ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ ᠎ᠤ ᠢᠨᠲ᠋ᠧᠷ ᠰᠦᠯᠵᠢᠶᠡᠨ᠎ᠦ ᠮᠡᠳᠡᠭᠡ ᠵᠠᠩᠭᠢ᠎ᠶᠢᠨ ᠠᠯᠪᠠᠨ ᠬᠡᠷ ᠪᠥᠬᠥ᠌ ᠣᠷᠣᠨ᠎ᠤ ᠬᠤᠳᠠᠯᠳᠤᠭ᠎ᠠ ᠡᠷᠬᠢᠯᠡᠭᠦ ᠰᠦᠯᠵᠢᠶᠡᠨ᠎ᠦ ᠣᠷᠴᠢᠨᠨᠦᠬᠦᠴᠡᠯ ᠎ᠢ ᠰᠢᠯᠢᠳᠡᠭᠵᠢᠭᠦᠯᠬᠦ᠌᠎ᠶᠢ ᠠᠬᠢᠭᠤᠯᠬᠤ ᠬᠤᠷᠠᠯ ᠬᠤᠷᠠᠯᠳᠤᠭᠤᠯᠪᠠ
2026-05-28 10:42:43
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

ᠶᠡᠷᠦᠩᠬᠡᠶ ᠱᠦᠵᠢ ᠰᠢ ᠵᠢᠨ ᠫᠢᠩ᠎ᠦᠨ ᠰᠦᠯᠵᠢᠶᠡᠨ᠎ᠦ ᠬᠦᠴᠦᠷᠬᠡᠭ ᠤᠯᠤᠰ᠎ᠤᠨ ᠲᠤᠬᠠᠶ ᠴᠢᠬᠤᠯᠠ ᠦᠵᠡᠯ ᠰᠠᠨᠠᠭ᠎ᠠ ᠪᠠ ᠬᠤᠳᠠᠯᠳᠤᠭ᠎ᠠ ᠡᠷᠬᠢᠯᠡᠭᠦ ᠣᠷᠴᠢᠨ ᠨᠥᠬᠥᠴᠡᠯ᠎ᠢ ᠰᠢᠯᠢᠳᠡᠭᠵᠢᠭᠦᠯᠬᠦ᠌ ᠲᠤᠬᠠᠶ ᠴᠢᠬᠤᠯᠠ ᠥᠭᠦᠯᠡᠯᠲᠡ ᠎ᠶᠢ ᠭᠦᠨᠵᠡᠭᠡᠶ ᠲᠤᠭᠤᠰᠢᠯᠠᠭᠤᠯᠵᠤ᠂ ᠥᠪᠡᠷᠲᠡᠭᠡᠨ ᠵᠠᠰᠠᠬᠤ ᠣᠷᠣᠨ ᠎ᠤ ᠨᠠᠮ ᠎ᠤᠨ ᠬᠤᠷᠢᠶ᠎ᠠ ᠵᠢᠨ 《1571》 ᠠᠵᠢᠯ᠎ᠤᠨ ᠪᠠᠶ᠋ᠢᠷᠢᠯᠠᠭᠤᠯᠤᠯᠲᠠ᠂ 《ᠬᠤᠳᠠᠯᠳᠤᠭ᠎ᠠ ᠡᠷᠬᠢᠯᠡᠭᠦ ᠣᠷᠴᠢᠨ ᠨᠥᠬᠥᠴᠡᠯ ᠎ᠦᠨ ᠶᠠᠰᠤ ᠴᠢᠨᠠᠷ᠎ᠢ ᠳᠡᠭᠡᠭᠰᠢᠯᠡᠭᠦᠯᠬᠦ᠌ ᠣᠨ》᠎ᠤ ᠠᠵᠢᠯ ᠎ᠤᠨ ᠱᠠᠭᠠᠷᠳᠠᠯᠭ᠎ᠠ ᠎ᠶᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠠᠵᠤ ᠠᠬᠤᠶ᠋ᠢᠯᠠᠯ ᠪᠠ ᠠᠵᠤ ᠠᠬᠤᠶ᠋ᠢᠯᠠᠯᠲᠠᠨ ᠎ᠤ ᠰᠦᠯᠵᠢᠶᠡᠨ᠎ᠦ ᠬᠠᠤᠯᠢ ᠶᠣᠰᠣᠨ᠎ᠤ ᠡᠷᠬᠡ ᠠᠰᠢᠭ᠎ᠢ ᠦᠨᠡᠨ ᠬᠦ᠌ ᠬᠠᠮᠠᠭᠠᠯᠠᠬᠤ᠎ᠶᠢᠨ ᠲᠥᠯᠥᠭᠡ᠂ 5 ᠰᠠᠷ᠎ᠠ᠎ᠶᠢᠨ 26 ᠎ᠤ ᠡᠳᠦᠷ᠂ ᠥᠪᠡᠷᠲᠡᠭᠡᠨ ᠵᠠᠰᠠᠬᠤ ᠣᠷᠣᠨ ᠎ᠤ ᠨᠠᠮ ᠎ᠤᠨ ᠬᠣᠷᠢᠶᠠᠨ ᠎ᠤ ᠢᠨᠲ᠋ᠧᠷ ᠰᠦᠯᠵᠢᠶᠡᠨ᠎ᠦ ᠮᠡᠳᠡᠭᠡ ᠵᠠᠩᠭᠢ᠎ᠶᠢᠨ ᠠᠯᠪᠠᠨ ᠬᠡᠷ ᠬᠥᠬᠡᠬᠣᠲᠠ᠎ᠳᠤ ᠪᠥᠬᠥ᠌ ᠣᠷᠣᠨ ᠎ᠤ ᠬᠤᠳᠠᠯᠳᠤᠭ᠎ᠠ ᠡᠷᠬᠢᠯᠡᠭᠦ ᠰᠦᠯᠵᠢᠶᠡᠨ ᠎ᠦ ᠣᠷᠴᠢᠨ ᠨᠥᠬᠥᠴᠡᠯ ᠎ᠢ ᠰᠢᠯᠢᠳᠡᠭᠵᠢᠭᠦᠯᠬᠦ᠌ ᠎ᠶᠢ ᠠᠬᠢᠭᠤᠯᠬᠤ ᠬᠤᠷᠠᠯ ᠬᠤᠷᠠᠯᠳᠤᠭᠤᠯᠪᠠ᠃

 ᠥᠪᠡᠷᠲᠡᠭᠡᠨ ᠵᠠᠰᠠᠬᠤ ᠣᠷᠣᠨ᠎ᠤ ᠨᠠᠮ ᠎ᠤᠨ ᠬᠣᠷᠢᠶᠠᠨ᠎ᠤ ᠤᠬᠠᠭᠤᠯᠬᠤ ᠬᠡᠯᠲᠡᠰ᠎ᠦᠨ ᠳᠡᠳ᠋ ᠳᠠᠷᠤᠭ᠎ᠠ᠂ ᠢᠨᠲ᠋ᠸᠷ ᠰᠦᠯᠵᠢᠶᠡᠨ᠎ᠦ ᠮᠡᠳᠡᠭᠡ ᠵᠠᠩᠭᠢ᠎ᠶᠢᠨ ᠠᠯᠪᠠᠨ ᠬᠡᠷ᠎ᠦᠨ ᠡᠷᠬᠢᠯᠡᠭᠴᠢ ᠯᠢ ᠫᠸᠢ ᠶᠠᠨ ᠬᠤᠷᠠᠯ ᠎ᠳᠤ ᠣᠷᠣᠯᠴᠠᠵᠤ ᠶᠠᠷᠢᠶ᠎ᠠ ᠲᠠᠯᠪᠢᠪᠠ᠃ ᠬᠤᠷᠠᠯ᠎ᠨᠢ ᠸᠢᠳᠢᠣ᠋ ᠬᠡᠯᠪᠡᠷᠢ᠎ᠪᠡᠷ ᠶᠠᠪᠤᠭᠳᠠᠵᠤ᠂ ᠥᠪᠡᠷᠲᠡᠭᠡᠨ ᠵᠠᠰᠠᠬᠤ ᠣᠷᠣᠨ ᠎ᠤ ᠨᠠᠮ᠎ᠤᠨ ᠬᠣᠷᠢᠶᠠᠨ᠎ᠤ ᠮᠥᠩᠭᠥᠨ ᠭᠦᠢᠯᠭᠡᠭᠡᠨ᠎ᠦ ᠠᠵᠢᠯ᠎ᠤᠨ ᠠᠯᠪᠠᠨ ᠬᠡᠷ᠂ ᠦᠨᠡᠲᠦ᠍ ᠲᠡᠮᠳᠡᠭᠲᠦ᠎ᠶᠢᠨ ᠬᠢᠨᠠᠯᠲᠠ ᠬᠠᠮᠢᠶᠠᠷᠤᠯᠲᠠ᠎ᠶᠢᠨ ᠲᠣᠪᠴᠢᠶ᠎ᠠ ᠵᠡᠷᠭᠡ 9 ᠠᠵᠢᠯ ᠲᠥᠷᠥᠯ᠎ᠦᠨ ᠭᠤᠤᠯᠯᠠᠨ ᠬᠠᠮᠢᠶᠠᠷᠬᠤ ᠨᠢᠭᠡᠴᠢ᠎ᠶᠢᠨ ᠬᠣᠯᠪᠣᠭᠳᠠᠯ ᠪᠥᠬᠥᠶ ᠤᠳᠤᠷᠢᠳᠤᠯᠭ᠎ᠠ ᠵᠢᠴᠢ ᠲᠤᠬᠠᠶ᠋ᠢᠯᠠᠭᠰᠠᠨ ᠠᠵᠢᠯ ᠎ᠤᠨ ᠭᠠᠵᠠᠷ ᠲᠠᠰᠤᠭ᠎ᠤᠨ ᠬᠠᠷᠢᠭᠤᠴᠠᠯᠭᠠᠲᠠᠨ ᠨᠥᠬᠥᠳ᠂ ᠥᠪᠥᠷ ᠮᠣᠩᠭᠣᠯ ᠪᠠᠩᠬᠢ᠂ ᠥᠪᠥᠷ ᠮᠣᠩᠭᠣᠯ ᠎ᠤᠨ ᠴᠠᠬᠢᠯᠭᠠᠨ ᠬᠦᠴᠦᠨ᠎ᠦ ᠪᠦᠯᠦᠭᠯᠡᠯ ᠵᠡᠷᠭᠡ ᠬᠥᠬᠡᠬᠣᠲᠠ᠎ᠳᠤ ᠰᠠᠭᠤᠭ᠎ᠠ ᠥᠪᠡᠷᠲᠡᠭᠡᠨ ᠵᠠᠰᠠᠬᠤ ᠣᠷᠣᠨ᠎ᠤ ᠠᠵᠤ ᠠᠬᠤᠶ᠋ᠢᠯᠠᠯ᠎ᠳᠤ ᠬᠣᠯᠪᠣᠭᠳᠠᠬᠰᠠᠨ ᠰᠦᠯᠵᠢᠶᠡᠨ ᠎ᠦ ᠡᠷᠬᠡ᠎ᠳᠦ ᠬᠠᠯᠳᠠᠭᠰᠠᠨ᠎ᠢ ᠢᠯᠡᠴᠢᠯᠡᠨ ᠮᠡᠳᠡᠭᠦᠯᠬᠦ᠌ ᠰᠢᠭᠤᠳ ᠬᠣᠯᠪᠣᠬᠤ ᠲᠣᠭᠲᠠᠴᠠ᠎ᠶᠢᠨ ᠭᠤᠤᠯᠳᠠᠯᠭ᠎ᠠ᠎ᠲᠠᠶ ᠠᠵᠤ ᠠᠬᠤᠶ᠋ᠢᠯᠠᠯ᠎ᠤᠨ ᠬᠡᠰᠡᠭ ᠲᠥᠯᠥᠭᠡᠯᠡᠭᠴᠢ ᠵᠢᠴᠢ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠢᠨᠲ᠋ᠧᠷ ᠰᠦᠯᠵᠢᠶᠡᠨ᠎ᠦ ᠮᠡᠳᠡᠭᠡ ᠵᠠᠩᠭᠢ᠎ᠶᠢᠨ ᠠᠯᠪᠠᠨ ᠬᠡᠷ ᠎ᠦᠨ ᠬᠠᠮᠢᠶ᠎ᠠ ᠪᠥᠬᠥᠶ ᠲᠤᠬᠠᠶ᠋ᠢᠯᠠᠭᠰᠠᠨ ᠠᠵᠢᠯ᠎ᠤᠨ ᠭᠠᠵᠠᠷ ᠲᠠᠰᠤᠭ᠎ᠤᠨ ᠬᠠᠷᠢᠭᠤᠴᠠᠯᠭᠠᠲᠠᠨ ᠭᠤᠤᠯ ᠬᠤᠷᠠᠯ᠎ᠤᠨ ᠲᠠᠯᠠᠪᠠᠶ᠎ᠳᠤ ᠬᠤᠷᠠᠯ᠎ᠳᠤ ᠣᠷᠣᠯᠴᠠᠪᠠ; ᠡᠯ᠎ᠡ ᠠᠶ᠋ᠢᠮᠠᠭ ᠬᠣᠲᠠ᠎ᠶᠢᠨ ᠨᠠᠮ᠎ᠤᠨ ᠬᠣᠷᠢᠶᠠᠨ᠎ᠤ ᠢᠨᠲ᠋ᠧᠷ ᠰᠦᠯᠵᠢᠶᠡᠨ᠎ᠦ ᠮᠡᠳᠡᠭᠡ ᠵᠠᠩᠭᠢ᠎ᠶᠢᠨ ᠠᠯᠪᠠᠨ ᠬᠡᠷ᠂ ᠬᠠᠮᠢᠶ᠎ᠠ ᠪᠥᠬᠥᠶ ᠨᠢᠭᠡᠴᠢ᠎ᠶᠢᠨ ᠰᠠᠯᠠᠭ᠎ᠠ ᠮᠥᠴᠢᠷ ᠎ᠦᠨ ᠬᠠᠷᠢᠭᠤᠴᠠᠯᠭᠠᠲᠠᠨ ᠨᠥᠬᠥᠳ ᠵᠢᠴᠢ ᠬᠡᠰᠡᠭ ᠭᠤᠤᠯᠳᠠᠯᠭ᠎ᠠ ᠲᠠᠶ ᠠᠵᠤ ᠠᠬᠤᠶ᠋ᠢᠯᠠᠯ᠎ᠤᠨ ᠲᠥᠯᠥᠭᠡᠯᠡᠭᠴᠢ ᠬᠤᠪᠢᠶᠠᠷᠢ ᠬᠤᠷᠠᠯ ᠎ᠤᠨ ᠲᠠᠯᠠᠪᠠᠶ᠎ᠳᠤ ᠬᠤᠷᠠᠯ᠎ᠳᠤ ᠣᠷᠣᠯᠴᠠᠵᠠᠢ᠃ ᠲᠤᠰ ᠤᠳᠠᠭ᠎ᠠ᠎ᠶᠢᠨ ᠬᠤᠷᠠᠯ᠎ᠳᠤ ᠨᠡᠢ᠌ᠳᠡ 220 ᠭᠠᠷᠤᠢ ᠬᠥᠮᠦᠨ ᠣᠷᠣᠯᠴᠠᠪᠠ᠃

ᠬᠤᠷᠠᠯ᠎ᠠᠴᠠ ᠪᠦᠬᠦ᠌ ᠣᠷᠣᠨ᠎ᠤ 《ᠠᠷᠢᠭᠤᠨ ᠴᠢᠬᠡᠴᠢ·ᠬᠤᠳᠠᠯᠳᠤᠭ᠎ᠠ ᠡᠷᠬᠢᠯᠡᠭᠦ ᠰᠦᠯᠵᠢᠶᠡᠨ᠎ᠦ ᠣᠷᠴᠢᠨ ᠨᠦᠬᠦᠴᠡᠯ ᠎ᠢ ᠰᠢᠯᠢᠳᠡᠭᠵᠢᠭᠦᠯᠬᠦ᠌》 ᠲᠤᠰᠬᠠᠢ ᠠᠵᠢᠯᠯᠠᠭ᠎ᠠ᠎ᠶᠢᠨ ᠪᠠᠶ᠋ᠢᠳᠠᠯ᠎ᠢ ᠵᠠᠷᠯᠠᠨ ᠮᠡᠳᠡᠭᠳᠡᠵᠦ᠍᠂ ᠨᠡᠶ᠋ᠢᠲᠡᠯᠢᠭ ᠬᠡᠷᠡᠭ᠎ᠦᠨ ᠵᠢᠱ᠌ᠢᠢ᠎ᠡ᠎ᠲᠡᠶ ᠤᠶᠠᠯᠳᠤᠭᠤᠯᠤᠨ ᠠᠵᠤ ᠠᠬᠤᠶ᠋ᠢᠯᠠᠯ᠎ᠳᠤ ᠬᠣᠯᠪᠣᠭᠳᠠᠭᠰᠠᠨ ᠰᠦᠯᠵᠢᠶᠡᠨ᠎ᠦ ᠡᠷᠬᠡ᠎ᠳᠦ ᠬᠠᠯᠳᠠᠭᠰᠠᠨ ᠤᠬᠠᠭᠳᠠᠬᠤᠨ᠂ ᠬᠦᠷᠢᠶ᠎ᠡ ᠬᠡᠪᠴᠢᠶ᠎ᠡ ᠵᠢᠴᠢ ᠠᠵᠤ ᠠᠬᠤᠶ᠋ᠢᠯᠠᠯ᠂ ᠠᠵᠤ ᠠᠬᠤᠶ᠋ᠢᠯᠠᠯᠲᠠᠨ᠎ᠤ ᠲᠦᠷᠢ ᠲᠥᠷᠬᠦ᠌ ᠪᠣᠯᠤᠨ ᠨᠡᠷ᠎ᠡ ᠲᠦᠷᠦ᠎ᠶᠢ ᠭᠦᠳᠬᠡᠨ ᠮᠠᠭᠤᠯᠠᠭᠰᠠᠨ ᠵᠡᠷᠭᠡ ᠠᠵᠤ ᠠᠬᠤᠶ᠋ᠢᠯᠠᠯ᠎ᠳᠤ ᠬᠣᠯᠪᠣᠭᠳᠠᠭᠰᠠᠨ ᠡᠷᠬᠡ᠎ᠳᠦ ᠬᠠᠯᠳᠠᠭᠰᠠᠨ ᠮᠡᠳᠡᠭᠡ ᠵᠠᠩᠭᠢ᠎ᠶᠢᠨ ᠲᠤᠯᠤᠭᠠᠨ ᠲᠦᠷᠦᠯ᠎ᠦᠨ ᠪᠣᠳᠠᠲᠠᠢ ᠢᠯᠡᠷᠡᠯ᠎ᠢ ᠨᠠᠷᠢᠨ ᠲᠠᠶ᠋ᠢᠯᠪᠤᠷᠢᠯᠠᠵᠤ᠂ ᠮᠠᠨ᠎ᠤ ᠣᠷᠣᠨ᠎ᠤ ᠪᠦᠬᠦ᠌ ᠤᠯᠤᠰ᠎ᠤᠨ ᠢᠨᠲ᠋ᠸᠷ ᠰᠦᠯᠵᠢᠶᠡᠨ᠎ᠦ ᠮᠡᠳᠡᠭᠡ ᠵᠠᠩᠭᠢ᠎ᠶᠢᠨ ᠰᠢᠰᠲ᠋ᠧᠮ᠎ᠦᠨ ᠠᠵᠤ ᠠᠬᠤᠶ᠋ᠢᠯᠠᠯ᠎ᠳᠤ ᠬᠣᠯᠪᠣᠭᠳᠠᠭᠰᠠᠨ ᠰᠦᠯᠵᠢᠶᠡᠨ᠎ᠦ ᠡᠷᠬᠡ᠎ᠳᠦ ᠬᠠᠯᠳᠠᠭᠰᠠᠨ ᠢᠯᠡᠴᠢᠯᠡᠨ ᠮᠡᠳᠡᠭᠦᠯᠦᠯᠲᠡ ᠵᠢ ᠬᠦᠯᠢᠶᠡᠨ ᠠᠪᠴᠤ᠌ ᠰᠢ᠌ᠳᠪᠦᠷᠢᠯᠡᠬᠦ᠌ 《ᠰᠠᠭᠠᠳ ᠦᠭᠡᠢ ᠵᠠᠮ》 ᠎ᠤᠨ ᠬᠢᠷᠢ ᠬᠡᠮ᠎ᠦᠨ ᠬᠣᠯᠪᠣᠭᠳᠠᠯ ᠪᠦᠬᠦᠢ ᠪᠠᠶ᠋ᠢᠳᠠᠯ᠎ᠢ ᠲᠠᠨᠢᠯᠴᠠᠭᠤᠯᠪᠠ᠃ ᠪᠤᠭᠤᠲᠤ᠌ ᠬᠤᠳᠠ᠂ ᠣᠷᠳᠣᠰ ᠬᠣᠲᠠ᠎ᠶᠢᠨ ᠨᠠᠮ᠎ᠤᠨ ᠬᠣᠷᠢᠶᠠᠨ᠎ᠤ ᠢᠨᠲ᠋ᠧᠷ ᠰᠦᠯᠵᠢᠶᠡᠨ᠎ᠦ ᠮᠡᠳᠡᠭᠡ ᠵᠠᠩᠭᠢ᠎ᠶᠢᠨ ᠠᠯᠪᠠᠨ ᠬᠡᠷ ᠤ᠋ᠨ ᠬᠢᠨ ᠲᠤᠬᠠᠶ᠎ᠶᠢᠨ ᠭᠠᠵᠠᠷ᠎ᠤᠨ ᠬᠤᠳᠠᠯᠳᠤᠭ᠎ᠠ ᠡᠷᠬᠢᠯᠡᠭᠦ ᠰᠦᠯᠵᠢᠶᠡᠨ᠎ᠦ ᠣᠷᠴᠢᠨ ᠨᠥᠬᠥᠴᠡᠯ᠎ᠢ ᠰᠢᠯᠢᠳᠡᠭᠵᠢᠭᠦᠯᠬᠦ᠌᠂ ᠭᠠᠵᠠᠷ ᠣᠷᠣᠨ ᠎ᠤ ᠠᠵᠤ ᠠᠬᠤᠶ᠋ᠢᠯᠠᠯ᠎ᠤᠨ ᠬᠥᠭᠵᠢᠯᠲᠡ᠎ᠳᠦ ᠦᠢᠯᠡᠴᠢᠯᠡᠬᠦ᠌ ᠵᠡᠷᠭᠡ ᠲᠠᠯ᠎ᠠ᠎ᠪᠠᠷ᠎ᠬᠢ ᠲᠤᠷᠰᠢᠯᠭ᠎ᠠ ᠠᠷᠭ᠎ᠠ ᠬᠢᠳᠡᠯ᠎ᠢᠶᠡᠨ ᠰᠣᠯᠢᠯᠴᠠᠪᠠ᠃ ᠥᠪᠥᠷ ᠮᠣᠩᠭᠣᠯ ᠪᠠᠩᠬᠢ᠂ ᠢᠯᠢ ᠪᠦᠯᠦᠭᠯᠡᠯ᠂ ᠮᠧᠩ ᠨᠢᠤ ᠪᠦᠯᠦᠭᠯᠡᠯ ᠵᠡᠷᠭᠡ ᠣᠷᠣᠨ᠎ᠤ ᠳᠣᠲᠣᠷᠠᠬᠢ ᠭᠤᠤᠯᠳᠠᠯᠭ᠎ᠠ᠎ᠲᠠᠶ ᠠᠵᠤ ᠠᠬᠤᠶ᠋ᠢᠯᠠᠯ᠎ᠤᠨ ᠲᠥᠯᠥᠭᠡᠯᠡᠭᠴᠢ ᠠᠵᠤ ᠠᠬᠤᠶ᠋ᠢᠯᠠᠯ᠎ᠤᠨ ᠰᠦᠯᠵᠢᠶᠡᠨ ᠎ᠦ ᠡᠷᠬᠡ ᠠᠰᠢᠭ᠎ᠢ ᠬᠠᠮᠠᠭᠠᠯᠠᠬᠤ ᠬᠡᠷᠡᠭᠴᠡᠭᠡ ᠱᠠᠭᠠᠷᠳᠠᠯᠭ᠎ᠠ᠂ ᠠᠵᠤ ᠠᠬᠤᠶ᠋ᠢᠯᠠᠯ᠎ᠤᠨ ᠡᠷᠬᠡ᠎ᠳᠦ ᠬᠠᠯᠳᠠᠭᠰᠠᠨ᠎ᠢ ᠢᠯᠡᠴᠢᠯᠡᠨ ᠮᠡᠳᠡᠭᠦᠯᠬᠦ᠌᠎ᠳᠦ ᠬᠣᠯᠪᠣᠭᠳᠠᠭᠰᠠᠨ ᠬᠦᠴᠢᠷ ᠠᠰᠠᠭᠤᠳᠠᠯ ᠵᠡᠷᠭᠡ᠎ᠶᠢᠨ ᠲᠣᠭᠣᠷᠢᠨ᠎ᠳᠤ ᠰᠠᠨᠠᠯ ᠰᠠᠨᠠᠭᠤᠯᠭ᠎ᠠ ᠳᠤᠷᠠᠳᠪᠠ᠃ ᠨᠠᠮ᠎ᠤᠨ ᠬᠣᠷᠢᠶ᠎ᠠ ᠎ᠶᠢᠨ ᠮᠥᠩᠭᠥᠨ ᠭᠦᠢᠯᠭᠡᠭᠡᠨ᠎ᠦ ᠠᠯᠪᠠᠨ ᠬᠡᠷ᠂ ᠥᠪᠡᠷᠲᠡᠭᠡᠨ ᠵᠠᠰᠠᠬᠤ ᠣᠷᠣᠨ᠎ᠤ ᠤᠯᠤᠰ ᠎ᠤᠨ ᠥᠮᠴᠢᠯᠡᠯᠲᠦ᠍ ᠡᠳ᠋ ᠬᠥᠷᠥᠩᠭᠡ ᠎ᠶᠢᠨ ᠬᠢᠨᠠᠯᠲᠠ ᠬᠠᠮᠢᠶᠠᠷᠤᠯᠲᠠ᠎ᠶᠢᠨ ᠵᠥᠪᠯᠡᠯ᠂ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶᠢᠨ ᠲᠣᠪᠴᠢᠶ᠎ᠠ᠂ ᠦᠨᠡᠳᠦ ᠲᠡᠮᠳᠡᠭᠲᠦ᠎ᠶᠢᠨ ᠬᠢᠨᠠᠯᠲᠠ ᠬᠠᠮᠢᠶᠠᠷᠤᠯᠲᠠ᠎ᠶᠢᠨ ᠲᠣᠪᠴᠢᠶ᠎ᠠ ᠡᠭᠦᠷᠭᠡ ᠲᠤᠰᠢᠶᠠᠯ᠎ᠲᠠᠶ ᠪᠠᠨ ᠤᠶᠠᠯᠳᠤᠭᠤᠯᠤᠨ ᠬᠠᠮᠢᠶ᠎ᠠ ᠪᠥᠬᠥᠶ ᠠᠵᠢᠯ᠎ᠤᠨ ᠪᠠᠶ᠋ᠢᠳᠠᠯ᠎ᠢ ᠲᠠᠨᠢᠯᠴᠠᠭᠤᠯᠵᠤ᠂ ᠪᠣᠳᠠᠲᠠᠶ ᠱᠠᠭᠠᠷᠳᠠᠯᠭ᠎ᠠ ᠳᠤᠷᠠᠳᠪᠠ᠃

ᠬᠤᠷᠠᠯ᠎ᠠᠴᠠ᠂ ᠤᠯᠤᠰ ᠲᠦᠷᠦ᠎ᠶᠢᠨ ᠵᠣᠭᠰᠣᠴᠠ᠎ᠪᠠᠨ ᠳᠡᠭᠡᠭᠰᠢᠯᠡᠭᠦᠯᠵᠦ᠍᠂ 《ᠠᠷᠪᠠᠨ ᠲᠠᠪᠤᠳᠤᠭᠠᠷ ᠲᠠᠪᠤᠨ ᠵᠢᠯ》᠎ᠤᠨ ᠡᠬᠢᠯᠡᠯᠲᠡ᠎ᠶᠢᠨ ᠵᠢᠯ᠎ᠳᠦ ᠰᠠᠭᠤᠷᠢᠯᠠᠨ᠂ ᠬᠥᠭᠵᠢᠯᠲᠡ᠎ᠶᠢᠨ ᠬᠠᠷᠠᠭᠠᠰᠤ᠂ ᠠᠷᠠᠳ᠎ᠤᠨ ᠠᠮᠢᠳᠤᠷᠠᠯ ᠎ᠤᠨ ᠬᠠᠷᠠᠭᠠᠰᠤ᠂ ᠪᠣᠳᠠᠲᠤ᠌ ᠠᠬᠤᠢ᠎ᠶᠢᠨ ᠬᠠᠷᠠᠭᠠᠰᠤ ᠡᠴᠡ ᠬᠤᠳᠠᠯᠳᠤᠭ᠎ᠠ ᠡᠷᠬᠢᠯᠡᠬᠦ᠌ ᠰᠦᠯᠵᠢᠶᠡᠨ ᠎ᠦ ᠣᠷᠴᠢᠨ ᠨᠦᠬᠦᠴᠡᠯ ᠎ᠢ ᠰᠢᠯᠢᠳᠡᠭᠵᠢᠭᠦᠯᠬᠦ᠌᠎ᠶᠢᠨ ᠥᠪᠡᠷᠲᠡᠭᠡᠨ ᠵᠠᠰᠠᠬᠤ ᠣᠷᠣᠨ᠎ᠤ ᠠᠵᠤ ᠠᠬᠤᠢ ᠎ᠶᠢᠨ ᠴᠢᠨᠠᠷ ᠰᠠᠶ᠋ᠢᠲᠠᠢ ᠬᠥᠭᠵᠢᠯᠲᠡ᠎ᠳᠦ ᠦᠵᠡᠭᠦᠯᠬᠦ᠌ ᠴᠢᠬᠤᠯᠠ ᠴᠢᠨᠠᠷ ᠎ᠢ ᠲᠠᠨᠢᠨ ᠡᠵᠡᠮᠳᠡᠵᠦ᠍᠂ ᠦᠵᠡᠯ ᠰᠠᠨᠠᠭᠠᠨ᠎ᠤ ᠬᠠᠮᠲᠤ᠎ᠶᠢᠨ ᠲᠠᠨᠢᠯᠲᠠ᠎ᠪᠠᠨ ᠤᠯᠠᠮ ᠴᠢᠨᠠᠭᠰᠢᠳᠠ ᠨᠢᠭᠲᠠᠷᠠᠭᠤᠯᠵᠤ᠂ ᠢᠳᠡᠪᠬᠢ ᠥᠭᠡᠳᠡᠷᠬᠡᠭ ᠬᠤᠳᠠᠯᠳᠤᠭ᠎ᠠ ᠡᠷᠬᠢᠯᠡᠬᠦ᠌ ᠰᠦᠯᠵᠢᠶᠡᠨ᠎ᠦ ᠣᠷᠴᠢᠨ ᠨᠦᠬᠦᠴᠡᠯ ᠎ᠢ ᠬᠠᠮᠲᠤ᠎ᠪᠠᠷ ᠪᠤᠢ ᠪᠣᠯᠭᠠᠬᠤ ᠬᠡᠷᠡᠭᠲᠡᠢ; ᠵᠠᠩᠭᠢᠯᠠᠭ᠎ᠠ᠎ᠶᠢᠨ ᠬᠦᠷᠢᠶᠡᠨ᠎ᠳᠦ ᠠᠩᠬᠠᠷᠤᠯ ᠎ᠢᠶᠠᠨ ᠲᠥᠪᠯᠡᠷᠡᠭᠦᠯᠵᠦ᠍᠂ ᠰᠦᠯᠵᠢᠶᠡᠨ᠎ᠦ ᠠᠮᠤᠷ ᠲᠦᠪᠰᠢᠨ ᠪᠠ ᠮᠡᠳᠡᠭᠡ ᠵᠠᠩᠬᠢᠴᠢᠯᠠᠯᠳᠠ ᠎ᠶᠢᠨ ᠰᠠᠯᠠᠭ᠎ᠠ ᠮᠥᠴᠢᠷ᠂ ᠠᠵᠢᠯ ᠲᠥᠷᠥᠯ᠎ᠦᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ᠂ ᠠᠵᠤ ᠠᠬᠤᠶ᠋ᠢᠯᠠᠯ ᠡᠷᠬᠡ ᠬᠠᠷᠢᠭᠤᠴᠠᠯᠭ᠎ᠠ᠎ᠪᠠᠨ ᠤᠶᠠᠯᠳᠤᠭᠤᠯᠤᠨ᠂ ᠲᠣᠰ ᠲᠣᠰ᠎ᠤᠨ ᠡᠭᠦᠷᠭᠡ ᠬᠠᠷᠢᠭᠤᠴᠠᠯᠭ᠎ᠠ᠎ᠪᠠᠨ ᠭᠦᠢᠴᠡᠳᠬᠡᠵᠦ᠍᠂ ᠰᠠᠨᠠᠭᠠᠴᠢᠯᠠᠭ᠎ᠠ᠎ᠠᠴᠠ᠎ᠪᠠᠨ ᠵᠢᠳᠬᠦᠯ ᠴᠢᠷᠮᠠᠶ᠋ᠢᠯᠭ᠎ᠠ ᠭᠠᠷᠭᠠᠵᠤ᠂ ᠰᠦᠯᠵᠢᠶᠡᠨ ᠎ᠦ ᠣᠷᠴᠢᠨ ᠨᠥᠬᠥᠴᠡᠯ᠎ᠢ ᠴᠡᠪᠡᠷᠰᠢᠭᠦᠯᠬᠦ᠌᠂ ᠠᠷᠭᠠᠴᠠᠭᠠᠬᠤ ᠲᠥᠰᠦᠯ ᠎ᠢ ᠪᠦᠷᠢᠨᠰᠢᠬᠦᠯᠬᠦ᠌ ᠵᠡᠷᠭᠡ ᠵᠠᠩᠭᠢᠯᠠᠭ᠎ᠠ᠎ᠶᠢᠨ ᠠᠵᠢᠯ ᠳᠡᠭᠡᠷ᠎ᠡ ᠦᠷᠭᠦᠯᠵᠢᠯᠡᠨ ᠬᠠᠷᠠᠯᠲᠠ᠎ᠲᠠᠶ᠎ᠪᠠᠷ ᠬᠦᠴᠦᠯᠡᠵᠦ᠍᠂ ᠣᠨᠣᠴᠠᠲᠠᠶ᠎ᠪᠠᠷ ᠠᠷᠭ᠎ᠠ ᠪᠣᠳᠣᠯᠭ᠎ᠠ ᠬᠡᠷᠡᠭᠵᠢᠭᠦᠯᠵᠦ᠍᠂ ᠠᠳᠠᠯᠢ ᠰᠡᠳᠦᠪ᠎ᠵᠶ ᠬᠠᠮᠲᠤ᠎ᠪᠠᠷ ᠬᠠᠷᠢᠭᠤᠯᠵᠤ᠂ ᠭᠤᠤᠯᠳᠠᠯᠭ᠎ᠠ ᠎ᠲᠠᠶ ᠰᠢᠪᠲᠤᠯᠤᠯᠲᠠ᠎ᠪᠠᠷ ᠬᠤᠳᠠᠯᠳᠤᠭ᠎ᠠ ᠡᠷᠬᠢᠯᠡᠭᠦ ᠰᠦᠯᠵᠢᠶᠡᠨ᠎ᠦ ᠣᠷᠴᠢᠨ ᠨᠥᠬᠥᠴᠡᠯ᠎ᠦᠨ ᠪᠦᠬᠦᠯᠢ ᠴᠣᠭᠴᠠ ᠎ᠶᠢᠨ ᠳᠡᠭᠡᠭᠰᠢᠯᠡᠯᠲᠡ᠎ᠶᠢ ᠳᠠᠶ᠋ᠢᠴᠢᠯᠠᠬᠤ ᠬᠡᠷᠡᠭᠲᠡᠶ; ᠬᠠᠮᠵᠢᠯᠴᠠᠨ ᠬᠦᠴᠦᠯᠡᠬᠦ᠌᠎ᠶᠢ ᠴᠢᠩᠭᠠᠳᠬᠠᠵᠤ᠂ ᠬᠤᠳᠠᠯᠳᠤᠭ᠎ᠠ ᠡᠷᠬᠢᠯᠡᠬᠦ᠌ ᠰᠦᠯᠵᠢᠶᠡᠨ ᠎ᠦ ᠣᠷᠴᠢᠨ ᠨᠦᠬᠦᠴᠡᠯ᠎ᠢ ᠰᠢᠯᠢᠳᠡᠭᠵᠢᠭᠦᠯᠬᠦ᠌ ᠬᠦᠴᠦᠷᠬᠡᠭ ᠶᠡᠬᠡ ᠠᠵᠢᠯ᠎ᠤᠨ ᠬᠠᠮᠲᠤᠷᠠᠯ ᠬᠦᠴᠦᠨ᠎ᠢ ᠪᠦᠷᠢᠯᠳᠦᠭᠦᠯᠵᠦ᠍᠂ ᠵᠠᠰᠠᠭ ᠤ᠋ᠨ ᠠᠵᠢᠯ ᠤ᠋ᠨ ᠪᠦᠳᠦᠮᠵᠢ ᠵᠢᠨ ᠲᠤᠬᠠᠢ ᠵᠥᠪ ᠦᠵᠡᠯᠲᠡ᠎ᠶᠢ ᠪᠤᠢ ᠪᠣᠯᠭᠠᠨ ᠦᠢᠯᠡᠳᠦᠯᠭᠡᠵᠢᠭᠦᠯᠬᠦ᠌ ᠰᠤᠷᠤᠯᠴᠠᠯᠭ᠎ᠠ ᠬᠥᠮᠦᠵᠢᠯ᠎ᠲᠡᠶ ᠤᠶᠠᠯᠳᠤᠭᠤᠯᠵᠤ᠂ 《ᠪᠦᠬᠦ᠌ ᠣᠷᠣᠨ ᠵᠢᠠᠷ ᠵᠢᠠᠨ ᠨᠢᠭᠡ ᠬᠥᠯᠭᠡ ᠰᠢᠳᠠᠷ᠎ᠠ》 ᠵᠢᠨ ᠦᠵᠡᠯ ᠰᠠᠨᠠᠭ᠎ᠠ᠎ᠶᠢ ᠪᠤᠢ ᠪᠣᠯᠭᠠᠵᠤ᠂ ᠡᠯ᠎ᠡ ᠲᠠᠯ᠎ᠠ᠎ᠶᠢᠨ ᠡᠬᠢ ᠪᠠᠶᠠᠯᠢᠭ ᠎ᠢ ᠰᠠᠶ᠋ᠢᠲᠤᠷ ᠭᠦᠢᠴᠡᠳ ᠬᠡᠷᠡᠭᠯᠡᠵᠦ᠍᠂ ᠳᠡᠭᠡᠳᠦ ᠳᠤᠤᠷᠠᠳᠦ ᠱᠠᠳᠤ᠎ᠪᠠᠷ᠎ᠢᠶᠠᠨ ᠬᠣᠯᠪᠣᠭᠠᠯᠠᠨ ᠬᠥᠳᠡᠯᠦᠯᠴᠡᠬᠦ᠌᠂ ᠵᠡᠭᠦᠨ ᠪᠠᠷᠠᠭᠤᠨ ᠵᠢᠡᠷ ᠵᠢᠡᠨ ᠬᠠᠮᠵᠢᠯᠴᠠᠬᠤ᠂ ᠵᠡᠷᠭᠡᠪᠡᠷ ᠠᠳᠬᠤᠨ ᠬᠠᠮᠲᠤ᠎ᠪᠠᠷ ᠬᠠᠮᠢᠶᠠᠷᠬᠤ᠂ ᠪᠦᠬᠦ᠌ ᠬᠦᠴᠦᠨ᠎ᠢᠶᠡᠷ ᠵᠢᠨᠨ  ᠠᠬᠢᠭᠤᠯᠬᠤ᠎ᠶᠢ ᠪᠡᠶᠡᠯᠡᠭᠦᠯᠵᠦ᠍᠂ ᠥᠪᠡᠷᠲᠡᠭᠡᠨ ᠵᠠᠰᠠᠬᠤ ᠣᠷᠣᠨ ᠎ᠤ ᠠᠵᠤ ᠠᠬᠤᠢ᠎ᠶᠢᠨ ᠴᠢᠨᠠᠷ ᠰᠠᠶ᠋ᠢᠲᠠᠢ ᠬᠥᠭᠵᠢᠯᠲᠡ᠎ᠶᠢ ᠲᠣᠭᠲᠠᠭᠤᠨ᠎ᠢᠶᠠᠷ ᠠᠬᠢᠭᠤᠯᠬᠤ ᠎ᠶᠢ ᠬᠠᠮᠠᠭᠠᠯᠠᠬᠤ ᠬᠡᠷᠡᠭᠲᠡᠢ ᠭᠡᠵᠦ᠍ ᠱᠠᠭᠠᠷᠳᠠᠪᠠ᠃

 

ᠢᠷᠡᠯᠲᠡ᠄ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ

ᠢᠨᠲ᠋ᠧᠷ ᠰᠦᠯᠵᠢᠶᠡᠨ᠎ᠦ ᠮᠡᠳᠡᠭᠡ ᠵᠠᠩᠭᠢ᠎ᠶᠢᠨ ᠠᠯᠪᠠᠨ ᠬᠡᠷ᠂

ᠢᠨᠲ᠋ᠧᠷ ᠰᠦᠯᠵᠢᠶᠡᠨ᠎ᠦ ᠮᠡᠳᠡᠭᠡ ᠵᠠᠩᠭᠢ᠎ᠶᠢᠨ ᠥᠪᠥᠷ ᠮᠣᠩᠭᠣᠯ ᠳᠠᠪᠴᠠᠡᠭ

                                  

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号