ᠥᠪᠥᠷ ᠮᠣᠩᠭᠣᠯ᠎ᠤᠨ ᠠᠩᠭᠢ 3 ᠠᠯᠲᠠᠨ ᠮᠧᠳᠠᠯ ᠭᠠᠷᠳᠠᠪᠠ
2026-05-27 16:53:21
ᠵᠣᠬᠢᠶᠠᠭ᠍ᠴᠢ᠄
ᠴᠸᠨ ᠨᠠᠷᠠᠨᠳᠤᠨᠭᠭᠠᠯᠠᠭ
ᠣᠩᠱᠢᠭ᠍ᠰᠠᠨ ᠣᠳᠠᠭ᠎ᠠ᠄
★★★☆☆

ᠦᠪᠦᠷ ᠮᠤᠨᠭᠭᠤᠯ ᠎ᠤᠨ ᠦᠪᠡᠷᠲᠡᠭᠡᠨ ᠵᠠᠰᠠᠬᠤ ᠤᠷᠤᠨ ᠎ᠤ ᠪᠡᠶ᠎ᠡ᠎ᠶᠢᠨ ᠲᠠᠮᠢᠷ᠎ᠤᠨ ᠲᠤᠪᠴᠢᠶ᠎ᠠ ᠡᠴᠡ ᠤᠢᠯᠠᠭᠠᠭᠰᠠᠨ᠎ᠶ᠋ᠢᠡᠷ᠂ 5 ᠰᠠᠷ᠎ᠠ᠎ᠶ᠋ᠢᠨ 13 ᠎ᠤ᠋ ᠡᠳᠦᠷ᠎ᠡᠴᠡ 22 ᠎ᠤ᠋ᠨ ᠡᠳᠦᠷ ᠪᠣᠯᠲᠠᠯ᠎ᠠ  2026 ᠣᠨ ᠎ᠤ ᠪᠦᠬᠦ᠌ ᠤᠯᠤᠰ ᠎ᠤᠨ ᠣᠯᠠᠨ ᠤᠯᠤᠰ᠎ᠤᠨ ᠮᠠᠶᠢᠭ᠎ᠤᠨ ᠪᠥᠬᠡ᠎ᠶ᠋ᠢᠨ ᠮᠠᠩᠯᠠᠶ ᠱᠢᠯᠭᠠᠷᠠᠭᠤᠯᠬᠤ ᠤᠷᠤᠯᠳᠤᠭᠠᠨ ᠵᠧᠵᠢᠶᠠᠩ ᠎ᠮᠤᠵᠢ ᠎ᠶᠢᠨ ᠸᠸᠨᠵᠸᠤ᠎ᠬᠤᠲᠠ᠎ᠳᠦ ᠶᠠᠪᠤᠭ᠍ᠳᠠᠪᠠ᠃

ᠲᠤᠰ ᠤᠳᠠᠭᠠᠨ ᠎ᠤ ᠤᠷᠤᠯᠳᠤᠭᠠᠨ᠎ᠢ ᠤᠯᠤᠰ᠎ᠤᠨ ᠪᠡᠶ᠎ᠡ᠎ᠶ᠋ᠢᠨ ᠲᠠᠮᠢᠷ᠎ᠤᠨ ᠶᠡᠷᠦᠩᠬᠡᠶ ᠲᠣᠪᠴᠢᠶ᠎ᠠ᠎ᠶ᠋ᠢᠨ ᠬᠦᠨᠳᠦ ᠡᠷᠭᠦᠯᠲᠡ ᠪᠦᠭᠡ ᠵᠢᠦᠳᠣᠣ᠎ᠶ᠋ᠢᠨ ᠰᠫᠤᠷᠲ᠎ᠤᠨ ᠬᠠᠮᠢᠶᠠᠷᠤᠯᠲᠠ᠎ᠶ᠋ᠢᠨ ᠲᠥᠪ᠂ ᠳᠤᠮᠳᠠᠳᠤ ᠤᠯᠤᠰ᠎ᠤᠨ ᠪᠥᠬᠡ᠎ᠶ᠋ᠢᠨ ᠨᠡᠢᠭᠡᠮᠯᠢᠭ᠎ᠡᠴᠡ ᠭᠣᠣᠯᠯᠠᠨ ᠡᠷᠬᠢᠯᠡᠵᠦ᠍᠂ ᠸᠸᠨᠵᠸᠤ ᠬᠣᠲᠠ᠎ᠶ᠋ᠢᠨ ᠪᠡᠶ᠎ᠡ᠎ᠶ᠋ᠢᠨ ᠲᠠᠮᠢᠷ᠎ᠤᠨ ᠲᠣᠪᠴᠢᠶ᠎ᠠ ᠡᠴᠡ ᠳᠠᠭᠠᠭᠠᠴᠢᠯᠠᠨ ᠡᠷᠬᠢᠯᠡᠪᠡ᠃ ᠪᠦᠬᠦ᠌ ᠤᠯᠤᠰ᠎ᠤᠨ 28 ᠮᠤᠵᠢ ᠬᠣᠲᠠ ᠦᠪᠡᠷᠳᠡᠭᠡᠨ ᠵᠠᠰᠠᠬᠤ ᠤᠷᠤᠨ᠎ᠤ 50 ᠭᠠᠷᠤᠶ ᠲᠥᠯᠥᠭᠡᠯᠡᠭ᠌ᠴᠢᠳ ᠎ᠦᠨ ᠠᠩᠭᠢ᠂ 1135 ᠲᠠᠮᠢᠷᠴᠢᠨ ᠤᠷᠤᠯᠳᠤᠭᠠᠨ᠎ᠳᠤ ᠣᠷᠣᠯᠴᠠᠵᠦ᠂ ᠮᠠᠨ ᠎ᠤ ᠤᠷᠤᠨ  63 ᠲᠠᠮᠢᠷᠴᠢᠨ ᠲᠣᠮᠢᠯᠠᠨ ᠣᠷᠣᠯᠴᠠᠭᠤᠯᠪᠠ᠃

10 ᠡᠳᠦᠷ᠎ᠦᠨ ᠱᠢᠷᠦᠭᠦᠨ ᠥᠷᠢᠰᠥᠯᠳᠦᠭᠡᠨ᠎ᠢᠶᠡᠷ ᠳᠠᠮᠵᠢᠨ᠂  ᠦᠪᠦᠷ ᠮᠤᠨᠭᠭᠤᠯ᠎ᠤᠨ ᠠᠨᠭᠭᠢ ᠨᠡᠢ᠌ᠲᠡ 3 ᠠᠯᠲᠠᠨ ᠮᠧᠳᠠᠯ᠂ 2 ᠮᠥᠩᠭᠥᠨ ᠮᠧᠳᠠᠯ᠂ 7 ᠬᠦᠷᠡᠯ ᠮᠧᠳᠠᠯ ᠭᠠᠷᠳᠠᠪᠠ᠃ ᠡᠭᠦᠨ᠎ᠳᠦ ᠪᠤᠶᠠᠨᠵᠠᠶᠠᠭ᠎ᠠ ᠡᠷᠲᠡᠨ᠎ᠦ ᠮᠠᠶᠢᠭ᠎ᠤᠨ ᠪᠥᠬᠡ᠎ᠶ᠋ᠢᠨ 60 ᠺᠢᠯᠣᠭ᠌ᠷᠠᠮ᠎ᠤᠨ ᠲᠡᠰ᠎ᠤᠨ ᠠᠯᠲᠠᠨ ᠮᠧᠳᠠᠯ᠎ᠭᠠᠷᠳᠠᠵᠦ᠂ ᠵᠠᠩ ᠱᠤᠸᠠᠢ ᠡᠮᠡᠭ᠌ᠲᠡᠶ᠎ᠶ᠋ᠢᠨ ᠴᠢᠯᠥᠭᠡᠲᠦ ᠮᠠᠶᠢᠭ᠎ᠤᠨ ᠪᠥᠬᠡ᠎ᠶ᠋ᠢᠨ 65 ᠺᠢᠯᠣᠭ᠌ᠷᠠᠮ᠎ᠤᠨ ᠲᠡᠰ᠎ᠤᠨ ᠠᠯᠲᠠᠨ ᠮᠧᠳᠠᠯ ᠭᠠᠷᠳᠠᠵᠦ᠂ ᠪᠦᠬᠡᠡᠷᠳᠡᠨᠢ ᠡᠷᠡᠭ᠌ᠲᠡᠶ᠎ᠶ᠋ᠢᠨ ᠴᠢᠯᠥᠭᠡᠲᠦ ᠮᠠᠶᠢᠭ᠎ᠤᠨ ᠪᠥᠬᠡ᠎ᠶ᠋ᠢᠨ 125 ᠺᠢᠯᠣᠭ᠌ᠷᠠᠮ᠎ᠤᠨ ᠲᠡᠰ᠎ᠤᠨ ᠠᠯᠲᠠᠨ ᠮᠧᠳᠠᠯ ᠭᠠᠷᠳᠠᠪᠠ᠃ ᠥᠪᠥᠷ ᠮᠣᠩᠭᠣᠯ᠎ᠤᠨ ᠡᠷᠲᠡᠨ᠎ᠦ ᠮᠠᠶᠢᠭ ᠎ᠤᠨ ᠪᠥᠬᠡ᠎ᠶ᠋ᠢᠨ ᠠᠩᠭᠢ᠂ ᠡᠷᠡᠭ᠌ᠲᠡᠶ᠎ᠶ᠋ᠢᠨ ᠴᠢᠯᠥᠭᠡᠲᠦ ᠮᠠᠶᠢᠭ ᠎ᠤᠨ ᠪᠥᠬᠡ ᠎ᠶ᠋ᠢᠨ ᠠᠩᠭᠢ ᠪᠦᠯᠬᠦᠮ ᠎ᠦᠨ ᠶᠡᠷᠦᠩᠬᠡᠶ ᠬᠤᠪᠢ᠎ᠶ᠋ᠢᠨ ᠭᠤᠷᠪᠠᠳᠤᠭᠠᠷ ᠎ᠲᠤ ᠣᠷᠣᠪᠠ᠃

 

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号