᠤᠷᠤᠨ ᠲᠡᠳᠬᠦᠬᠦ᠌ ᠦᠶ᠋ᠯᠡᠴᠢᠯᠡᠭᠡ ᠬᠠᠩᠭᠠᠪᠠ᠃ 2026 ᠣᠨ᠎ᠳᠤ᠂ 《ᠲᠥᠪᠯᠡᠷᠡᠩᠭᠦᠢ ᠠᠵᠢᠯᠯᠠᠭ᠎ᠠ + ᠪᠠᠢᠩᠭᠤᠵᠢᠭ᠍ᠰᠠᠨ ᠦᠢᠯᠡᠴᠢᠯᠡᠭᠡ》 ᠶ᠋ᠢᠨ ᠬᠡᠯᠪᠡᠷᠢ᠎ᠪᠡᠷ ᠪᠠᠷᠠᠭᠤᠨ ᠦᠵᠦᠮᠦᠴᠢᠨ ᠬᠣᠱᠢᠭᠤ ᠵᠡᠷᠭᠡ 6 ᠬᠣᠱᠢᠭᠤ ᠱᠢᠶᠠᠨ᠎ᠳᠤ ᠰᠠᠢᠨ ᠳᠤᠷ᠎ᠠ᠎ᠶ᠋ᠢᠨ ᠳᠡᠮᠵᠢᠯᠭᠡ᠎ᠶ᠋ᠢᠨ ᠦᠢᠯᠡᠴᠢᠯᠡᠭᠡ ᠥᠷᠨᠢᠭᠦᠯᠵᠦ᠍᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 《ᠪᠤᠭᠤᠷᠤᠯᠴᠤᠳ᠎ᠤᠨ ᠠᠵᠢᠯᠯᠠᠭ᠎ᠠ》 ᠶ᠋ᠢᠨ ᠬᠡᠪᠴᠢᠶ᠎ᠡ᠎ᠶ᠋ᠢ ᠥᠷᠭᠡᠳᠭᠡᠨ ᠳᠡᠰ ᠳᠡᠪᠱᠢᠭᠦᠯᠵᠦ᠍᠂ ᠶᠠᠰᠤ ᠴᠢᠨᠠᠷ᠎ᠢ ᠳᠡᠭᠡᠭ᠌ᠰᠢᠯᠡᠭᠦᠯᠦᠨ ᠦᠷ᠎ᠡ ᠠᠱᠢᠭ᠎ᠢ ᠨᠡᠮᠡᠭ᠌ᠳᠡᠭᠦᠯᠵᠦ᠍᠂ 《ᠤᠮᠠᠷᠠᠲᠤ ᠬᠢᠯᠢ᠎ᠶ᠋ᠢᠨ ᠪᠤᠭᠤᠷᠤᠯᠴᠤᠳ》 ᠨᠠᠰᠤᠲᠠᠢᠴᠤᠳ᠎ᠤᠨ ᠰᠠᠢᠨ ᠳᠤᠷ᠎ᠠ᠎ᠶ᠋ᠢᠨ ᠦᠢᠯᠡᠴᠢᠯᠡᠭᠡᠨ᠎ᠦ ᠲᠦᠷᠦᠯ ᠲᠡᠮᠳᠡᠭ᠎ᠢ ᠲᠠᠰᠤᠷᠠᠯᠲᠠ ᠦᠭᠡᠢ ᠭᠡᠷᠡᠯᠲᠦᠭᠦᠯᠦᠨ᠎ᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号