ᠰᠤᠷᠪᠤᠯᠵᠢᠯᠠᠬᠴᠢ ᠦᠪᠦᠷ ᠮᠤᠩᠭᠤᠯ ᠤᠨ ᠦᠪᠡᠷᠲᠡᠭᠡᠨ ᠵᠠᠰᠬᠠᠤ ᠤᠷᠤᠨ᠎ᠤ ᠠᠷᠠᠳ᠎ᠤᠨ ᠦᠨᠳᠦᠷ
ᠵᠡᠷᠭᠡ ᠢ᠋ᠢᠨ ᠰᠢᠭᠦᠭᠦ ᠬᠤᠷᠢᠶ᠎ᠠ ᠡᠴᠡ ᠤᠢᠯᠠᠭᠠᠬᠰᠠᠨ ᠢ᠋ᠢᠡᠷ᠂ 5 ᠰᠠᠷ᠎ᠠ ᠢ᠋ᠢᠨ 25᠎ᠤ᠋ ᠡᠲᠦᠷ᠂ ᠠᠷᠠᠳ᠎ᠤᠨ
ᠲᠡᠭᠡᠲᠦ ᠰᠢᠭᠦᠭᠦ ᠬᠤᠷᠢᠶ᠎ᠠ ᠡᠴᠡ ᠲᠦᠷᠦᠭᠦᠦ ᠪᠦᠯᠦᠭ᠎ᠤᠨ 100 ᠨᠡᠷᠡᠰ ᠪᠦᠬᠦ ᠤᠯᠤᠰ᠎ᠤᠨ 《ᠹᠸᠩᠴᠢᠶᠤᠤ ᠮᠠᠶᠢᠭ᠋᠎ᠤᠨ ᠠᠷᠠᠳ᠎ᠤᠨ ᠰᠢᠭᠦᠬᠦ ᠲᠢᠩᠬᠢᠮ》 ᠢ᠋ ᠨᠡᠢᠲᠡᠯᠡᠵᠦ᠂ ᠡᠭᠦᠨ᠎ᠳᠤ
ᠦᠪᠦᠷ ᠮᠤᠩᠭᠤᠯ᠎ᠤᠨ ᠦᠪᠡᠷᠲᠡᠭᠡᠨ ᠵᠠᠰᠬᠠᠤ ᠤᠷᠤᠨ᠎ᠤ 4 ᠰᠢᠭᠦᠬᠦ ᠲᠢᠩᠬᠢᠮ 《ᠹᠸᠩᠴᠢᠶᠤᠤ ᠮᠠᠶᠢᠭ᠋᠎ᠤᠨ ᠠᠷᠠᠳ᠎ᠤᠨ ᠰᠢᠭᠦᠬᠦ ᠲᠢᠩᠬᠢᠮ》 ᠢ᠋ᠢᠡᠷ ᠨᠡᠷᠡᠢᠲᠦᠭᠲᠡᠪᠡ᠃
ᠰᠢᠨ᠎ᠡ ᠴᠠᠭ ᠦᠶ᠎ᠡ᠎ᠶᠢᠨ 《ᠹᠸᠩᠴᠢᠶᠤᠤ ᠵᠢᠨ ᠲᠤᠷᠰᠢᠯᠭ᠎ᠠ》 ᠪᠡᠷ ᠵᠢᠱ᠌ᠢᠶ᠎ᠡ
ᠦᠵᠡᠭᠦᠯᠬᠦ ᠬᠡᠪ ᠳᠠᠭᠤᠷᠢᠶᠠᠯᠪᠣᠯᠭᠠᠵᠦ᠂ ᠠᠷᠠᠳ᠎ᠤᠨ ᠰᠢᠭᠦᠬᠦ ᠲᠢᠩᠬᠢᠮ᠎ᠦᠨ ᠪᠦᠬᠦ ᠲᠠᠯ᠎ᠠ᠎ᠶᠢᠨ ᠪᠠᠢᠭᠤᠯᠤᠯᠲᠠ᠎ᠶᠢᠨ
ᠲᠠᠬᠢᠨ ᠰᠢᠨ᠎ᠡ ᠳᠡᠭᠲᠡᠷ᠎ᠲᠦ ᠭᠠᠷᠬᠤ᠎ᠶᠢ ᠠᠬᠢᠭᠤᠯᠵᠤ᠂ ᠪᠦᠬᠦ ᠲᠠᠯ᠎ᠠ᠎ᠪᠠᠷ ᠡᠭᠦᠳᠦᠨ ᠪᠠᠶ᠋ᠢᠭᠤᠯᠬᠤ᠂ ᠱᠠᠲᠤ
ᠳᠠᠷᠠᠭᠠᠯᠠᠨ ᠲᠠᠨᠢᠯᠴᠠᠭᠤᠯᠬᠤ᠂ ᠦᠨᠡᠯᠡᠨ ᠵᠢᠱ᠌ᠢᠵᠦ ᠰᠢᠯᠭᠠᠨ ᠠᠪᠬᠤ ᠪᠠ ᠨᠡᠢᠭᠡᠮ ᠨᠡᠶ᠋ᠢᠲᠡ᠎ᠳᠦ ᠵᠠᠷᠯᠠᠨ ᠨᠡᠢᠲᠡᠯᠡᠬᠦ ᠪᠡᠷ
ᠳᠠᠮᠵᠢᠨ᠂ ᠠᠷᠠᠳ᠎ᠤᠨ ᠳᠡᠭᠡᠳᠦ ᠰᠢᠭᠦᠬᠦ ᠬᠣᠷᠢᠶ᠎ᠠ ᠡᠴᠡ 100 ᠠᠷᠠᠳ᠎ᠤᠨ ᠰᠢᠭᠦᠬᠦ ᠲᠢᠩᠬᠢᠮ ᠢ ᠲᠦᠷᠦᠭᠦᠦ ᠪᠦᠯᠦᠭ᠎ᠦᠨ
ᠪᠥᠬᠥ ᠤᠯᠤᠰ᠎ᠤᠨ 《ᠹᠸᠩᠴᠢᠶᠤᠤ ᠮᠠᠶᠢᠭ᠋᠎ᠤᠨ ᠠᠷᠠᠳ᠎ᠤᠨ ᠰᠢᠭᠦᠬᠦ ᠲᠢᠩᠬᠢᠮ》
ᠢ᠋ᠢᠡᠷ ᠨᠡᠷᠡᠢᠳᠬᠦ᠎ᠪᠡᠷ ᠲᠣᠭᠲᠠᠭᠠᠪᠠ᠃ ᠲᠤᠰ ᠤᠳᠠᠭ᠎ᠠ ᠵᠢᠨ ᠰᠤᠩᠭᠤᠬᠲᠠᠬᠰᠠᠨ
ᠦᠪᠦᠷ ᠮᠤᠩᠭᠤᠯ᠎ᠤᠨ 4 ᠰᠢᠭᠦᠭᠦ ᠲᠢᠩᠬᠢᠮ᠎ᠳᠦ᠂ ᠲᠦᠮᠡᠳ ᠪᠠᠷᠠᠭᠤᠨ ᠬᠣᠰᠢᠭᠤᠨ᠎ᠤ ᠠᠷᠠᠳ᠎ᠤᠨ ᠰᠢᠭᠦᠬᠦ ᠬᠣᠷᠢᠶᠠᠨ᠎ᠤ
ᠮᠠᠶ᠋ᠢᠳᠠᠷ ᠵᠣᠣ᠎ᠶᠢᠨ ᠠᠷᠠᠳ᠎ᠤᠨ ᠰᠢᠭᠦᠬᠦ ᠲᠢᠩᠬᠢᠮ᠂ ᠰᠢᠨ᠎ᠡ ᠪᠠᠷᠭᠤ ᠪᠠᠷᠠᠭᠤᠨ ᠬᠣᠰᠢᠭᠤᠨ᠎ᠤ ᠠᠷᠠᠳ᠎ᠤᠨ ᠰᠢᠭᠦᠬᠦ
ᠬᠣᠷᠢᠶᠠᠨ ᠤ ᠪᠣᠭᠳᠠ ᠠᠭᠤᠯᠠ ᠵᠢᠨ ᠠᠷᠠᠳ᠎ᠤᠨ ᠰᠢᠭᠦᠬᠦ ᠲᠢᠩᠬᠢᠮ᠂ ᠵᠠᠷᠤᠳ ᠬᠣᠰᠢᠭᠤᠨ᠎ᠤ ᠠᠷᠠᠳ ᠤᠨ ᠰᠢᠭᠦᠬᠦ
ᠬᠣᠷᠢᠶᠠᠨ᠎ᠤ ᠦᠯᠵᠡᠢᠮᠦ᠋ᠷᠡᠨᠤ ᠠᠷᠠᠳ᠎ᠤᠨ ᠰᠢᠭᠦᠬᠦ ᠲᠢᠩᠬᠢᠮ᠂ ᠬᠡᠰᠢᠭᠲᠡᠨ ᠬᠣᠰᠢᠭᠤᠨ᠎ᠤ ᠠᠷᠠᠳ᠎ᠤᠨ ᠰᠢᠭᠦᠬᠦ
ᠬᠣᠷᠢᠶᠠᠨ᠎ᠤ ᠳᠠᠯᠠᠢ ᠨᠠᠭᠤᠷ᠎ᠤᠨ ᠠᠷᠠᠳ᠎ᠤᠨ ᠰᠢᠭᠦᠬᠦ ᠲᠢᠩᠬᠢᠮ ᠪᠤᠯᠤᠨ᠎ᠠ᠃
2023 ᠣᠨ᠎ᠤ 11 ᠰᠠᠷ᠎ᠠ᠎ᠳᠤ
ᠠᠷᠠᠳ᠎ᠤᠨ ᠳᠡᠭᠡᠳᠦ ᠰᠢᠭᠦᠬᠦ ᠬᠣᠷᠢᠶ᠎ᠠ 《ᠹᠸᠩᠴᠢᠶᠤᠤ ᠮᠠᠶᠢᠭ᠋᠎ᠤᠨ ᠠᠷᠠᠳ᠎ᠤᠨ ᠰᠢᠭᠦᠬᠦ ᠲᠢᠩᠬᠢᠮ》 ᠢ᠋ ᠡᠭᠦᠳᠦᠨ ᠪᠠᠶ᠋ᠢᠭᠤᠯᠬᠤ ᠵᠢᠱ᠌ᠢᠶ᠎ᠡ ᠦᠵᠡᠭᠦᠯᠬᠦ ᠠᠵᠢᠯᠯᠠᠭ᠎ᠠ ᠶᠢ ᠪᠠᠢᠷᠢᠯᠠᠭᠤᠯᠤᠨ
ᠥᠷᠨᠢᠭᠦᠯᠦᠭᠰᠡᠨ᠎ᠡᠴᠡ ᠨᠠᠭᠠᠰᠢ᠂ ᠡᠯ᠎ᠡ ᠱᠠᠲᠤᠨ᠎ᠤ ᠠᠷᠠᠳ᠎ᠤᠨ ᠰᠢᠭᠦᠬᠦ ᠬᠣᠷᠢᠶ᠎ᠠ ᠰᠢ᠎ᠶᠢᠨ ᠫᠢᠩ ᠤᠨ ᠰᠢᠨ᠎ᠡ
ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ᠋ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠤᠯᠭ᠎ᠠ
ᠪᠤᠯᠭᠠᠵᠦ᠂ ᠰᠢ᠎ᠶᠢᠨ ᠫᠢᠩ᠎ᠤᠨ ᠬᠠᠤᠯᠢ᠎ᠪᠠᠷ ᠵᠠᠰᠠᠬᠤ ᠦᠵᠡᠯ ᠰᠠᠨᠠᠭ᠎ᠠ᠎ᠶᠢ ᠪᠦᠬᠦ ᠲᠠᠯ᠎ᠠ ᠪᠠᠷ ᠲᠤᠭᠤᠰᠢᠯᠠᠭᠤᠯᠵᠦ᠂
ᠶᠡᠷᠦᠩᠬᠡᠢ ᠱᠦᠵᠢ ᠰᠢ᠎ᠶᠢᠨ ᠫᠢᠩ᠎ᠤᠨ ᠰᠢᠨ᠎ᠡ ᠴᠠᠭ ᠦᠶ᠎ᠡ᠎ᠶᠢᠨ 《ᠹᠸᠩᠴᠢᠶᠤᠤ ᠵᠢᠨ ᠲᠤᠷᠰᠢᠯᠭ᠎ᠠ》 ᠵᠢ ᠪᠠᠷᠢᠮᠲᠠᠯᠠᠨ ᠬᠥᠭᠵᠢᠭᠦᠯᠬᠦ ᠲᠤᠬᠠᠢ
ᠠᠯᠢ ᠣᠯᠠᠨ ᠴᠢᠬᠤᠯᠠ ᠥᠭᠦᠯᠡᠯᠲᠡ᠎ᠶᠢᠨ ᠵᠣᠷᠢᠭ᠋ ᠰᠠᠨᠠᠭ᠎ᠠ᠎ᠶᠢ ᠬᠢᠨᠠᠮᠠᠭᠠᠢ ᠰᠤᠷᠤᠯᠴᠠᠨ ᠲᠤᠭᠤᠰᠢᠯᠠᠭᠤᠯᠵᠦ᠂
ᠶᠡᠬᠡ ᠲᠠᠯ᠎ᠠ ᠳᠤ ᠦᠢᠯᠡᠴᠢᠯᠡᠬᠦ᠂ ᠠᠷᠠᠳ᠎ᠤᠨ ᠲᠥᠯᠥᠭᠡ ᠬᠠᠤᠯᠢ ᠪᠠᠷᠢᠬᠤ᠎ᠶᠢ ᠪᠠᠷᠢᠮᠲᠠᠯᠠᠵᠤ᠂ ᠠᠷᠠᠳ ᠤᠨ ᠰᠢᠭᠦᠬᠦ
ᠲᠢᠩᠬᠢᠮ ᠢ ᠢᠳᠡᠪᠬᠢᠲᠡᠢ᠎ᠪᠡᠷ ᠲᠠᠢ᠍ᠢᠴᠢᠯᠠᠨ《ᠹᠸᠩᠴᠢᠶᠤᠤ ᠮᠠᠶᠢᠭ᠋᠎ᠤᠨ
ᠠᠷᠠᠳ ᠤᠨ ᠰᠢᠭᠦᠬᠦ ᠲᠢᠩᠬᠢᠮ》 ᠢ᠋ ᠡᠭᠦᠳᠦᠨ ᠪᠠᠶ᠋ᠢᠭᠤᠯᠬᠤ ᠠᠵᠢᠯ᠎ᠢ
ᠭᠦᠨᠵᠡᠭᠡᠢ ᠥᠷᠨᠢᠭᠦᠯᠵᠦ᠂ ᠨᠡᠢᠭᠡᠮ ᠦᠨ ᠵᠥᠷᠢᠴᠡᠯ ᠵᠠᠭᠤᠷᠠᠯᠳᠤᠭᠠᠨ ᠢ ᠤᠯᠠᠨ ᠳᠠᠯ᠎ᠠ ᠪᠡᠷ ᠤᠷᠢᠳᠴᠢᠯᠠᠨ ᠰᠡᠷᠭᠡᠢᠯᠡᠬᠦ
ᠪᠠ ᠡᠶᠡᠳᠡᠭᠦᠯᠦᠨ ᠰᠢᠢᠳᠪᠦᠷᠢᠯᠡᠵᠦ ᠠᠷᠢᠯᠭᠠᠬᠤ ᠶᠡᠷᠦᠩᠬᠡᠢᠯᠡᠭᠰᠡᠨ ᠲᠣᠭᠲᠠᠴᠠ᠎ᠶᠢ ᠲᠠᠰᠤᠷᠠᠯᠳᠠ ᠦᠭᠡᠢ ᠪᠦᠷᠢᠨᠰᠢᠭᠦᠯᠦᠨ
ᠲᠡᠭᠦᠯᠳᠡᠷᠵᠢᠭᠦᠯᠵᠦ᠂ ᠠᠮᠤᠭᠤᠯᠠᠩᠲᠦ ᠳᠤᠮᠳᠠᠳᠤ ᠤᠯᠤᠰ᠂ ᠬᠠᠤᠯᠢ᠎ᠪᠠᠷ ᠵᠠᠰᠠᠬᠤ ᠳᠤᠮᠳᠠᠳᠤ ᠤᠯᠤᠰ᠎ᠤᠨ ᠪᠦᠲᠦᠭᠡᠨ
ᠪᠠᠢᠭᠤᠯᠤᠯᠲᠠ᠎ᠶᠢ ᠠᠬᠢᠭᠤᠯᠬᠤ᠎ᠳᠤ ᠦᠵᠡᠭᠦᠯᠪᠡᠰᠦ ᠵᠣᠬᠢᠬᠤ ᠬᠤᠪᠢ ᠨᠡᠮᠡᠷᠢ᠎ᠪᠡᠨ ᠦᠵᠡᠭᠦᠯᠪᠡ᠃