ᠦᠪᠦᠷ ᠮᠤᠩᠭᠤᠯ ᠤ᠋ᠨ ᠪᠠᠢᠴᠠᠭᠠᠬᠤ ᠪᠠᠢᠭᠤᠯᠭ᠎ᠠ ᠵᠢᠨ ᠬᠡᠷᠡᠭ ᠤ᠋ᠨ ᠬᠠᠮᠢᠶᠠᠷᠤᠯᠳᠠ ᠵᠢᠨ ᠲᠤᠬᠠᠢᠯᠠᠬᠰᠠᠨ ᠠᠵᠢᠯ ᠤ᠋ᠨ ᠤᠷᠤᠯᠳᠤᠭᠠᠨ ᠶᠠᠪᠤᠬᠳᠠᠵᠠᠢ
2026-05-27 11:10:08
ᠵᠣᠬᠢᠶᠠᠭ᠍ᠴᠢ᠄
ᠰᠢᠨᠡᠪᠢᠯᠢᠭ
ᠣᠩᠱᠢᠭ᠍ᠰᠠᠨ ᠣᠳᠠᠭ᠎ᠠ᠄
★★★☆☆

ᠤᠷᠴᠢᠮᠬᠠᠨ ᠳᠥᠷᠪᠡᠳᠦᠭᠡᠷ ᠬᠤᠭᠤᠴᠠᠭᠠᠨ᠎ᠤ ᠦᠪᠦᠷ ᠮᠤᠩᠭᠤᠯ ᠤ᠋ᠨ  ᠪᠠᠢᠴᠠᠭᠠᠬᠤ ᠪᠠᠢᠭᠤᠯᠭ᠎ᠠ᠎ᠶ᠋ᠢᠨ ᠬᠡᠷᠡᠭ᠎ᠦᠨ ᠬᠠᠮᠢᠶᠠᠷᠤᠯᠲᠠ᠎ᠶ᠋ᠢᠨ ᠲᠤᠬᠠᠢᠯᠠᠭ᠍ᠰᠠᠨ ᠠᠵᠢᠯ᠎ᠤᠨ ᠤᠷᠤᠯᠳᠤᠭᠠᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠪᠠᠢᠴᠠᠭᠠᠬᠤ ᠬᠣᠷᠢᠶ᠎ᠠ᠎ᠳᠤ ᠶᠠᠪᠤᠬᠳᠠᠪᠠ᠃ ᠦᠪᠦᠷ  ᠮᠤᠩᠭᠤᠯ ᠤ᠋ᠨ  ᠪᠠᠢᠴᠠᠭᠠᠬᠤ ᠪᠠᠢᠭᠤᠯᠭ᠎ᠠ᠎ᠶ᠋ᠢᠨ 15 ᠤᠷᠤᠯᠳᠤᠭᠠᠨ᠎ᠤ ᠡᠩᠨᠡᠭᠡ ᠵᠢᠨ 53 ᠨᠡᠷᠡᠰ ᠬᠡᠷᠡᠭ᠎ᠦᠨ ᠬᠠᠮᠢᠶᠠᠷᠤᠯᠲᠠ᠎ᠶ᠋ᠢᠨ ᠰᠤᠳᠤᠴᠤᠤᠯ ᠨᠢᠭᠡ ᠲᠠᠩᠬᠢᠮ᠎ᠳᠤ ᠬᠤᠷᠠᠨ ᠴᠤᠭ᠍ᠯᠠᠷᠠᠵᠤ᠂ ᠬᠤᠷᠴᠠ ᠱᠢᠷᠦᠭᠦᠨ ᠵᠢᠡᠷ ᠦᠷᠢᠰᠦᠯᠳᠦᠪᠡ᠃

ᠲᠣᠰ ᠤᠳᠠᠭ᠎ᠠ ᠵᠢᠨ ᠤᠷᠤᠯᠳᠤᠭᠠᠨ ᠪᠣᠯ 《ᠱᠢᠨ᠎ᠡ ᠴᠠᠭ ᠦᠶ᠎ᠡ᠎ᠶ᠋ᠢᠨ ᠪᠠᠢᠴᠠᠭᠠᠬᠤ ᠲᠤᠬᠠᠢᠯᠠᠭ᠍ᠰᠠᠨ ᠠᠵᠢᠯ᠎ᠤᠨ ᠬᠠᠮᠢᠶᠠᠷᠤᠯᠲᠠ᠎ᠶ᠋ᠢᠨ ᠣᠳᠣᠬᠢᠴᠢᠯᠠᠯᠲᠠ᠎ᠶ᠋ᠢ ᠲᠦᠷᠭᠡᠳᠭᠡᠨ ᠠᠬᠢᠭᠤᠯᠬᠤ ᠲᠤᠬᠠᠶ ᠰᠠᠨᠠᠯ》 ᠢ᠋ ᠭᠦᠨᠵᠡᠭᠡᠶ ᠨᠠᠢᠳᠠᠪᠤᠷᠢᠵᠢᠭᠤᠯᠬᠤ ᠪᠤᠳᠠᠳᠠᠢ ᠠᠷᠭ᠎ᠠ ᠬᠡᠮᠵᠢᠶ᠎ᠡ ᠮᠦᠨ᠃ ᠲᠤᠰ ᠤᠳᠠᠭ᠎ᠠ ᠵᠢᠨ ᠤᠷᠤᠯᠳᠤᠭᠠᠨ᠎ᠢ ᠠᠩᠬᠠᠨ᠎ᠤ ᠤᠷᠤᠯᠳᠤᠭᠠᠨ᠂ ᠬᠣᠶᠠᠳᠠᠬᠢ ᠤᠷᠤᠯᠳᠤᠭᠠᠨ ᠭᠡᠵᠦ᠍ ᠬᠣᠶᠠᠷ ᠬᠡᠰᠡᠭ ᠬᠤᠪᠢᠶᠠᠵᠤ᠂ ᠨᠡᠢᠲᠡ ᠭᠤᠷᠪᠠᠨ ᠵᠦᠶ᠋ᠯ᠎ᠦᠨ ᠱᠢᠯᠭᠠᠨ ᠪᠠᠢᠴᠠᠭᠠᠬᠤ ᠬᠡᠯᠪᠡᠷᠢ ᠪᠠ ᠵᠢᠷᠭᠤᠭᠠᠨ ᠤᠷᠤᠯᠳᠤᠭᠠᠨ᠎ᠤ ᠭᠣᠭ᠍ᠴᠣᠭ᠎ᠠ ᠲᠣᠬᠢᠷᠠᠭᠤᠯᠵᠤ᠂ ᠤᠷᠤᠯᠳᠤᠭᠠᠨ᠎ᠳᠤ ᠣᠷᠣᠯᠴᠠᠭ᠍ᠰᠠᠳ᠎ᠤᠨ ᠤᠯᠤᠰ ᠲᠥᠷᠥ᠎ᠶ᠋ᠢᠨ ᠬᠡᠪ ᠴᠢᠨᠠᠷ᠂ ᠪᠠᠢᠴᠠᠭᠠᠬᠤ ᠣᠨᠣᠯ᠎ᠤᠨ ᠰᠠᠭᠤᠷᠢ ᠪᠠ ᠬᠡᠷᠡᠭ᠎ᠦᠨ ᠴᠤᠪᠤᠷᠠᠯ᠎ᠤᠨ ᠬᠠᠮᠢᠶᠠᠷᠤᠯᠲᠠ᠂ ᠬᠡᠷᠡᠭ᠎ᠦᠨ ᠶᠠᠰᠤ ᠴᠢᠨᠠᠷ᠎ᠤᠨ ᠬᠠᠮᠢᠶᠠᠷᠤᠯᠲᠠ᠂ ᠪᠠᠢᠴᠠᠭᠠᠬᠤ ᠲᠤᠬᠠᠢᠯᠠᠭ᠍ᠰᠠᠨ ᠠᠵᠢᠯ᠎ᠤᠨ ᠳ᠋ᠠᠢᠲ᠋ᠠ᠎ᠶ᠋ᠢᠨ ᠬᠠᠮᠢᠶᠠᠷᠤᠯᠲᠠ᠂ ᠶᠡᠷᠦᠩᠬᠡᠢᠯᠡᠭ᠌ᠰᠡᠨ ᠲᠤᠬᠠᠢᠯᠠᠭ᠍ᠰᠠᠨ ᠠᠵᠢᠯ᠎ᠤᠨ ᠬᠠᠮᠢᠶᠠᠷᠤᠯᠲᠠ ᠵᠡᠷᠭᠡ ᠬᠡᠷᠡᠭ᠎ᠢ ᠬᠠᠮᠢᠶᠠᠷᠬᠤ ᠭᠤᠤᠯᠯᠠᠬᠤ ᠲᠤᠬᠠᠢᠯᠠᠭ᠍ᠰᠠᠨ ᠠᠵᠢᠯ᠎ᠤᠨ ᠴᠢᠳᠠᠪᠤᠷᠢ᠎ᠶ᠋ᠢ ᠣᠯᠠᠨ ᠲᠠᠯ᠎ᠠ᠎ᠡᠴᠨ ᠱᠢᠯᠭᠠᠨ ᠪᠠᠢᠴᠠᠭᠠᠵᠠᠢ᠃

ᠠᠩᠬᠠᠨ ᠤ᠋ ᠤᠷᠤᠯᠳᠤᠭᠠᠨ᠂ ᠬᠤᠶᠠᠳᠠᠬᠢ ᠤᠷᠤᠯᠳᠤᠭᠠᠨ ᠤ᠋ ᠬᠤᠷᠴᠠ ᠰᠢᠷᠦᠬᠦᠨ ᠦᠷᠢᠰᠦᠯᠳᠦᠬᠡᠨ ᠵᠢᠡᠷ ᠲᠠᠮᠵᠢᠨ᠂ ᠯᠢᠦ ᠶᠤᠸᠠᠢ ᠵᠡᠷᠭᠡ 5 ᠤᠷᠤᠯᠴᠠᠬᠴᠢ 《ᠳᠥᠷᠪᠡᠳᠦᠭᠡᠷ ᠬᠤᠭᠤᠴᠠᠭᠠᠨ᠎ᠤ ᠦᠪᠦᠷ ᠮᠤᠩᠭᠤᠯ ᠤ᠋ᠨ ᠪᠠᠢᠴᠠᠭᠠᠬᠤ ᠪᠠᠢᠭᠤᠯᠭ᠎ᠠ᠎ᠶ᠋ᠢᠨ ᠬᠡᠷᠡᠭ᠎ᠦᠨ ᠬᠠᠮᠢᠶᠠᠷᠤᠯᠲᠠ᠎ᠶ᠋ᠢᠨ ᠲᠤᠬᠠᠢᠯᠠᠭ᠍ᠰᠠᠨ ᠠᠵᠢᠯ᠎ᠤᠨ ᠤᠷᠤᠯᠳᠤᠭᠠᠨ᠎ᠤ ᠵᠢᠱ᠌ᠢᠶᠡᠴᠢ》 ᠪᠠᠷ ᠦᠨᠡᠯᠡᠭ᠌ᠳᠡᠵᠦ᠍᠂ ᠵᠧᠩ  ᠸᠧᠶ ᠭᠤᠸᠠᠩ ᠵᠡᠷᠭᠡ 15 ᠤᠷᠤᠯᠴᠠᠬᠴᠢ 《ᠳᠥᠷᠪᠡᠳᠦᠭᠡᠷ ᠬᠤᠭᠤᠴᠠᠭᠠᠨ᠎ᠤ ᠦᠪᠦᠷ ᠮᠤᠩᠭᠤᠯ ᠤ᠋ᠨ ᠪᠠᠢᠴᠠᠭᠠᠬᠤ ᠪᠠᠢᠭᠤᠯᠭ᠎ᠠ᠎ᠶ᠋ᠢᠨ ᠬᠡᠷᠡᠭ᠎ᠦᠨ ᠬᠠᠮᠢᠶᠠᠷᠤᠯᠲᠠ᠎ᠶ᠋ᠢᠨ ᠲᠤᠬᠠᠢᠯᠠᠭ᠍ᠰᠠᠨ ᠠᠵᠢᠯ᠎ᠤᠨ ᠤᠷᠤᠯᠳᠤᠭᠠᠨ᠎ᠤ ᠴᠢᠳᠠᠪᠤᠷᠢᠲᠠᠨ》 ᠵᠢᠡᠷ ᠰᠢᠯᠭᠠᠷᠠᠵᠤ᠂ ᠬᠥᠬᠡᠬᠣᠲᠠ᠎ᠶ᠋ᠢᠨ ᠠᠷᠠᠳ᠎ᠤᠨ ᠪᠠᠢᠴᠠᠭᠠᠬᠤ ᠬᠣᠷᠢᠶ᠎ᠠ ᠵᠡᠷᠭᠡ 5 ᠪᠠᠢᠭᠤᠯᠭ᠎ᠠ ᠨᠢᠬᠡᠴᠢ 《ᠳᠥᠷᠪᠡᠳᠦᠭᠡᠷ ᠬᠤᠭᠤᠴᠠᠭᠠᠨ᠎ᠤ ᠦᠪᠦᠷ ᠮᠤᠩᠭᠤᠯ ᠤ᠋ᠨ ᠬᠡᠷᠡᠭ᠎ᠦᠨ ᠬᠠᠮᠢᠶᠠᠷᠤᠯᠲᠠ᠎ᠶ᠋ᠢᠨ ᠲᠤᠬᠠᠢᠯᠠᠭ᠍ᠰᠠᠨ ᠠᠵᠢᠯ᠎ᠤᠨ ᠤᠷᠤᠯᠳᠤᠭᠠᠨ᠎ᠤ ᠱᠢᠯᠢᠳᠡᠭ ᠵᠣᠬᠢᠶᠠᠨ ᠪᠠᠢᠭᠤᠯᠤᠯᠲᠠ᠎ᠶ᠋ᠢᠨ ᠱᠠᠩᠨᠠᠯ》 ᠢ᠋ ᠬᠦᠷᠳᠡᠵᠡᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号