ᠰᠤᠷᠪᠤᠯᠵᠢᠯᠠᠭ᠍ᠴᠢ ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠦᠨ ᠲᠢᠩᠬᠢᠮ᠎ᠡᠴᠡ ᠣᠢᠯᠠᠭᠠᠭᠰᠠᠨ ᠵᠢᠡᠷ᠂ 2026 ᠣᠨ᠎ᠠᠴᠠ ᠡᠬᠢᠯᠡᠨ ᠥᠪᠥᠷ ᠮᠣᠩᠭᠣᠯ ᠶᠡᠬᠡ ᠳᠡᠭᠡᠳᠦ ᠰᠤᠷᠭᠠᠭᠤᠯᠢ᠎ᠳᠤ ᠰᠤᠷᠤᠭᠴᠢ ᠡᠯᠰᠡᠬᠦ ᠤᠯᠤᠰ᠎ᠤᠨ ᠨᠢᠭᠡᠳᠦᠯᠲᠡᠢ ᠰᠢᠯᠭᠠᠯᠲᠠᠳ᠋ᠤ 《ᠬᠢᠯᠢ ᠬᠢᠵᠠᠭᠠᠷ ᠢ ᠬᠦᠴᠦᠷᠬᠡᠭᠵᠢᠬᠦᠯᠵᠦ᠂ ᠰᠡᠷᠬᠡᠢᠯᠡᠯᠳᠡ ᠵᠢ ᠪᠡᠬᠢᠵᠢᠬᠦᠯᠬᠦ》 ᠲᠤᠰᠬᠠᠢ ᠲᠥᠯᠥᠪᠯᠡᠭᠡ᠎ᠶᠢ ᠬᠡᠷᠡᠭᠵᠢᠭᠦᠯᠬᠦ ᠪᠡᠷ ᠪᠠᠢᠨ᠎ᠠ᠃
《ᠬᠢᠯᠢ ᠬᠢᠵᠠᠭᠠᠷ ᠢ ᠬᠦᠴᠦᠷᠬᠡᠭᠵᠢᠬᠦᠯᠵᠦ᠂ ᠰᠡᠷᠬᠡᠢᠯᠡᠯᠳᠡ ᠵᠢ ᠪᠡᠬᠢᠵᠢᠬᠦᠯᠬᠦ》 ᠲᠤᠰᠬᠠᠢ ᠲᠥᠯᠥᠪᠯᠡᠭᠡ᠎ᠶᠢ ᠬᠡᠷᠡᠭᠵᠢᠭᠦᠯᠬᠦ ᠬᠡᠪᠴᠢᠶ᠎ᠡ ᠨᠢ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠢᠯᠢ ᠬᠢᠵᠠᠭᠠᠷ ᠣᠷᠣᠨ᠎ᠤ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠬᠤ ᠳᠦᠷᠢᠮ》 ᠳ᠋ᠤ ᠳᠤᠳᠤᠷᠬᠠᠢᠯᠠᠭᠰᠠᠨ ᠥᠪᠡᠷᠲᠡᠭᠡᠨ ᠵᠠᠰᠠᠬᠤ ᠣᠷᠣᠨ᠎ᠤ 20 ᠬᠢᠯᠢ ᠬᠢᠵᠠᠭᠠᠷ᠎ᠤᠨ ᠬᠣᠰᠢᠭᠤ (ᠬᠣᠲᠠ᠂ ᠲᠣᠭᠣᠷᠢᠭ᠋) ᠪᠣᠯᠣᠨ᠎ᠠ᠂ ᠳᠤᠬᠠᠢᠯᠠᠪᠠᠯ ᠠᠯᠠᠱᠠ ᠠᠢᠮᠠᠭ᠎ᠤᠨ ᠠᠯᠠᠱᠠ ᠵᠡᠭᠦᠨ ᠬᠣᠰᠢᠭᠤ᠂ ᠠᠯᠠᠱᠠ ᠪᠠᠷᠠᠭᠤᠨ ᠬᠣᠰᠢᠭᠤ᠂ ᠡᠵᠡᠨ᠎ᠡ ᠬᠣᠰᠢᠭᠤ᠂ ᠪᠠᠶᠠᠨᠨᠠᠭᠤᠷ ᠬᠣᠲᠠ᠎ᠶᠢᠨ ᠤᠷᠠᠳ᠎ᠤᠨ ᠬᠣᠢᠲᠤ ᠬᠣᠰᠢᠭᠤ᠂ ᠤᠷᠠᠳ᠎ᠤᠨ ᠳᠤᠮᠳᠠᠳᠤ ᠬᠣᠰᠢᠭᠤ᠂ ᠪᠤᠭᠤᠲᠤ ᠬᠣᠲᠠ᠎ᠶᠢᠨ ᠳᠠᠷᠬᠠᠨ ᠮᠤᠤᠮᠢᠩᠭᠠᠨ ᠬᠣᠯᠪᠣᠭᠠᠲᠤ ᠬᠣᠰᠢᠭᠤ᠂ ᠤᠯᠠᠭᠠᠨᠴᠠᠪ ᠬᠣᠲᠠ᠎ᠶᠢᠨ ᠳᠥᠷᠪᠡᠳ ᠬᠣᠰᠢᠭᠤ᠂ ᠰᠢᠯᠢ᠎ᠶᠢᠨ ᠭᠣᠣᠯ ᠠᠢᠮᠠᠭ᠎ᠤᠨ ᠠᠪᠠᠭ᠎ᠠ ᠬᠣᠰᠢᠭᠤ᠂ ᠰᠥᠨᠢᠳ ᠵᠡᠭᠦᠨ ᠬᠣᠰᠢᠭᠤ᠂ ᠰᠥᠨᠢᠳ ᠪᠠᠷᠠᠭᠤᠨ ᠬᠣᠰᠢᠭᠤ᠂ ᠵᠡᠭᠦᠨ ᠦᠵᠦᠮᠦᠴᠢᠨ ᠬᠣᠰᠢᠭᠤ᠂ ᠡᠷᠢᠶᠡᠨ ᠬᠣᠲᠠ᠂ ᠬᠢᠩᠭᠠᠨ ᠠᠢᠮᠠᠭ᠎ᠤᠨ ᠷᠠᠰᠢᠶᠠᠨ ᠬᠣᠲᠠ᠂ ᠬᠣᠷᠴᠢᠨ ᠪᠠᠷᠠᠭᠤᠨ ᠭᠠᠷᠤᠨ ᠡᠮᠦᠨᠡᠲᠦ ᠬᠣᠰᠢᠭᠤ᠂ ᠬᠥᠯᠥᠨ ᠪᠣᠶ᠋ᠢᠷ ᠬᠣᠲᠠ᠎ᠶᠢᠨ ᠡᠷᠭᠦᠨ᠎ᠡ ᠬᠣᠲᠠ᠂ ᠬᠠᠭᠤᠴᠢᠨ ᠪᠠᠷᠭᠤ ᠬᠣᠰᠢᠭᠤ᠂ ᠰᠢᠨ᠎ᠡ ᠪᠠᠷᠭᠤ ᠵᠡᠭᠦᠨ ᠬᠣᠰᠢᠭᠤ᠂ ᠰᠢᠨ᠎ᠡ ᠪᠠᠷᠭᠤ ᠪᠠᠷᠠᠭᠤᠨ ᠬᠣᠰᠢᠭᠤ᠂ ᠮᠠᠨᠵᠤᠤᠷ ᠬᠣᠲᠠ᠂ ᠵᠠᠯᠠᠶ᠋ᠢᠨᠠᠭᠤᠷ ᠲᠣᠭᠣᠷᠢᠭ᠋ ᠪᠤᠯᠤᠨ᠎ᠠ᠃ ᠡᠯᠰᠡᠬᠦ ᠡᠲᠡᠭᠡᠳ ᠨᠢ 20 ᠬᠢᠯᠢ᠎ᠶᠢᠨ ᠬᠣᠰᠢᠭᠤ (ᠬᠣᠲᠠ᠂ ᠲᠣᠭᠣᠷᠢᠭ᠋) ᠵᠢᠨ ᠡᠷᠦᠬᠡ ᠠᠮᠠ᠎ᠶᠢᠨ ᠬᠠᠷᠢᠶ᠎ᠠ᠂ ᠰᠤᠷᠭᠠᠭᠤᠯᠢ᠎ᠶᠢᠨ ᠬᠠᠷᠢᠶ᠎ᠠ᠂ ᠪᠣᠳᠠᠲᠠᠢ ᠰᠤᠷᠤᠯᠴᠠᠭᠰᠠᠨ ᠭᠠᠵᠠᠷ 《ᠭᠤᠷᠪᠠ ᠨᠢᠭᠡᠳᠦᠯᠲᠡᠢ ᠪᠠᠢᠬᠤ》 ᠱᠠᠭᠠᠷᠳᠠᠯᠭ᠎ᠠ᠎ᠳᠤ ᠨᠡᠢᠴᠡᠬᠦ ᠰᠢᠯᠭᠠᠭᠤᠯᠤᠭ᠍ᠴᠢ ᠪᠣᠯᠣᠨ᠎ᠠ᠃
ᠲᠤᠰᠬᠠᠢ ᠲᠥᠯᠥᠪᠯᠡᠭᠡ᠎ᠵᠢᠨ ᠲᠥᠷᠥ᠎ᠶᠢᠨ ᠪᠣᠳᠣᠯᠭ᠎ᠠ᠎ᠶᠢ ᠣᠨᠣᠴᠠᠳᠠᠢ ᠬᠡᠷᠡᠭᠵᠢᠭᠦᠯᠬᠦ᠎ᠪᠡᠷ ᠲᠠᠮᠵᠢᠨ ᠬᠢᠯᠢ ᠬᠢᠵᠠᠭᠠᠷ ᠣᠷᠣᠨ᠎ᠤ ᠰᠤᠷᠤᠭ᠍ᠴᠢᠳ᠎ᠤᠨ ᠰᠤᠷᠭᠠᠭᠤᠯᠢ ᠳᠡᠪᠰᠢᠬᠤ ᠲᠣᠬᠢᠶᠠᠯ᠎ᠢ ᠪᠠᠲᠤᠯᠠᠵᠤ᠂ ᠬᠢᠯᠢ ᠬᠢᠵᠠᠭᠠᠷ ᠣᠷᠣᠨ᠎ᠤ ᠠᠵᠤ ᠠᠬᠤᠢ ᠨᠡᠢᠭᠡᠮ᠎ᠦᠨ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠤᠨ᠂ ᠦᠨᠳᠦᠰᠦᠲᠡᠨ᠎ᠦ ᠪᠦᠯᠬᠦᠮᠳᠡᠯ ᠳᠠᠪᠰᠢᠯᠲᠠ᠎ᠶᠢ ᠠᠬᠢᠭᠤᠯᠵᠤ᠂ ᠰᠢᠨ᠎ᠡ ᠴᠠᠭ ᠦᠶ᠎ᠡ᠎ᠶᠢᠨ ᠬᠢᠯᠢ ᠬᠢᠵᠠᠭᠠᠷ ᠣᠷᠣᠨ᠎ᠢ ᠬᠦᠴᠦᠷᠬᠡᠭᠵᠢᠬᠦᠯᠦᠨ ᠠᠷᠠᠳ᠎ᠢ ᠪᠠᠶᠠᠵᠢᠭᠤᠯᠬᠤ ᠠᠵᠢᠯᠯᠠᠭ᠎ᠠ᠎ᠶᠢ ᠭᠦᠨᠵᠡᠭᠡᠢ ᠬᠡᠷᠡᠭᠵᠢᠭᠦᠯᠬᠦ᠎ᠶᠢ ᠠᠬᠢᠭᠤᠯᠤᠨ᠎ᠠ᠃