ᠮᠤᠨᠠ ᠠᠭᠤᠯᠠᠨ᠎ᠠ ᠵᠤᠨ ᠰᠠᠭᠠᠳᠠᠵᠦ᠂ ᠡᠪᠡᠰᠦ ᠮᠤᠳᠤᠳ ᠬᠦᠬᠡᠷᠡᠨ ᠨᠤᠭᠤᠭᠠᠷᠠᠨ᠎ᠠ;ᠬᠦᠭᠡ ᠤᠬᠳᠠᠷᠭᠤᠢ ᠳ᠋ᠦ ᠬᠦᠪᠦᠩ ᠡᠬᠦᠯᠡᠰ ᠬᠦᠪᠪᠤᠯᠵᠠᠵᠦ᠂ ᠬᠦᠳᠡᠭᠡ ᠲᠠᠯ᠎ᠠ ᠵᠢᠨ ᠦᠵᠡᠰᠬᠦᠯᠡᠩ ᠬᠦᠮᠦᠰ᠎ᠤᠨ ᠰᠡᠳᠬᠢᠯ᠎ᠢ ᠪᠠᠶᠠᠰᠬᠠᠨ᠎ᠠ᠃ ᠪᠠᠶᠠᠨᠨᠠᠭᠤᠷ ᠬᠤᠳᠠ᠎ᠶᠢᠨ ᠤᠷᠠᠳ᠎ᠤᠨ ᠳᠤᠮᠳᠠᠳᠤ ᠬᠣᠰᠢᠭᠤ ᠨᠢ ᠬᠥᠬᠡᠮᠳᠦᠭ ᠨᠣᠭᠣᠭᠠᠨ ᠠᠭᠤᠯᠠ ᠤᠰᠤᠨ᠎ᠤ ᠳᠤᠮᠳᠠ ᠪᠠᠢᠷᠢᠯᠠᠵᠤ᠂ ᠲᠦᠮᠡ ᠮᠢᠡᠭᠭᠠᠨ ᠵᠢᠯ ᠦᠨ ᠲᠤᠷᠰᠢᠬᠢ ᠰᠣᠶᠣᠯ ᠤᠨ ᠦᠨᠳᠦᠰᠦ ᠰᠠᠭᠤᠷᠢ᠎ᠶᠢ ᠪᠡᠭᠢᠵᠢᠭᠦᠯᠦᠨ ᠬᠠᠳᠠᠭᠠᠯᠠᠬᠰᠠᠭᠠᠷ ᠢᠷᠡᠵᠡᠢ᠃

ᠤᠷᠠᠳ ᠤᠨ ᠳᠤᠮᠳᠠᠳᠤ ᠬᠣᠱᠢᠭᠤᠨ ᠤ ᠬᠠᠯᠢᠭᠤᠲᠤ ᠪᠠᠯᠭᠠᠰᠤ᠎ᠶ᠋ᠢᠨ ᠵᠡᠭᠡᠯᠢ᠎ᠶ᠋ᠢᠨ ᠦᠵᠡᠮᠵᠢ
ᠤᠷᠠᠳ᠎ᠤᠨ ᠳᠤᠮᠳᠠᠳᠤ ᠬᠣᠱᠢᠭᠤᠨ ᠤ ᠬᠠᠮ ᠵᠠᠭᠤᠴᠢᠯᠠᠭᠤᠷ᠎ᠤᠨ ᠲᠥᠪ᠎ᠦᠨ ᠬᠥᠬᠡ ᠰᠡᠭᠦᠳᠡᠷᠯᠡᠪᠡ
ᠪᠠᠯᠠᠷ ᠡᠷᠲᠡᠨ᠎ᠦ ᠴᠢᠯᠠᠭᠤᠨ ᠵᠡᠪᠰᠡᠭ᠎ᠡᠴᠡ ᠡᠷᠲᠡᠨ᠎ᠦ ᠬᠤᠳᠠ᠎ᠵᠢᠨ ᠰᠦᠷ ᠵᠢᠪᠬᠤᠭ᠎ᠠ ᠬᠦᠷᠲᠡᠯ᠎ᠡ᠂ ᠲᠡᠷᠡᠴᠢᠯᠡᠨ ᠠᠮᠢᠳᠤ ᠰᠣᠷᠭᠣᠭ ᠪᠣᠳᠠᠰ᠎ᠤᠨ ᠪᠤᠰᠤ ᠰᠣᠶᠣᠯ᠎ᠤᠨ ᠥᠪ ᠬᠦᠷᠲᠡᠯ᠎ᠡ᠂ ᠤᠷᠠᠳ᠎ᠤᠨ ᠳᠤᠮᠳᠠᠳᠤ ᠬᠣᠰᠢᠭᠤ ᠨᠢ ᠠᠯᠢ ᠤᠯᠠᠨ ᠪᠤᠲᠠᠲᠠᠢ ᠰᠣᠶᠣᠯ᠎ᠤᠨ ᠲᠡᠮᠳᠡᠭ᠎ᠢᠶᠡᠷ ᠨᠡᠭᠦᠳᠡᠯ ᠮᠠᠯᠵᠢᠯ ᠪᠣᠯᠣᠨ ᠲᠠᠷᠢᠶᠠᠯᠠᠬᠤ ᠰᠣᠶᠣᠯ ᠰᠣᠯᠪᠢᠴᠠᠨ ᠰᠦᠯᠵᠢᠯᠳᠦᠭᠰᠡᠨ ᠲᠡᠦᠬᠡ᠎ᠶᠢᠨ ᠤᠷᠳᠤ ᠠᠶᠠᠨ᠎ᠢ ᠬᠡᠯᠬᠢᠵᠦ ᠬᠤᠯᠪᠤᠭᠰᠠᠨ ᠪᠠᠢᠨ᠎ᠠ᠃
ᠡᠷᠲᠡᠨ᠎ᠦ ᠬᠣᠲᠠ ᠥᠩᠭᠡᠷᠡᠭᠰᠡᠨ ᠤ ᠤᠴᠢᠷ ᠶᠠᠪᠤᠳᠠᠯ᠎ᠢ ᠬᠠᠳᠠᠭᠠᠯᠠᠵᠤ ᠣᠨ ᠵᠢᠯ ᠬᠦᠭᠵᠢᠯ᠎ᠤᠨ ᠴᠤᠭ ᠵᠢᠪᠬᠤᠭ᠎ᠠ ᠵᠢ ᠠᠭᠤᠯᠤᠨ᠎ᠠ
ᠮᠤᠨᠠ ᠠᠭᠤᠯᠠ᠎ᠶᠢᠨ ᠠᠷᠤ ᠬᠣᠷᠮᠣᠢ᠎ᠳᠤ᠂ ᠤᠷᠠᠳ᠎ᠤᠨ ᠳᠤᠮᠳᠠᠳᠤ ᠬᠣᠰᠢᠭᠤᠨ᠎ᠤ ᠰᠢᠨ᠎ᠡ ᠬᠦᠷᠢᠶ᠎ᠡ ᠰᠤᠮᠤ᠎ᠡᠴᠡ ᠤᠮᠠᠷᠠᠰᠢ 1 ᠺᠢᠯᠣᠮᠧᠲᠷ᠎ᠦᠨ ᠭᠠᠵᠠᠷ᠎ᠲᠤ ᠪᠠᠢᠷᠢᠯᠠᠵᠤ ᠪᠠᠢᠭ᠎ᠠ ᠰᠢᠨ᠎ᠡ ᠬᠦᠷᠢᠶ᠎ᠡ ᠡᠷᠲᠡᠨ᠎ᠦ ᠬᠣᠲᠠ ᠨᠢ ᠬᠥᠬᠡ ᠤᠬᠳᠠᠷᠭᠤᠢ ᠬᠦᠪᠦᠩ ᠴᠠᠭᠠᠨ ᠡᠭᠦᠯᠡᠨ᠎ᠦ ᠳᠣᠣᠷ᠎ᠠ ᠦᠨᠭᠭᠡᠷᠡᠭᠰᠡᠨ᠎ᠤ ᠪᠣᠷᠣ᠌ ᠲᠥᠯᠥᠪ ᠢ ᠬᠠᠷᠠᠭᠤᠯᠵᠤ᠂ ᠴᠠᠭ ᠬᠤᠭᠤᠴᠠᠭᠠᠨ᠎ᠤ ᠡᠯᠡᠭᠳᠡᠯ᠎ᠤᠨ ᠢᠮ ᠲᠠᠮᠠᠭ᠎ᠠ ᠨᠢ ᠬᠠᠩᠳᠠᠭᠰᠠᠨ ᠬᠣᠲᠠ᠎ᠶᠢᠨ ᠬᠡᠷᠡᠮ ᠳᠡᠭᠡᠷ᠎ᠡ ᠭᠦᠨ ᠰᠢᠭᠢᠳᠴᠦ᠂ ᠵᠠᠷᠢᠮ ᠨᠢ ᠣᠨ ᠵᠢᠯ᠎ᠤᠨ ᠨᠤᠭᠤᠴᠠᠭᠠᠨ ᠳ᠋ᠤ ᠡᠯᠡᠭᠳᠡᠭᠰᠡᠨ ᠠᠨᠭ᠌ ᠴᠠᠪᠠ ᠮᠡᠲᠦ᠂ ᠵᠠᠷᠢᠮ ᠨᠢ ᠰᠠᠯᠬᠢ ᠪᠣᠷᠣᠭᠠᠨ ᠳ᠋ᠤ ᠵᠦᠰᠦᠭᠳᠡᠭᠰᠡᠨ ᠭᠤᠤ ᠭᠠᠩᠭ᠎ᠠ ᠮᠡᠲᠦ᠃
ᠤᠷᠠᠳ᠎ᠤᠨ ᠳᠤᠮᠳᠠᠳᠤ ᠬᠣᠰᠢᠭᠤᠨ ᠤ ᠰᠣᠶᠣᠯ᠎ᠤᠨ ᠣᠷᠳᠣᠨ᠎ᠤ ᠤᠤᠯ᠎ᠤᠨ ᠳᠠᠷᠤᠭ᠎ᠠ ᠯᠢᠦ ᠪᠢᠨ 《ᠤᠷᠤᠨ ᠨᠤᠳᠤᠭ ᠤᠨ ᠵᠢᠨᠨ ᠠᠮᠢᠳᠤ ᠲᠡᠦᠬᠡ》 ᠬᠡᠮᠡᠭᠳᠡᠵᠦ᠂ ᠤᠯᠠᠨ ᠵᠢᠨᠷ ᠵᠢᠨᠨ ᠲᠡᠭᠦᠨ᠎ᠢ 《ᠠᠬᠠᠮᠠᠳ ᠳᠠᠷᠤᠭ᠎ᠠ》 ᠬᠡᠮᠡᠨ ᠳᠣᠲᠣᠨᠣᠴᠢᠯᠠᠨ ᠳᠠᠭᠤᠳᠠᠳᠠᠭ᠃ 1983 ᠣᠨ᠎ᠡᠴᠡ ᠣᠲᠣ᠌ ᠪᠣᠯᠲᠠᠯ᠎ᠠ᠂ ᠯᠢᠦ ᠪᠢᠨ ᠰᠢᠨ᠎ᠡ ᠬᠦᠷᠢᠶ᠎ᠡ ᠡᠷᠲᠡᠨ᠎ᠦ ᠬᠣᠲᠠ᠎ᠳᠤ ᠵᠢᠯ ᠪᠤᠯᠭᠠᠨ ᠬᠣᠷᠢ ᠭᠤᠴᠢ ᠤᠳᠠᠭ᠎ᠠ ᠢᠷᠡᠳᠡᠭ᠂ ᠡᠨᠡ ᠤᠳᠠᠭ᠎ᠠ ᠰᠤᠷᠪᠤᠯᠵᠢᠯᠠᠭ᠍ᠴᠢ᠎ᠳᠤ ᠵᠠᠮᠴᠢ ᠪᠣᠯᠵᠤ ᠢᠷᠡᠭᠡᠳ᠂ ᠣᠲᠣ᠌᠎ᠡᠴᠡ 1400 ᠭᠠᠷᠤᠢ ᠵᠢᠯ᠎ᠦᠨ ᠡᠮᠦᠨᠡᠬᠢ ᠬᠣᠲᠠ᠎ᠶᠢᠨ ᠬᠡᠷᠡᠮ᠎ᠦᠨ ᠳᠣᠣᠷ᠎ᠠ ᠵᠣᠭᠰᠣᠭᠠᠳ᠂ ᠠᠬᠠᠮᠠᠳ ᠳᠠᠷᠤᠭ᠎ᠠ ᠮᠥᠨ ᠯᠡ ᠥᠪᠡᠷ᠎ᠦᠨ ᠡᠷᠬᠡ ᠦᠭᠡᠢ ᠠᠯᠠᠭ᠎ᠠ ᠪᠠᠨ ᠳᠡᠯᠭᠡᠨ ᠪᠠᠶᠠᠷᠯᠠᠨ ᠬᠠᠰᠬᠢᠷᠴᠤ ᠪᠠᠢᠯ᠎ᠠ᠃
ᠠᠬᠠᠮᠠᠳ ᠳᠠᠷᠤᠭ᠎ᠠ ᠰᠤᠷᠪᠤᠯᠵᠢᠯᠠᠭ᠍ᠴᠢ ᠨᠠᠷ᠎ᠲᠤ ᠰᠢᠨ᠎ᠡ ᠬᠦᠷᠢᠶ᠎ᠡ ᠡᠷᠲᠡᠨ᠎ᠦ ᠬᠣᠲᠠ᠎ᠶᠢᠨ ᠮᠢᠩᠭᠠᠨ ᠵᠢᠯ᠎ᠦᠨ ᠥᠩᠭᠡᠷᠡᠯᠲᠡ᠎ᠶᠢ ᠶᠠᠷᠢᠵᠤ ᠥᠭᠬᠦᠯᠠ᠃
ᠰᠢᠨ᠎ᠡ ᠬᠦᠷᠢᠶ᠎ᠡ ᠡᠷᠲᠡᠨ᠎ᠦ ᠬᠣᠲᠠ ᠨᠢ ᠤᠮᠠᠷᠠᠰᠢ᠎ᠪᠠᠨ ᠮᠤᠨᠠ ᠠᠭᠤᠯᠠ ᠵᠢ ᠲᠦᠰᠢᠵᠦ᠂ ᠡᠮᠦᠨᠡᠰᠢ ᠪᠣᠷᠣᠳᠣᠬᠣᠢ᠎ᠶᠢᠨ ᠲᠠᠯ᠎ᠠ ᠭᠠᠵᠠᠷ᠎ᠢ ᠪᠠᠷᠠᠯᠠᠵᠦ᠂ ᠡᠮᠦᠨᠡᠲᠦ ᠤᠮᠠᠷᠠᠲᠤ᠎ᠶᠢᠨ ᠪᠠᠢᠯᠳᠤᠬᠤ ᠪᠣᠳᠣᠯᠭ᠎ᠠ᠎ᠶᠢᠨ ᠴᠢᠬᠤᠯᠠ ᠵᠠᠮ ᠳᠡᠭᠡᠷ᠎ᠡ ᠪᠠᠢᠷᠢᠯᠠᠵᠤ᠂ ᠴᠢᠬᠤᠯᠠ ᠵᠠᠮ ᠬᠠᠷᠢᠯᠴᠠᠭᠠᠨ᠎ᠤ ᠬᠦᠢᠰᠦ ᠪᠣᠯᠵᠤ ᠪᠠᠢᠵᠠᠢ᠂ ᠲᠤᠰ ᠬᠤᠲᠠ ᠵᠢ 20 ᠳ᠋ᠤᠭᠠᠷ ᠵᠠᠭᠤᠨ᠎ᠤ ᠬᠣᠷᠢᠭᠠᠳ ᠣᠨ᠎ᠳᠤ ᠬᠠᠢᠨ ᠢᠯᠡᠷᠡᠭᠦᠯᠪᠡ᠃ ᠡᠷᠲᠡᠨ᠎ᠦ ᠬᠣᠲᠠ᠎ᠶᠢᠨ ᠪᠠᠭᠤᠷᠢ ᠨᠢ ᠡᠮᠦᠨᠡᠰᠢ ᠬᠠᠨᠳᠤᠵᠤ᠂ ᠵᠡᠭᠦᠨ ᠪᠠᠷᠠᠭᠤᠨ ᠬᠡᠷᠡᠮ᠎ᠦᠨ ᠣᠷᠳᠣ᠌ ᠨᠢ 910 ᠮᠧᠲᠷ᠂ ᠡᠮᠦᠨ᠎ᠡ ᠬᠡᠷᠡᠮ᠎ᠦᠨ ᠣᠷᠳᠣ᠌ ᠨᠢ 780 ᠮᠧᠲᠷ᠂ ᠬᠣᠢᠲᠤ ᠬᠡᠷᠡᠮ᠎ᠦᠨ ᠣᠷᠳᠣ᠌ ᠨᠢ 810 ᠮᠧᠲᠷ ᠪᠠᠢᠵᠤ᠂ ᠭᠣᠣᠯ ᠴᠣᠭᠴᠠ ᠵᠢ ᠨᠢ ᠰᠢᠷᠣᠢ᠎ᠪᠠᠷ ᠬᠠᠩᠳᠠᠭᠰᠠᠨ ᠪᠠᠷᠢᠯᠭ᠎ᠠ ᠪᠠᠢᠵᠤ᠂ ᠰᠠᠭᠤᠷᠢ᠎ᠶᠢᠨ ᠥᠷᠭᠡᠨ ᠨᠢ 16 ᠮᠧᠲᠷ᠂ ᠬᠣᠲᠠ᠎ᠶᠢᠨ ᠬᠡᠷᠡᠮ᠎ᠦᠨ ᠦᠯᠡᠳᠡᠭᠳᠡᠯ᠎ᠤᠨ ᠬᠠᠮᠤᠭ᠎ᠤᠨ ᠥᠨᠳᠥᠷ ᠭᠠᠵᠠᠷ ᠨᠢ 8 ᠮᠧᠲᠷ᠂ ᠣᠷᠣᠢ᠎ᠶᠢᠨ ᠥᠷᠭᠡᠨ ᠨᠢ 1 — 3 ᠮᠧᠲᠷ ᠪᠠᠢᠨ᠎ᠠ᠃ ᠡᠮᠦᠨ᠎ᠡ ᠬᠡᠷᠡᠮ ᠪᠤᠯᠤᠨ ᠵᠡᠭᠦᠨ᠂ ᠪᠠᠷᠠᠭᠤᠨ ᠬᠡᠷᠡᠮ ᠨᠢ ᠲᠤᠰ ᠪᠦᠷᠢ ᠨᠢᠭᠡ ᠬᠠᠭᠠᠯᠭ᠎ᠠ᠎ᠲᠠᠢ᠂ ᠡᠭᠦᠳᠡᠨ᠎ᠤ ᠥᠷᠭᠡᠨ ᠨᠢ 6 ᠮᠧᠲᠷ᠂ ᠡᠭᠦᠳᠡᠨ᠎ᠦ ᠭᠠᠳᠠᠨ᠎ᠠ ᠨᠢ ᠸᠠᠭᠠᠷ ᠤ᠋ᠨ ᠬᠣᠲᠠ ᠲᠠᠢ᠂ ᠳᠥᠷᠪᠡᠨ ᠥᠨᠴᠥᠭᠲᠦ᠎ᠨᠢ ᠥᠨᠴᠥᠭᠲᠦ ᠠᠰᠠᠷ᠎ᠲᠠᠢ ᠪᠠᠢᠳᠠᠭ᠃ ᠵᠡᠭᠦᠨ᠂ ᠡᠮᠦᠨ᠎ᠡ᠂ ᠪᠠᠷᠠᠭᠤᠨ ᠬᠡᠷᠡᠮ ᠨᠢ ᠴᠥᠮ 4 ᠭᠦᠳᠦᠢᠭᠰᠡᠨ ᠲᠤᠯᠭᠠᠭᠤᠷᠢ ᠲᠠᠪᠴᠠᠨᠭ᠌᠎ᠲᠠᠢ᠂ ᠭᠠᠭᠴᠠ ᠬᠦ᠌ ᠬᠣᠢᠲᠤ ᠬᠡᠷᠡᠮ ᠨᠢ ᠬᠣᠲᠠ᠎ᠶᠢᠨ ᠡᠭᠦᠳᠡ ᠦᠭᠡᠢ᠂ ᠸᠠᠭᠠᠷ᠎ᠤᠨ ᠬᠣᠲᠠ ᠪᠠᠰᠠ ᠦᠭᠡᠢ ᠪᠠᠢᠵᠤ᠂ ᠬᠠᠷᠢᠨ ᠲᠠᠪᠤᠨ ᠭᠦᠳᠦᠢᠭᠰᠡᠨ ᠲᠤᠯᠭᠠᠭᠤᠷᠢ ᠲᠠᠪᠴᠠᠨᠭ᠌᠎ᠲᠠᠢ᠃ ᠬᠣᠲᠠ᠎ᠶᠢᠨ ᠬᠣᠢᠲᠤ ᠬᠡᠰᠡᠭ᠎ᠲᠦ ᠪᠠᠷᠢᠯᠭ᠎ᠠ᠎ᠶᠢᠨ ᠰᠠᠭᠤᠷᠢ᠎ᠲᠠᠢ᠂ ᠬᠣᠲᠠ᠎ᠶᠢᠨ ᠲᠤᠳᠤᠨ᠎ᠠ ᠳᠡᠭᠡᠷ᠎ᠡ ᠶᠡᠬᠡ ᠬᠡᠮᠵᠢᠶᠡᠨ᠎ᠦ ᠪᠠᠷᠢᠯᠭ᠎ᠠ᠎ᠶᠢᠨ ᠲᠣᠨᠣᠭ ᠪᠠ ᠸᠠᠭᠠᠷ ᠰᠠᠪᠠ᠎ᠶᠢᠨ ᠦᠯᠡᠳᠡᠭᠳᠡᠯ᠎ᠲᠠᠢ᠃
ᠡᠬᠢᠨ᠎ᠳᠡᠭᠡᠨ ᠬᠠᠭᠤᠴᠢ ᠰᠤᠳᠤᠯᠤᠭᠠᠴᠢᠳ ᠡᠷᠳᠡᠨ᠎ᠤ ᠬᠣᠲᠠ᠎ᠵᠢᠨ ᠲᠤᠳᠤᠷ᠎ᠠ ᠡᠴᠡ ᠴᠤᠭᠯᠠᠭᠤᠯᠤᠭᠰᠠᠨ ᠬᠠᠨ ᠤᠯᠤᠰ᠎ᠤᠨ ᠦᠶ᠎ᠡ᠎ᠶᠢᠨ ᠸᠠᠭᠠᠷ᠎ᠤᠨ ᠬᠡᠯᠲᠡᠷᠬᠡᠢ᠂ ᠲᠠᠩ ᠤᠯᠤᠰ᠎ᠤᠨ ᠦᠶ᠎ᠡ᠎ᠶᠢᠨ ᠵᠣᠭᠣᠰ᠂ ᠪᠠᠷᠠᠭᠤᠨ ᠰᠢᠶᠠ ᠤᠯᠤᠰ᠎ᠤᠨ ᠸᠠᠭᠠᠷ᠎ᠤᠨ ᠡᠳ᠋᠎ᠦᠨ ᠬᠡᠯᠲᠡᠷᠬᠡᠢ ᠵᠡᠷᠭᠡ᠎ᠶᠢ ᠦᠨᠳᠦᠰᠦᠯᠡᠨ᠂ ᠡᠷᠲᠡᠨ᠎ᠦ ᠬᠣᠲᠠ᠎ᠶᠢ ᠪᠠᠷᠠᠭᠤᠨ ᠬᠠᠨ ᠤᠯᠤᠰ᠎ᠤᠨ ᠦᠶ᠎ᠡ᠎ᠳᠦ ᠪᠠᠢᠭᠤᠯᠵᠤ᠂ ᠲᠤᠬᠠᠢ᠎ᠶᠢᠨ ᠦᠶ᠎ᠡ ᠳ᠋ᠡᠬᠡᠨ ᠪᠣᠭᠣᠮᠲᠠ᠎ᠶᠢᠨ ᠭᠠᠳᠠᠨᠠᠬᠢ ᠪᠠᠭᠤᠵᠤ ᠥᠭᠭᠦᠭᠰᠡᠨ ᠬᠣᠲᠠ ᠪᠠᠢᠵᠤ᠂ ᠰᠡᠭᠦᠯᠡᠷ ᠨᠢ ᠡᠮᠦᠨᠡᠲᠦ ᠤᠮᠠᠷᠠᠲᠤ ᠲᠥᠷᠥ᠂ ᠰᠦᠢ ᠲᠠᠩ᠂ ᠰᠥᠩ᠂ ᠪᠠᠷᠠᠭᠤᠨ ᠰᠢᠶᠠ ᠂ ᠶᠤᠸᠠᠨ᠂ ᠮᠢᠩ᠎ᠤᠨ ᠦᠶ᠎ᠡ᠎ᠳᠦ ᠪᠦᠷ ᠦᠷᠭᠦᠯᠵᠢᠯᠡᠨ ᠬᠡᠷᠡᠭᠯᠡᠭᠰᠡᠨ ᠪᠠ ᠥᠷᠭᠡᠳᠬᠡᠨ ᠪᠠᠢᠭᠤᠯᠤᠭᠰᠠᠨ ᠭᠡᠵᠦ ᠦᠵᠡᠵᠤ ᠪᠠᠢᠪᠠ᠃
ᠬᠣᠵᠢᠮ ᠨᠢ᠂ ᠬᠠᠭᠤᠴᠢ ᠰᠤᠳᠤᠯᠤᠯ᠎ᠤᠨ ᠲᠤᠰᠬᠠᠢ ᠮᠡᠷᠭᠡᠵᠢᠯᠲᠡᠳ ᠨᠡᠭᠦᠷᠡᠰᠦᠲᠥ᠋ᠷᠥᠭᠴᠢ ᠠᠷᠪᠠᠨ ᠳᠥᠷᠪᠡᠳᠦᠭᠡᠷ᠎ᠦᠨ ᠰᠢᠯᠭᠠᠨ ᠪᠠᠢᠴᠠᠭᠠᠯᠲᠠ᠎ᠪᠠᠷ ᠣᠲᠣ᠌ ᠬᠠᠳᠠᠭᠠᠯᠠᠭᠳᠠᠵᠤ ᠪᠠᠢᠭ᠎ᠠ ᠬᠡᠷᠡᠮ᠎ᠦᠨ ᠦᠯᠡᠳᠡᠭᠳᠡᠯ᠎ᠢ ᠪᠠᠢᠴᠠᠭᠠᠨ ᠬᠡᠮᠵᠢᠵᠦ᠂ ᠪᠠᠰᠠ ᠬᠣᠲᠠ᠎ᠶᠢᠨ ᠳᠣᠲᠣᠷᠠᠬᠢ ᠲᠠᠩ ᠤᠯᠤᠰ᠎ᠤᠨ ᠦᠶ᠎ᠡ᠎ᠶᠢᠨ ᠯᠢᠩᠬᠤ᠎ᠠ ᠬᠤᠸᠠᠷ᠎ᠤᠨ ᠰᠠᠷᠠᠪᠴᠢ᠎ᠵᠢᠨ ᠸᠠᠭᠠᠷ᠎ᠤᠨ ᠪᠦᠲᠦᠴᠡ᠂ ᠭᠡᠷ᠎ᠦᠨ ᠰᠠᠭᠤᠷᠢ᠎ᠶᠢᠨ ᠪᠠᠭᠠᠨ᠎ᠠ ᠲᠤᠯᠭᠠᠭᠤᠷᠢ᠂ ᠸᠠᠭᠠᠷ ᠲᠣᠭᠣᠰᠬ᠎ᠠ ᠵᠡᠷᠭᠡ ᠦᠯᠡᠳᠡᠭᠳᠡᠯ ᠪᠣᠳᠠᠰ᠎ᠢ ᠦᠨᠳᠦᠰᠦᠯᠡᠵᠦ᠂ ᠡᠷᠲᠡᠨ᠎ᠦ ᠬᠣᠲᠠ᠎ᠶᠢᠨ ᠪᠠᠭᠤᠷᠢ ᠨᠢ ᠲᠠᠩ ᠤᠯᠤᠰ᠎ᠤᠨ ᠶᠡᠬᠡ ᠵᠠᠩᠵᠤᠨ ᠭᠦᠸᠧ ᠽᠢ ᠢ᠎ᠶᠢᠨ ᠬᠥᠨᠳᠡᠯᠡᠨ ᠴᠠᠢᠵᠠ᠎ᠶᠢᠨ ᠭᠠᠵᠠᠷ ᠪᠠᠢᠵᠤ᠂ ᠬᠣᠵᠢᠮ ᠨᠢ ᠪᠤᠳᠠᠰ ᠤᠨ ᠬᠠᠩᠭᠠᠯᠭ᠎ᠠ ᠪᠠ ᠵᠠᠮ ᠬᠠᠷᠢᠯᠴᠠᠭᠠᠨ᠎ᠤ ᠰᠢᠯᠲᠠᠭᠠᠨ᠎ᠡᠴᠡ ᠪᠣᠯᠵᠤ᠂ ᠡᠷᠲᠡᠨ᠎ᠦ ᠬᠣᠲᠠ ᠨᠢ ᠬᠠᠶᠠᠭᠳᠠᠪᠠ ᠭᠡᠵᠦ ᠮᠠᠭᠠᠳᠯᠠᠵᠠᠢ᠃ ᠪᠠᠰᠠ ᠵᠠᠷᠢᠮ ᠡᠷᠳᠡᠮᠲᠡᠨ ᠲᠠᠩ ᠤᠯᠤᠰ᠎ᠤᠨ ᠶᠠᠨ ᠷᠠᠨ ᠤ ᠳᠦ ᠬᠤ᠌ ᠹᠦ ᠬᠣᠲᠠ᠎ᠶᠢᠨ ᠪᠠᠭᠤᠷᠢ ᠪᠠᠢᠵᠤ ᠮᠡᠳᠡᠨ᠎ᠡ᠂ ᠨᠡᠶ᠋ᠢᠲᠡ᠎ᠶᠢᠨ ᠣᠨ ᠲᠣᠭᠠᠯᠠᠯ᠎ᠤᠨ 646 ᠣᠨ᠎ᠳᠤ ᠪᠠᠢᠭᠤᠯᠵᠠᠢ ᠭᠡᠵᠦ ᠮᠠᠭᠠᠳᠯᠠᠪᠠ᠃
ᠪᠠᠰᠠ ᠵᠠᠷᠢᠮ ᠡᠷᠳᠡᠮᠲᠡᠨ᠂ ᠰᠢᠨ᠎ᠡ ᠬᠦᠷᠢᠶ᠎ᠡ ᠡᠷᠲᠡᠨ᠎ᠦ ᠬᠣᠲᠠ᠎ᠡᠴᠡ ᠶᠡᠬᠡ ᠬᠡᠮᠵᠢᠶᠡᠨ᠎ᠦ ᠪᠠᠷᠠᠭᠤᠨ ᠰᠢᠶᠠ ᠤᠯᠤᠰ᠎ᠤᠨ ᠸᠠᠭᠠᠷ ᠰᠠᠪᠠ᠎ᠶᠢ ᠢᠯᠡᠷᠡᠭᠦᠯᠦᠭᠰᠡᠨᠦ ᠳᠡᠭᠡᠷ᠎ᠡ ᠨᠡᠭᠦᠷᠡᠰᠦᠲᠥ᠋ᠷᠥᠭᠴᠢ ᠠᠷᠪᠠᠨ ᠳᠥᠷᠪᠡᠳᠦᠭᠡᠷ᠎ᠤᠨ ᠳ᠋ᠦᠩᠨᠡᠯᠲᠡ᠎ᠳᠦ 11 ᠡᠴᠡ 12 ᠳ᠋ᠤᠭᠠᠷ ᠵᠠᠭᠤᠨ᠎ᠤ ᠦᠯᠡᠳᠡᠭᠳᠡᠯ ᠮᠡᠳᠡᠭᠡ ᠵᠠᠩᠭᠢ᠎ᠶᠢᠨ ᠳ᠋ᠦᠩᠨᠡᠯᠲᠡ ᠪᠣᠶ᠂ ᠡᠷᠲᠡᠨ᠎ᠦ ᠬᠣᠲᠠ ᠨᠢ ᠪᠠᠷᠠᠭᠤᠨ ᠰᠢᠶᠠ ᠤᠯᠤᠰ᠎ᠤᠨ ᠬᠢᠯᠢ ᠬᠢᠵᠠᠭᠠᠷ᠎ᠤᠨ ᠹᠦ ᠸᠧᠢ ᠴᠡᠷᠢᠭ᠎ᠦᠨ ᠵᠤᠷᠭᠠᠨ ᠪᠠᠢᠵᠤ ᠮᠡᠳᠡᠨ᠎ᠡ᠃ ᠶᠤᠸᠠᠨ ᠤᠯᠤᠰ᠎ᠤᠨ ᠦᠶ᠎ᠡ ᠪᠣᠯᠬᠤ᠎ᠳᠤ᠂ ᠡᠷᠲᠡᠨ᠎ᠦ ᠬᠣᠲᠠ ᠨᠢ ᠤᠯᠠᠭ᠎ᠠ ᠬᠣᠲᠠ ᠪᠣᠯᠵᠤ᠂ ᠤᠮᠠᠷᠠᠲᠤ ᠶᠤᠸᠠᠨ ᠤᠯᠤᠰ᠎ᠤᠨ ᠦᠶ᠎ᠡ᠎ᠳᠦ ᠬᠡᠷᠡᠭᠯᠡᠭᠳᠡᠵᠦ᠂ ᠳᠣᠲᠣᠷ ᠭᠠᠵᠠᠷ᠎ᠡᠴᠡ ᠭᠣᠪᠢ᠎ᠶᠢᠨ ᠠᠷᠤ ᠬᠦᠷᠲᠡᠯᠡᠬᠢ ᠤᠯᠠᠭ᠎ᠠ ᠦᠷᠲᠡᠭᠡ᠎ᠵᠢᠨ ᠨᠢᠭᠡ ᠪᠣᠯᠵᠤ᠂ ᠮᠢᠩ ᠤᠯᠤᠰ᠎ᠤᠨ ᠦᠶ᠎ᠡ ᠪᠣᠯᠬᠤ᠎ᠳᠤ ᠠᠭᠠᠵᠢᠮ᠎ᠢᠶᠠᠷ ᠳᠣᠷᠣᠢᠲᠠᠨ ᠪᠠᠭᠤᠷᠠᠵᠤ᠂ ᠠᠯᠲᠠᠨ ᠬᠠᠭᠠᠨ᠎ᠤ ᠪᠠᠨᠱᠧᠩ(ᠦᠨᠦᠳᠦᠷ ᠤᠨ ᠬᠦᠬᠡᠡᠡᠤᠲᠠ ᠤᠢᠷᠠᠯᠴᠠᠭ᠎ᠠ) ᠤ᠋ᠨ ᠳᠠᠷᠠᠭ᠎ᠠ ᠣᠷᠣᠬᠤ ᠴᠡᠷᠢᠭ᠎ᠦᠨ ᠶᠠᠪᠤᠳᠠᠯ᠂ ᠠᠵᠤ ᠠᠬᠤᠢ᠂ ᠠᠷᠠᠯᠵᠢᠶᠠᠨ᠎ᠤ ᠴᠢᠬᠤᠯᠠ ᠭᠠᠵᠠᠷ ᠪᠤᠯᠵᠦ ᠪᠠᠢᠵᠠᠢ ᠭᠡᠵᠦ᠍ ᠦᠵᠡᠪᠡ᠃
ᠮᠡᠷᠭᠡᠵᠢᠯᠲᠡᠳ᠎ᠦᠨ ᠬᠡᠯᠡᠬᠦ᠌᠎ᠨᠢ ᠵᠦᠢᠯ ᠵᠦᠢᠯ᠎ᠤᠨ ᠪᠤᠯᠪᠠᠴᠦ᠂ ᠱᠢᠨ᠎ᠡ ᠬᠦᠷᠢᠶ᠎ᠡ ᠡᠷᠲᠡᠨ᠎ᠦ ᠬᠣᠲᠠ᠎ᠶ᠋ᠢᠨ ᠣᠨ ᠵᠢᠯ ᠨᠢ ᠮᠤᠨᠠ ᠠᠭᠤᠯᠠ᠎ᠶ᠋ᠢᠨ ᠠᠷᠤ ᠬᠣᠷᠮᠣᠶ᠎ᠶ᠋ᠢᠨ ᠪᠣᠯᠪᠠᠰᠤᠨ ᠢ᠋ ᠲᠠᠢᠯᠬᠤ ᠨᠢᠭᠤᠴᠠ ᠲᠡᠮᠳᠡᠭ ᠪᠣᠯᠵᠠᠢ᠂ 2013 ᠣᠨ᠎ᠳᠤ ᠪᠦᠬᠦ᠌ ᠤᠯᠤᠰ᠎ᠤᠨ ᠭᠣᠣᠯᠳᠠᠯᠭ᠎ᠠ᠎ᠲᠠᠶ ᠲᠡᠦᠬᠡ᠎ᠶ᠋ᠢᠨ ᠳᠤᠷᠠᠰᠭᠠᠯᠲᠤ ᠵᠦᠢᠯᠡᠰ᠎ᠦᠨ ᠬᠠᠮᠠᠭᠠᠯᠠᠯᠲᠠ᠎ᠶ᠋ᠢᠨ ᠨᠢᠭᠡᠴᠢ᠎ᠶ᠋ᠢᠨ ᠨᠡᠷᠡᠰ᠎ᠦᠨ ᠵᠢᠭ᠍ᠰᠠᠭᠠᠯᠲᠠ᠎ᠳᠤ ᠣᠷᠣᠵᠠᠶ᠃
ᠠᠭᠤᠯᠠᠨ ᠠᠮᠠᠨ ᠳ᠋ᠤ ᠲᠠᠢᠰᠤᠨ ᠢ᠋ ᠬᠤᠷᠢᠭᠯᠠᠨ ᠴᠤᠬᠢᠵᠤ ᠱᠢᠳᠤᠷᠭᠤ ᠰᠦᠨᠡᠰᠦ ᠬᠠᠯᠠᠭᠤᠨ ᠬᠥᠷᠥᠰᠥ᠎ᠶ᠋ᠢ ᠦᠨᠢᠳᠡ ᠰᠠᠬᠢᠨ᠎ᠠ
ᠮᠤᠨᠠ ᠠᠭᠤᠯᠠ ᠨᠢᠷᠤᠭᠤ ᠨᠢ ᠪᠡᠷᠬᠡ ᠪᠠᠷᠲᠠᠭ᠎ᠠ᠎ᠲᠠᠶ ᠪᠠᠢᠵᠤ᠂ ᠡᠷᠲᠡᠨ᠎ᠦ ᠵᠢᠶ ᠯᠦ᠍ ᠪᠤᠭᠤᠮᠳᠠ᠂ ᠭᠤᠤ ᠴᠢᠦᠸᠠᠢ ᠪᠤᠭᠤᠮᠳᠠ᠂ ᠭᠤᠸᠠᠩ ᠯᠦ᠍ ᠪᠤᠭᠤᠮᠳᠠ ᠵᠡᠷᠭᠡ ᠵᠢᠨ ᠠᠭᠤᠯᠠᠨ ᠠᠮᠠ ᠪᠣᠯ ᠴᠡᠷᠢᠭ᠎ᠦᠨ ᠡᠷᠳᠡᠮᠳᠡᠳ ᠤ᠋ᠨ ᠵᠠᠪᠠᠯ ᠪᠤᠯᠢᠶᠠᠯᠳᠤᠬᠤ ᠪᠤᠭᠤᠮᠳᠠ ᠴᠡᠭ ᠪᠣᠯᠤᠨ᠎ᠠ᠃ ᠤᠷᠠᠳ᠎ᠤᠨ ᠳᠤᠮᠳᠠᠳᠤ ᠬᠣᠱᠢᠭᠤᠨ᠎ᠤ ᠲᠡᠯ ᠠᠭᠤᠯᠠ ᠪᠠᠯᠭᠠᠰᠤᠨ᠎ᠤ ᠤᠤᠪᠤᠯᠠᠭ ᠠᠭᠤᠯᠠᠨ ᠠᠮᠠ ᠪᠣᠯ ᠤᠷᠠᠳ᠎ᠤᠨ ᠳᠤᠮᠳᠠᠳᠤ ᠬᠣᠱᠢᠭᠤᠨ᠎ᠤ ᠡᠮᠦᠨ᠎ᠡ ᠬᠠᠭᠠᠯᠭ᠎ᠠ ᠪᠣᠯᠬᠤ ᠪᠥᠭᠡᠳ ᠥᠪᠥᠷ ᠮᠣᠩᠭᠣᠯ᠎ᠤᠨ ᠥᠨᠳᠥᠷᠯᠢᠭ ᠪᠣᠯᠤᠨ ᠪᠣᠷᠣᠲᠣᠬᠣᠢ᠎ᠶ᠋ᠢᠨ ᠲᠠᠯ᠎ᠠ ᠭᠠᠵᠠᠷ᠎ᠢ ᠬᠣᠯᠪᠣᠭ᠍ᠰᠠᠨ ᠵᠠᠮ ᠬᠠᠷᠢᠯᠴᠠᠭᠠᠨ᠎ᠤ ᠴᠢᠬᠤᠯᠠ ᠠᠭᠤᠯᠵᠠᠷ ᠪᠣᠯᠤᠨ᠎ᠠ᠃
ᠤᠤᠪᠤᠯᠠᠭ ᠠᠭᠤᠯᠠᠨ ᠠᠮᠠ ᠪᠤᠯ 《ᠶᠡᠬᠡ ᠪᠤᠯᠠᠭ᠎ᠤᠨ ᠠᠮᠠ》 ᠭᠡᠳᠡᠭ ᠤᠳᠭ᠎ᠠ᠎ᠲᠠᠶ᠃ 1940 ᠣᠨ᠎ᠤ ᠡᠬᠢ᠎ᠪᠡᠷ᠂ ᠨᠢᠩᠱᠢᠶᠠ᠎ᠶ᠋ᠢᠨ ᠮᠠ ᠬᠣᠩ ᠪᠢᠨ᠎ᠤ 35 ᠳ᠋ᠤᠭᠠᠷ ᠳ᠋ᠢᠸᠢᠽᠢ (ᠪᠠᠰᠠ ᠪᠠᠷᠠᠭᠤᠨ ᠵᠠᠮ᠎ᠤᠨ ᠴᠡᠷᠢᠭ ᠭᠡᠳᠡᠭ) ᠵᠢᠨ ᠬᠠᠷᠢᠶᠠᠨ᠎ᠳᠠᠬᠢ 3 ᠬᠣᠷᠢᠶ᠎ᠠ᠎ᠶ᠋ᠢᠨ 3000 ᠱᠢᠬᠠᠮ ᠬᠥᠮᠦᠨ ᠡᠨᠳᠡ ᠳᠤᠮᠳᠠᠳᠤ ᠤᠯᠤᠰ᠎ᠢ ᠲᠦᠷᠢᠮᠡᠬᠡᠢᠯᠡᠭ᠌ᠰᠡᠨ ᠶᠠᠫᠣᠨ ᠴᠡᠷᠢᠭ᠎ᠢ ᠬᠣᠷᠢᠭ᠍ᠯᠠᠨ ᠴᠣᠬᠢᠵᠤ᠂ ᠮᠠᠭ᠍ᠲᠠᠨ ᠳᠠᠭᠤᠯᠠᠭᠤᠱᠢᠲᠠᠢ 《ᠤᠤᠪᠤᠯᠠᠭ᠎ᠤᠨ ᠬᠣᠷᠢᠭ᠍ᠯᠠᠯᠳᠠ ᠵᠢᠨ ᠲᠠᠢ᠌ᠯᠠᠯᠳᠤᠭᠠᠨ》 ᠤ᠋ ᠶᠠᠫᠣᠨ᠎ᠢ ᠡᠰᠡᠷᠭᠦᠴᠡᠭ᠌ᠰᠡᠨ ᠲᠡᠦᠬᠡᠨ ᠦᠯᠢᠭᠡᠷ᠎ᠢ ᠦᠯᠡᠳᠡᠭᠡᠵᠡᠢ᠃
ᠤᠤᠪᠤᠯᠠᠭ ᠠᠭᠤᠯᠠᠨ ᠠᠮᠠ ᠵᠢᠨ ᠶᠠᠫᠣᠨ᠎ᠢ ᠡᠰᠡᠷᠭᠦᠴᠡᠭ᠌ᠰᠡᠨ ᠦᠷᠡᠭ᠌ᠳᠡᠭ᠌ᠰᠡᠨ ᠪᠠᠭᠠᠲᠤᠷᠴᠤᠳ᠎ᠤᠨ ᠪᠤᠩᠬᠤᠨ᠎ᠤ ᠬᠦᠷᠢᠶᠡᠯᠡᠩ᠎ᠳᠦ᠂ ᠤᠷᠠᠳ᠎ᠤᠨ ᠳᠤᠮᠳᠠᠳᠤ ᠬᠣᠱᠢᠭᠤᠨ᠎ᠤ ᠴᠡᠷᠢᠭ᠎ᠡᠴᠡ ᠬᠠᠯᠠᠭ᠍ᠳᠠᠭ᠍ᠰᠠᠳ᠎ᠤᠨ ᠶᠠᠪᠤᠳᠠᠯ᠎ᠤᠨ ᠲᠣᠪᠴᠢᠶᠠᠨ᠎ᠤ ᠳᠡᠳ᠋ ᠳᠠᠷᠤᠭ᠎ᠠ ᠬᠤ᠌ ᠴᠦᠨ᠄ 《1940 ᠣᠨ᠎ᠤ 1 ᠰᠠᠷ᠎ᠠ᠎ᠶ᠋ᠢᠨ 31 ᠤ᠋ ᠡᠳᠦᠷ᠂ ᠡᠨᠡ ᠡᠳᠦᠷ ᠨᠢ ᠮᠠᠨ᠎ᠤ ᠤᠯᠤᠰ᠎ᠤᠨ ᠤᠮᠠᠷᠠᠲᠤ ᠤᠷᠤᠨ ᠤ ᠯᠠ ᠰᠠᠷ᠎ᠠ ᠵᠢᠨ ᠬᠤᠷᠢᠨ ᠭᠤᠷᠪᠠᠨ ᠲᠤᠬᠢᠶᠠᠯᠳᠤᠵᠠᠢ᠂ ᠶᠠᠫᠣᠨ ᠴᠡᠷᠢᠭ 3 ᠲᠦᠮᠡ ᠭᠠᠷᠤᠢ ᠶᠠᠫᠣᠨ᠎ᠤ ᠬᠠᠭᠤᠷᠮᠠᠭ ᠴᠡᠷᠢᠭ᠎ᠢ ᠴᠤᠭ᠍ᠯᠠᠭᠤᠯᠤᠨ᠂ ᠮᠢᠩᠭ᠎ᠠ ᠭᠠᠷᠤᠢ ᠮᠠᠱᠢᠨ ᠲᠡᠷᠭᠡ ᠬᠥᠳᠡᠯᠭᠡᠵᠦ᠍᠂ ᠨᠢᠰᠭᠡᠯ᠂ ᠲᠠᠩᠺ᠂ ᠶᠡᠬᠡ ᠫᠤᠤ ᠵᠡᠷᠭᠡ᠎ᠵᠢ ᠬᠦᠳᠡᠯᠭᠡᠨ ᠭᠤᠷᠪᠠᠨ ᠵᠠᠮ ᠬᠤᠪᠢᠶᠠᠨ ᠪᠣᠷᠣᠲᠣᠬᠣᠢ ᠲᠡᠢᠰᠢ ᠲᠦᠷᠢᠮᠡᠬᠡᠢᠯᠡᠪᠡ᠃ ᠪᠠᠢᠯᠳᠤᠬᠤ ᠪᠣᠳᠣᠯᠭ᠎ᠠ᠎ᠶ᠋ᠢᠨ ᠴᠢᠬᠤᠯᠠ ᠭᠠᠵᠠᠷ᠎ᠲᠤ ᠪᠠᠢᠷᠢᠯᠠᠭ᠎ᠠ ᠤᠤᠪᠤᠯᠠᠭ ᠠᠭᠤᠯᠠᠨ ᠠᠮᠠ ᠨᠢ ᠶᠠᠫᠣᠨ ᠴᠡᠷᠢᠭ᠎ᠦᠨ ᠳᠣᠪᠲᠣᠯᠤᠯᠲᠠ᠎ᠶ᠋ᠢᠨ ᠴᠢᠬᠤᠯᠠ ᠬᠠᠷᠠᠯᠲᠠ ᠪᠣᠯᠵᠤ᠂ ᠤᠤᠪᠤᠯᠠᠭ ᠠᠭᠤᠯᠠᠨ ᠠᠮᠠ᠎ᠶ᠋ᠢ ᠰᠠᠬᠢᠵᠤ ᠪᠠᠢᠭ᠍ᠰᠠᠨ 35 ᠳ᠋ᠤᠭᠠᠷ ᠳ᠋ᠢᠸᠢᠽᠢ᠎ᠶ᠋ᠢᠨ ᠳᠠᠷᠤᠭ᠎ᠠ ᠪᠠᠢᠯᠳᠤᠭ᠍ᠴᠢᠳ ᠳᠠᠢᠰᠤᠨ᠎ᠲᠠᠶ ᠱᠢᠷᠦᠭᠦᠨ ᠪᠠᠢᠯᠳᠤᠵᠠᠶ᠃ 2 ᠰᠠᠷ᠎ᠠ᠎ᠶ᠋ᠢᠨ 1 ᠤ᠋ ᠥᠷᠯᠥᠭᠡ᠂ ᠳᠠᠭᠠᠷᠢᠯᠲᠠ᠎ᠳᠤ ᠤᠴᠠᠷᠠᠭ᠍ᠰᠠᠨ ᠶᠠᠫᠣᠨ ᠴᠡᠷᠢᠭ ᠭᠠᠯᠵᠠᠭᠤᠷᠠᠭ᠍ᠰᠠᠨ ᠮᠡᠲᠦ᠍᠎ᠪᠡᠷ ᠰᠠᠬᠢᠨ ᠬᠠᠮᠠᠭᠠᠯᠠᠬᠤ ᠴᠡᠷᠢᠭ᠎ᠦᠨ ᠪᠡᠬᠢᠯᠡᠯᠲᠡ᠎ᠳᠦ ᠬᠣᠣᠷᠲᠤ ᠬᠡᠢ ᠲᠠᠯᠪᠢᠪᠠ᠃ ᠮᠠᠨ᠎ᠤ ᠰᠠᠬᠢᠭᠤᠯ ᠴᠡᠷᠢᠭ᠎ᠲᠦ ᠬᠤᠤᠷ ᠰᠡᠷᠭᠡᠢᠯᠡᠬᠦ᠌ ᠪᠠᠭ ᠥᠬᠡᠶ᠂ ᠱᠢᠭᠡᠰᠦ᠎ᠪᠡᠷ ᠠᠯᠴᠢᠭᠤᠷᠵᠢᠡᠨ ᠨᠤᠷᠠᠭᠠᠨ ᠠᠮᠠ ᠬᠠᠮᠠᠷ᠎ᠢᠶᠠᠨ ᠪᠥᠭ᠌ᠯᠡᠵᠦ᠍ ᠪᠠᠢᠯᠳᠤᠪᠡ᠃ ᠡᠴᠦᠰ᠎ᠦᠨ ᠨᠢᠭᠡ ᠮᠥᠴᠡ ᠪᠣᠯᠲᠠᠯ᠎ᠠ᠂ 35 ᠳ᠋ᠤᠭᠠᠷ ᠳ᠋ᠢᠸᠢᠽᠢ᠎ᠶ᠋ᠢᠨ ᠳᠠᠷᠤᠭ᠎ᠠ ᠪᠠᠢᠯᠳᠤᠭ᠍ᠴᠢᠳ ᠶᠠᠫᠣᠨ ᠴᠡᠷᠢᠭ᠎ᠲᠡᠶ ᠪᠠᠢᠯᠳᠤᠵᠤ᠂ 208 ᠳ᠋ᠤᠭᠠᠷ ᠬᠣᠷᠢᠶ᠎ᠠ᠎ᠶ᠋ᠢᠨ ᠣᠯᠠᠩᠬᠢ ᠳᠠᠷᠤᠭ᠎ᠠ ᠪᠠᠢᠯᠳᠤᠭ᠍ᠴᠢ ᠪᠡᠶ᠎ᠡ ᠦᠷᠡᠭ᠌ᠳᠡᠵᠦ᠍᠂ 205 ᠳ᠋ᠤᠭᠠᠷ ᠬᠣᠷᠢᠶ᠎ᠠ᠎ᠶ᠋ᠢᠨ ᠬᠠᠭᠠᠰ ᠢᠯᠡᠭᠦᠦ ᠨᠢ ᠦᠭᠦᠵᠦ᠍ ᠱᠢᠷᠬᠠᠲᠤᠬᠰᠠᠨ ᠶᠤᠮ》 ᠭᠡᠵᠦ ᠲᠠᠨᠢᠯᠴᠠᠭᠤᠯᠪᠠ᠃
ᠦᠷᠡᠭ᠌ᠳᠡᠭ᠌ᠰᠡᠨ ᠪᠠᠭᠠᠲᠤᠷᠴᠤᠳ᠎ᠤᠨ ᠠᠷᠢᠭᠤᠨ ᠴᠢᠰᠤ ᠤᠤᠪᠤᠯᠠᠭ ᠠᠭᠤᠯᠠᠨ ᠠᠮᠠ ᠵᠢᠨ ᠡᠬᠡ ᠭᠠᠵᠠᠷ᠎ᠢ ᠤᠯᠠᠢᠯᠭᠠᠵᠤ᠂ 35 ᠳ᠋ᠤᠭᠠᠷ ᠳ᠋ᠢᠸᠢᠽᠢ᠎ᠶ᠋ᠢᠨ ᠳᠠᠷᠤᠭ᠎ᠠ ᠪᠠᠢᠯᠳᠤᠭ᠍ᠴᠢᠳ ᠦᠬᠦᠬᠦ᠌᠎ᠡᠴᠡ ᠠᠶᠤᠬᠤ ᠥᠬᠡᠶ᠂ ᠴᠢᠰᠤ ᠪᠡᠨ ᠤᠷᠤᠰᠭᠠᠨ ᠪᠠᠢᠯᠳᠤᠵᠤ᠂ ᠤᠤᠪᠤᠯᠠᠭ ᠠᠭᠤᠯᠠᠨ ᠠᠮᠠ ᠳ᠋ᠤ ᠵᠡᠪᠰᠡᠭ ᠲᠣᠨᠣᠭ᠍ᠯᠠᠯ ᠰᠠᠢᠲᠠᠶ ᠶᠠᠫᠣᠨ᠎ᠤ ᠲᠦᠷᠢᠮᠡᠬᠡᠶ ᠴᠡᠷᠢᠭ᠎ᠢ ᠬᠤᠷᠢᠭᠯᠠᠨ ᠴᠤᠬᠢᠵᠤ᠂ 3 ᠰᠠᠷ᠎ᠠ᠎ᠶ᠋ᠢᠨ 21 ᠤ᠋ ᠡᠳᠦᠷ ᠤ᠋ᠨ ᠪᠠᠷᠠᠭᠤᠨ ᠬᠣᠢᠲᠤ ᠣᠷᠣᠨ ᠤ᠋ ᠲᠡᠢᠨ᠎ᠦ ᠲᠠᠯᠠᠪᠤᠷ᠎ᠢ ᠳᠣᠩᠰᠣᠯᠭᠠᠭᠰᠠᠨ 《ᠦᠶᠤᠸᠠᠨ᠎ᠤ ᠶᠡᠬᠡ ᠢᠯᠠᠯᠲᠠ》 ᠳ᠋ᠤ ᠰᠠᠭᠤᠷᠢ ᠲᠠᠯᠪᠢᠵᠤ ᠥᠭ᠌ᠴᠡᠶ᠃ ᠲᠡᠭᠦᠨ᠎ᠡᠴᠡ ᠬᠣᠢᠰᠢ ᠶᠠᠫᠣᠨ ᠴᠡᠷᠢᠭ ᠦᠷᠭᠦᠯᠵᠢᠯᠡᠨ ᠪᠠᠷᠠᠭᠤᠨᠰᠢ ᠳᠣᠪᠲᠣᠯᠵᠤ ᠴᠢᠳᠠᠭᠰᠠᠨ ᠦᠭᠡᠢ᠃
1940 ᠣᠨ᠎ᠤ 3 ᠰᠠᠷ᠎ᠠ᠎ᠶ᠋ᠢᠨ 31 ᠤ᠋ ᠡᠳᠦᠷ᠂ ᠪᠠᠷᠠᠭᠤᠨ ᠵᠠᠮ᠎ᠤᠨ ᠴᠡᠷᠢᠭ ᠳᠠᠬᠢᠨᠲᠠ ᠤᠤᠪᠤᠯᠠᠭ ᠪᠠᠯᠭᠠᠰᠤᠨ᠎ᠳᠤ ᠪᠤᠴᠠᠪᠠ᠃ 4 ᠰᠠᠷ᠎ᠠ᠎ᠶ᠋ᠢᠨ ᠡᠬᠢ᠎ᠪᠡᠷ᠂ ᠹᠦ᠋ ᠽᠦᠸᠧ ᠢ᠎ᠶ᠋ᠢᠨ ᠴᠡᠷᠢᠭ ᠠᠩᠭᠢ ᠪᠣᠯᠤᠨ ᠪᠠᠷᠠᠭᠤᠨ ᠵᠠᠮ᠎ᠤᠨ ᠴᠡᠷᠢᠭ᠎ᠦᠨ ᠬᠣᠢᠲᠤᠬᠢ ᠶᠠᠪᠤᠳᠠᠯ᠎ᠢ ᠱᠢᠢᠳᠪᠦᠷᠢᠯᠡᠭ᠌ᠴᠢ ᠵᠢᠴᠢ ᠲᠤᠬᠠᠢ᠎ᠶ᠋ᠢᠨ ᠭᠠᠵᠠᠷ᠎ᠤᠨ ᠤᠯᠠᠨ ᠲᠦᠮᠡᠨ᠂ ᠬᠡᠭᠡᠷ᠎ᠡ ᠬᠥᠳᠡᠭᠡ᠎ᠪᠡᠷ 148 ᠦᠷᠡᠭ᠌ᠳᠡᠭ᠌ᠰᠡᠨ ᠪᠠᠭᠠᠲᠤᠷ᠎ᠤᠨ ᠬᠡᠭᠦᠷ᠎ᠢ ᠵᠠᠯᠭᠠᠭ᠎ᠠ᠎ᠪᠠᠷ ᠡᠷᠢᠵᠦ᠍ ᠤᠯᠪᠠ᠃ ᠪᠦᠭᠦᠳᠡᠭᠡᠷ᠎ᠢᠶᠡᠨ ᠤᠤᠪᠤᠯᠠᠭ ᠠᠭᠤᠯᠠᠨ ᠠᠮᠠ ᠶ᠋ᠢᠨ ᠪᠠᠷᠠᠭᠤᠨ ᠲᠠᠯ᠎ᠠ᠎ᠶ᠋ᠢᠨ ᠠᠭᠤᠯᠠ ᠲᠦᠱᠢᠭ᠌ᠰᠡᠨ ᠨᠠᠷᠠᠨ ᠵᠦᠭ ᠤ᠋ᠨ ᠬᠦᠳᠦᠯ ᠳ᠋ᠤ ᠦᠷᠡᠭ᠌ᠳᠡᠭ᠌ᠰᠡᠨ ᠪᠠᠭᠠᠲᠤᠷᠴᠤᠳ᠎ᠤ᠋ᠨ ᠣᠩᠭᠣᠨ ᠢ᠋ ᠰᠣᠩᠭᠣᠵᠤ ᠥᠭ᠌ᠴᠡᠶ᠃ ᠲᠤᠬᠠᠢ᠎ᠶ᠋ᠢᠨ ᠵᠢᠯ᠎ᠦᠨ ᠬᠠᠩᠰᠢ᠎ᠶ᠋ᠢᠨ ᠡᠳᠦᠷ᠂ ᠮᠢᠩᠭ᠎ᠠ ᠭᠠᠷᠤᠢ ᠴᠡᠷᠢᠭ ᠠᠷᠠᠳ ᠶᠠᠫᠣᠨ᠎ᠢ ᠡᠰᠡᠷᠭᠦᠴᠡᠬᠦ᠌ ᠲᠠᠢ᠌ᠨ᠎ᠳᠦ ᠪᠡᠶ᠎ᠡ ᠦᠷᠡᠭ᠌ᠳᠡᠭ᠌ᠰᠡᠨ ᠳᠠᠷᠤᠭ᠎ᠠ ᠪᠠᠢᠯᠳᠤᠭ᠍ᠴᠢᠳ᠎ᠢ ᠭᠠᠱᠢᠭᠤᠳᠠᠬᠤ ᠶᠡᠬᠡ ᠬᠤᠷᠠᠯ᠎ᠳᠤ ᠣᠷᠣᠯᠴᠠᠵᠤ᠂ ᠦᠷᠡᠭ᠌ᠳᠡᠭ᠌ᠰᠡᠨ ᠪᠠᠭᠠᠲᠤᠷᠴᠤᠳ᠎ᠢ ᠣᠷᠣᠱᠢᠭᠤᠯᠬᠤ ᠶᠣᠰᠣᠯᠠᠯ ᠶᠠᠪᠤᠭᠤᠯᠪᠠ᠃
ᠳᠠᠷᠢ᠎ᠶ᠋ᠢᠨ ᠤᠲᠤᠭ᠎ᠠ ᠰᠠᠷᠨᠢᠵᠤ᠂ ᠨᠤᠳᠤᠭ ᠲᠡᠪᠢᠰᠭᠡᠷ ᠡᠨᠭᠬᠡ ᠲᠠᠢᠪᠤᠡᠭ ᠪᠤᠯᠪᠠ᠃ ᠤᠤᠪᠤᠯᠠᠭ ᠠᠭᠤᠯᠠᠨ ᠠᠮᠠ ᠵᠢᠨ ᠶᠠᠫᠣᠨ᠎ᠢ ᠡᠰᠡᠷᠭᠦᠴᠡᠭ᠌ᠰᠡᠨ ᠦᠷᠡᠭ᠌ᠳᠡᠭ᠌ᠰᠡᠨ ᠪᠠᠭᠠᠲᠤᠷᠴᠤᠳ᠎ᠤᠨ ᠪᠤᠩᠬᠤᠨ᠎ᠤ ᠬᠦᠷᠢᠶᠡᠯᠡᠩ᠎ᠳᠦ᠂ 148 ᠦᠷᠡᠭ᠌ᠳᠡᠭ᠌ᠰᠡᠨ ᠪᠠᠭᠠᠲᠤᠷ ᠮᠥᠩᠬᠡ ᠨᠣᠢᠷᠰᠤᠪᠠ᠃ ᠲᠡᠳᠡᠨ ᠤ᠋ ᠣᠯᠠᠩᠬᠢ ᠨᠢ ᠨᠡᠷ᠎ᠡ ᠣᠪᠣᠭ ᠨᠢ ᠤᠯᠳᠠᠭᠳᠠᠭᠰᠠᠨ ᠦᠭᠡᠢ ᠪᠣᠯᠪᠠᠴᠤ᠌ ᠬᠣᠵᠢᠮ᠎ᠤᠨ ᠬᠥᠮᠦᠰ᠎ᠦᠨ ᠰᠡᠳᠭᠢᠯ ᠳᠦ ᠦᠨᠳᠦᠰᠦᠲᠡᠨ᠎ᠦ ᠪᠠᠭᠠᠲᠤᠷ ᠬᠡᠮᠡᠬᠦ ᠥᠨᠢ ᠡᠭᠦᠷᠢᠳᠡ ᠵᠢᠨ ᠬᠠᠮᠲᠤ᠎ᠶ᠋ᠢᠨ ᠨᠡᠷᠡᠲᠡᠶ ᠪᠤᠯᠪᠠ᠂ ᠲᠡᠳᠡᠨᠠᠷ ᠤ᠋ᠨ ᠱᠢᠳᠤᠷᠭᠤ ᠰᠦᠨᠡᠰᠦ ᠪᠠ ᠵᠣᠷᠢᠭ ᠰᠠᠨᠠᠭ᠎ᠠ ᠨᠢ ᠮᠦᠩᠭᠡ ᠤᠷᠤᠰᠢᠨ᠎ᠠ᠃
ᠤᠷᠠᠨ ᠭᠠᠷ ᠵᠢᠡᠷ ᠵᠡᠰ ᠮᠦᠩᠭᠦᠨ ᠡᠳ᠋ᠯᠡᠯ ᠢ᠋ ᠲᠠᠪᠳᠠᠵᠤ ᠬᠤᠨ ᠭᠠᠯᠠᠭᠤ ᠪᠤᠭᠤᠮᠲᠠ ᠵᠢᠨ ᠭᠠᠳᠠᠨ᠎ᠠ ᠨᠢᠰᠦᠨ᠎ᠡ
ᠤᠨ ᠵᠢᠯ ᠤ᠋ᠨ ᠰᠠᠯᠬᠢ ᠪᠤᠷᠤᠭᠠᠨ ᠮᠤᠨᠠ ᠠᠭᠤᠯᠠ᠎ᠶ᠋ᠢᠨ ᠠᠭᠤᠯᠠ ᠨᠢᠷᠤᠭᠤ ᠵᠢ ᠤᠷᠠᠯᠠᠨ ᠰᠡᠢᠯᠦᠭ᠌ᠰᠡᠨ᠎ᠢᠶᠡᠷ ᠪᠠᠷᠠᠬᠤ ᠥᠬᠡᠶ᠂ ᠨᠠᠩ ᠴᠤ᠌ ᠤᠷᠠᠳ᠎ᠤᠨ ᠳᠤᠮᠳᠠᠳᠤ ᠬᠣᠱᠢᠭᠤᠨ᠎ᠳᠤ ᠠᠯᠢ ᠤᠯᠠᠨ ᠭᠡᠷᠡᠯᠲᠦ ᠰᠤᠪᠤᠳ ᠮᠡᠲᠦ ᠬᠤᠪᠤᠷ ᠨᠠᠨᠳᠢᠨ ᠪᠣᠳᠠᠰ᠎ᠤᠨ ᠪᠤᠰᠤ ᠰᠣᠶᠣᠯ᠎ᠤᠨ ᠥᠪ᠎ᠦᠨ ᠦᠨᠡᠲᠦ ᠡᠷᠳᠡᠨᠢ ᠵᠢ ᠦᠯᠡᠳᠡᠭᠡᠪᠡ᠂ ᠲᠡᠳᠡᠭᠡᠷ ᠠᠷᠠᠳ᠎ᠤᠨ ᠳᠤᠮᠳᠠ ᠤᠯᠠᠮᠵᠢᠯᠠᠭ᠍ᠳᠠᠭ᠍ᠰᠠᠨ ᠤᠷ᠎ᠠ ᠮᠡᠷᠭᠡᠵᠢᠯ᠂ ᠳᠠᠭᠤᠤ ᠬᠥᠭ᠌ᠵᠢᠮ ᠨᠢ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠦ ᠡᠨᠡ ᠬᠦ᠌ ᠥᠩ ᠱᠢᠮᠡᠯᠢᠭ ᠬᠥᠷᠥᠰᠥ᠍ ᠱᠢᠷᠣᠶ ᠳ᠋ᠤ ᠬᠠᠮᠲᠤᠷᠠᠨ ᠣᠷᠣᠱᠢᠭ᠍ᠰᠠᠨ ᠤ᠋ ᠢᠮ ᠲᠠᠮᠠᠭ᠎ᠠ ᠪᠣᠯᠵᠠᠢ᠃
《ᠤᠷᠠᠳ》 ᠭᠡᠳᠡᠭ ᠨᠢ ᠮᠤᠩᠭᠤᠯ ᠬᠡᠯᠡᠨ ᠳ᠋ᠤ 《ᠤᠷᠠᠨ ᠳᠠᠷᠬᠠᠨ》 ᠭᠡᠰᠡᠨ ᠤᠳᠭ᠎ᠠ᠎ᠲᠠᠶ᠃ ᠤᠷᠠᠳ ᠤ᠋ᠨ ᠳᠤᠮᠳᠠᠳᠤ ᠬᠣᠱᠢᠭᠤᠨ ᠤ ᠬᠠᠯᠢᠭᠤᠲᠤ ᠪᠠᠯᠭᠠᠰᠤᠨ᠎ᠤ ᠪᠠᠲᠤᠲᠣᠭᠤᠭᠠ ᠪᠣᠯ ᠲᠤᠬᠠᠢ᠎ᠶ᠋ᠢᠨ ᠭᠠᠵᠠᠷ ᠤᠨ ᠵᠢᠨᠨ ᠨᠡᠷᠡᠲᠡᠢ ᠤᠷᠠᠨ ᠳᠠᠷᠬᠠᠨ ᠶᠤᠮ᠃
ᠪᠠᠲᠤᠲᠤᠭᠤᠭᠠᠪᠣᠯ ᠤᠯᠤᠰ᠎ᠤᠨ ᠲᠡᠰ᠎ᠤᠨ ᠪᠣᠳᠠᠰ᠎ᠤᠨ ᠪᠤᠰᠤ ᠰᠣᠶᠣᠯ᠎ᠤᠨ ᠥᠪ᠎ᠦᠨ ᠲᠦᠷᠦᠯ ᠵᠦᠢᠯ᠎ᠦᠨ ᠤᠷᠠᠳ᠎ᠤᠨ ᠵᠡᠰ ᠮᠥᠩᠭᠥᠨ ᠡᠳ᠋ᠯᠡᠯ ᠬᠢᠬᠦ ᠤᠷ᠎ᠠ ᠮᠡᠷᠭᠡᠵᠢᠯ᠎ᠦᠨ ᠵᠠᠯᠭᠠᠮᠵᠢᠯᠠᠭ᠍ᠴᠢ ᠪᠣᠯᠤᠨ᠎ᠠ᠃ ᠡᠨᠡ ᠬᠦ᠌ ᠮᠡᠷᠭᠡᠵᠢᠯ ᠨᠢ ᠣᠳᠣ᠎ᠡᠴᠡ 300 ᠭᠠᠷᠤᠶ ᠵᠢᠯ᠎ᠦᠨ ᠲᠡᠦᠬᠡ᠎ᠲᠡᠶ ᠪᠠᠢᠵᠦ᠂ ᠵᠡᠰ᠂ ᠮᠥᠩᠭᠥ᠌ ᠵᠡᠷᠭᠡ ᠲᠡᠮᠦᠷᠯᠢᠭ᠎ᠢᠶᠡᠷ ᠲᠦᠭᠦᠬᠡᠶ ᠮᠠᠲ᠋ᠧᠷᠢᠶᠠᠯ ᠪᠣᠯᠭᠠᠵᠤ᠂ ᠭᠠᠷ ᠤᠷᠠᠯᠠᠯᠵᠢᠡᠷ ᠵᠠᠰᠠᠯ᠎ᠤᠨ ᠡᠳ᠋ ᠪᠠ ᠠᠮᠢᠳᠤᠷᠠᠯ᠎ᠤᠨ ᠬᠡᠷᠡᠭ᠌ᠰᠡᠯᠬᠢᠳᠡᠭ᠃
ᠪᠠᠲᠤᠲᠤᠭᠤᠭᠠ 13 ᠨᠠᠰᠤᠲᠠᠢ᠎ᠳᠠᠭᠠᠨ ᠵᠡᠷᠭᠡᠯᠡᠳᠡᠭᠡ ᠠᠢᠯ᠎ᠤᠨ᠎ᠢᠶᠠᠨ ᠮᠥᠩᠭᠥᠨ ᠳᠠᠷᠬᠠᠨ᠎ᠡᠴᠡ ᠭᠠᠷ ᠤᠷᠠᠯᠠᠯ ᠰᠤᠷᠴᠤ᠌᠂ 50 ᠱᠢᠬᠠᠮ ᠵᠢᠯ᠎ᠦᠨ ᠱᠢᠷᠭᠠᠭᠤ ᠰᠤᠳᠤᠯᠤᠯᠲᠠ᠎ᠪᠠᠷ ᠳᠠᠮᠵᠢᠨ ᠨᠢᠭᠡᠨ ᠥᠨᠳᠥᠷ ᠤᠷ᠎ᠠ ᠮᠡᠷᠭᠡᠵᠢᠯ᠎ᠲᠡᠶ ᠮᠥᠩᠭᠥᠨ ᠳᠠᠷᠬᠠᠨ ᠪᠣᠯᠵᠠᠢ᠃
ᠪᠠᠲᠤᠲᠤᠭᠤᠭᠠᠶ᠋ᠢᠨ ᠭᠠᠷ ᠤᠷᠠᠯᠠᠯ᠎ᠤᠨ ᠪᠦᠲᠦᠭᠡᠭ᠌ᠳᠡᠬᠦᠨ᠎ᠦ ᠳᠡᠯᠭᠡᠭᠦᠷ᠎ᠲᠦ ᠣᠷᠣᠬᠤ᠎ᠳᠤ᠂ ᠰᠤᠷᠪᠤᠯᠵᠢᠯᠠᠭ᠍ᠴᠢ᠎ᠶ᠋ᠢᠨ ᠬᠠᠷᠡᠴᠡ ᠲᠡᠷᠡ ᠳᠣᠣᠷ᠎ᠠ᠎ᠪᠠᠨ ᠨᠠᠷᠢᠯᠢᠭ ᠰᠠᠢᠬᠠᠨ ᠮᠥᠩᠭᠥᠨ ᠠᠶᠠᠭ᠎ᠠ᠂ ᠮᠥᠩᠭᠥᠨ ᠳᠡᠪᠦᠷ᠎ᠡ ᠵᠡᠷᠭᠡ᠎ᠳᠦ ᠲᠠᠲᠠᠭ᠍ᠳᠠᠵᠤ᠂ ᠵᠠᠷᠢᠮ ᠮᠥᠩᠭᠥᠨ ᠡᠳ᠋ᠯᠡᠯ ᠳᠡᠭᠡᠷ᠎ᠡ ᠪᠠᠰᠠ ᠨᠠᠢ᠍ᠮᠠᠨ ᠳᠡᠪᠢᠯ ᠲᠠᠢ ᠤᠭᠠᠯᠵᠠ᠂ ᠯᠣᠣ ᠭᠠᠷᠤᠳᠢ ᠵᠢᠴᠢ ᠴᠡᠴᠡᠭ ᠬᠤᠸᠠᠷ ᠵᠡᠷᠭᠡ᠎ᠶ᠋ᠢᠨ ᠬᠡ ᠤᠭᠠᠯᠵᠠ ᠰᠡᠢᠯᠵᠦ᠍ ᠪᠠᠢᠯ᠎ᠠ᠃ ᠰᠤᠷᠪᠤᠯᠵᠢᠯᠠᠭ᠍ᠴᠢ ᠡᠯ᠎ᠡ ᠵᠦᠢᠯ᠎ᠦᠨ ᠪᠠᠭᠠᠵᠢ ᠬᠡᠷᠡᠭ᠌ᠰᠡᠯ᠎ᠢ ᠵᠡᠷᠬᠡᠯᠡᠨ ᠲᠠᠯᠪᠢᠵᠤ ᠪᠠᠢᠭ᠎ᠠ ᠠᠵᠢᠯᠯᠠᠬᠤ ᠲᠠᠪᠴᠠᠩ᠎ᠤᠨ ᠡᠮᠦᠨ᠎ᠡ ᠮᠥᠩᠭᠥᠨ ᠪᠠᠭᠤᠤ ᠲᠠᠪᠳᠠᠵᠤ ᠪᠠᠢᠭᠰᠠᠨ ᠪᠠᠲᠤᠲᠤᠭᠤᠭᠠᠶ᠋ᠢ ᠣᠯᠵᠤ ᠬᠠᠷᠠᠪᠠ᠃ ᠨᠠᠰᠤᠲᠠᠨ᠄ 《ᠮᠥᠩᠭᠥᠨ ᠡᠳ᠋ᠯᠡᠯ ᠢ ᠭᠠᠷ᠎ᠢᠶᠠᠷ ᠬᠢᠬᠦ᠌᠎ᠳᠦ ᠮᠥᠩᠭᠥ᠌ ᠬᠠᠢᠯᠤᠭᠤᠯᠬᠤ᠂ ᠳᠠᠪᠲᠠᠬᠤ᠂ ᠮᠠᠲ᠋ᠧᠷᠢᠶᠠᠯ ᠣᠷᠣᠭᠤᠯᠬᠤ᠂ ᠲᠤᠭᠤᠯᠭᠠᠨ ᠰᠠᠭᠤᠳᠠᠯ ᠬᠢᠬᠦ᠌᠂ ᠬᠤᠸᠠᠷ ᠰᠡᠢᠯᠬᠦ᠌᠂ ᠭᠠᠩᠨᠠᠬᠤ᠂ ᠤᠬᠢᠶᠠᠬᠤ ᠵᠡᠷᠭᠡ ᠤᠷᠠᠯᠠᠯ᠎ᠤᠨ ᠶᠠᠪᠤᠴᠠ᠎ᠶ᠋ᠢ ᠥᠩᠭᠡᠷᠡᠭᠡᠨ᠎ᠡ᠃ ᠶᠡᠷᠦ᠍᠎ᠳᠡᠭᠡᠨ ᠲᠤᠮᠦ᠍ ᠬᠡᠰᠡᠭ ᠮᠦᠨᠭᠭᠦ ᠵᠢ ᠰᠣᠩᠭᠣᠨ ᠲᠦᠭᠦᠬᠡᠶ ᠮᠠᠲ᠋ᠧᠷᠢᠶᠠᠯ ᠪᠤᠯᠭᠠᠵᠤ᠂ ᠤᠷᠢᠳ᠎ᠢᠶᠠᠷ ᠬᠠᠢᠯᠤᠭᠤᠷ᠎ᠲᠦ ᠬᠢᠵᠦ ᠬᠠᠢᠯᠤᠭᠤᠯᠵᠤ᠂ ᠲᠡᠬᠢᠠ ᠤᠷᠳᠦ ᠪᠠᠷᠢᠭᠤᠯᠲᠤ ᠬᠠᠪᠴᠢᠭᠤᠷ᠎ᠢᠶᠠᠷ ᠬᠠᠢᠯᠤᠭᠤᠷᠢ ᠬᠠᠪᠴᠢᠨ ᠵᠡᠰ ᠬᠡᠪ᠎ᠢ ᠴᠢᠳᠭᠤᠵᠤ᠂ ᠲᠡᠷᠡᠭ᠎ᠠ᠎ᠨᠢ ᠬᠠᠯᠠᠭᠤᠨ ᠳᠡᠭᠡᠷ᠎ᠡ᠎ᠨᠢ ᠳᠠᠪᠲᠠᠨ᠎ᠠ ᠁》 ᠭᠡᠵᠦ ᠬᠦᠯᠢᠴᠡᠨᠭᠭᠦᠢ ᠪᠡᠷ ᠲᠠᠢᠯᠪᠤᠷᠢᠯᠠᠨ᠎ᠠ᠃
ᠪᠠᠲᠤᠲᠤᠭᠤᠭᠠ ᠵᠢᠨ ᠰᠡᠳᠭᠢᠯ᠎ᠳᠦ᠂ ᠮᠥᠩᠭᠥᠨ ᠡᠳ᠋ᠯᠡᠯ ᠳᠡᠭᠡᠷᠡᠬᠢ ᠳᠠᠪᠲᠠᠯᠲᠠ ᠨᠢᠭᠡᠪᠦᠷᠢ ᠨᠢ ᠴᠥᠮ ᠪᠠᠲᠤ ᠰᠠᠬᠢᠯᠲᠠ᠂ ᠤᠷ᠎ᠠ ᠮᠡᠷᠭᠡᠵᠢᠯ᠎ᠢ ᠤᠯᠠᠮᠵᠢᠯᠠᠨ ᠵᠠᠯᠭᠠᠮᠵᠢᠯᠠᠭᠰᠠᠨ ᠭᠡᠷᠡᠴᠢ ᠪᠣᠯᠤᠨ᠎ᠠ᠃ ᠲᠡᠷᠡ᠄ 《ᠤᠷᠠᠳ᠎ᠤᠨ ᠵᠡᠰ ᠮᠥᠩᠭᠥᠨ ᠡᠳ᠋ᠯᠡᠯ ᠦᠶ᠋ᠯᠡᠳᠬᠦ᠌ ᠤᠷ᠎ᠠ ᠮᠡᠷᠭᠡᠵᠢᠯ᠎ᠢ ᠪᠠᠳᠠᠷᠠᠭᠤᠯᠬᠤ ᠪᠠ ᠤᠯᠠᠮᠵᠢᠯᠠᠨ ᠵᠠᠯᠭᠠᠮᠵᠢᠯᠠᠬᠤ᠎ᠳᠤ ᠨᠠᠩ ᠣᠯᠠᠨ ᠵᠠᠯᠠᠭᠤᠴᠤᠳ ᠣᠷᠣᠯᠴᠠᠬᠤ ᠴᠢᠬᠤᠯᠠᠲᠠᠶ᠂ ᠣᠯᠠᠨ᠎ᠢᠶᠠᠷ᠎ᠢᠶᠠᠨ ᠰᠤᠷᠤᠯᠴᠠᠬᠤ᠎ᠳᠤ ᠯᠠ ᠭᠦᠷᠪᠡᠯ ᠪᠢ ᠳᠤᠷᠠᠲᠠᠶ᠎ᠠ ᠵᠢᠭᠠᠨ ᠵᠢᠯᠤᠭᠤᠳᠤᠨ᠎ᠠ》ᠭᠡᠪᠡ᠃ ᠲᠡᠷᠡ᠂ ᠣᠳᠣᠬᠠᠨ ᠳᠤ ᠨᠢᠭᠡᠨᠲᠡ 16 ᠱᠠᠪᠢ ᠬᠥᠮᠦᠵᠢᠭᠦᠯᠵᠦ᠍᠂ ᠴᠥᠮ ᠳᠡᠯᠭᠡᠭᠦᠷ ᠤᠨ ᠡᠵᠡᠨᠳᠡᠨ ᠪᠣᠯᠵᠠᠶ ᠭᠡᠵᠦ ᠰᠤᠷᠪᠤᠯᠵᠢᠯᠠᠭ᠍ᠴᠢ᠎ᠳᠤ ᠶᠠᠷᠢᠵᠦ ᠪᠠᠢᠯ᠎ᠠ᠃
ᠪᠠᠲᠤᠲᠤᠭᠤᠭᠠᠶ᠋ᠢᠨ ᠳᠡᠯᠭᠡᠭᠦᠷ᠎ᠡᠴᠡ ᠭᠠᠷᠴᠤ ᠢᠷᠡᠬᠦ᠎ᠳᠤ ᠵᠥᠭᠡᠯᠡᠨ ᠰᠠᠯᠬᠢ ᠬᠠᠴᠡᠷ᠎ᠢ ᠢᠯᠪᠢᠨ ᠴᠢᠬᠢᠨ᠎ᠳᠦ 《ᠬᠤᠨ ᠭᠠᠯᠠᠭᠤ》᠎ᠶ᠋ᠢᠨ ᠢᠷᠠᠭᠤ ᠰᠠᠢᠬᠠᠨ ᠠᠶᠠᠰ ᠰᠣᠨᠣᠰᠳᠠᠨ᠎ᠠ᠃ ᠤᠷᠠᠳ᠎ᠤᠨ ᠳᠤᠮᠳᠠᠳᠤ ᠬᠣᠱᠢᠭᠤ ᠪᠣᠯ 《ᠬᠤᠨ ᠭᠠᠯᠠᠭᠤ》 ᠵᠢᠨ ᠨᠤᠲᠤᠭ ᠶᠤᠮ᠂ ᠡᠨᠡ ᠬᠦ᠌ ᠳᠠᠭᠤᠤ ᠨᠢ ᠤᠷᠠᠳ᠎ᠤᠨ ᠮᠣᠩᠭᠣᠯ ᠦᠨᠳᠦᠰᠦᠲᠡᠨ᠎ᠦ ᠠᠷᠠᠳ᠎ᠤᠨ ᠳᠠᠭᠤᠤ 《ᠬᠤᠨ ᠭᠠᠯᠠᠭᠤ》 ᠡᠴᠡ ᠢᠷᠡᠯᠲᠡ᠎ᠲᠡᠶ᠃ ᠤᠷᠠᠳ᠎ᠤᠨ ᠮᠣᠩᠭᠣᠯ ᠦᠨᠳᠦᠰᠦᠲᠡᠨ᠎ᠦ ᠠᠷᠠᠳ᠎ᠤᠨ ᠳᠠᠭᠤᠤ 2013 ᠣᠨ᠎ᠳᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠪᠣᠳᠠᠰ᠎ᠤᠨ ᠪᠤᠰᠤ ᠰᠣᠶᠣᠯ᠎ᠤᠨ ᠥᠪ᠎ᠦᠨ ᠨᠡᠷᠡᠰ᠎ᠲᠦ ᠵᠢᠭ᠍ᠰᠠᠭᠠᠭ᠍ᠳᠠᠪᠠ᠃
《ᠬᠤᠨ ᠭᠠᠯᠠᠭᠤ》 ᠬᠠᠮᠤᠭ᠎ᠤᠨ ᠠᠩᠬ᠎ᠠ ᠤᠷᠠᠳ ᠨᠤᠳᠤᠭ᠎ᠤᠨ ᠠᠷᠠᠳ᠎ᠤᠨ ᠳᠤᠮᠳᠠ ᠡᠭᠦᠰᠦᠨ᠂ ᠪᠠᠷᠤᠭ 19 ᠳ᠋ᠤᠭᠡᠷ ᠵᠠᠭᠤᠨ᠎ᠤ ᠰᠡᠭᠦᠯᠴᠢ᠎ᠪᠡᠷ ᠤᠯᠠᠮᠵᠢᠯᠠᠭᠳᠠᠨ ᠳᠠᠭᠤᠯᠠᠭᠳᠠᠵᠠᠢ᠃ 1648 ᠣᠨ᠎ᠳᠤ᠂ ᠤᠷᠠᠳ ᠠᠢᠮᠠᠭ ᠬᠥᠯᠥᠨ ᠪᠣᠢᠷ᠎ᠡᠴᠡ ᠪᠠᠷᠠᠭᠤᠨᠰᠢ ᠮᠤᠨᠠ ᠠᠭᠤᠯᠠ᠎ᠶ᠋ᠢᠨ ᠠᠷᠤ ᠥᠪᠥᠷᠲᠡᠬᠢ ᠤᠷᠠᠳ ᠨᠤᠲᠤᠭ᠎ᠲᠤ ᠨᠡᠭᠦᠵᠦ᠍ ᠣᠴᠢᠭ᠍ᠰᠠᠨ᠎ᠳᠤ᠂ ᠮᠠᠯᠴᠢᠳ ᠡᠨᠳᠡᠬᠢ ᠨᠠᠭᠤᠷ ᠴᠥᠭᠥᠷᠥᠮ᠂ ᠵᠡᠭᠡᠰᠦ ᠬᠤᠯᠤᠰᠤ᠂ ᠭᠠᠯᠠᠭᠤ ᠰᠢᠪᠠᠭᠤᠬᠠᠢ᠎ᠶ᠋ᠢ ᠦᠵᠡᠭᠡᠳ ᠮᠠᠰᠢ ᠪᠠᠶᠠᠷᠯᠠᠵᠤ᠂ ᠦᠵᠡᠮᠵᠢᠳᠤ ᠰᠤᠭᠲᠤᠭᠤᠷᠠᠨ ᠳᠠᠭᠤᠯᠠᠵᠤ ᠡᠬᠢᠯᠡᠪᠡ᠂ ᠡᠨᠡ ᠪᠣᠯ ᠳᠠᠷᠤᠶ 《ᠬᠤᠨ ᠭᠠᠯᠠᠭᠤ》 ᠶ᠋ᠢᠨ ᠠᠩᠬᠠᠨ᠎ᠤ ᠳᠦᠷᠰᠦ ᠪᠣᠯᠤᠨ᠎ᠠ᠃ ᠯᠢᠦ ᠪᠢᠨ᠎ᠤ ᠲᠠᠨᠢᠯᠴᠠᠭᠤᠯᠤᠭ᠍ᠰᠠᠨ᠎ᠢᠶᠠᠷ᠂ ᠳᠠᠭᠤᠤ᠎ᠳᠤ ᠳᠠᠭᠤᠯᠠᠭ᠍ᠳᠠᠭ᠍ᠰᠠᠨ 《ᠬᠤᠯᠤᠰᠤᠲᠠᠶ ᠨᠠᠭᠤᠷ》 ᠭᠡᠳᠡᠭ ᠨᠢ ᠣᠲᠣ᠎ᠶ᠋ᠢᠨ ᠤᠷᠠᠳ᠎ᠤᠨ ᠳᠤᠮᠳᠠᠳᠤ ᠬᠣᠱᠢᠭᠤᠨ᠎ᠤ ᠬᠤᠯᠤᠰᠤᠲᠠᠶ ᠰᠤᠮᠤ᠎ᠵᠢ ᠵᠢᠭᠠᠵᠤ ᠪᠠᠢᠨ᠎ᠠ ᠃
ᠬᠣᠵᠢᠮ ᠨᠢ ᠢᠷᠠᠭᠤ ᠰᠠᠢᠬᠠᠨ ᠠᠶᠠᠰ᠎ᠲᠠᠶ 《ᠬᠤᠨ ᠭᠠᠯᠠᠭᠤ》᠎ᠶ᠋ᠢ ᠠᠯᠳᠠᠷᠲᠤ ᠬᠥᠭ᠌ᠵᠢᠮᠴᠢᠨ ᠯᠢᠦᠶ ᠶᠠᠨ ᠸᠧᠶ ᠥᠭᠡᠷᠡᠴᠢᠯᠡᠨ ᠨᠠᠢᠷᠠᠭᠤᠯᠵᠤ᠂ ᠲᠧᠯᠸᠢᠰ ᠵᠦᠴᠦᠭᠡ 《ᠳᠤᠷᠤᠨᠠᠰᠢ ᠪᠤᠴᠠᠭ᠍ᠰᠠᠨ ᠪᠠᠭᠠᠲᠤᠷᠴᠤᠳ》 ᠤ᠋ᠨ ᠭᠣᠣᠯ ᠰᠡᠳᠦᠪᠲᠦ ᠳᠠᠭᠤᠤ ᠪᠣᠯᠭᠠᠵᠤ᠂ ᠦᠳᠭᠡᠨ ᠵᠤᠵᠠᠭᠠᠨ ᠨᠤᠲᠤᠭ᠎ᠤᠨ ᠮᠥᠷᠥᠭᠡᠳᠦᠯ᠎ᠳᠦ ᠥᠰᠴᠦ᠍ ᠪᠣᠢᠵᠢᠭ᠍ᠰᠠᠨ ᠦᠯᠢᠭᠡᠷ᠎ᠦᠳ᠎ᠢ ᠶᠠᠷᠢᠵᠤ᠂ ᠥᠷᠭᠡᠨ᠎ᠢᠶᠡᠷ ᠤᠯᠠᠮᠵᠢᠯᠠᠭ᠍ᠳᠠᠨ ᠳᠠᠭᠤᠯᠠᠭ᠍ᠳᠠᠵᠠᠶ᠃
ᠪᠠᠯᠠᠷ ᠡᠷᠲᠡᠨ᠎ᠦ ᠳᠡᠭᠡᠳᠦᠰ᠎ᠦᠨ ᠴᠢᠯᠠᠭᠤᠨ ᠵᠡᠪᠰᠡᠭ᠎ᠡᠴᠡ ᠮᠤᠨᠠ ᠠᠭᠤᠯᠠ᠎ᠶ᠋ᠢᠨ ᠬᠠᠳᠠᠨ ᠵᠢᠷᠤᠭ᠎ᠤᠨ ᠤᠨ ᠵᠢᠯ᠎ᠤᠨ ᠤᠯᠠ ᠮᠦᠷ ᠬᠦᠷᠲᠡᠯ᠎ᠡ; ᠱᠢᠨ᠎ᠡ ᠬᠦᠷᠢᠶ᠎ᠡ ᠡᠷᠲᠡᠨ᠎ᠦ ᠬᠤᠲᠠ᠎ᠶ᠋ᠢᠨ ᠬᠢᠯᠢ ᠬᠢᠵᠠᠭᠠᠷ᠎ᠤᠨ ᠬᠤᠪᠢᠷᠠᠯ᠎ᠡᠴᠡ ᠪᠠᠶᠠᠯᠢᠭ ᠰᠠᠢᠬᠠᠨ ᠪᠣᠳᠠᠰ᠎ᠤᠨ ᠪᠤᠰᠤ ᠰᠣᠶᠣᠯ᠎ᠤᠨ ᠥᠪ᠎ᠤᠨ ᠤᠯᠠᠮᠵᠢᠯᠠᠯ ᠬᠦᠷᠲᠡᠯ᠎ᠡ᠂ ᠤᠷᠠᠳ᠎ᠤᠨ ᠳᠤᠮᠳᠠᠳᠤ ᠬᠣᠱᠢᠭᠤ ᠮᠢᠩᠭᠠᠨ ᠵᠢᠯ᠎ᠦᠨ ᠴᠠᠬ ᠬᠤᠭᠤᠴᠠᠭ᠎ᠠ ᠵᠢ ᠦᠩᠭᠡᠷᠡᠬᠦᠯᠦᠨ᠂ ᠢᠳᠡᠷᠡᠭᠦᠨ ᠵᠢᠪᠬᠤᠭᠠᠯᠢᠭ ᠪᠥᠭᠡᠳ ᠭᠦᠨ ᠵᠤᠵᠠᠭᠠᠨ ᠬᠠᠢᠷ᠎ᠠ ᠰᠡᠳᠭᠢᠯᠭᠡ᠎ᠲᠡᠶ ᠪᠣᠯᠪᠠᠰᠤᠨ᠎ᠤ ᠢᠷᠠᠭᠤ ᠳᠠᠭᠤᠯᠠᠯ᠎ᠢ ᠪᠢᠴᠢᠭ᠌ᠯᠡᠵᠦ᠍᠂ ᠣᠨ ᠰᠠᠷ᠎ᠠ᠎ᠵᠢᠨ ᠡᠷᠭᠢᠯᠲᠡ᠎ᠳᠤ ᠦᠨᠢᠳᠡ ᠴᠡᠭᠡᠵᠢᠯᠡᠭᠳᠡᠨᠡ᠃