ᠥᠪᠥᠷ ᠮᠣᠩᠭᠣᠯ᠎ᠤᠨ ᠪᠠᠭ᠍ᠰᠢ᠎ᠶᠢᠨ ᠶᠡᠬᠡ ᠰᠤᠷᠭᠠᠭᠤᠯᠢ᠎ᠠᠴᠠ ᠣᠢᠯᠠᠭᠠᠭᠰᠠᠨ ᠵᠢᠡᠷ᠂ ᠣᠢᠷ᠎ᠠ᠎ᠶᠢᠨ
ᠡᠳᠦᠷ ᠴᠧᠩᠳᠦ᠋᠎ᠳᠦ ᠶᠠᠪᠤᠭᠳᠠᠭᠰᠠᠨ ᠲᠠᠪᠤᠳᠤᠭᠠᠷ ᠬᠤᠭᠤᠴᠠᠭᠠᠨ᠎ᠤ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ
ᠴᠣᠭᠴᠠ ᠵᠢᠨ ᠤᠬᠠᠮᠰᠠᠷ᠎ᠢ ᠪᠠᠳᠤ ᠴᠤᠭᠴᠠᠯᠠᠬᠤ ᠰᠤᠳᠤᠯᠭᠠᠨ᠎ᠤ ᠶᠠᠷᠢᠶᠠᠨ᠎ᠤ ᠲᠠᠪᠴᠠᠩ ᠳᠡᠭᠡᠷ᠎ᠡ ᠳᠦᠷᠪᠡᠨ ᠶᠠᠮᠤᠨ
ᠵᠥᠪᠯᠡᠯ᠎ᠤᠨ
ᠭᠤᠷᠪᠠᠳᠤᠭᠠᠷ ᠪᠦᠯᠦᠭ᠎ᠦᠨ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ ᠵᠢᠨ ᠤᠬᠠᠮᠰᠠᠷ᠎ᠢ
ᠪᠠᠳᠤ ᠴᠤᠭᠴᠠᠯᠠᠬᠤ ᠰᠤᠳᠤᠯᠭᠠᠨ᠎ᠤ ᠰᠠᠭᠤᠷᠢᠨ᠎ᠤ ᠪᠠᠢᠭᠤᠯᠤᠯᠲᠠ᠎ᠶᠢᠨ ᠨᠡᠷᠡᠰ᠎ᠢ ᠨᠡᠢᠲᠡᠯᠡᠪᠡ᠂ ᠡᠬᠦᠨ ᠳ᠋ᠤ ᠥᠪᠥᠷ
ᠮᠣᠩᠭᠣᠯ᠎ᠤᠨ ᠪᠠᠭ᠍ᠰᠢ᠎ᠶᠢᠨ ᠶᠡᠬᠡ ᠰᠤᠷᠭᠠᠭᠤᠯᠢ᠎ᠶᠢᠨ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ
ᠳᠡᠭᠡᠳᠦ ᠰᠤᠷᠭᠠᠭᠤᠯᠢ ᠰᠣᠩᠭᠣᠭᠳᠠᠭᠰᠠᠨ ᠪᠠᠢᠨ᠎ᠠ᠃
ᠥᠪᠥᠷ ᠮᠣᠩᠭᠣᠯ᠎ᠤᠨ ᠪᠠᠭ᠍ᠰᠢ᠎ᠶᠢᠨ
ᠶᠡᠬᠡ ᠰᠤᠷᠭᠠᠭᠤᠯᠢ᠎ᠶᠢᠨ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠳᠡᠭᠡᠳᠦ ᠰᠤᠷᠭᠠᠭᠤᠯᠢ
2024 ᠣᠨ᠎ᠳᠤ ᠪᠠᠢᠭᠤᠯᠤᠭᠳᠠᠵᠤ᠂ ᠤᠯᠤᠰ᠎ᠤᠨ ᠪᠠᠢᠯᠳᠤᠬᠤ
ᠪᠣᠳᠣᠯᠭ᠎ᠠ᠎ᠶᠢᠨ ᠬᠡᠷᠡᠭᠴᠡᠭᠡ ᠪᠣᠯᠣᠨ ᠬᠢᠯᠢ ᠬᠢᠵᠠᠭᠠᠷ᠎ᠤᠨ ᠦᠨᠳᠦᠰᠦᠲᠡᠨ᠎ᠦ ᠭᠠᠵᠠᠷ ᠣᠷᠣᠨ᠎ᠤ ᠬᠥᠭᠵᠢᠯᠲᠡ᠎ᠶᠢᠨ
ᠪᠣᠳᠠᠲᠤ ᠪᠠᠢᠳᠠᠯ᠎ᠳᠤ ᠰᠠᠭᠤᠷᠢᠯᠠᠨ ᠪᠠᠢᠭᠤᠯᠤᠭᠰᠠᠨ ᠵᠢᠭᠠᠨ ᠰᠤᠷᠭᠠᠯᠲᠠ ᠰᠢᠨᠵᠢᠯᠡᠬᠦ ᠤᠬᠠᠭᠠᠨ᠎ᠤ ᠰᠤᠳᠤᠯᠭᠠᠨ᠎ᠤ ᠪᠤᠳᠠᠳᠤ ᠴᠤᠭᠴᠠᠳᠤ ᠪᠠᠢᠭᠤᠯᠤᠮᠵᠢ ᠪᠣᠯᠣᠨ᠎ᠠ᠂ ᠮᠥᠨ ᠴᠤ᠌ ᠥᠪᠥᠷ
ᠮᠣᠩᠭᠣᠯ᠎ᠤᠨ ᠪᠣᠳᠠᠲᠤ ᠴᠣᠭᠴᠠᠵᠢᠭᠤᠯᠤᠨ ᠪᠦᠲᠦᠭᠡᠨ ᠪᠠᠢᠭᠤᠯᠤᠭᠰᠠᠨ ᠴᠤᠷ᠎ᠤᠨ ᠭᠠᠭᠴᠠ ᠳᠤᠮᠳᠠᠳᠤ᠎ᠶᠢᠨ ᠦᠨᠳᠦᠰᠦᠲᠡᠨ᠎ᠦ
ᠬᠠᠮᠲᠤ ᠶᠢᠨ ᠴᠣᠭᠴᠠ ᠶᠢᠨ ᠳᠡᠭᠡᠳᠦ ᠰᠤᠷᠭᠠᠭᠤᠯᠢ ᠪᠣᠯᠣᠨ᠎ᠠ᠃ 2025 ᠣᠨ᠎ᠳᠤ᠂ ᠥᠪᠥᠷ ᠮᠣᠩᠭᠣᠯ ᠤᠨ ᠪᠠᠭ᠍ᠰᠢ ᠶᠢᠨ
ᠶᠡᠬᠡ ᠰᠤᠷᠭᠠᠭᠤᠯᠢ ᠵᠢᠨ ᠬᠢᠨ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠭᠠᠨ᠎ᠤ ᠰᠣᠯᠪᠢᠴᠠᠯ
ᠰᠢᠨᠵᠢᠯᠡᠭᠡᠨ᠎ᠦ ᠰᠠᠯᠠᠭ᠎ᠠ᠎ᠶᠢᠨ ᠪᠠᠢᠭᠤᠯᠤᠯᠲᠠ᠎ᠶᠢᠨ ᠲᠤᠷᠰᠢᠯᠲᠠ᠎ᠵᠢᠨ ᠴᠡᠭ ᠵᠢᠡᠷ ᠵᠥᠪᠰᠢᠶᠡᠷᠡᠭᠳᠡᠵᠦ ᠂ ᠲᠤᠰ
ᠲᠤᠰᠬᠠᠢ ᠮᠡᠷᠭᠡᠵᠢᠯ᠎ᠤᠨ ᠠᠰᠫᠢᠷᠠᠨᠲ᠂ ᠳ᠋ᠣᠺᠲ᠋ᠣᠷᠠᠨᠲ ᠬᠦᠮᠦᠵᠢᠬᠦᠯᠬᠦ ᠬᠢᠷᠢ ᠬᠡᠮ ᠢ᠋ ᠪᠦᠷᠢᠳᠦᠬᠦᠯᠦᠭᠰᠡᠨ
ᠥᠪᠥᠷ ᠮᠣᠩᠭᠣᠯ᠎ᠤᠨ ᠴᠣᠷ᠎ᠤᠨ ᠭᠠᠭᠴᠠ ᠶᠡᠬᠡ ᠳᠡᠭᠡᠳᠦ ᠰᠤᠷᠭᠠᠭᠤᠯᠢ
ᠪᠤᠯᠵᠠᠢ᠂ ᠮᠦᠨ ᠴᠤ᠌ ᠪᠥᠬᠥ ᠤᠯᠤᠰ᠎ᠤᠨ 16 ᠲᠤᠷᠰᠢᠯᠲᠠ᠎ᠶᠢᠨ ᠨᠢᠭᠡᠴᠢ᠎ᠶᠢᠨ ᠳᠣᠲᠣᠷᠠᠬᠢ ᠪᠠᠭ᠍ᠰᠢ᠎ᠶᠢᠨ ᠲᠤᠰᠬᠠᠢ
ᠮᠡᠷᠭᠡᠵᠢᠯ᠎ᠤᠨ ᠲᠥᠷᠥᠯ᠎ᠦᠨ ᠴᠣᠷ᠎ᠤᠨ ᠭᠠᠭᠴᠠ ᠶᠡᠬᠡ ᠳᠡᠭᠡᠳᠦ ᠰᠤᠷᠭᠠᠭᠤᠯᠢ ᠪᠣᠯᠣᠨ᠎ᠠ᠃ ᠡᠨᠡ ᠤᠳᠠᠭ᠎ᠠ ᠳᠥᠷᠪᠡᠨ
ᠶᠠᠮᠤᠨ ᠵᠦᠪᠯᠡᠯ ᠤ᠋ᠨ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠳᠤ ᠴᠤᠭᠴᠠᠯᠠᠬᠤ
ᠰᠤᠳᠤᠯᠭᠠᠨ᠎ᠤ ᠰᠠᠭᠤᠷᠢᠨ ᠳ᠋ᠤ ᠰᠤᠩᠭᠤᠭᠳᠠᠭᠰᠠᠨ ᠨᠢ ᠲᠣᠰ
ᠰᠤᠷᠭᠠᠭᠤᠯᠢ᠎ᠶᠢᠨ ᠬᠢᠨ᠎ᠤ ᠣᠷᠳᠣ᠌ ᠬᠤᠭᠤᠴᠠᠭᠠᠨ᠎ᠤ ᠲᠤᠷᠰᠢ ᠬᠢᠯᠢ ᠬᠢᠵᠠᠭᠠᠷᠤᠷᠤᠨᠤ ᠪᠤᠳᠠᠳᠠᠢ ᠪᠠᠢᠳᠠᠯ ᠳ᠋ᠤ
ᠰᠠᠭᠤᠷᠢᠯᠠᠵᠤ᠂ ᠳᠤᠮᠳᠠᠳᠤ ᠶᠢᠨ ᠦᠨᠳᠦᠰᠦᠲᠡᠨ ᠦ ᠬᠠᠮᠲᠤ᠎ᠶᠢᠨ ᠴᠣᠭᠴᠠ᠎ᠶᠢᠨ ᠪᠠᠢᠭᠤᠯᠤᠯᠲᠠ᠎ᠶᠢ ᠠᠬᠢᠭᠤᠯᠤᠭᠰᠠᠨ᠎ᠢ
ᠭᠦᠢᠴᠡᠳ ᠨᠤᠲᠠᠯᠠᠭᠰᠠᠨ ᠮᠥᠷᠲᠡᠭᠡᠨ ᠮᠦᠨ ᠴᠸ᠋ ᠲᠤᠰ ᠰᠤᠷᠭᠠᠭᠤᠯᠢ᠎ᠶᠢᠨ ᠤᠯᠤᠰ᠎ᠤᠨ ᠪᠠᠢᠯᠳᠤᠬᠤ ᠪᠣᠳᠣᠯᠭ᠎ᠠ᠎ᠳᠤ
ᠦᠢᠯᠡᠴᠢᠯᠡᠬᠦ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠳᠤ ᠴᠤᠭᠴᠠᠯᠠᠬᠤ
ᠣᠨᠣᠯ ᠪᠠ ᠦᠢᠯᠡᠳᠦᠯᠭᠡ᠎ᠶᠢᠨ ᠰᠤᠳᠤᠯᠭᠠᠨ ᠪᠥᠬᠥ ᠲᠠᠯ᠎ᠠ᠎ᠪᠠᠷ ᠰᠢᠨ᠎ᠡ ᠳᠡᠭᠲᠡᠷ᠎ᠲᠦ ᠭᠠᠷᠤᠭᠰᠠᠨ᠎ᠢ ᠬᠠᠷᠠᠭᠤᠯᠵᠤ
ᠪᠠᠢᠨ᠎ᠠ ᠃
2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ
ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ
ᠬᠠᠷᠢᠯᠴᠠᠬᠤ ᠤᠲᠠᠰᠤ᠄0471-6635435
ᠢᠮᠧᠯ᠄mgyxww@163.com 蒙ICP备10000005号