2.5 ᠳ᠋ᠦᠩᠰᠢᠭᠤᠷ ᠲᠥᠭᠥᠷᠢᠭ᠎ᠦᠨ ᠪᠡᠯᠡ ᠮᠥᠩᠭᠥ ᠪᠠᠭᠤᠯᠭᠠᠪᠠ
2026-05-27 15:32:17
ᠵᠣᠬᠢᠶᠠᠭ᠍ᠴᠢ᠄
ᠯᠢ ᠶᠦᠩ ᠲᠤᠤ
ᠣᠩᠱᠢᠭ᠍ᠰᠠᠨ ᠣᠳᠠᠭ᠎ᠠ᠄
★★★☆☆

ᠦᠢᠷ᠎ᠠ ᠎ᠳᠦ ᠥᠪᠡᠷᠲᠡᠭᠡᠨ ᠵᠠᠰᠠᠬᠤ ᠣᠷᠣᠨ᠎ᠤ ᠡᠳ᠋᠎ᠦᠨ ᠵᠠᠰᠠᠭ᠎ᠤᠨ ᠲᠢᠩᠬᠢᠮ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠎ᠲᠠᠢ ᠬᠠᠮᠲᠤᠷᠠᠨ 2.5 ᠳ᠋ᠦᠩᠰᠢᠭᠤᠷ ᠲᠥᠭᠥᠷᠢᠭ᠎ᠦᠨ ᠰᠣᠶᠣᠯ ᠪᠠ ᠵᠢᠭᠤᠯᠴᠢᠯᠠᠯ᠎ᠤᠨ ᠬᠥᠭᠵᠢᠯᠲᠡ᠎ᠶᠢᠨ ᠲᠤᠰᠬᠠᠢ ᠪᠡᠯᠡ ᠮᠥᠩᠭᠥ ᠪᠠᠭᠤᠯᠭᠠᠵᠤ᠂ ᠡᠳ᠋᠎ᠦᠨ ᠵᠠᠰᠠᠭ᠎ᠤᠨ ᠪᠡᠯᠡ ᠮᠥᠩᠭᠥ᠎ᠶᠢᠨ ᠣᠨᠣᠪᠴᠢᠲᠠᠶ ᠣᠷᠣᠭᠤᠯᠤᠯᠲᠠ ᠪᠠ ᠬᠦᠴᠦᠲᠡᠢ ᠪᠠᠲᠤᠯᠠᠭ᠎ᠠ᠎ᠪᠠᠷ ᠳᠠᠮᠵᠢᠭᠤᠯᠤᠨ᠂ ᠪᠥᠬᠥ ᠣᠷᠣᠨ᠎ᠤ ᠰᠣᠶᠣᠯ᠎ᠤᠨ ᠦᠢᠯᠡᠰ᠎ᠦᠨ ᠴᠡᠴᠡᠭᠯᠡᠨ ᠬᠥᠭᠵᠢᠬᠦ᠂ ᠰᠣᠶᠣᠯ ᠪᠠ ᠵᠢᠭᠤᠯᠴᠢᠯᠠᠯ᠎ᠤᠨ ᠠᠵᠤ ᠦᠢᠯᠡᠰ᠎ᠦᠨ ᠭᠦᠨᠵᠡᠭᠡᠢ ᠠᠭᠤᠰᠤᠯᠴᠠᠬᠤ᠎ᠶᠢ ᠠᠬᠢᠭᠤᠯᠤᠨ᠎ᠠ᠃

ᠲᠣᠰ ᠤᠳᠠᠭ᠎ᠠ ᠪᠠᠭᠤᠯᠭᠠᠭᠰᠠᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ ᠎ᠤᠨ ᠬᠥᠭᠵᠢᠯᠲᠡ᠎ᠶᠢᠨ ᠲᠤᠰᠬᠠᠢ ᠪᠡᠯᠡ ᠮᠥᠩᠭᠥ᠎ᠪᠡᠷ ᠵᠢᠭᠤᠯᠴᠢᠯᠠᠯ᠎ᠤᠨ ᠦᠵᠡᠮᠵᠢ᠎ᠶᠢᠨ ᠣᠷᠣᠨ᠂ ᠬᠥᠳᠡᠭᠡ ᠲᠣᠰᠬᠣᠨ᠎ᠤ ᠵᠢᠭᠤᠯᠴᠢᠯᠠᠯ᠎ᠤᠨ ᠭᠣᠣᠯᠳᠠᠯᠭ᠎ᠠ᠎ᠲᠠᠢ ᠲᠣᠰᠬᠣᠨ ᠪᠠᠯᠭᠠᠰᠤ ᠵᠢᠴᠢ ᠬᠤᠪᠢᠰᠬᠠᠯᠲᠤ ᠵᠢᠭᠤᠯᠴᠢᠯᠠᠯ᠎ᠤᠨ ᠦᠵᠡᠮᠵᠢ᠎ᠶᠢᠨ ᠣᠷᠣᠨ ᠵᠡᠷᠭᠡ᠎ᠶᠢᠨ ᠪᠦᠲᠦᠭᠡᠨ ᠪᠠᠢᠭᠤᠯᠤᠯᠲᠠ᠎ᠶᠢ ᠭᠣᠣᠯᠳᠠᠯᠭ᠎ᠠ᠎ᠲᠠᠢ ᠳᠡᠮᠵᠢᠵᠦ᠂ ᠵᠢᠭᠤᠯᠴᠢᠯᠠᠯ᠎ᠤᠨ ᠦᠢᠯᠡᠰ᠎ᠦᠨ ᠬᠡᠯᠪᠡᠷᠢ᠎ᠪᠡᠨ ᠬᠤᠪᠢᠷᠠᠭᠤᠯᠤᠨ ᠲᠠᠰ ᠳᠡᠪᠰᠢᠭᠦᠯᠬᠦ᠂ ᠶᠠᠰᠤ ᠴᠢᠨᠠᠷ᠎ᠢᠶᠠᠨ ᠳᠡᠭᠡᠭᠰᠢᠯᠡᠭᠦᠯᠦᠨ ᠦᠷ᠎ᠡ ᠠᠰᠢᠭ᠋᠎ᠢᠶᠠᠨ ᠨᠡᠮᠡᠭᠳᠡᠭᠦᠯᠬᠦ᠎ᠶᠢ ᠠᠬᠢᠭᠤᠯᠤᠨ᠎ᠠ᠃ ᠡᠭᠦᠨ᠎ᠦ ᠬᠠᠮᠲᠤ᠂ ᠰᠣᠶᠣᠯ ᠪᠠ ᠵᠢᠭᠤᠯᠴᠢᠯᠠᠯ᠎ᠤᠨ ᠦᠢᠯᠡᠰ᠎ᠢ ᠪᠣᠢᠵᠢᠭᠤᠯᠬᠤ᠂ ᠲᠥᠷᠥᠯ ᠲᠡᠮᠳᠡᠭ᠎ᠢ ᠤᠬᠠᠭᠤᠯᠤᠨ ᠳᠡᠯᠭᠡᠷᠡᠭᠦᠯᠬᠦ ᠵᠡᠷᠭᠡ ᠭᠣᠣᠯᠳᠠᠯᠭ᠎ᠠ᠎ᠲᠠᠢ ᠠᠵᠢᠯ ᠎ᠢ ᠦᠷᠭᠦᠯᠵᠢᠯᠡᠨ ᠠᠬᠢᠭᠤᠯᠵᠤ᠂ ᠰᠣᠶᠣᠯ ᠵᠢᠭᠤᠯᠴᠢᠯᠠᠯ᠎ᠤᠨ ᠬᠥᠭᠵᠢᠯᠲᠡ᠎ᠶᠢᠨ ᠰᠠᠭᠤᠷᠢ᠎ᠶᠢ ᠪᠡᠬᠢᠵᠢᠭᠦᠯᠦᠨ᠂ ᠰᠣᠶᠣᠯ᠎ᠤᠨ ᠤᠯᠠᠮᠵᠢᠯᠠᠯ᠎ᠤᠨ ᠠᠭᠤᠯᠤᠭᠳᠠᠬᠤᠨ᠎ᠢ ᠵᠤᠵᠠᠭᠠᠳᠬᠠᠵᠤ᠂ ᠪᠥᠬᠥ ᠣᠷᠣᠨ ᠎ᠤ ᠰᠣᠶᠣᠯ ᠵᠢᠭᠤᠯᠴᠢᠯᠠᠯ᠎ᠤᠨ ᠴᠢᠨᠠᠷ ᠰᠠᠢᠲᠠᠢ ᠬᠥᠭᠵᠢᠯᠲᠡ᠎ᠶᠢᠨ ᠦᠨᠳᠦᠰᠦ ᠰᠠᠭᠤᠷᠢ᠎ᠶᠢ ᠪᠡᠬᠢᠵᠢᠭᠦᠯᠦᠨ᠎ᠡ᠃

ᠥᠪᠡᠷᠲᠡᠭᠡᠨ ᠵᠠᠰᠠᠬᠤ ᠣᠷᠣᠨ ᠎ᠤ ᠠ᠋ᠳ᠋ ᠎ᠤᠨ ᠵᠠᠰᠠᠭ ᠎ᠤᠨ ᠲᠢᠩᠬᠢᠮ᠎ᠡᠴᠡ ᠲᠤᠰᠬᠠᠢ ᠪᠡᠯᠡ ᠮᠥᠩᠭᠥ᠎ᠶᠢᠨ ᠬᠠᠮᠢᠶᠠᠷᠤᠯᠲᠠ ᠎ᠶᠢᠨ ᠲᠣᠭᠲᠠᠭᠠᠯ᠎ᠢ ᠴᠢᠩᠭ᠎ᠠ ᠵᠢᠷᠤᠮᠯᠠᠨ᠂ ᠬᠠᠮᠢᠶᠠᠷᠤᠯᠲᠠ᠎ᠶᠢᠨ ᠳᠠᠷᠠᠭᠠᠯᠠᠯ ᠎ᠢ ᠵᠢᠷᠤᠮᠵᠢᠭᠤᠯᠵᠤ᠂ ᠪᠥᠬᠥ ᠶᠠᠪᠤᠴᠠ᠎ᠶᠢᠨ ᠠᠮᠵᠢᠯᠲᠠ ᠪᠦᠲᠦᠮᠵᠢ᠎ᠶᠢᠨ ᠬᠠᠮᠢᠶᠠᠷᠤᠯᠲᠠ ᠎ᠶᠢᠨ ᠲᠣᠭᠲᠠᠴᠠ᠎ᠶᠢ ᠪᠦᠷᠢᠨᠰᠢᠭᠦᠯᠦᠨ᠂ ᠠᠵᠢᠯ᠎ᠤᠨ ᠠᠮᠵᠢᠯᠲᠠ ᠪᠦᠲᠦᠮᠵᠢ᠎ᠶᠢ ᠬᠡᠮᠵᠢᠶᠡᠵᠢᠭᠦᠯᠬᠦ ᠬᠠᠷᠠᠯᠲᠠ᠎ᠶᠢ ᠰᠢᠨᠵᠢᠯᠡᠬᠦ ᠤᠬᠠᠭᠠᠨᠴᠢ᠎ᠪᠠᠷ ᠲᠣᠭᠲᠠᠭᠠᠵᠤ᠂ 《ᠠᠵᠢᠯ᠎ᠤᠨ ᠡᠮᠦᠨ᠎ᠡ ᠬᠢᠨᠠᠨ ᠬᠠᠷᠭᠤᠭᠤᠯᠬᠤ᠂ ᠠᠵᠢᠯ᠎ᠤᠨ ᠳᠤᠮᠳᠠ ᠬᠢᠨᠠᠨ ᠬᠠᠮᠢᠶᠠᠷᠬᠤ᠂ ᠠᠵᠢᠯ᠎ᠤᠨ ᠲᠠᠷᠠᠭ᠎ᠠ ᠦᠨᠡᠯᠡᠨ ᠵᠢᠱ᠌ᠢᠬᠦ》  ᠬᠠᠮᠢᠶᠠᠷᠤᠯᠲᠠ᠎ᠶᠢ ᠬᠡᠷᠡᠭᠵᠢᠭᠦᠯᠵᠦ᠂ ᠡᠳ᠋᠎ᠤᠨ ᠵᠠᠰᠠᠭ᠎ᠤᠨ ᠪᠡᠯᠡ ᠮᠥᠩᠭᠥ᠎ᠶᠢᠨ ᠬᠡᠷᠡᠭᠯᠡᠯᠲᠡ᠎ᠶᠢᠨ ᠦᠷ᠎ᠡ ᠠᠰᠢᠭ᠋᠎ᠢ ᠦᠨᠡᠨᠬᠦ ᠳᠡᠭᠡᠭᠰᠢᠯᠡᠭᠦᠯᠦᠨ᠂ ᠲᠤᠰ ᠲᠤᠰᠬᠠᠢ ᠪᠡᠯᠡ ᠮᠥᠩᠭᠥ᠎ᠶᠢᠨ ᠮᠥᠩᠭᠥ ᠪᠦᠷᠢ ᠵᠢ ᠢᠯᠡ᠎ᠪᠡᠷ ᠪᠣᠳᠠᠲᠠᠢ ᠭᠠᠵᠠᠷ ᠲᠤᠨᠢ ᠬᠡᠷᠡᠭᠯᠡᠬᠦ᠎ᠶᠢ ᠦᠨᠡᠨᠬᠦ ᠪᠠᠲᠤᠯᠠᠨ᠎ᠠ᠃


ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号