— ᠡᠯ᠎ᠡ ᠭᠠᠵᠠᠷ ᠤᠷᠤᠨ ᠡᠯ᠎ᠡ ᠰᠠᠯᠠᠭ᠎ᠠ ᠮᠥᠴᠢᠷ᠎ᠦᠨ ᠬᠢᠨ ᠦᠶᠡᠷ᠎ᠢ ᠰᠡᠷᠭᠡᠢᠯᠡᠵᠦ᠍ ᠦᠶᠡᠷ᠎ᠲᠡᠶ ᠲᠡᠮᠡᠴᠡᠬᠦ᠌ ᠠᠵᠢᠯ᠎ᠢ ᠪᠦᠬᠦ᠌ ᠬᠦᠴᠦᠨ᠎ᠢᠶᠡᠷ᠎ᠢᠶᠡᠨ ᠰᠠᠢᠲᠤᠷ ᠬᠢᠵᠤ ᠪᠤᠢ
ᠣᠢᠷ᠎ᠠ ᠵᠢᠨ ᠬᠤᠭᠤᠴᠠᠭᠠᠨ ᠳ᠋ᠤ᠂ ᠮᠠᠨ᠎ᠤ ᠤᠯᠤᠰ᠎ᠤᠨ ᠣᠯᠠᠨ ᠭᠠᠵᠠᠷ᠎ᠲᠤ ᠱᠢᠷᠦᠭᠦᠨ ᠪᠣᠷᠣᠭᠠᠨ ᠣᠷᠣᠵᠤ᠂ ᠬᠦᠷᠢᠶ᠎ᠡ ᠬᠡᠪᠴᠢᠶ᠎ᠡ ᠨᠢ ᠥᠷᠭᠡᠨ᠂ ᠬᠦᠴᠦᠯᠡᠴᠡ ᠨᠢ ᠶᠡᠬᠡ ᠪᠠᠢᠵᠤ᠂ ᠬᠠᠴᠢᠨ ᠠᠭᠤᠷ ᠠᠮᠢᠰᠬᠤᠯ᠎ᠤᠨ ᠴᠢᠨᠠᠷ ᠢᠯᠡᠷᠬᠡᠶ ᠪᠠᠢᠨ᠎ᠠ᠃ ᠬᠤᠨᠠᠨ᠂ ᠬᠤᠪᠧᠶ᠂ ᠴᠦᠩᠴᠢᠩ ᠵᠡᠷᠭᠡ ᠮᠤᠵᠢ᠎ᠶ᠋ᠢᠨ ᠵᠠᠷᠢᠮ ᠭᠠᠵᠠᠷ ᠣᠷᠣᠨ ᠠᠳᠠᠯᠢ ᠪᠤᠰᠤ ᠬᠡᠮᠵᠢᠶ᠎ᠡ᠎ᠪᠡᠷ ᠱᠢᠷᠦᠭᠦᠨ ᠪᠣᠷᠣᠭᠠᠨ᠂ ᠦᠶᠡᠷ ᠤᠰᠤᠲᠤᠯ᠎ᠤᠨ ᠭᠠᠮᠱᠢᠭ᠎ᠲᠤ ᠤᠴᠠᠷᠠᠪᠠ᠃
ᠦᠶᠡᠷ᠎ᠦᠨ ᠪᠠᠢᠳᠠᠯ ᠪᠣᠯ ᠵᠠᠷᠯᠢᠭ ᠮᠥᠨ᠂ ᠠᠮᠢ ᠨᠠᠰᠤ ᠲᠠᠢᠱᠠᠨ ᠠᠭᠤᠯᠠᠨ ᠡᠴᠡ ᠬᠦᠨᠳᠦ᠃ ᠶᠡᠷᠦᠩᠬᠡᠢ ᠱᠦᠵᠢ ᠰᠢ ᠵᠢᠨ ᠫᠢᠩ᠂ ᠣᠳᠣᠬᠠᠨ᠎ᠳᠤ ᠶᠠᠭ ᠦᠶᠡᠷ᠎ᠦᠨ ᠬᠤᠭᠤᠴᠠᠭ᠎ᠠ ᠪᠣᠯᠤᠨ᠎ᠠ᠂ ᠪᠠᠴᠢᠮ ᠪᠠᠢᠳᠠᠯ᠎ᠢ ᠠᠷᠭᠠᠴᠠᠭᠠᠬᠤ ᠵᠢᠵᠢᠭᠦᠷᠯᠡᠨ ᠰᠠᠬᠢᠬᠤ᠎ᠶ᠋ᠢ ᠴᠢᠩᠭᠠᠳᠭᠠᠵᠤ᠂ ᠦᠶᠡᠷ᠎ᠢ ᠰᠡᠷᠭᠡᠢᠯᠡᠵᠦ᠍ ᠭᠠᠮᠱᠢᠭ᠎ᠡᠴᠡ ᠠᠪᠤᠷᠠᠬᠤ ᠠᠵᠢᠯ᠎ᠢ ᠯᠠᠪᠳᠠᠭᠤᠨ ᠪᠠᠲᠤᠲᠠᠢ ᠰᠠᠢᠲᠤᠷ ᠬᠢᠵᠦ᠍᠂ ᠠᠷᠠᠳ ᠤᠯᠠᠨ᠎ᠤ ᠠᠮᠢ ᠨᠠᠰᠤ ᠡᠳ᠋ ᠬᠦᠷᠦᠩᠭᠡ᠎ᠶ᠋ᠢᠨ ᠠᠮᠤᠷ ᠲᠦᠪᠱᠢᠨ᠎ᠢ ᠦᠨᠡᠨ ᠬᠦ᠌ ᠬᠠᠮᠠᠭᠠᠯᠠᠬᠤ ᠬᠡᠷᠡᠭ᠌ᠲᠡᠢ ᠭᠡᠵᠦ᠍ ᠴᠢᠬᠤᠯᠠᠴᠢᠯᠠᠪᠠ᠃
ᠴᠠᠭ ᠮᠥᠴᠡ᠎ᠲᠡᠶ ᠤᠷᠤᠯᠳᠤᠨ᠂ ᠦᠶᠡᠷ ᠲᠠᠢ ᠲᠡᠮᠡᠴᠡᠨ᠎ᠠ᠃ ᠡᠯ᠎ᠡ ᠭᠠᠵᠠᠷ ᠤᠷᠤᠨ ᠡᠯ᠎ᠡ ᠰᠠᠯᠠᠭ᠎ᠠ ᠮᠥᠴᠢᠷ᠎ᠦᠨ ᠬᠢᠨ ᠪᠣᠷᠣᠭᠠᠨ᠎ᠤ ᠪᠠᠢᠳᠠᠯ ᠦᠶᠡᠷ᠎ᠦᠨ ᠪᠠᠢᠳᠠᠯ᠎ᠤᠨ ᠬᠤᠪᠢᠷᠠᠯᠲᠠ᠎ᠶ᠋ᠢ ᠨᠢᠭ᠍ᠲᠠ ᠠᠵᠢᠭ᠍ᠯᠠᠵᠤ᠂ ᠲᠣᠭᠣᠷᠢᠨ ᠪᠠᠢᠴᠠᠭᠠᠵᠤ ᠰᠡᠷᠭᠡᠢᠯᠡᠨ ᠰᠠᠬᠢᠬᠤ᠎ᠪᠠᠨ ᠴᠢᠩᠭᠠᠳᠭᠠᠵᠤ᠂ ᠭᠠᠮᠱᠢᠭ᠎ᠢ ᠰᠡᠷᠭᠡᠢᠯᠡᠵᠦ᠍ ᠭᠠᠮᠱᠢᠭ᠎ᠢ ᠪᠠᠭᠠᠰᠭᠠᠬᠤ ᠠᠵᠢᠯ᠎ᠢ ᠪᠦᠬᠦ᠌ ᠬᠦᠴᠦᠨ᠎ᠢᠶᠡᠷ᠎ᠢᠶᠡᠨ ᠰᠠᠢᠲᠤᠷ ᠬᠢᠵᠦ᠍ ᠪᠠᠢᠨ᠎ᠠ᠃
ᠣᠢᠷ᠎ᠠ ᠵᠢᠨ ᠡᠳᠤᠷ᠂ ᠬᠤᠪᠧᠶ ᠮᠤᠵᠢ᠎ᠶ᠋ᠢᠨ ᠱᠢᠦᠸᠠᠨ ᠧᠨ ᠱᠢᠶᠠᠨ᠎ᠤ ᠱᠠ ᠳ᠋ᠤᠤ ᠭᠧᠦ ᠪᠠᠯᠭᠠᠰᠤᠨ᠎ᠤ ᠪᠠᠶ ᠱᠦᠶ ᠾᠧ ᠲᠣᠰᠭᠣᠨ᠎ᠳᠤ ᠱᠢᠷᠦᠭᠦᠨ ᠪᠣᠷᠣᠭᠠᠨ ᠣᠷᠣᠵᠤ᠂ ᠦᠶᠡᠷ ᠤᠰᠤᠳᠤᠯ ᠡᠴᠡ ᠪᠤᠯᠵᠤ ᠨᠢᠭᠡ ᠦᠶ᠎ᠡ ᠵᠠᠮ ᠬᠠᠷᠢᠯᠴᠠᠭ᠎ᠠ᠂ ᠴᠢᠮᠡᠭᠡ ᠬᠤᠯᠪᠤᠭ᠎ᠠ ᠲᠠᠰᠤᠷᠠᠪᠠ᠃
ᠣᠯᠠᠨ ᠲᠦᠮᠡᠨ᠎ᠦ ᠪᠡᠶ᠎ᠡ ᠮᠠᠬᠠᠪᠣᠳ᠎ᠤᠨ ᠡᠷᠡᠭᠦᠯ ᠮᠡᠨᠳᠦ᠍᠎ᠶ᠋ᠢ ᠦᠨᠡᠨ ᠬᠦ᠌ ᠪᠠᠲᠤᠯᠠᠬᠤ᠎ᠶ᠋ᠢᠨ ᠲᠥᠯᠥᠭᠡ᠂ ᠲᠤᠬᠠᠶ᠎ᠶ᠋ᠢᠨ ᠭᠠᠵᠠᠷ᠎ᠤᠨ ᠡᠮᠨᠡᠯᠭᠡ᠎ᠶ᠋ᠢᠨ ᠬᠣᠷᠢᠶ᠎ᠠ ᠲᠦᠷ ᠴᠠᠭ᠎ᠤᠨ ᠲᠥᠪᠯᠡᠷᠡᠭᠦᠯᠦᠨ ᠲᠥᠪᠬᠢᠨᠡᠭᠦᠯᠬᠦ᠌ ᠴᠡᠭ᠎ᠲᠦ ᠠᠯᠪᠠᠨ ᠵᠢᠷᠤᠮ᠎ᠤᠨ ᠡᠮᠴᠢᠯᠡᠭᠡ ᠥᠷᠨᠢᠭᠦᠯᠪᠡ᠃ 《ᠪᠢᠳᠡ ᠡᠳᠦᠷ ᠪᠦᠷᠢ ᠡᠪᠡᠳᠴᠢᠳᠠᠨ ᠤ᠋ ᠦᠷᠤᠭᠡ ᠪᠡᠷ ᠲᠣᠭᠣᠷᠢᠨ ᠪᠠᠢᠴᠠᠭᠠᠵᠤ ᠲᠣᠭᠣᠷᠢᠨ ᠣᠨᠣᠱᠢᠯᠠᠵᠤ᠂ ᠣᠯᠠᠨ ᠲᠦᠮᠡᠨ᠎ᠦ ᠪᠡᠶᠡᠮᠠᠬᠠᠪᠤᠳᠤᠨ ᠪᠠᠢᠳᠠᠯ᠎ᠢ ᠴᠠᠭ ᠲᠤᠬᠠᠶ᠎ᠳᠤᠨᠢ ᠡᠵᠡᠮᠱᠢᠵᠦ᠍᠂ ᠬᠡᠷᠡᠭ᠌ᠴᠡᠭᠡ᠎ᠪᠡᠨ ᠦᠨᠳᠦᠰᠦᠯᠡᠨ ᠦᠨ᠎ᠡ ᠲᠥᠯᠥᠪᠦᠷᠢ ᠥᠬᠡᠶ᠎ᠪᠡᠷ ᠡᠮ ᠲᠠᠩ ᠲᠠᠷᠬᠠᠭᠠᠵᠤ ᠪᠤᠢ》 ᠭᠡᠵᠦ᠍ ᠱᠢᠤᠸᠠᠨ ᠧᠨ ᠱᠢᠶᠠᠨ᠎ᠤ ᠬᠢᠲᠠᠳ ᠧᠦ᠋ᠷᠣᠫᠠ ᠡᠮᠨᠡᠯᠭᠡ᠎ᠶ᠋ᠢ ᠤᠶᠠᠯᠳᠤᠭᠤᠯᠤᠭ᠍ᠰᠠᠨ ᠡᠮᠨᠡᠯᠭᠡ᠎ᠶ᠋ᠢᠨ ᠬᠣᠷᠢᠶ᠎ᠠ ᠵᠢᠨ ᠳᠡᠳ᠋ ᠳᠠᠷᠤᠭ᠎ᠠ ᠲᠢᠶᠠᠨ ᠴᠢᠶᠦ᠋ᠩ ᠬᠡᠯᠡᠪᠡ᠃
ᠣᠳᠣᠬᠠᠨ᠎ᠳᠤ᠂ ᠪᠠᠶ ᠱᠦᠶ ᠾᠧ ᠲᠣᠰᠭᠣᠨ᠎ᠤ ᠨᠦᠯᠦᠮᠡᠯ ᠰᠢᠪᠡᠷ ᠢ᠋ ᠴᠡᠪᠡᠷᠯᠡᠬᠦ᠌ ᠠᠵᠢᠯ ᠶᠠᠭ ᠡᠮᠬᠢ ᠵᠢᠷᠤᠮ᠎ᠲᠠᠶ ᠶᠠᠪᠤᠭ᠍ᠳᠠᠵᠤ ᠪᠠᠢᠨ᠎ᠠ᠃ 《ᠬᠡᠷ ᠪᠠᠢᠱᠢᠩ ᠤ᠋ᠨ ᠨᠦᠯᠦᠮᠡᠯ ᠰᠢᠪᠡᠷ ᠢ᠋ ᠴᠡᠪᠡᠷᠯᠡᠵᠦ᠍᠂ ᠪᠥᠬᠥ᠌ ᠲᠠᠯ᠎ᠠ᠎ᠪᠠᠷ ᠠᠷᠢᠭᠤᠳᠭᠠᠬᠤ ᠠᠵᠢᠯ᠎ᠢ ᠪᠡᠶᠡᠯᠡᠭᠦᠯᠦᠭ᠌ᠰᠡᠨ᠎ᠦ ᠳᠠᠷᠠᠭ᠎ᠠ᠂ ᠲᠤᠰᠭᠠᠶ ᠮᠡᠷᠭᠡᠵᠢᠯ᠎ᠦᠨ ᠠᠮᠤᠷ ᠲᠦᠪᠱᠢᠨ᠎ᠦ ᠱᠢᠯᠭᠠᠨ ᠪᠠᠢᠴᠠᠭᠠᠯᠲᠠ᠎ᠶ᠋ᠢ ᠪᠠᠷᠢᠮᠵᠢᠶ᠎ᠠ᠎ᠳᠤ ᠬᠦᠷᠭᠡᠵᠦ᠍᠂ ᠪᠢᠳᠡ ᠪᠦᠯᠦᠭ ᠬᠤᠪᠢᠶᠠᠨ ᠲᠣᠰᠭᠣᠨ᠎ᠤ ᠠᠷᠠᠳ᠎ᠢ ᠬᠡᠷ᠎ᠲᠦᠨᠢ ᠬᠠᠷᠢᠭᠤᠯᠵᠤ ᠰᠠᠭᠤᠯᠭᠠᠨ᠎ᠠ᠃ ᠭᠡᠷ ᠪᠠᠢᠱᠢᠩ ᠬᠦᠨᠳᠦ ᠨᠣᠴᠢᠲᠠᠶ ᠡᠪᠳᠡᠭ᠌ᠳᠡᠵᠦ᠍᠂ ᠣᠷᠣᠱᠢᠨ ᠰᠠᠭᠤᠬᠤ ᠨᠥᠬᠥᠴᠡᠯ᠎ᠢ ᠲᠦᠷ ᠪᠦᠷᠢᠯᠳᠦᠭᠦᠯᠦᠭᠡᠳᠦᠶ ᠣᠯᠠᠨ ᠲᠦᠮᠡᠨ ᠤ᠋ ᠱᠢᠯᠵᠢᠯᠲᠡ᠎ᠶ᠋ᠢᠨ ᠦᠶ᠎ᠡ᠎ᠶ᠋ᠢᠨ ᠲᠥᠪᠬᠢᠨᠡᠭᠦᠯᠬᠦ᠌ ᠠᠵᠢᠯ᠎ᠢ ᠰᠠᠢᠲᠤᠷ ᠬᠢᠨ᠎ᠠ》 ᠭᠡᠵᠤ ᠱᠠ ᠳ᠋ᠤᠤ ᠭᠸᠤ ᠪᠠᠯᠭᠠᠰᠤᠨ᠎ᠤ ᠨᠠᠮ᠎ᠤᠨ ᠬᠣᠷᠢᠶ᠎ᠠ ᠵᠢᠨ ᠱᠦᠵᠢ ᠮᠸᠩ ᠶᠢᠦ ᠱᠦᠨ ᠬᠡᠯᠡᠪᠡ᠃
ᠭᠠᠮᠱᠢᠭ᠎ᠤᠨ ᠠᠶᠤᠯ ᠲᠦᠭ᠌ᠰᠢᠭᠦᠷᠢ᠎ᠶ᠋ᠢ ᠪᠠᠭᠤᠷᠠᠭᠤᠯᠵᠤ᠂ ᠭᠠᠮᠱᠢᠭ᠎ᠤᠨ ᠬᠣᠬᠢᠷᠠᠯ᠎ᠢ ᠪᠠᠭᠠᠰᠭᠠᠬᠤ᠎ᠶ᠋ᠢᠨ ᠭᠣᠣᠯᠳᠠᠯᠭ᠎ᠠ ᠨᠢ ᠭᠠᠮᠰᠢᠭ᠎ᠡᠴᠡ ᠡᠮᠦᠨ᠎ᠡ ᠤᠷᠢᠳᠴᠢᠯᠠᠨ ᠰᠡᠷᠭᠡᠢᠯᠡᠬᠦ᠌᠎ᠳᠦ ᠪᠤᠢ᠃
5 ᠰᠠᠷ᠎ᠠ᠎ᠶ᠋ᠢᠨ 23 ᠤ᠋ ᠤᠷᠤᠢ᠂ ᠬᠤᠨᠠᠨ ᠮᠤᠵᠢ᠎ᠶ᠋ᠢᠨ ᠴᠠᠭ ᠠᠭᠤᠷ᠎ᠤᠨ ᠲᠣᠪᠴᠢᠶ᠎ᠠ ᠵᠢᠨ ᠲᠤᠮᠤ ᠠᠰᠠᠷ᠎ᠲᠤ ᠳ᠋ᠧᠩ᠎ᠦᠨ ᠭᠡᠷᠡᠯ ᠳᠤᠸᠠᠯᠠᠵᠤ᠂ ᠵᠢᠵᠢᠭᠦᠷᠯᠡᠭ᠌ᠴᠢ ᠠᠵᠢᠯᠲᠠᠳ ᠰᠥᠨᠢᠵᠢᠨ ᠵᠢᠵᠢᠭᠦᠷᠯᠡᠵᠦ᠍᠂ ᠴᠢᠬᠤᠯᠠ ᠴᠠᠭ ᠠᠭᠤᠷ᠎ᠤᠨ ᠮᠡᠳᠡᠭᠡ ᠵᠠᠩᠭᠢ᠎ᠶ᠋ᠢ ᠦᠷᠭᠦᠯᠵᠢᠯᠡᠨ ᠲᠠᠮᠵᠢᠭᠤᠯᠤᠨ ᠬᠦᠷᠭᠡᠪᠡ᠃ ᠤᠢ᠍ᠢᠷ᠎ᠠ᠎ᠶ᠋ᠢᠨ ᠡᠳᠦᠷ᠂ ᠬᠤᠨᠠᠨ ᠮᠤᠵᠢ᠎ᠶ᠋ᠢᠨ ᠴᠠᠭ ᠠᠭᠤᠷ᠎ᠤᠨ ᠲᠣᠪᠴᠢᠶ᠎ᠠ ᠪᠦᠬᠦ᠌ ᠣᠷᠣᠨ ᠪᠦᠰᠡ᠎ᠶ᠋ᠢᠨ ᠷᠠᠳᠠᠷ᠎ᠤᠨ ᠲᠣᠣᠷ᠎ᠢ ᠪᠠᠢᠭᠤᠯᠬᠤ᠂ ᠲᠣᠣᠷᠵᠢᠭᠤᠯᠤᠭ᠍ᠰᠠᠨ ᠬᠢᠨᠠᠨ ᠬᠡᠮᠵᠢᠬᠦ᠌ ᠦᠷᠳᠡᠭᠡ ᠴᠡᠭ᠂ ᠠᠶᠤᠩᠭ᠎ᠠ ᠴᠠᠬᠢᠯᠭᠠᠨ᠎ᠢ ᠬᠢᠨᠠᠨ ᠬᠡᠮᠵᠢᠬᠦ᠌ ᠲᠠᠪᠴᠠᠩ᠎ᠳᠤ ᠲᠦᠱᠢᠭ᠌ᠯᠡᠨ᠂ ᠮᠢᠨᠦ᠋ᠲ᠎ᠦᠨ ᠲᠡᠰ᠎ᠤᠨ ᠴᠠᠭ ᠠᠭᠤᠷ᠎ᠢ ᠬᠢᠨᠠᠨ ᠬᠡᠮᠵᠢᠬᠦ᠌ ᠲᠣᠣᠷ᠎ᠢ ᠪᠠᠢᠭᠤᠯᠵᠤ᠂ ᠰᠣᠯᠢᠭ ᠤᠷᠤᠰᠭᠠᠯ᠎ᠤᠨ ᠡᠭᠦᠯᠡᠨ ᠤ᠋ ᠤᠯᠠᠷᠢᠯ ᠬᠤᠪᠢᠷᠠᠯᠲᠠ᠎ᠶ᠋ᠢ ᠬᠥᠳᠡᠯᠦᠩᠭᠦᠢ᠎ᠪᠡᠷ ᠮᠥᠷᠳᠡᠵᠦ᠍᠂ ᠤᠷᠢᠳᠴᠢᠯᠠᠨ ᠰᠡᠷᠡᠮᠵᠢᠯᠡᠭᠦᠯᠬᠦ᠌ ᠮᠡᠳᠡᠭᠡ ᠵᠠᠩᠭᠢ᠎ᠶ᠋ᠢ ᠣᠨᠣᠪᠴᠢᠲᠠᠢ ᠳᠠᠮᠵᠢᠭᠤᠯᠪᠠ᠃
ᠲᠣᠰ ᠡᠭᠡᠯᠵᠢ᠎ᠶ᠋ᠢᠨ ᠱᠢᠷᠦᠭᠦᠨ ᠪᠣᠷᠣᠭᠠᠨᠤᠷᠤᠬᠰᠠᠨ ᠡᠴᠡ ᠨᠠᠭᠠᠰᠢ᠂ ᠬᠤᠨᠠᠨ ᠮᠤᠵᠢ᠎ᠶ᠋ᠢᠨ ᠴᠠᠭ ᠠᠭᠤᠷ᠎ᠤᠨ ᠲᠣᠪᠴᠢᠶ᠎ᠠ ᠮᠤᠵᠢ᠎ᠶ᠋ᠢᠨ ᠱᠠᠲᠤᠨ᠎ᠤ ᠰᠢᠷᠦᠬᠦᠨ ᠪᠣᠷᠣᠭᠠᠨ᠎ᠤ ᠰᠡᠷᠡᠮᠵᠢᠯᠡᠭᠦᠯᠦᠯ᠎ᠦᠨ ᠳᠣᠬᠢᠶ᠎ᠠ᠎ᠶ᠋ᠢ 9 ᠬᠤᠭᠤᠴᠠᠭ᠎ᠠ ᠨᠡᠢᠲᠡᠯᠡᠵᠦ᠍᠂ ᠰᠢᠷᠦᠬᠦᠨ ᠪᠣᠷᠣᠭᠠᠨ ᠵᠡᠷᠭᠡ ᠰᠡᠷᠡᠮᠵᠢᠯᠡᠭᠦᠯᠦᠯ᠎ᠦᠨ ᠳᠣᠬᠢᠶ᠎ᠠ᠎ᠶ᠋ᠢ 205.54 ᠲᠦᠮᠡᠨ ᠬᠥᠮᠦᠨ ᠤᠳᠠᠭ᠎ᠠ ᠳ᠋ᠤ ᠨᠡᠢᠳᠡᠮ ᠪᠥᠷᠬᠥᠭᠦᠯᠵᠦ᠍᠂ ᠨᠡᠢᠭᠡᠮ ᠨᠡᠢᠲᠡ᠎ᠳᠦ ᠬᠠᠨᠳᠤᠭᠤᠯᠤᠨ ᠬᠠᠨᠳᠤᠯᠭᠠᠲᠤ ᠴᠢᠨᠠᠷᠳᠠᠢ ᠰᠡᠷᠡᠮᠵᠢᠯᠡᠭᠦᠯᠦᠯ᠎ᠦᠨ ᠴᠡᠬᠢᠮ ᠮᠡᠳᠡᠭᠡ᠎ᠶ᠋ᠢ 546.84 ᠲᠦᠮᠡᠨ ᠬᠥᠮᠦᠨ ᠤᠳᠠᠭ᠎ᠠ ᠨᠡᠢᠲᠡᠯᠡᠪᠡ᠃
ᠤᠯᠤᠰ᠎ᠤᠨ ᠦᠶᠡᠷ᠎ᠢ ᠰᠡᠷᠭᠡᠢᠯᠡᠵᠦ᠍ ᠭᠠᠩ ᠬᠠᠭ᠍ᠰᠠᠷᠠᠭᠠᠨ᠎ᠲᠠᠶ ᠲᠡᠮᠡᠴᠡᠬᠦ᠌ ᠶᠡᠷᠦᠩᠬᠡᠢ ᠵᠢᠯᠣᠭᠣᠳᠭᠤ ᠭᠠᠵᠠᠷ᠎ᠤᠨ ᠠᠯᠪᠠᠨ ᠭᠡᠷ᠂ ᠪᠠᠴᠢᠮ ᠪᠠᠢᠳᠠᠯ᠎ᠢ ᠠᠷᠭᠠᠴᠠᠭᠠᠬᠤ ᠬᠠᠮᠢᠶᠠᠷᠤᠯᠲᠠ᠎ᠶ᠋ᠢᠨ ᠶᠠᠮᠤᠨ 24 ᠤ᠋ ᠡᠳᠦᠷ ᠤᠯᠠᠨ ᠰᠠᠯᠠᠭ᠎ᠠ ᠮᠥᠴᠢᠷ᠎ᠦᠨ ᠬᠠᠮᠲᠤᠷᠠᠭ᠍ᠰᠠᠨ ᠬᠤᠷᠠᠯ᠎ᠢ ᠵᠣᠬᠢᠶᠠᠨ ᠪᠠᠢᠭᠤᠯᠵᠤ᠂ ᠰᠢᠷᠦᠭᠦᠨ ᠪᠣᠷᠣᠭᠠᠨ᠎ᠤ ᠪᠠᠢᠳᠠᠯ᠎ᠢ ᠵᠠᠳᠠᠯᠵᠤ ᠰᠤᠳᠤᠯᠤᠨ ᠮᠠᠭᠠᠳᠯᠠᠵᠤ᠂ ᠭᠣᠣᠯᠳᠠᠯᠭ᠎ᠠ᠎ᠲᠠᠶ ᠭᠠᠵᠠᠷ᠎ᠢ ᠴᠢᠩᠭ᠎ᠠ ᠠᠩᠬᠠᠷᠴᠤ᠌᠂ ᠲᠣᠭᠣᠷᠢᠨ ᠪᠠᠢᠴᠠᠭᠠᠵᠤ ᠰᠡᠷᠭᠡᠢᠯᠡᠨ ᠡᠵᠡᠮᠳᠡᠬᠦ᠌᠎ᠶ᠋ᠢ ᠴᠢᠩᠭᠠᠳᠭᠠᠵᠤ᠂ ᠠᠮᠤᠷ ᠲᠦᠪᠱᠢᠨ᠎ᠦ ᠬᠠᠮᠢᠶᠠᠷᠤᠯᠲᠠ ᠡᠵᠡᠮᠳᠡᠯ᠎ᠢ ᠤᠷᠢᠳᠴᠢᠯᠠᠨ ᠰᠠᠢᠲᠤᠷ ᠬᠢᠬᠦ᠌ ᠬᠡᠷᠡᠭ᠌ᠲᠡᠢ ᠬᠡᠵᠤ ᠱᠠᠭᠠᠷᠳᠠᠪᠠ; ᠤᠰᠤᠨ ᠠᠱᠢᠭ᠍ᠯᠠᠯᠲᠠ᠎ᠶ᠋ᠢᠨ ᠶᠠᠮᠤᠨ ᠪᠣᠯᠤᠨ ᠳᠤᠮᠳᠠᠳᠤ ᠤᠯᠤᠰ᠎ᠤᠨ ᠴᠠᠭ ᠠᠭᠤᠷ᠎ᠤᠨ ᠲᠣᠪᠴᠢᠶ᠎ᠠ ᠬᠠᠮᠳᠤᠷᠠᠨ 24 ᠤ᠋ ᠡᠳᠦᠷ᠎ᠦᠨ 18 ᠴᠠᠭ᠎ᠲᠤ ᠠᠭᠤᠯᠠᠨ ᠦᠶᠡᠷ᠎ᠦᠨ ᠭᠠᠮᠱᠢᠭ᠎ᠤᠨ ᠴᠠᠭ ᠠᠭᠤᠷ᠎ᠤᠨ ᠤᠯᠠᠭᠠᠨ ᠦᠨᠭᠭᠡ ᠵᠢᠨ ᠰᠡᠷᠡᠮᠵᠢ ᠵᠢᠨ ᠲᠤᠬᠢᠶ᠎ᠠ ᠵᠢ ᠨᠡᠢᠲᠡᠯᠡᠵᠦ᠍᠂ ᠴᠠᠭ ᠲᠤᠬᠠᠢᠳᠤᠨᠢ ᠬᠢᠨᠠᠨ ᠬᠡᠮᠵᠢᠬᠦ᠌᠂ ᠦᠶᠡᠷ᠎ᠢ ᠰᠡᠷᠭᠡᠢᠯᠡᠬᠦ᠌ ᠰᠡᠷᠡᠮᠵᠢᠯᠡᠭᠦᠯᠦᠯ ᠪᠠ ᠱᠢᠯᠵᠢᠭᠦᠯᠦᠨ ᠠᠶᠤᠯ᠎ᠡᠴᠡ ᠵᠠᠢᠯᠠᠭᠤᠯᠬᠤ ᠵᠡᠷᠭᠡ ᠰᠡᠷᠭᠡᠢᠯᠡᠬᠦ᠌ ᠠᠵᠢᠯ᠎ᠢ ᠰᠠᠢᠲᠤᠷ ᠬᠢᠬᠦ᠌ᠬᠡᠷᠡᠭᠳᠡᠢ ᠬᠡᠵᠤ ᠰᠠᠨᠠᠭᠤᠯᠪᠠ ᠁ ᠡᠯ᠎ᠡ ᠰᠠᠯᠠᠭ᠎ᠠ ᠮᠥᠴᠢᠷ ᠬᠠᠪᠰᠤᠷᠤᠯᠴᠠᠨ ᠬᠠᠮᠵᠢᠯᠴᠠᠵᠤ᠂ ᠲᠣᠬᠢᠷᠠᠭᠤᠯᠤᠯᠲᠠ ᠪᠠᠢᠷᠢᠯᠠᠭᠤᠯᠤᠯᠲᠠ᠎ᠶ᠋ᠢ ᠰᠠᠢᠲᠤᠷ ᠬᠢᠵᠤ ᠪᠤᠢ᠃
5 ᠰᠠᠷ᠎ᠠ᠎ᠶ᠋ᠢᠨ 23 ᠤ᠋ ᠰᠥᠨᠢ ᠲᠦᠯᠢ᠎ᠡᠴᠡ 24 ᠤ᠋ ᠥᠷᠯᠥᠭᠡ ᠪᠣᠯᠲᠠᠯ᠎ᠠ ᠴᠦᠩᠴᠢᠩ ᠬᠣᠲᠠ᠎ᠶ᠋ᠢᠨ ᠶᠦᠩᠴᠤᠸᠠᠨ ᠲᠣᠭᠣᠷᠢᠭ᠎ᠲᠤ ᠭᠡᠨᠡᠳᠲᠡ ᠭᠱᠠᠨ ᠵᠠᠭᠤᠷ᠎ᠠ᠎ᠶ᠋ᠢᠨ ᠬᠠᠴᠢᠨ ᠶᠡᠬᠡ ᠱᠢᠷᠦᠭᠦᠨ ᠪᠣᠷᠣᠭᠠᠨ ᠣᠷᠣᠵᠠᠶ᠃ ᠴᠦᠩᠴᠢᠩ ᠬᠤᠳᠠ᠂ ᠲᠣᠭᠣᠷᠢᠭ᠎ᠤᠨ ᠬᠣᠶᠠᠷ ᠱᠠᠲᠤᠨ᠎ᠤ ᠦᠶᠡᠷ᠎ᠢ ᠰᠡᠷᠭᠡᠢᠯᠡᠵᠦ᠍ ᠭᠠᠩ ᠬᠠᠭ᠍ᠰᠠᠷᠠᠭᠠᠨ᠎ᠲᠠᠶ ᠲᠡᠮᠡᠴᠡᠬᠦ᠌ ᠪᠠᠴᠢᠮ ᠪᠠᠢᠳᠠᠯ᠎ᠢ ᠠᠷᠭᠠᠴᠠᠭᠠᠬᠤ ᠵᠢᠯᠣᠭᠣᠳᠭᠤ ᠭᠠᠵᠠᠷ ᠳᠠᠷᠤᠢ ᠲᠦᠷᠭᠡᠨ ᠪᠠᠴᠢᠮ ᠪᠠᠢᠳᠠᠯ᠎ᠢ ᠠᠷᠭᠠᠴᠠᠭᠠᠬᠤ ᠲᠦᠰᠦᠯ᠎ᠢ ᠡᠬᠢᠯᠡᠭᠦᠯᠵᠦ᠍᠂ ᠲᠡᠷᠡ ᠳᠠᠷᠤᠢ᠎ᠳᠤ᠎ᠨᠢ ᠳᠣᠲᠣᠭᠠᠳᠤ᠎ᠶ᠋ᠢ ᠬᠠᠮᠠᠭᠠᠯᠠᠬᠤ᠂ ᠪᠠᠴᠢᠮ ᠪᠠᠢᠳᠠᠯ᠎ᠢ ᠠᠷᠭᠠᠴᠠᠭᠠᠬᠤ᠂ ᠭᠠᠯ ᠰᠡᠷᠭᠡᠢᠯᠡᠵᠦ ᠭᠠᠯ ᠤᠨᠲᠠᠷᠠᠭᠠᠬᠤ ᠵᠡᠷᠭᠡ 400 ᠭᠠᠷᠤᠢ ᠬᠥᠮᠦᠨ᠎ᠢ ᠵᠣᠬᠢᠶᠠᠨ ᠪᠠᠢᠭᠤᠯᠵᠤ ᠠᠶᠤᠯ᠎ᠡᠴᠡ ᠠᠪᠤᠷᠠᠨ ᠲᠤᠰᠠᠯᠠᠬᠤ ᠲᠤᠬᠠᠢ᠎ᠶ᠋ᠢᠨ ᠲᠠᠯᠠᠪᠠᠢ᠎ᠳᠤ ᠬᠦᠷᠴᠦ᠍᠂ ᠨᠡᠢ᠌ᠳᠡ 168 ᠬᠥᠮᠦᠨ᠎ᠢ ᠠᠶᠤᠯ ᠡᠴᠡ ᠪᠠᠴᠢᠮ ᠱᠢᠯᠵᠢᠭᠦᠯᠵᠦ᠍᠂ 82 ᠬᠥᠮᠦᠨ᠎ᠢ ᠲᠥᠪᠬᠢᠨᠡᠭᠦᠯᠪᠡ᠃
ᠠᠨᠾᠦ᠋ᠢ᠂ ᠾᠧᠨᠠᠨ᠂ ᠴᠦᠩᠴᠢᠩ᠂ ᠱᠠᠨᠰᠢ ᠵᠡᠷᠭᠡ 4 ᠮᠤᠵᠢ ᠣᠷᠣᠨ᠎ᠳᠤ ᠴᠢᠭ᠌ᠯᠡᠭᠦᠯᠦᠨ᠂ ᠤᠰᠤᠨ ᠠᠱᠢᠭ᠍ᠯᠠᠯᠲᠠ᠎ᠶ᠋ᠢᠨ ᠶᠠᠮᠤᠨ 24 ᠤ᠋ ᠡᠳᠦᠷ ᠦᠶᠡᠷ᠎ᠢ ᠰᠡᠷᠭᠡᠢᠯᠡᠬᠦ ᠲᠦᠷᠪᠡᠳᠦᠭᠡᠷ ᠲᠠᠰ᠎ᠤᠨ ᠪᠠᠴᠢᠮ ᠪᠠᠢᠳᠠᠯ᠎ᠢ ᠠᠷᠭᠠᠴᠠᠭᠠᠬᠤ ᠠᠵᠢᠯᠯᠠᠭ᠎ᠠ ᠵᠢ ᠡᠬᠢᠯᠡᠭᠦᠯᠵᠦ᠍᠂ ᠣᠷᠣᠨ ᠨᠤᠲᠤᠭ᠎ᠤᠨ ᠤᠰᠤᠨ ᠠᠱᠢᠭ᠍ᠯᠠᠯᠲᠠ᠎ᠶ᠋ᠢᠨ ᠰᠠᠯᠠᠭ᠎ᠠ ᠮᠥᠴᠢᠷ᠎ᠦᠨ᠎ᠬᠢᠨ ᠪᠣᠷᠣᠭᠠᠨ᠎ᠤ ᠪᠠᠢᠳᠠᠯ᠎ᠢ ᠬᠢᠨᠠᠨ ᠬᠡᠮᠵᠢᠬᠦ᠌ ᠪᠠ ᠤᠷᠢᠳᠴᠢᠯᠠᠨ ᠰᠡᠷᠡᠮᠵᠢᠯᠡᠭᠦᠯᠬᠦ᠌ ᠮᠡᠳᠡᠭᠡ ᠵᠠᠩᠭᠢ᠎ᠶ᠋ᠢ ᠴᠠᠭ ᠲᠤᠬᠠᠶ᠎ᠳᠤᠨᠢ ᠨᠡᠢᠲᠡᠯᠡᠬᠦ᠌᠎ᠶ᠋ᠢ ᠴᠢᠩᠭᠠᠳᠭᠠᠵᠤ᠂ ᠦᠶᠡᠷ᠎ᠢ ᠰᠡᠷᠭᠡᠢᠯᠡᠬᠦ᠌ ᠪᠠᠷᠢᠯᠭ᠎ᠠ᠎ᠶ᠋ᠢ ᠱᠢᠨᠵᠢᠯᠡᠬᠦ᠌ ᠤᠬᠠᠭᠠᠨᠴᠢ᠎ᠪᠠᠷ ᠨᠠᠷᠢᠯᠢᠭ ᠣᠨᠣᠴᠠᠲᠠᠶ ᠲᠣᠬᠢᠷᠠᠭᠤᠯᠵᠤ᠂ ᠤᠰᠤᠨ ᠴᠥᠭᠥᠷᠥᠮ᠎ᠦᠨ ᠦᠶᠡᠷ᠎ᠦᠨ ᠬᠤᠭᠤᠴᠠᠭ᠎ᠠ᠎ᠶ᠋ᠢ ᠠᠮᠤᠷ ᠲᠦᠪᠱᠢᠨ᠎ᠢᠶᠡᠷ ᠥᠩᠭᠡᠷᠡᠭᠦᠯᠬᠦ᠌᠂ ᠳᠤᠮᠳᠠ ᠵᠢᠵᠢᠭ ᠭᠤᠤᠯ ᠮᠥᠷᠡᠨ᠎ᠦ ᠦᠶᠡᠷ ᠪᠠ ᠠᠭᠤᠯᠠᠨ ᠦᠶᠡᠷ᠎ᠦᠨ ᠭᠠᠮᠱᠢᠭ᠎ᠢ ᠰᠡᠷᠭᠡᠢᠯᠡᠬᠦ᠌ ᠠᠵᠢᠯ᠎ᠢ ᠭᠤᠤᠯᠳᠠᠯᠭ᠎ᠠ᠎ᠲᠠᠶ ᠰᠠᠢᠲᠤᠷ ᠠᠳᠭᠤᠬᠤ ᠬᠡᠷᠡᠭ᠌ᠲᠡᠶ ᠭᠡᠵᠦ᠍ ᠱᠠᠭᠠᠷᠳᠠᠪᠠ᠃
ᠤᠯᠤᠰ᠎ᠤᠨ ᠦᠶᠡᠷ᠎ᠢ ᠰᠡᠷᠭᠡᠢᠯᠡᠵᠦ᠍ ᠭᠠᠩ ᠬᠠᠭᠰᠠᠷᠠᠭᠠᠨ᠎ᠲᠠᠶ ᠲᠡᠮᠡᠴᠡᠬᠦ᠌ ᠶᠡᠷᠦᠩᠬᠡᠶ ᠵᠢᠯᠣᠭᠣᠳᠭᠤ ᠭᠠᠵᠠᠷ 24 ᠤ᠋ ᠡᠳᠦᠷ ᠠᠨᠾᠦᠶ᠋ᠢᠳ᠋ᠤ ᠦᠶᠡᠷ᠎ᠢ ᠰᠡᠷᠭᠡᠢᠯᠡᠬᠦ᠌ ᠳᠥᠷᠪᠡᠳᠦᠭᠡᠷ ᠳᠡᠰ᠎ᠤᠨ ᠪᠠᠴᠢᠮ ᠪᠠᠢᠳᠠᠯ᠎ᠢ ᠠᠷᠭᠠᠴᠠᠭᠠᠬᠤ ᠲᠦᠰᠦᠯ᠎ᠢ ᠡᠬᠢᠯᠡᠬᠦᠯᠵᠤ᠂ ᠬᠤᠨᠠᠨ᠂ ᠬᠤᠪᠸᠢ᠂ ᠴᠦᠩᠴᠢᠩ᠎ᠳᠦ ᠬᠠᠨᠳᠤᠭᠤᠯᠤᠭ᠍ᠰᠠᠨ ᠦᠶᠡᠷ᠎ᠢ ᠰᠡᠷᠭᠡᠢᠯᠡᠬᠦ᠌ ᠳᠥᠷᠪᠡᠳᠦᠭᠡᠷ ᠳᠡᠰ᠎ᠤᠨ ᠪᠠᠴᠢᠮ ᠪᠠᠢᠳᠠᠯ᠎ᠢ ᠠᠷᠭᠠᠴᠠᠭᠠᠬᠤ ᠲᠦᠰᠦᠯ᠎ᠢ ᠦᠷᠭᠦᠯᠵᠢᠯᠡᠨ ᠬᠡᠷᠡᠭᠵᠢᠬᠦᠯᠵᠤ᠂ ᠡᠯ᠎ᠡ ᠭᠠᠵᠠᠷ ᠡᠯ᠎ᠡ ᠰᠠᠯᠠᠭ᠎ᠠ ᠮᠥᠴᠢᠷ᠎ᠦᠨ᠎ᠬᠢᠨ ᠨᠠᠮ ᠵᠠᠰᠠᠭ ᠬᠠᠮᠲᠤ᠎ᠪᠠᠷ ᠬᠠᠮᠢᠶᠠᠷᠬᠤ᠂ ᠱᠠᠲᠤ ᠳᠠᠷᠠᠭᠠᠯᠠᠨ ᠪᠠᠲᠤᠯᠠᠬᠤ ᠬᠠᠷᠢᠭᠤᠴᠠᠯᠭ᠎ᠠ᠎ᠶ᠋ᠢᠨ ᠬᠡᠯᠬᠢᠶ᠎ᠡ᠎ᠶ᠋ᠢ ᠴᠢᠩᠭ᠎ᠠ ᠪᠣᠳᠠᠲᠠᠢᠵᠢᠭᠤᠯᠵᠤ᠂ ᠵᠡᠷᠭᠡ᠎ᠪᠡᠷ ᠠᠳᠭᠤᠨ ᠬᠠᠮᠲᠤ᠎ᠪᠠᠷ ᠬᠠᠮᠢᠶᠠᠷᠴᠤ᠌ ᠬᠠᠮᠲᠤ᠎ᠪᠠᠷ ᠬᠦᠴᠦᠯᠡᠵᠦ᠍᠂ ᠠᠷᠠᠳ ᠣᠯᠠᠨ᠎ᠤ ᠠᠮᠢ ᠨᠠᠰᠤ ᠡᠳ᠋ ᠬᠥᠷᠥᠩᠭᠡ᠎ᠶ᠋ᠢᠨ ᠠᠮᠤᠷ ᠲᠦᠪᠱᠢᠨ᠎ᠢ ᠦᠨᠡᠨ ᠬᠦ᠌ ᠬᠠᠮᠠᠭᠠᠯᠠᠵᠤ ᠪᠤᠢ᠃
(ᠰᠢᠨᠬᠤᠸᠠ ᠬᠤᠷᠢᠶ᠎ᠠ ᠵᠢᠨ ᠪᠡᠭᠡᠵᠢᠩ ᠤ᠋ᠨ 5 ᠰᠠᠷ᠎ᠠ ᠵᠢᠨ 24 ᠤ᠋ ᠴᠠᠬᠢᠯᠭᠠᠨ ᠮᠡᠳᠡᠭᠡ ᠡᠴᠡ)