ᠲᠦᠷᠦᠭᠦᠬᠡᠨ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠵᠢᠯᠴᠢᠨ᠎ᠤ ᠶᠡᠷᠦᠩᠬᠡᠢ ᠡᠪᠯᠡᠯ᠂ ᠥᠪᠡᠷᠲᠡᠭᠡᠨ ᠵᠠᠰᠠᠬᠤ ᠣᠷᠣᠨ᠎ᠤ ᠪᠠᠴᠢᠮ ᠪᠠᠢᠳᠠᠯ᠎ᠢ ᠠᠷᠭᠠᠴᠠᠭᠠᠬᠤ ᠬᠠᠮᠢᠶᠠᠷᠤᠯᠲᠠ᠎ᠶᠢᠨ ᠲᠢᠩᠬᠢᠮ ᠬᠠᠮᠲᠤᠷᠠᠨ 《ᠠᠵᠢᠯᠴᠢᠨ᠎ᠤ ᠡᠪᠯᠡᠯ᠎ᠦᠨ ᠡᠭᠦᠷᠭᠡ ᠴᠢᠳᠠᠪᠬᠢ᠎ᠶᠢᠨ ᠦᠢᠯᠡᠳᠦᠯ᠎ᠢ ᠭᠦᠢᠴᠡᠳ ᠪᠠᠳᠠᠷᠠᠭᠤᠯᠵᠤ᠂ ᠠᠵᠤ ᠠᠬᠤᠢᠯᠠᠯ᠎ᠤᠨ ᠠᠵᠢᠯᠲᠠᠨ ᠠᠵᠢᠯᠴᠢᠨ᠎ᠤ ᠠᠶᠤᠯᠬᠦᠢ ᠦᠢᠯᠡᠳᠪᠦᠷᠢᠯᠡᠯ ᠪᠠ ᠬᠥᠳᠡᠯᠮᠦᠷᠢ᠎ᠶᠢᠨ ᠬᠠᠮᠠᠭᠠᠯᠠᠯᠲᠠ᠎ᠶᠢᠨ ᠠᠵᠢᠯ᠎ᠢ ᠴᠢᠨᠠᠬᠰᠢᠲᠠ ᠴᠢᠩᠭᠠᠳᠬᠠᠬᠤ ᠲᠤᠬᠠᠢ ᠠᠷᠭ᠎ᠠ ᠬᠡᠮᠵᠢᠶ᠎ᠡ᠎ᠨᠦᠭᠦᠳ》 ᠢ᠋ ᠳᠠᠷᠤᠮᠠᠯᠯᠠᠨ ᠲᠠᠷᠬᠠᠭᠠᠵᠦ᠂ 16 ᠵᠦᠢᠯ᠎ᠦᠨ ᠪᠣᠳᠠᠲᠠᠢ ᠠᠷᠭ᠎ᠠ ᠬᠡᠮᠵᠢᠶ᠎ᠡ᠎ᠶᠢ ᠳᠤᠷᠠᠳᠤᠨ ᠭᠠᠷᠭᠠᠵᠤ᠂ ᠠᠵᠤ ᠠᠬᠤᠢᠯᠠᠯ᠎ᠤᠨ ᠠᠵᠢᠯᠲᠠᠨ ᠠᠵᠢᠯᠴᠢᠨ᠎ᠤ ᠠᠶᠤᠯᠭᠦᠢ ᠦᠢᠯᠡᠳᠪᠦᠷᠢᠯᠡᠯ ᠪᠠ ᠬᠥᠳᠡᠯᠮᠦᠷᠢ᠎ᠶᠢᠨ ᠬᠠᠮᠠᠭᠠᠯᠠᠯᠲᠠ᠎ᠶᠢᠨ ᠬᠣᠯᠪᠣᠭᠳᠠᠯ ᠪᠦᠬᠦᠢ ᠠᠵᠢᠯ᠎ᠢ ᠴᠢᠨᠠᠬᠰᠢᠲᠠ ᠰᠠᠢᠲᠤᠷ ᠬᠢᠵᠦ᠂ ᠠᠵᠢᠯᠲᠠᠨ ᠠᠵᠢᠯᠴᠢᠨ᠎ᠤ ᠠᠮᠤᠷ ᠲᠦᠪᠰᠢᠨ ᠡᠷᠡᠭᠦᠯ ᠮᠡᠨᠳᠤ᠎ᠶᠢᠨ ᠡᠷᠬᠡ ᠠᠰᠢᠭ᠋᠎ᠢ ᠦᠨᠡᠨ ᠬᠦ᠌ ᠬᠠᠮᠠᠭᠠᠯᠠᠪᠠ᠃
ᠠᠷᠭ᠎ᠠ ᠬᠡᠮᠵᠢᠶ᠎ᠠ᠎ᠳᠤ᠂ ᠠᠵᠢᠯᠴᠢᠨ᠎ᠤ ᠡᠪᠯᠡᠯ᠎ᠦᠨ ᠵᠣᠬᠢᠶᠠᠨ ᠪᠠᠢᠭᠤᠯᠤᠯᠲᠠ᠎ᠶᠢᠨ ᠡᠭᠦᠷᠭᠡ ᠴᠢᠳᠠᠪᠬᠢ᠎ᠶᠢᠨ ᠦᠢᠯᠡᠳᠦᠯ᠎ᠢ ᠭᠦᠢᠴᠡᠳ ᠪᠠᠳᠠᠷᠠᠭᠤᠯᠬᠤ᠎ᠶᠢᠨ ᠲᠥᠯᠥᠭᠡ᠂ ᠥᠪᠥᠷ ᠮᠣᠩᠭᠣᠯ᠎ᠤᠨ ᠡᠯ᠎ᠡ ᠱᠠᠲᠤᠨ᠎ᠤ ᠠᠵᠢᠯᠴᠢᠨ᠎ᠤ ᠡᠪᠯᠡᠯ ᠬᠢᠨᠠᠯᠲᠠ ᠲᠠᠯᠪᠢᠬᠤ ᠬᠠᠷᠢᠭᠤᠴᠠᠯᠭ᠎ᠠ᠎ᠪᠠᠨ ᠴᠢᠩᠭᠠᠳᠬᠠᠵᠤ᠂ ᠲᠤᠰᠬᠠᠢ ᠰᠡᠳᠦᠪᠲᠦ ᠰᠤᠷᠤᠯᠴᠠᠬᠤ ᠲᠣᠭᠲᠠᠴᠠ᠎ᠶᠢ ᠲᠡᠭᠦᠯᠳᠡᠷᠵᠢᠭᠦᠯᠵᠦ᠂ ᠪᠠᠢᠴᠠᠭᠠᠨ ᠰᠤᠳᠤᠯᠤᠯᠲᠠ᠎ᠶᠢ ᠭᠦᠨᠵᠡᠭᠡᠢ ᠥᠷᠨᠢᠭᠦᠯᠵᠦ᠂ ᠡᠬᠢ ᠡᠭᠦᠰᠦᠯ᠎ᠡᠴᠡ ᠨᠢ ᠬᠢᠨᠠᠯᠲᠠ ᠲᠠᠯᠪᠢᠵᠤ ᠣᠷᠣᠯᠴᠠᠬᠤ᠎ᠶᠢ ᠴᠢᠩᠭᠠᠳᠬᠠᠵᠤ᠂ ᠠᠵᠢᠯᠲᠠᠨ ᠠᠵᠢᠯᠴᠢᠨ᠎ᠢ ᠥᠷᠭᠡᠨ᠎ᠢᠶᠡᠷ ᠳᠠᠢ᠍ᠢᠴᠢᠯᠠᠨ ᠳᠠᠯᠳᠠ ᠭᠡᠮ᠎ᠢ ᠮᠡᠳᠡᠭᠦᠯᠵᠦ᠂ ᠠᠵᠢᠯᠴᠢᠨ᠎ᠤ ᠡᠪᠯᠡᠯ᠎ᠦᠨ ᠠᠶᠤᠯᠭᠦᠢ ᠦᠢᠯᠡᠳᠪᠦᠷᠢᠯᠡᠯ᠎ᠦᠨ ᠠᠵᠢᠯ᠎ᠤᠨ ᠲᠣᠭᠲᠠᠴᠠ᠎ᠶᠢ ᠳᠠᠰᠤᠷᠠᠯᠳᠠ ᠦᠭᠡᠢ ᠪᠦᠷᠢᠨᠰᠢᠭᠦᠯᠬᠦ ᠬᠡᠷᠡᠭᠲᠡᠢ; ᠠᠵᠢᠯᠲᠠᠨ ᠠᠵᠢᠯᠴᠢᠨ᠎ᠤ ᠠᠮᠤᠷ ᠲᠦᠪᠰᠢᠨ᠎ᠦ ᠰᠣᠶᠣᠯ᠎ᠤᠨ ᠪᠠᠢᠭᠤᠯᠤᠯᠲᠠ᠎ᠶᠢ ᠭᠦᠨᠵᠡᠭᠡᠢᠷᠡᠭᠦᠯᠵᠦ᠂ ᠠᠵᠤ ᠠᠬᠤᠢᠯᠠᠯ᠎ᠤᠨ ᠠᠵᠢᠯᠲᠠᠨ ᠠᠵᠢᠯᠴᠢᠨ᠎ᠤ ᠠᠮᠤᠷ ᠲᠦᠪᠰᠢᠨ᠎ᠦ ᠰᠣᠶᠣᠯ᠎ᠤᠨ ᠪᠠᠢᠭᠤᠯᠤᠯᠲᠠ᠎ᠶᠢᠨ ᠭᠣᠣᠯ ᠴᠣᠭᠴᠠ᠎ᠶᠢᠨ ᠬᠠᠷᠢᠭᠤᠴᠠᠯᠭ᠎ᠠ᠎ᠶᠢ ᠨᠠᠢᠳᠠᠪᠤᠷᠢᠵᠢᠭᠤᠯᠬᠤ᠎ᠶᠢ ᠠᠬᠢᠭᠤᠯᠵᠤ᠂ ᠠᠮᠤᠷ ᠲᠦᠪᠰᠢᠨ᠎ᠦ ᠰᠣᠶᠣᠯ᠎ᠤᠨ ᠭᠣᠣᠯ ᠰᠡᠳᠦᠪᠲᠦ ᠦᠢᠯᠡᠳᠦᠯᠭᠡ᠎ᠶᠢᠨ ᠠᠵᠢᠯᠯᠠᠭ᠎ᠠ᠎ᠶᠢ ᠥᠷᠨᠢᠭᠦᠯᠵᠦ᠂ ᠠᠵᠢᠯᠲᠠᠨ ᠠᠵᠢᠯᠴᠢᠨ᠎ᠤ ᠠᠮᠤᠷ ᠲᠦᠪᠰᠢᠨ᠎ᠦ ᠰᠣᠶᠣᠯ᠎ᠤᠨ ᠵᠢᠭ᠍ᠰᠠᠭᠠᠯ᠎ᠤᠨ ᠭᠠᠵᠠᠷ᠎ᠢ ᠬᠦᠴᠦᠷᠬᠡᠭᠵᠢᠭᠦᠯᠵᠦ᠂ ᠠᠮᠤᠷ ᠲᠦᠪᠰᠢᠨ᠎ᠦ ᠬᠥᠮᠦᠵᠢᠯ᠎ᠦᠨ ᠠᠷᠭ᠎ᠠ ᠬᠡᠯᠪᠡᠷᠢ ᠢ᠋ᠢᠨ ᠰᠢᠨ᠎ᠡ ᠵᠢ ᠡᠭᠦᠳᠬᠦ ᠬᠡᠷᠡᠭᠲᠡᠢ; ᠭᠣᠣᠯᠳᠠᠯᠭ᠎ᠠ᠎ᠲᠠᠢ ᠠᠵᠢᠯ ᠲᠦᠷᠦᠯ᠎ᠦᠨ ᠬᠦᠷᠢᠶᠡᠨ᠎ᠳᠦ ᠠᠩᠬᠠᠷᠤᠯ᠎ᠢᠶᠠᠨ ᠲᠥᠪᠯᠡᠷᠡᠭᠦᠯᠵᠦ᠂ ᠠᠵᠢᠯᠴᠢᠨ᠎ᠤ ᠡᠪᠯᠡᠯ᠎ᠦᠨ ᠬᠢᠨᠠᠯᠲᠠ ᠲᠠᠯᠪᠢᠬᠤ ᠡᠭᠦᠷᠭᠡ ᠴᠢᠳᠠᠪᠬᠢ᠎ᠶᠢ ᠪᠠᠳᠠᠷᠠᠭᠤᠯᠤᠨ᠂ ᠲᠤᠰᠬᠠᠢ ᠵᠦᠢᠯ᠎ᠢᠶᠡᠷ ᠴᠡᠭᠴᠡᠯᠡᠨ ᠵᠠᠰᠠᠬᠤ ᠠᠵᠢᠯ᠎ᠢ ᠱᠠᠯᠠᠪᠲᠠᠭᠤᠯᠤᠨ ᠨᠠᠢᠳᠠᠪᠤᠷᠢᠵᠢᠭᠤᠯᠵᠤ᠂ ᠠᠵᠢᠯ ᠡᠴᠠ ᠪᠤᠯᠤᠭᠰᠠᠠ ᠡᠪᠡᠳᠴᠢᠨ᠎ᠢ ᠰᠡᠷᠭᠡᠢᠯᠡᠨ ᠵᠠᠰᠠᠬᠤ ᠬᠢᠨᠠᠯᠲᠠ ᠵᠢ ᠬᠦᠨᠵᠡᠭᠡᠢᠷᠡᠭᠦᠯᠬᠦ ᠬᠡᠷᠡᠭᠲᠡᠢ; ᠠᠵᠤ ᠠᠬᠤᠢᠯᠠᠯ᠎ᠢ ᠱᠠᠯᠠᠪᠲᠠᠭᠤᠯᠵᠦ ᠪᠠᠢᠭᠠᠳ ᠪᠠᠴᠢᠮ ᠪᠠᠢᠳᠠᠯ᠎ᠢ ᠠᠷᠭᠠᠴᠠᠭᠠᠬᠤ ᠬᠠᠮᠢᠶᠠᠷᠤᠯᠲᠠ᠎ᠶᠢ ᠵᠢᠷᠤᠮᠵᠢᠭᠤᠯᠵᠤ᠂ ᠪᠠᠴᠢᠮ ᠪᠠᠢᠳᠠᠯ᠎ᠢ ᠠᠷᠭᠠᠴᠠᠭᠠᠬᠤ ᠬᠠᠮᠢᠶᠠᠷᠤᠯᠲᠠ᠎ᠶᠢᠨ ᠰᠠᠯᠠᠭ᠎ᠠ ᠮᠥᠴᠢᠷ᠎ᠲᠠᠢ ᠬᠣᠯᠪᠤᠭᠠᠯᠠᠨ ᠠᠮᠤᠷ ᠲᠦᠪᠰᠢᠨ᠎ᠦ ᠮᠡᠷᠭᠡᠵᠢᠯ ᠴᠢᠳᠠᠪᠤᠷᠢ᠎ᠶᠢᠨ ᠪᠣᠯᠪᠠᠰᠤᠷᠠᠯ᠎ᠢ ᠴᠢᠩᠭᠠᠳᠬᠠᠵᠤ᠂ ᠭᠣᠣᠯᠳᠠᠭᠤ ᠠᠶᠤᠯᠬᠦᠢ ᠦᠢᠯᠡᠳᠪᠦᠷᠢᠯᠡᠯ᠎ᠦᠨ ᠳᠠᠯᠳᠠ ᠬᠡᠮ᠎ᠢ ᠢᠯᠭᠠᠨ ᠲᠠᠨᠢᠬᠤ᠂ ᠠᠵᠢᠯ ᠮᠡᠷᠭᠡᠵᠢᠯ᠎ᠦᠨ ᠡᠷᠡᠭᠦᠯ ᠮᠡᠨᠳᠦ᠎ᠶᠢᠨ ᠲᠦᠭᠰᠢᠭᠦᠷᠢ᠎ᠶᠢ ᠢᠯᠭᠠᠨ ᠲᠠᠨᠢᠬᠤ᠂ ᠪᠠᠴᠢᠮ ᠪᠠᠢᠳᠠᠯ᠎ᠢ ᠠᠷᠭᠠᠴᠠᠭᠠᠵᠤ ᠠᠪᠤᠷᠠᠨ ᠳᠤᠰᠠᠯᠠᠬᠤ ᠴᠢᠳᠠᠪᠤᠷᠢ ᠵᠡᠷᠭᠡ᠎ᠶᠢᠨ ᠲᠣᠭᠣᠷᠢᠨ᠎ᠳᠤ ᠠᠶᠤᠯᠭᠦᠢ ᠦᠢᠯᠡᠳᠪᠦᠷᠢᠯᠡᠯ᠎ᠦᠨ ᠮᠡᠷᠭᠡᠵᠢᠯ ᠴᠢᠳᠠᠪᠤᠷᠢ᠎ᠶᠢᠨ ᠤᠷᠤᠯᠳᠤᠭᠠᠨ ᠥᠷᠨᠢᠭᠦᠯᠵᠦ᠂ ᠠᠶᠤᠯᠬᠦᠢ ᠦᠢᠯᠡᠳᠪᠦᠷᠢᠯᠡᠯ᠎ᠦᠨ ᠮᠡᠷᠭᠡᠵᠢᠯ ᠴᠢᠳᠠᠪᠤᠷᠢ᠎ᠶᠢᠨ ᠬᠢᠷᠢ ᠬᠡᠮᠵᠢᠶ᠎ᠡ ᠪᠠ ᠪᠠᠴᠢᠮ ᠪᠠᠢᠳᠠᠯ᠎ᠢ ᠠᠷᠭᠠᠴᠠᠭᠠᠨ ᠰᠢᠢᠳᠪᠦᠷᠢᠯᠡᠬᠦ ᠴᠢᠲᠠᠪᠤᠷᠢ ᠵᠢ ᠲᠡᠭᠡᠭᠰᠢᠯᠡᠭᠦᠯᠬᠦ ᠬᠡᠷᠡᠭᠲᠡᠢ; ᠲᠡᠷᠢᠭᠦᠨ᠎ᠦ ᠨᠡᠢᠲᠡᠯᠢᠭ ᠵᠢᠱ᠌ᠢᠶ᠎ᠡ᠎ᠶᠢᠨ ᠵᠢᠱ᠌ᠢᠶ᠎ᠡ ᠦᠵᠡᠭᠦᠯᠬᠦ ᠦᠢᠯᠡᠳᠦᠯ᠎ᠢ ᠪᠠᠳᠠᠷᠠᠭᠤᠯᠵᠤ᠂ ᠠᠵᠤ ᠠᠬᠤᠢᠯᠠᠯ᠎ᠢ ᠬᠥᠲᠥᠯᠥᠨ ᠵᠢᠯᠤᠭᠣᠳᠴᠤ ᠪᠠᠢᠭᠠᠳ ᠠᠮᠤᠷ ᠲᠦᠪᠰᠢᠨ ᠰᠣᠶᠣᠯ᠎ᠤᠨ ᠰᠠᠢᠨ ᠰᠠᠢᠬᠠᠨ ᠠᠭᠤᠷ ᠠᠮᠢᠰᠬᠤᠯ᠎ᠢ ᠪᠤᠢ ᠪᠣᠯᠭᠠᠬᠤ ᠬᠡᠷᠡᠭᠲᠡᠢ ᠬᠡᠵᠦ ᠲᠤᠷᠠᠳᠤᠨ ᠭᠠᠷᠭᠠᠪᠠ᠃
ᠡᠭᠦᠨ᠎ᠦ ᠬᠠᠮᠲᠤ᠂ ᠠᠵᠤ ᠠᠬᠤᠢᠯᠠᠯ᠎ᠤᠨ ᠬᠥᠳᠡᠯᠮᠦᠷᠢ᠎ᠶᠢᠨ ᠵᠢᠱ᠌ᠢᠶᠡᠴᠢ᠎ᠶᠢᠨ ᠠᠮᠤᠷ ᠲᠦᠪᠰᠢᠨ᠎ᠦ ᠰᠢᠨ᠎ᠡ᠎ᠶᠢ ᠡᠭᠦᠳᠬᠦ ᠠᠵᠢᠯᠯᠠᠬᠤ ᠦᠷᠦᠬᠡ ᠪᠠᠶ᠋ᠢᠭᠤᠯᠬᠤ᠎ᠶᠢ ᠵᠣᠷᠢᠭ᠍ᠵᠢᠭᠤᠯᠵᠤ᠂ ᠠᠮᠤᠷ ᠲᠦᠪᠰᠢᠨ᠎ᠦ ᠮᠡᠷᠭᠡᠵᠢᠯ᠎ᠦᠨ ᠥᠭᠡᠷᠡᠴᠢᠯᠡᠯᠲᠡ᠎ᠶᠢᠨ ᠪᠣᠭᠣᠮᠲᠠ ᠰᠢᠪᠳᠤᠯᠬᠤ ᠠᠵᠢᠯ ᠦᠷᠨᠢᠭᠦᠯᠦᠨ᠎ᠡ᠃ ᠠᠵᠢᠯᠲᠠᠨ ᠠᠵᠢᠯᠴᠢᠨ᠎ᠤ ᠠᠮᠤᠷ ᠲᠦᠪᠰᠢᠨ᠎ᠦ ᠬᠡᠮ ᠰᠣᠭᠣᠭ᠎ᠤᠨ 《ᠱᠦᠭᠯᠦ ᠦᠯᠢᠶᠡᠭᠴᠢ》 ᠢ᠋ᠢᠨ ᠳᠦᠷᠢᠮ᠎ᠢ ᠬᠡᠷᠡᠭᠵᠢᠭᠦᠯᠵᠦ᠂ ᠠᠵᠢᠯᠲᠠᠨ ᠠᠵᠢᠯᠴᠢᠨ᠎ᠤ ᠪᠣᠳᠠᠲᠤ ᠪᠠᠢᠳᠠᠯ᠎ᠲᠠᠢ᠎ᠪᠠᠨ ᠤᠶᠠᠯᠳᠤᠭᠤᠯᠤᠨ᠂ ᠳᠡᠷᠭᠡᠳᠡᠬᠢ ᠡᠨᠳᠡᠯ ᠭᠠᠷᠴᠤ ᠮᠡᠳᠡᠬᠦ ᠠᠯᠢᠪᠠ ᠲᠦᠭᠰᠢᠭᠦᠷᠢ᠎ᠶᠢᠨ ᠴᠡᠭ ᠪᠠ ᠬᠡᠮ ᠰᠣᠭᠣᠭ᠎ᠢ ᠡᠷᠢᠬᠦ᠎ᠶᠢ ᠵᠣᠷᠢᠭ᠍ᠵᠢᠭᠤᠯᠤᠨ᠎ᠠ᠃ ᠡᠭᠡᠯᠵᠢ ᠳᠤᠭᠤᠢᠯᠠᠩ᠎ᠤᠨ ᠳᠠᠷᠤᠭ᠎ᠠ᠂ ᠠᠵᠢᠯᠴᠢᠨ᠎ᠤ ᠡᠪᠯᠡᠯ᠎ᠦᠨ ᠳᠤᠭᠤᠢᠯᠠᠩ᠎ᠤᠨ ᠳᠠᠷᠤᠭ᠎ᠠ᠎ᠶᠢᠨ ᠡᠮᠦᠨ᠎ᠡ ᠵᠠᠬ᠎ᠠ᠎ᠶᠢᠨ ᠬᠠᠷᠠᠭᠤᠯ᠎ᠤᠨ ᠴᠡᠷᠢᠭ᠎ᠦᠨ ᠦᠢᠯᠡᠳᠦᠯ᠎ᠢ ᠪᠠᠳᠠᠷᠠᠭᠤᠯᠬᠤ᠎ᠶᠢ ᠴᠢᠬᠤᠯᠠᠴᠢᠯᠠᠵᠤ᠂《ᠮᠦᠩᠬᠡ ᠰᠤᠪᠠᠭ》᠂ 《ᠤᠮᠠᠷᠠᠲᠤ ᠬᠢᠯᠢ᠎ᠶᠢᠨ ᠠᠵᠢᠯᠲᠠᠨ ᠠᠵᠢᠯᠴᠢᠨ᠎ᠳᠤ ᠠᠰᠢᠭ᠋ ᠬᠦᠷᠲᠡᠭᠡᠬᠦ》 APP ᠵᠡᠷᠭᠡ ᠲᠠᠪᠴᠠᠩ ᠪᠠ 《12351》 ᠠᠵᠢᠯᠴᠢᠨ᠎ᠤ ᠡᠪᠯᠡᠯ᠎ᠦᠨ ᠬᠢᠨᠠᠯᠲᠠ ᠲᠠᠯᠪᠢᠬᠤ ᠬᠠᠯᠠᠮᠰᠢᠯ ᠤᠲᠠᠰᠤ᠎ᠳᠤ ᠲᠦᠰᠢᠭᠯᠡᠨ ᠢᠯᠡᠴᠢᠯᠡᠨ ᠮᠡᠳᠡᠭᠦᠯᠵᠦ ᠪᠤᠯᠤᠨ᠎ᠡ ᠬᠡᠵᠦ ᠲᠤᠷᠠᠳᠤᠨ ᠭᠠᠷᠭᠠᠪᠠ᠃