5 ᠰᠠᠷ᠎ᠠ᠎ᠶᠢᠨ 27 ᠤ᠋ ᠡᠳᠦᠷ᠂ ᠰᠤᠷᠭᠠᠨ ᠬᠥᠮᠦᠵᠢᠯ᠎ᠦᠨ ᠶᠠᠮᠤᠨ᠎ᠡᠴᠡ ᠡᠷᠬᠢᠯᠡᠭᠰᠡᠨ 2026 ᠣᠨ ᠤ 《ᠰᠤᠷᠭᠠᠨ ᠬᠦᠮᠦᠵᠢᠯᠳᠡᠨ ᠤ ᠵᠣᠷᠢᠭ᠋ ᠰᠠᠨᠠᠭ᠎ᠠ》 ᠵᠢ ᠤᠬᠠᠭᠤᠯᠤᠨ ᠲᠠᠢᠯᠪᠤᠷᠢᠯᠠᠬᠤ ᠠᠵᠢᠯᠯᠠᠭ᠎ᠠ ᠥᠪᠥᠷ ᠮᠣᠩᠭᠣᠯ ᠤᠨ ᠪᠠᠭ᠍ᠰᠢ ᠶᠢᠨ ᠶᠡᠬᠡ ᠰᠤᠷᠭᠠᠭᠤᠯᠢ᠎ᠳᠤ ᠤᠬᠠᠭᠤᠯᠤᠨ ᠲᠠᠢᠯᠪᠤᠷᠢᠯᠠᠬᠤ ᠮᠡᠳᠡᠭᠦᠯᠦᠯᠲᠡ ᠬᠢᠪᠡ᠃
ᠮᠡᠳᠡᠭᠦᠯᠦᠯᠲᠡᠳ᠋ᠤ᠂ ᠵᠧᠵᠢᠶᠠᠩ᠎ᠤᠨ ᠲᠡᠯᠡᠶ ᠲᠠᠩᠭᠢᠰ᠎ᠤᠨ ᠶᠡᠬᠡ ᠰᠤᠷᠭᠠᠭᠤᠯᠢ᠎ᠶᠢᠨ ᠤᠰᠤᠨ ᠭᠠᠷᠤᠯᠲᠠ ᠶᠢᠨ ᠳᠡᠭᠡᠳᠦ ᠰᠤᠷᠭᠠᠭᠤᠯᠢ᠎ᠶᠢᠨ ᠫᠷᠤᠹᠸᠰᠰᠤᠷ᠂ ᠪᠥᠬᠥ ᠤᠯᠤᠰ᠎ᠤᠨ 《ᠬᠠᠮᠤᠭ᠎ᠤᠨ ᠭᠣᠶᠣ᠌ ᠪᠠᠭ᠍ᠰᠢ》᠂ ᠪᠥᠬᠥ ᠤᠯᠤᠰ᠎ᠤᠨ ᠰᠢᠯᠢᠳᠡᠭ ᠪᠠᠭ᠍ᠰᠢ ᠱᠦᠢ ᠪᠠᠢ ᠨᠢᠶᠠᠨ᠂ ᠭᠤᠸᠠᠩᠳ᠋ᠦ᠋ᠩ ᠮᠤᠵᠢ᠎ᠶᠢᠨ ᠳ᠋ᠦᠩ ᠭᠤᠸᠠᠨ ᠬᠤᠳᠠ᠎ᠶᠢᠨ ᠳ᠋ᠦᠩ ᠴᠧᠩ ᠬᠤᠳᠠ᠎ᠶᠢᠨ ᠬ᠍ᠤ᠌ ᠶᠢᠩ ᠪᠠᠭ᠎ᠠ ᠰᠤᠷᠭᠠᠭᠤᠯᠢ᠎ᠶᠢᠨ ᠳᠡᠭᠡᠳᠦ ᠵᠡᠷᠭᠡ᠎ᠶᠢᠨ ᠪᠠᠭ᠍ᠰᠢ᠂ ᠪᠦᠬᠦ ᠤᠯᠤᠰ᠎ᠤᠨ《ᠬᠠᠮᠤᠭ᠎ᠤᠨ ᠭᠤᠶᠤ ᠪᠠᠭ᠍ᠰᠢ》᠂ ᠪᠦᠬᠦ ᠤᠯᠤᠰ᠎ᠤᠨ ᠵᠢᠱ᠌ᠢᠶᠡᠴᠢ ᠪᠠᠭ᠍ᠰᠢ ᠬ᠍ᠤ᠌ ᠷᠦᠩ ᠫᠢᠩ᠂ ᠱᠠᠩᠬᠠᠢ ᠬᠣᠲᠠ᠎ᠶᠢᠨ ᠬᠤᠩ ᠺᠸᠤ ᠲᠣᠭᠣᠷᠢᠭ᠋ ᠤᠨ ᠮᠢ ᠶᠦᠨ ᠰᠤᠷᠭᠠᠭᠤᠯᠢ᠎ᠶᠢᠨ ᠳᠡᠳ᠋ ᠵᠠᠬᠢᠷᠤᠯ᠂ ᠳᠡᠭᠡᠳᠦ ᠵᠡᠷᠭᠡ᠎ᠶᠢᠨ ᠪᠠᠭ᠍ᠰᠢ᠂ ᠪᠥᠬᠥ ᠤᠯᠤᠰ ᠤᠨ 《ᠬᠠᠮᠤᠭ᠎ᠤᠨ ᠭᠣᠶᠣ᠌ ᠪᠠᠭ᠍ᠰᠢ》᠂ ᠪᠥᠬᠥ ᠤᠯᠤᠰ᠎ᠤᠨ ᠵᠢᠱ᠌ᠢᠶᠡᠴᠢ ᠪᠠᠭ᠍ᠰᠢ ᠳ᠋ᠢᠩ ᠮᠧᠶ ᠵᠧᠨ᠂ ᠭᠦᠢᠵᠧᠦ ᠮᠤᠵᠢ᠎ᠶᠢᠨ ᠴᠢᠶᠠᠨ ᠨᠠᠨ ᠵᠧᠦ᠎ᠶᠢᠨ ᠬᠦᠢ ᠳ᠋ᠢᠩ ᠰᠢᠶᠠᠨ᠎ᠤ ᠶᠠᠨ ᠱᠠᠨ ᠪᠠᠯᠭᠠᠰᠤᠨ᠎ᠤ ᠶᠠᠨ ᠵᠢᠶᠤᠤ ᠵᠢᠭᠠᠨ ᠰᠤᠷᠭᠠᠯᠲᠠ᠎ᠶᠢᠨ ᠴᠡᠭ᠎ᠦᠨ ᠪᠠᠭ᠍ᠰᠢ᠂ ᠪᠦᠬᠦ ᠤᠯᠤᠰ᠎ᠤᠨ ᠵᠢᠱ᠌ᠢᠶᠡᠴᠢ ᠪᠠᠭ᠍ᠰᠢ ᠯᠦ᠍ ᠴᠧᠩ ᠸᠧᠨ ᠵᠡᠷᠭᠡ 8 ᠪᠠᠭ᠍ᠰᠢ ᠡᠴᠡ ᠪᠣᠷᠣᠭᠵᠢᠭᠤᠨ ᠦᠭᠡ ᠶᠠᠷᠢᠶ᠎ᠠ᠂ ᠰᠡᠳᠬᠢᠯ ᠬᠥᠳᠡᠯᠭᠡᠮ᠎ᠡ ᠦᠢᠯᠡ ᠠᠵᠢᠯᠯᠠᠭ᠎ᠠ᠂ ᠠᠮᠢᠳᠤᠯᠢᠭ᠋ ᠪᠣᠳᠠᠲᠠᠢ ᠵᠢᠱ᠌ᠢᠶ᠎ᠡ᠎ᠪᠡᠷ ᠶᠣᠰᠣ᠌ ᠰᠤᠷᠲᠠᠬᠤᠨ᠎ᠵᠢᠡᠷ ᠬᠥᠮᠥᠨ᠎ᠢ ᠬᠥᠮᠥᠵᠢᠭᠦᠯᠦᠭᠰᠡᠨ ᠥᠯᠢᠭᠡᠷ᠎ᠵᠢᠡᠨ ᠬᠦᠨ ᠰᠡᠳᠬᠢᠯᠬᠡ ᠲᠠᠢ ᠬᠤᠪᠢᠶᠠᠯᠴᠠᠵᠤ᠂ 《ᠰᠤᠷᠭᠠᠨ ᠬᠦᠮᠦᠵᠢᠯᠳᠡᠨ᠎ᠤ ᠵᠣᠷᠢᠭ᠋ ᠰᠠᠨᠠᠭ᠎ᠠ》 ᠵᠢᠨ ᠭᠦᠨ ᠭᠦᠨᠵᠡᠭᠡᠢ ᠠᠭᠤᠯᠤᠭᠳᠠᠬᠤᠨ᠎ᠢ ᠠᠮᠢᠳᠤᠯᠢᠭ᠋᠎ᠢᠶᠠᠷ ᠲᠠᠢᠯᠪᠤᠷᠢᠯᠠᠨ᠂ ᠮᠠᠨ᠎ᠤ ᠣᠷᠣᠨ᠎ᠤ ᠥᠷᠭᠡᠨ ᠣᠯᠠᠨ ᠪᠠᠭ᠍ᠰᠢ ᠨᠠᠷ ᠲᠡᠷᠢᠭᠦᠨ᠎ᠦ ᠬᠢᠪᠡᠷ ᠳᠠᠭᠤᠷᠢᠶᠠᠯ ᠪᠣᠯᠭᠠᠵᠤ ᠡᠷᠡᠮᠡᠬᠡᠢᠯᠡᠨ ᠤᠷᠤᠭᠰᠢᠯᠠᠵᠤ᠂ ᠰᠤᠷᠭᠠᠨ ᠬᠥᠮᠦᠵᠢᠯ᠎ᠦᠨ ᠬᠦᠴᠦᠷᠬᠡᠭ ᠤᠯᠤᠰ᠂ ᠰᠤᠷᠭᠠᠨ ᠬᠥᠮᠦᠵᠢᠯ᠎ᠦᠨ ᠬᠦᠴᠦᠷᠬᠡᠭ ᠣᠷᠣᠨ᠎ᠤ ᠪᠠᠢᠭᠤᠯᠤᠯᠲᠠ᠎ᠳᠤ ᠢᠳᠡᠪᠬᠢᠯᠡᠨ ᠤᠷᠤᠯᠴᠠᠬᠤ ᠵᠢ ᠵᠤᠷᠢᠬᠵᠢᠭᠤᠯᠤᠨ ᠳᠠᠢᠴᠢᠯᠠᠪᠠ᠃
ᠤᠬᠠᠭᠤᠯᠤᠨ ᠳᠠᠢᠯᠪᠤᠷᠢᠯᠠᠯᠳᠠ ᠵᠢ ᠰᠤᠨᠤᠰᠤᠭᠰᠠᠨ ᠥᠷᠭᠡᠨ ᠤᠯᠠᠨ ᠪᠠᠭ᠍ᠰᠢᠰᠤᠷᠤᠭ᠍ᠴᠢᠳ ᠬᠦᠰᠡᠯᠡᠩ ᠢᠲᠡᠭᠡᠯ ᠪᠢᠰᠢᠷᠡᠯ ᠦᠨ ᠰᠠᠭᠤᠷᠢ ᠪᠠᠨ ᠪᠠᠲᠤᠳᠬᠠᠵᠤ᠂ ᠲᠤᠰᠬᠠᠢ ᠮᠡᠷᠭᠡᠵᠢᠯ ᠦᠨ ᠮᠡᠳᠡᠯᠭᠡ ᠶᠢ ᠰᠠᠢᠲᠤᠷ ᠰᠤᠷᠤᠯᠴᠠᠵᠤ᠂ ᠬᠥᠮᠥᠨ᠎ᠢ ᠬᠥᠮᠥᠵᠢᠭᠦᠯᠬᠦ ᠦᠢᠯᠡᠳᠦᠯᠭᠡ ᠶᠢᠨ ᠴᠢᠳᠠᠪᠤᠷᠢ ᠪᠠᠨ ᠳᠡᠭᠡᠭᠰᠢᠯᠡᠭᠦᠯᠵᠦ᠂ ᠰᠤᠷᠭᠠᠨ ᠬᠦᠮᠦᠵᠢᠯᠳᠡᠨ ᠤ ᠵᠣᠷᠢᠭ᠋ ᠰᠠᠨᠠᠭ᠎ᠠ ᠵᠢ ᠰᠤᠷᠤᠯᠴᠠᠭ᠍ᠴᠢ᠂ ᠦᠢᠯᠡᠳᠦᠯᠭᠡᠵᠢᠭᠦᠯᠦᠭᠴᠢ ᠪᠠ ᠵᠠᠯᠭᠠᠮᠵᠢᠯᠠᠭ᠍ᠴᠢ ᠪᠣᠯᠵᠤ᠂ ᠶᠣᠰᠣ᠌ ᠰᠤᠷᠲᠠᠬᠤᠨ ᠤᠶᠤᠨ ᠤᠬᠠᠭᠠᠨ ᠪᠡᠶ᠎ᠡ ᠮᠠᠬᠠᠪᠤᠳ ᠭᠤᠸ᠎ᠠ ᠰᠠᠢᠬᠠᠨ ᠬᠥᠳᠡᠯᠮᠦᠷᠢ ᠪᠦᠬᠦ ᠲᠠᠯ᠎ᠠ᠎ᠪᠠᠷ ᠬᠥᠭᠵᠢᠭᠰᠡᠨ ᠨᠡᠢᠭᠡᠮ ᠵᠢᠷᠤᠮ ᠤᠨ ᠪᠦᠲᠦᠭᠡᠨ ᠪᠠᠢᠭᠤᠯᠤᠭ᠍ᠴᠢ᠂ ᠵᠠᠯᠭᠠᠮᠵᠢᠯᠠᠭ᠍ᠴᠢ᠎ᠶᠢ ᠬᠥᠮᠥᠵᠢᠭᠦᠯᠬᠦ ᠪᠠ ᠰᠤᠷᠭᠠᠨ ᠬᠥᠮᠦᠵᠢᠯ ᠦᠨ ᠬᠦᠴᠦᠷᠬᠡᠭ ᠤᠯᠤᠰ ᠤᠨ ᠪᠠᠢᠭᠤᠯᠤᠯᠲᠠ᠎ᠶᠢ ᠠᠬᠢᠭᠤᠯᠬᠤ᠎ᠳᠤ ᠬᠦᠴᠦᠨ ᠴᠢᠳᠠᠯ᠎ᠢᠶᠠᠨ ᠡᠷᠭᠦᠨ᠎ᠡ ᠬᠡᠵᠦ ᠢᠯᠡᠳᠬᠡᠵᠡᠭᠡᠪᠡ᠃
ᠬᠤᠷᠠᠯ ᠨᠢ ᠰᠦᠯᠵᠢᠶᠡᠨ ᠳᠡᠭᠡᠷᠡᠬᠢ ᠰᠢᠭᠤᠳ ᠨᠡᠪᠲᠡᠷᠡᠭᠦᠯᠭᠡ + ᠠᠬᠤᠢ ᠳᠠᠯᠠᠪᠠᠢ ᠵᠢᠨ ᠬᠤᠷᠠᠯ᠎ᠤᠨ ᠬᠡᠯᠪᠡᠷᠢ ᠪᠡᠷ ᠶᠠᠪᠤᠭᠳᠠᠵᠤ᠂ ᠬᠥᠬᠡᠬᠣᠲᠠ᠎ᠶᠢᠨ ᠡᠯ᠎ᠡ ᠱᠠᠲᠤᠨ᠎ᠤ ᠡᠯ᠎ᠡ ᠲᠥᠷᠥᠯ᠎ᠦᠨ ᠰᠤᠷᠭᠠᠭᠤᠯᠢ᠎ᠶᠢᠨ ᠪᠠᠭ᠍ᠰᠢ᠎ᠶᠢᠨ ᠲᠥᠯᠥᠭᠡᠯᠡᠭᠴᠢ ᠪᠣᠯᠣᠨ ᠪᠠᠭ᠍ᠰᠢ᠎ᠶᠢᠨ ᠮᠡᠷᠭᠡᠵᠢᠯ᠎ᠦᠨ ᠰᠤᠷᠤᠭ᠍ᠴᠢ᠎ᠶᠢᠨ ᠲᠥᠯᠥᠭᠡᠯᠡᠭᠴᠢ 430 ᠬᠥᠮᠥᠨ ᠲᠤᠬᠠᠢ᠎ᠶᠢᠨ ᠲᠠᠯᠠᠪᠠᠢ ᠵᠢᠨ ᠠᠵᠢᠯᠯᠠᠭ᠎ᠠ᠎ᠳᠤ ᠣᠷᠣᠯᠴᠠᠵᠤ᠂ ᠪᠥᠬᠥ ᠣᠷᠣᠨ᠎ᠤ ᠰᠤᠷᠭᠠᠨ ᠬᠥᠮᠦᠵᠢᠯ᠎ᠦᠨ ᠰᠢᠰᠲᠧᠮ᠎ᠦᠨ ᠪᠠᠭ᠍ᠰᠢ ᠠᠵᠢᠯᠲᠠᠳ ᠡᠯ᠎ᠡ ᠭᠠᠵᠠᠷ᠎ᠤᠨ ᠬᠤᠪᠢᠶᠠᠷᠢ ᠬᠤᠷᠠᠯ᠎ᠤᠨ ᠲᠠᠯᠠᠪᠠᠶ ᠳ᠋ᠤ ᠰᠦᠯᠵᠢᠶᠡᠨ᠎ᠤ ᠰᠢᠭᠤᠳ ᠨᠡᠪᠳᠡᠷᠡᠬᠦᠯᠭᠡ ᠪᠡᠷ ᠤᠷᠤᠯᠴᠠᠪᠠ᠃