ᠬᠤᠳᠠ ᠵᠢᠨ ᠬᠣᠭ ᠨᠣᠪᠰᠢ ᠎ᠶᠢ ᠲᠥᠷᠥᠯ ᠬᠤᠪᠢᠶᠠᠬᠤ ᠠᠵᠢᠯ᠎ᠢ ᠦᠨᠳᠦᠰᠦᠨ᠎ᠳᠡᠭᠡᠨ ᠨᠡᠢᠳᠡᠮ ᠪᠦᠷᠬᠦᠭᠦᠯᠪᠡ
2026-05-27 15:48:02
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

5 ᠰᠠᠷ᠎ᠠ᠎ᠶᠢᠨ 25 ᠎ᠤ ᠡᠳᠦᠷ᠎ᠡᠴᠡ 31 ᠎ᠦ ᠡᠳᠦᠷ ᠪᠣᠯᠲᠠᠯ᠎ᠠ ᠪᠤᠯ ᠳᠥᠷᠪᠡᠳᠦᠭᠡᠷ ᠬᠤᠭᠤᠴᠠᠭᠠᠨ᠎ᠤ ᠪᠥᠬᠥ ᠤᠯᠤᠰ᠎ᠤᠨ ᠬᠣᠲᠠ᠎ᠶᠢᠨ ᠠᠮᠢᠳᠤᠷᠠᠯ ᠎ᠤᠨ ᠬᠣᠭ ᠨᠣᠪᠰᠢ᠎ᠶᠢ ᠲᠥᠷᠥᠯ ᠬᠤᠪᠢᠶᠠᠬᠤ ᠤᠬᠠᠭᠤᠯᠭ᠎ᠠ ᠎ᠶᠢᠨ ᠭᠠᠷᠠᠭ ᠪᠣᠯᠣᠨ᠎ᠠ᠃   ᠣᠷᠣᠨ ᠰᠠᠭᠤᠴᠠ ᠪᠠ ᠬᠣᠲᠠ ᠬᠥᠳᠡᠭᠡ᠎ᠶᠢᠨ ᠪᠦᠲᠦᠭᠡᠨ ᠪᠠᠢᠭᠤᠯᠤᠯᠲᠠ᠎ᠶᠢᠨ ᠶᠠᠮᠤᠨ᠎ᠠᠴᠠ ᠣᠢᠯᠠᠭᠠᠭᠰᠠᠨ᠎ᠢᠶᠠᠷ᠂ ᠮᠠᠨ᠎ᠤ ᠤᠯᠤᠰ᠎ᠤᠨ ᠬᠣᠭ ᠨᠣᠪᠰᠢ᠎ᠶᠢ ᠲᠥᠷᠥᠯ ᠬᠤᠪᠢᠶᠠᠬᠤ ᠠᠵᠢᠯ ᠦᠷᠭᠦᠯᠵᠢᠯᠡᠨ ᠠᠭᠢᠬᠤ᠎ᠶᠢ ᠳᠠᠭᠠᠯᠳᠤᠨ᠂ ᠣᠲᠣ᠌ ᠪᠣᠯᠲᠠᠯ᠎ᠠ ᠪᠥᠬᠥ ᠤᠯᠤᠰ᠎ᠤᠨ ᠳᠤᠰᠬᠠᠢ ᠤᠷᠤᠨ᠎ᠤᠨ᠎ᠲᠠᠰ᠎ᠤᠨ ᠬᠤᠳᠠ ᠵᠢᠴᠢ ᠲᠡᠭᠦᠨ᠎ᠡᠴᠡ ᠳᠡᠭᠡᠭᠰᠢᠬᠢ ᠬᠣᠲᠠ᠎ᠶᠢᠨ ᠰᠠᠭᠤᠭᠠᠯᠢ ᠠᠷᠠᠳ᠎ᠤᠨ ᠲᠣᠭᠣᠷᠢᠭ᠋᠎ᠤᠨ ᠬᠣᠭ ᠨᠣᠪᠰᠢ᠎ᠶᠢ ᠲᠥᠷᠥᠯ ᠬᠤᠪᠢᠶᠠᠬᠤ ᠠᠵᠢᠯ᠎ᠢ ᠦᠨᠳᠦᠰᠦᠨ᠎ᠳᠡᠭᠡᠨ ᠨᠡᠢᠳᠡᠮ ᠪᠦᠷᠬᠦᠭᠦᠯᠪᠡ᠃

ᠣᠷᠣᠨ ᠰᠠᠭᠤᠴᠠ ᠪᠠ ᠬᠣᠲᠠ ᠬᠥᠳᠡᠭᠡ᠎ᠶᠢᠨ ᠪᠦᠲᠦᠭᠡᠨ ᠪᠠᠢᠭᠤᠯᠤᠯᠲᠠ᠎ᠶᠢᠨ ᠶᠠᠮᠤᠨ᠎ᠤ ᠬᠠᠮᠤᠭ ᠎ᠤᠨ ᠰᠢᠨ᠎ᠡ ᠲᠣᠭ᠎ᠠ ᠪᠠᠷᠢᠮᠲᠠ᠎ᠳᠤ ᠢᠯᠡᠷᠡᠭᠦᠯᠦᠭᠰᠡᠨ᠎ᠢᠶᠡᠷ᠂ 297 ᠲᠤᠰᠬᠠᠢ ᠣᠷᠣᠨ᠎ᠤ ᠳᠡᠰ ᠎ᠤᠨ ᠬᠤᠳᠠ ᠵᠢᠴᠢ ᠲᠡᠭᠦᠨ᠎ᠡᠴᠡ ᠳᠡᠭᠡᠭᠰᠢᠬᠢ ᠬᠣᠲᠠ᠎ᠶᠢᠨ ᠰᠠᠭᠤᠭᠠᠯᠢ ᠠᠷᠠᠳ᠎ᠤᠨ ᠲᠣᠭᠣᠷᠢᠭ᠋ ᠎ᠲᠦ ᠬᠣᠭ ᠨᠣᠪᠰᠢ ᠎ᠶᠢ ᠲᠥᠷᠥᠯ ᠬᠤᠪᠢᠶᠠᠬᠤ ᠠᠵᠢᠯ᠎ᠢ ᠦᠨᠳᠦᠰᠦᠨ᠎ᠳᠡᠭᠡᠨ ᠨᠡᠢᠳᠡᠮ ᠪᠦᠷᠬᠦᠭᠦᠯᠪᠡ᠃ 2025 ᠣᠨ ᠎ᠤ ᠰᠡᠭᠦᠯᠴᠢ ᠪᠣᠯᠲᠠᠯ᠎ᠠ᠂ ᠪᠥᠬᠥ ᠤᠯᠤᠰ᠎ᠲᠤ 1137 ᠰᠠᠭᠤᠷᠢ ᠰᠢᠲᠠᠭᠠᠬᠤ ᠲᠥᠬᠦᠭᠡᠷᠦᠮᠵᠢ ᠲᠠᠢ ᠪᠤᠯᠵᠤ᠂ ᠡᠳᠦᠷ᠎ᠦᠨ ᠰᠢᠢᠳᠪᠦᠷᠢᠯᠡᠬᠦ ᠴᠢᠳᠠᠪᠤᠷᠢ 118 ᠲᠦᠮᠡᠨ ᠲᠣᠨ ᠪᠣᠯᠤᠨ ᠳᠡᠭᠡᠭᠰᠢᠯᠡᠵᠦ᠂ ᠪᠡᠭᠡᠵᠢᠩ᠂ ᠵᠧᠵᠢᠶᠠᠩ᠂ ᠱᠠᠨᠳᠦ᠋ᠩ ᠵᠡᠷᠭᠡ 15 ᠮᠤᠵᠢ ᠬᠣᠲᠠ᠎ᠳᠦ  ᠠᠮᠢᠳᠤᠷᠠᠯ᠎ᠤᠨ ᠬᠣᠭ ᠨᠣᠪᠰᠢ᠎ᠶᠢ《ᠦᠯᠦ ᠪᠤᠯᠠᠬᠤ》᠎ᠶᠢ ᠪᠡᠶᠡᠯᠡᠭᠦᠯᠵᠦ᠂ ᠭᠣᠣᠯ ᠪᠣᠯᠬᠤ ᠪᠣᠬᠢᠷᠲᠤᠯᠳᠦ ᠪᠣᠳᠠᠰ᠎ᠤᠨ ᠭᠠᠳᠠᠭᠰᠢᠯᠠᠭᠤᠯᠤᠯᠲᠠ᠎ᠶᠢ ᠬᠢᠵᠠᠭᠠᠷᠯᠠᠬᠤ ᠲᠠᠯ᠎ᠠ ᠎ᠪᠠᠷ ᠳᠡᠯᠡᠬᠡᠢ᠎ᠶᠢᠨ ᠲᠡᠷᠢᠭᠦᠨ᠎ᠦ ᠲᠦᠪᠰᠢᠨ᠎ᠳᠦ ᠬᠦᠷᠴᠡᠢ᠃ ᠬᠣᠭ ᠨᠣᠪᠰᠢ᠎ᠶᠢ ᠲᠥᠷᠥᠯ ᠬᠤᠪᠢᠶᠠᠬᠤ ᠠᠵᠢᠯ᠎ᠢ ᠰᠠᠢᠲᠤᠷ ᠬᠢᠬᠦ᠎ᠶᠢᠨ ᠲᠥᠯᠥᠭᠡ᠂ ᠲᠤᠰᠬᠠᠢ ᠣᠷᠣᠨ᠎ᠤ ᠲᠠᠰ᠎ᠤᠨ ᠬᠤᠳᠠ ᠵᠢᠴᠢ ᠲᠡᠭᠦᠨ᠎ᠡᠴᠡ ᠳᠡᠭᠡᠭᠰᠢᠬᠢ ᠬᠣᠲᠠ ᠬᠣᠭ ᠨᠣᠪᠰᠢ᠎ᠶᠢ ᠲᠥᠷᠥᠯ ᠬᠤᠪᠢᠶᠠᠬᠤ ᠬᠣᠯᠪᠣᠭᠳᠠᠯ ᠪᠦᠬᠦᠢ ᠣᠷᠣᠨ ᠨᠤᠲᠤᠭ᠎ᠤᠨ ᠴᠢᠨᠠᠷᠲᠠᠢ ᠬᠠᠤᠯᠢ ᠲᠣᠭᠲᠠᠭᠠᠯ ᠪᠤᠶᠤ ᠳᠦᠷᠢᠮ ᠲᠣᠭᠲᠠᠭᠠᠯ᠎ᠢ 199 ᠨᠡᠢᠲᠡᠯᠡᠵᠦ᠂ 100 ᠭᠠᠷᠤᠢ ᠮᠡᠷᠭᠡᠵᠢᠯ᠎ᠦᠨ ᠪᠠᠷᠢᠮᠵᠢᠶ᠎ᠠ ᠵᠢᠷᠤᠮᠵᠢᠯ᠎ᠢ ᠲᠣᠭᠲᠠᠭᠠᠨ ᠨᠡᠢᠲᠡᠯᠡᠵᠦ᠂ ᠬᠣᠭ ᠨᠣᠪᠰᠢ᠎ᠶᠢ ᠲᠥᠷᠥᠯ ᠬᠤᠪᠢᠶᠠᠬᠤ ᠨᠢ ᠨᠢᠭᠡᠨᠲᠡ ᠡᠯ᠎ᠡ ᠭᠠᠵᠠᠷ᠎ᠤᠨ ᠰᠠᠭᠤᠷᠢ ᠴᠢᠨᠠᠷᠲᠠᠢ ᠠᠵᠢᠯ ᠪᠣᠯᠵᠠᠢ᠃

ᠣᠷᠣᠨ ᠰᠠᠭᠤᠴᠠ ᠪᠠ ᠬᠣᠲᠠ ᠬᠥᠳᠡᠭᠡ᠎ᠶᠢᠨ ᠪᠦᠲᠦᠭᠡᠨ ᠪᠠᠢᠭᠤᠯᠤᠯᠲᠠ᠎ᠶᠢᠨ ᠶᠠᠮᠤᠨ ᠢᠯᠡᠷᠬᠡᠢᠯᠡᠬᠦ᠎ᠳᠡᠭᠡᠨ᠂ ᠲᠥᠯᠥᠪᠯᠡᠭᠡ ᠶᠣᠰᠣᠭᠠᠷ ᠡᠨᠡ ᠵᠢᠯ ᠲᠥᠷᠥ᠎ᠶᠢᠨ ᠪᠣᠳᠣᠯᠭ᠎ᠠ᠎ᠶᠢᠨ ᠰᠢᠰᠲᠧᠮ᠎ᠢ ᠦᠷᠭᠦᠯᠵᠢᠯᠡᠨ ᠰᠢᠯᠢᠳᠡᠭᠵᠢᠭᠦᠯᠦᠨ ᠲᠡᠭᠦᠯᠳᠡᠷᠵᠢᠭᠦᠯᠵᠦ᠂ ᠭᠠᠵᠠᠷ ᠣᠷᠣᠨ᠎ᠤ ᠪᠠᠢᠳᠠᠯ᠎ᠳᠠᠭᠠᠨ ᠲᠣᠬᠢᠷᠠᠭᠤᠯᠤᠨ ᠡᠭᠡᠭᠦᠯᠦᠨ ᠬᠤᠷᠢᠶᠠᠵᠤ ᠪᠣᠯᠬᠤ ᠪᠣᠳᠠᠰ᠎ᠤᠨ ᠬᠠᠮᠢᠶᠠᠷᠤᠯᠲᠠ᠎ᠶᠢ ᠴᠢᠩᠭᠠᠳᠬᠠᠵᠤ᠂ ᠬᠣᠭ ᠨᠣᠪᠰᠢ ᠎ᠶᠢ ᠡᠬᠢ ᠪᠠᠶᠠᠯᠢᠭ᠍ᠵᠢᠭᠤᠯᠤᠨ ᠡᠭᠡᠭᠦᠯᠦᠨ ᠬᠤᠷᠢᠶᠠᠵᠤ ᠠᠰᠢᠭ᠍ᠯᠠᠬᠤ ᠨᠣᠷᠮ᠎ᠠ ᠎ᠶᠢ ᠳᠡᠭᠡᠭᠰᠢᠯᠡᠭᠦᠯᠦᠨ᠎ᠡ᠃ 2030 ᠣᠨ᠎ᠤ ᠰᠡᠭᠦᠯᠴᠢ ᠪᠣᠯᠬᠤ᠎ᠳᠤ᠂ ᠪᠥᠬᠥ ᠤᠯᠤᠰ᠎ᠤᠨ ᠬᠣᠲᠠ᠎ᠶᠢᠨ ᠠᠮᠢᠳᠤᠷᠠᠯ᠎ᠤᠨ ᠬᠣᠭ ᠨᠣᠪᠰᠢ᠎ᠶᠢ ᠡᠬᠢ ᠪᠠᠶᠠᠯᠢᠭ᠍ᠵᠢᠭᠤᠯᠤᠨ ᠠᠰᠢᠭ᠍ᠯᠠᠬᠤ ᠨᠣᠷᠮ᠎ᠠ᠎ᠶᠢ 76% ᠎ᠠᠴᠠ ᠳᠡᠭᠡᠭᠰᠢ᠎ᠳᠦ ᠬᠦᠷᠦᠭᠦᠯᠬᠦ᠎ᠪᠡᠷ ᠴᠢᠷᠮᠠᠢᠨ᠎ᠠ ᠭᠡᠵᠡᠢ᠃

 

ᠢᠷᠡᠯᠲᠡ ᠄ ᠲᠥᠪ ᠲᠧᠯᠸᠢᠰ᠎ᠦᠨ ᠰᠣᠨᠢᠨ ᠮᠡᠳᠡᠭᠡ

 


ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号