— ᠦᠶ᠋ᠯᠡᠴᠢᠯᠡᠭᠡᠨ ᠤ᠋ ᠦᠶ᠋ᠯᠡᠰ ᠤ᠋ᠨ ᠲᠣᠭ᠍ᠲᠠᠭᠤᠨ ᠡᠷᠭᠢᠯᠲᠡ ᠡᠴᠡ ᠥᠪᠥᠷ ᠮᠣᠩᠭᠣᠯᠤᠨ ᠠᠵᠤ ᠠᠬᠤᠶ ᠢ᠋ᠢᠨ ᠴᠢᠨᠠᠷ ᠰᠠᠢᠲᠠᠶ ᠬᠥᠭ᠌ᠵᠢᠯᠲᠡ ᠢ᠋ᠢ ᠠᠬᠢᠭᠤᠯᠤᠭᠰᠠᠠᠢ ᠬᠠᠷᠠᠬᠤᠢ
ᠬᠡᠷᠡᠭ᠌ᠯᠡᠭᠡᠨ ᠤ᠋ ᠵᠦᠶ᠋ᠯ ᠤ᠋ᠨ ᠬᠠᠭᠤᠴᠢᠨ ᠢ᠋ᠢᠡᠷ ᠱᠢᠨ᠎ᠡ ᠢ᠋ᠢ ᠰᠣᠯᠢᠬᠤ ᠲᠥᠷᠥ ᠢ᠋ᠢᠨ ᠪᠣᠳᠣᠯᠭ᠎ᠠ ᠢ᠋ᠢᠨ ᠠᠱᠢᠭ ᠲᠠᠰᠤᠷᠠᠯᠲᠠ ᠥᠬᠡᠶ ᠢᠯᠡᠷᠡᠪᠡ; 《ᠰᠣᠶᠣᠯ ᠵᠢᠭᠤᠯᠴᠢᠯᠠᠯ +》 ᠣᠯᠠᠨ ᠡᠱᠢᠲᠦ ᠠᠭᠤᠰᠤᠯᠴᠠᠯ ᠨᠢ ᠬᠡᠷᠡᠭ᠌ᠯᠡᠭᠡᠨ ᠤ᠋ ᠱᠢᠨ᠎ᠡ ᠣᠢᠯᠠᠭᠠᠯᠲᠠ ᠢ᠋ᠢ ᠠᠪᠴᠢᠷᠠᠪᠠ; ᠦᠢᠯᠡᠳᠪᠦᠷᠢᠯᠡᠯ ᠤ᠋ᠨ ᠴᠢᠨᠠᠷᠲᠠᠢ ᠦᠢᠯᠡᠴᠢᠯᠡᠭᠡᠨ ᠤ᠋ ᠦᠢᠯᠡᠰ ᠨᠢ ᠬᠡᠷᠡᠭᠯᠡᠭᠡ ᠢ᠋ᠢᠨ ᠨᠡᠮᠡᠭᠳᠡᠯ ᠢ᠋ ᠬᠦᠲᠦᠯᠦᠨ ᠳᠠᠭᠠᠭᠤᠯᠪᠠ ᠁
ᠡᠨᠡ ᠵᠢᠯ ᠡᠴᠡ ᠨᠠᠭᠠᠰᠢ ᠥᠪᠥᠷ ᠮᠣᠩᠭᠣᠯ 《ᠬᠣᠶᠠᠷ ᠬᠠᠯᠬᠠᠪᠴᠢ》᠂ 《ᠬᠣᠶᠠᠷ ᠰᠠᠭᠤᠷᠢᠨ》᠂ 《ᠨᠢᠭᠡ ᠪᠡᠬᠢᠯᠡᠯᠲᠡ》 ᠶ᠋ᠢᠨ ᠪᠠᠢᠯᠳᠤᠬᠤ ᠪᠣᠳᠣᠯᠭ᠎ᠠ ᠢ᠋ᠢᠨ ᠪᠠᠢᠷᠢ ᠲᠣᠭ᠍ᠲᠠᠭᠠᠯᠲᠠ ᠲᠠᠢ ᠨᠢᠭ᠍ᠲᠠ ᠤᠶᠠᠯᠳᠤᠭᠤᠯᠤᠨ᠂ ᠥᠪᠡᠷᠲᠡᠭᠡᠨ ᠵᠠᠰᠠᠬᠤ ᠣᠷᠣᠨ ᠤ᠋ ᠨᠠᠮ ᠤ᠋ᠨ ᠬᠣᠷᠢᠶ᠎ᠠ ᠵᠢᠨ 《1571》 ᠠᠵᠢᠯ ᠤ᠋ᠨ ᠪᠠᠢᠷᠢᠯᠠᠭᠤᠯᠤᠯᠲᠠ ᠢ᠋ᠢ ᠭᠦᠨᠵᠡᠭᠡᠶ ᠨᠠᠢᠳᠠᠪᠤᠷᠢᠵᠢᠭᠤᠯᠵᠤ᠂ ᠦᠶ᠋ᠯᠡᠴᠢᠯᠡᠭᠡᠨ ᠤ᠋ ᠦᠶ᠋ᠯᠡᠰ ᠤ᠋ᠨ ᠴᠢᠳᠠᠮᠵᠢ ᠵᠢ ᠥᠷᠭᠡᠳᠭᠡᠨ ᠶᠠᠰᠤ ᠴᠢᠨᠠᠷ ᠢ᠋ ᠳᠡᠬᠡᠭ᠌ᠰᠢᠯᠡᠭᠦᠯᠬᠦ᠌᠂ ᠪᠦᠲᠦᠴᠡ ᠵᠢ ᠱᠢᠯᠢᠳᠡᠭ᠌ᠵᠢᠭᠦᠯᠬᠦ᠌᠂ ᠬᠥᠳᠡᠯᠭᠡᠬᠦ᠌ ᠬᠦᠴᠦᠨ ᠢ᠋ ᠬᠤᠪᠢᠷᠠᠭᠤᠯᠬᠤ ᠢ᠋ᠢ ᠢᠳᠡᠪᠬᠢᠲᠡᠶ ᠠᠬᠢᠭᠤᠯᠵᠤ᠂ ᠪᠥᠬᠥ᠌ ᠣᠷᠣᠨ ᠤ᠋ ᠠᠵᠤ ᠠᠬᠤᠶ ᠢ᠋ᠢᠨ ᠴᠢᠨᠠᠷ ᠰᠠᠢᠲᠠᠶ ᠬᠥᠭ᠌ᠵᠢᠯᠲᠡ ᠳ᠋ᠤ ᠬᠦᠴᠦᠷᠬᠡᠭ ᠶᠡᠬᠡ ᠠᠮᠢᠵᠢᠷᠠᠯ ᠤ᠋ᠨ ᠬᠦᠴᠦᠨ ᠨᠡᠮᠡᠷᠢᠯᠡᠪᠡ᠃
ᠲᠣᠭ᠎ᠠ ᠪᠠᠷᠢᠮᠲᠠ ᠳ᠋ᠤ ᠢᠯᠡᠷᠡᠭᠦᠯᠦᠭ᠌ᠰᠡᠨ ᠢ᠋ᠢᠡᠷ᠄ ᠲᠦᠷᠦᠬᠦᠤ ᠤᠯᠠᠷᠢᠯ ᠳ᠋ᠤ ᠥᠪᠥᠷ ᠮᠣᠩᠭᠣᠯ ᠤ᠋ᠨ ᠦᠶ᠋ᠯᠡᠴᠢᠯᠡᠭᠡᠨ ᠤ᠋ ᠦᠶ᠋ᠯᠡᠰ ᠤ᠋ᠨ ᠨᠡᠮᠡᠭ᠌ᠳᠡᠯ ᠥᠷᠲᠡᠭ 3245 ᠳ᠋ᠦᠩᠱᠢᠭᠤᠷ ᠲᠥᠭᠥᠷᠢᠭ ᠲᠤ᠌ ᠬᠦᠷᠴᠤ᠂ ᠨᠢᠳᠤᠨᠤᠨ ᠤ᠋ ᠠᠳᠠᠯᠢ ᠬᠤᠭᠤᠴᠠᠭᠠᠨ ᠤ᠋ ᠬᠢ ᠡᠴᠡ 4% ᠪᠠᠷ ᠨᠡᠮᠡᠭ᠌ᠳᠡᠨ᠂ ᠦᠶ᠋ᠯᠡᠴᠢᠯᠡᠭᠡᠨ ᠤ᠋ ᠦᠶ᠋ᠯᠡᠰ ᠤ᠋ᠨ ᠨᠡᠮᠡᠭ᠌ᠳᠡᠯ ᠥᠷᠲᠡᠭ ᠤ᠋ᠨ GDP ᠳ᠋ᠡᠬᠢ ᠡᠵᠡᠯᠡᠬᠦ᠌ ᠬᠤᠪᠢ ᠢ᠋ᠢᠨ ᠵᠢᠩ 53% ᠢ᠋ᠢ ᠳᠠᠪᠠᠪᠠ; ᠭᠤᠷᠪᠠᠳᠤᠭᠠᠷ ᠠᠵᠤ ᠦᠶ᠋ᠯᠡᠰ ᠤ᠋ᠨ ᠪᠠᠯᠠ ᠣᠷᠣᠭᠤᠯᠤᠯᠲᠠ ᠨᠢᠳᠤᠨᠤᠨ ᠤ᠋ ᠠᠳᠠᠯᠢ ᠬᠤᠭᠤᠴᠠᠭᠠᠨ ᠤ᠋ ᠬᠢ ᠡᠴᠡ 14.7% ᠪᠠᠷ ᠨᠡᠮᠡᠭ᠌ᠳᠡᠨ᠂ ᠪᠦᠬᠦᠯᠢ ᠴᠣᠭ᠍ᠴᠠ ᠢ᠋ᠢᠨ ᠲᠣᠭ᠍ᠲᠠᠮᠠᠯ ᠬᠥᠷᠥᠩᠭᠡ ᠢ᠋ᠢᠨ ᠪᠠᠯᠠ ᠣᠷᠣᠭᠤᠯᠤᠯᠲᠠ ᠢ᠋ᠢᠨ ᠨᠡᠮᠡᠭ᠌ᠳᠡᠯ ᠤ᠋ᠨ ᠬᠤᠷᠳᠤᠴᠠ ᠡᠴᠡ ᠲᠠᠪᠠᠵᠤ᠂ ᠠᠵᠤ ᠠᠬᠤᠶ ᠢ᠋ᠢᠨ ᠨᠡᠮᠡᠭ᠌ᠳᠡᠯ ᠢ᠋ ᠲᠣᠭ᠍ᠲᠠᠪᠤᠷᠢᠵᠢᠭᠤᠯᠬᠤ᠂ ᠠᠷᠠᠳ ᠤ᠋ᠨ ᠠᠮᠢᠳᠤᠷᠠᠯ ᠤ᠋ᠨ ᠠᠵᠠ ᠵᠢᠷᠭᠠᠯ ᠢ᠋ ᠨᠡᠮᠡᠭ᠌ᠳᠡᠭᠦᠯᠬᠦ᠌ ᠵᠠᠩᠭᠢᠯᠠᠭ᠎ᠠ ᠢ᠋ᠢᠨ ᠲᠤᠯᠭᠠᠭᠤᠷᠢᠯᠠᠯ ᠪᠣᠯᠵᠠᠢ᠃
《ᠡᠨᠡ ᠵᠢᠯ ᠥᠪᠥᠷ ᠮᠣᠩᠭᠣᠯ ᠤ᠋ᠨ ᠦᠢᠯᠡᠴᠢᠯᠡᠭᠡᠨ ᠤ᠋ ᠦᠢᠯᠡᠰ ᠭᠠᠳᠠᠭᠠᠳᠤ ᠣᠷᠴᠢᠨ ᠤ᠋ ᠬᠡᠯᠪᠡᠯᠵᠡᠯ ᠤ᠋ᠨ ᠳᠠᠷᠤᠯᠲᠠ ᠢ᠋ᠢ ᠲᠤᠯᠵᠤ᠂ ᠪᠦᠬᠦᠯᠢ ᠴᠣᠭ᠍ᠴᠠ ᠢ᠋ᠢᠨ ᠡᠷᠬᠢᠯᠳᠡ ᠲᠣᠭ᠍ᠲᠠᠭᠤᠨ ᠢ᠋ᠢᠡᠷ ᠰᠠᠢᠵᠢᠷᠠᠨ᠂ ᠭᠣᠣᠯᠳᠠᠯᠭ᠎ᠠ ᠲᠠᠢ ᠠᠵᠢᠯ ᠲᠦᠷᠦᠯ ᠤ᠋ᠨ ᠨᠡᠮᠡᠭ᠌ᠳᠡᠯ ᠬᠢᠯᠠᠰ ᠴᠡᠭ ᠲᠠᠢ ᠪᠣᠯᠵᠠᠢ᠃ ᠪᠥᠭᠡᠮ ᠢ᠋ᠢᠡᠷ ᠪᠤᠷᠤᠯᠠᠭᠤᠯᠬᠤ ᠪᠠ ᠵᠢᠵᠢᠭ᠌ᠯᠡᠨ ᠪᠤᠷᠤᠯᠠᠭᠤᠯᠬᠤ ᠦᠶ᠋ᠯᠡᠰ ᠲᠣᠭ᠍ᠲᠠᠭᠤᠨ ᠢ᠋ᠢᠡᠷ ᠨᠡᠮᠡᠭ᠌ᠳᠡᠵᠦ᠍᠂ ᠬᠣᠨᠣᠭ ᠪᠠᠭᠤᠳᠠᠯ ᠢᠳᠡᠭᠡᠨ ᠤᠮᠳᠠᠭᠠᠨ ᠤ᠋ ᠦᠶ᠋ᠯᠡᠰ ᠪᠠᠭ᠎ᠠ ᠬᠡᠮᠵᠢᠶ᠎ᠡ ᠪᠡᠷ ᠬᠡᠯᠪᠡᠯᠵᠡᠨ᠂ ᠬᠡᠷ ᠭᠠᠵᠠᠷ ᠬᠥᠷᠥᠩᠭᠡ ᠢ᠋ᠢᠨ ᠦᠶ᠋ᠯᠡᠰ ᠦᠷᠭᠦᠯᠵᠢᠯᠡᠨ ᠳᠠᠷᠤᠯᠲᠠ ᠢ᠋ᠢ ᠳᠠᠭᠠᠭᠠᠵᠤ᠂ ᠠᠵᠤ ᠦᠶ᠋ᠯᠡᠰ ᠤ᠋ᠨ ᠤᠶᠠᠨ ᠬᠠᠳᠠᠨ ᠴᠢᠨᠠᠷ ᠦᠷᠭᠦᠯᠵᠢᠯᠡᠨ ᠲᠣᠪᠣᠢᠮ᠎ᠠ ᠪᠤᠯᠵᠤ ᠪᠠᠢᠨ᠎ᠠ》 ᠭᠡᠵᠦ᠍ ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠬᠣᠷᠸ᠎ᠠ ᠠᠵᠤ ᠠᠬᠤᠶ ᠢ᠋ᠢᠨ ᠰᠤᠳᠤᠯᠭᠠᠨ ᠤ᠋ ᠲᠥᠪ ᠤ᠋ᠨ ᠶᠡᠷᠦᠩᠬᠡᠶ ᠠᠵᠤ ᠠᠬᠤᠢᠴᠢ ᠰᠧ ᠶᠦᠩ ᠮᠧᠶ ᠬᠡᠯᠡᠨ᠎ᠠ᠃
ᠥᠪᠥᠷ ᠮᠣᠩᠭᠣᠯ ᠤ᠋ᠨ ᠤᠯᠠᠮᠵᠢᠯᠠᠯᠲᠤ ᠦᠶ᠋ᠯᠡᠴᠢᠯᠡᠭᠡᠨ ᠤ᠋ ᠦᠶ᠋ᠯᠡᠰ ᠨᠢ ᠵᠠᠮ ᠬᠠᠷᠢᠯᠴᠠᠭ᠎ᠠ ᠲᠡᠭᠡᠭᠡᠪᠦᠷᠢ᠂ ᠪᠥᠭᠡᠮ ᠢ᠋ᠢᠡᠷ ᠪᠤᠷᠤᠯᠠᠭᠤᠯᠬᠤ ᠪᠠ ᠵᠢᠵᠢᠭ᠌ᠯᠡᠨ ᠪᠤᠷᠤᠯᠠᠭᠤᠯᠬᠤ᠂ ᠬᠣᠨᠣᠭ ᠪᠠᠭᠤᠳᠠᠯ ᠢᠳᠡᠭᠡᠨ ᠤᠮᠳᠠᠭᠠᠨ᠂ ᠬᠡᠷ ᠭᠠᠵᠠᠷ ᠬᠥᠷᠥᠩᠭᠡ ᠢ᠋ᠢᠨ ᠦᠶ᠋ᠯᠡᠰ ᠢ᠋ᠢᠡᠷ ᠭᠤᠤᠯ ᠪᠣᠯᠭᠠᠵᠤ᠂ ᠦᠶ᠋ᠯᠡᠴᠢᠯᠡᠭᠡᠨ ᠤ᠋ ᠦᠶ᠋ᠯᠡᠰ ᠲᠡᠬᠢ ᠡᠵᠡᠯᠡᠬᠦ᠌ ᠬᠤᠪᠢ ᠢ᠋ᠢᠨ ᠵᠢᠩ ᠨᠢ 40% ᠢ᠋ᠢ ᠳᠠᠪᠠᠳᠠᠭ ᠪᠠᠢᠪᠠ᠃ ᠬᠡᠪᠡᠴᠦ 《ᠠᠷᠪᠠᠨ ᠳᠥᠷᠪᠡᠳᠦᠭᠡᠷ ᠲᠠᠪᠤᠨ ᠵᠢᠯ》 ᠡᠴᠡ ᠨᠠᠭᠠᠰᠢ᠂ ᠪᠥᠭᠡᠮ ᠢ᠋ᠢᠡᠷ ᠪᠤᠷᠤᠯᠠᠭᠤᠯᠬᠤ ᠪᠠ ᠵᠢᠵᠢᠭ᠌ᠯᠡᠨ ᠪᠤᠷᠤᠯᠠᠭᠤᠯᠬᠤ ᠦᠶ᠋ᠯᠡᠰ᠂ ᠬᠣᠨᠣᠭ ᠪᠠᠭᠤᠳᠠᠯ ᠢᠳᠡᠭᠡᠨ ᠤᠮᠳᠠᠭᠠᠨ ᠤ᠋ ᠦᠶ᠋ᠯᠡᠰ᠂ ᠬᠡᠷ ᠭᠠᠵᠠᠷ ᠬᠥᠷᠥᠩᠭᠡ ᠢ᠋ᠢᠨ ᠦᠶ᠋ᠯᠡᠰ ᠤ᠋ᠨ ᠬᠥᠭ᠌ᠵᠢᠯᠲᠡ ᠱᠢᠨ᠎ᠡ ᠥᠷᠢᠰᠥᠯᠳᠦᠭᠡᠨᠳᠤ ᠲᠤᠯᠭᠠᠷᠠᠭᠰᠠᠨ ᠠᠵᠢ᠃
ᠬᠥᠭ᠌ᠵᠢᠯᠲᠡ ᠢ᠋ᠢᠨ ᠱᠢᠨ᠎ᠡ ᠥᠷᠢᠰᠥᠯᠳᠦᠭᠡᠨ ᠳ᠋ᠤ ᠴᠢᠭ᠌ᠯᠡᠭᠦᠯᠦᠨ᠂ ᠡᠨᠡ ᠵᠢᠯ ᠡᠴᠡ ᠨᠠᠭᠠᠰᠢ ᠥᠪᠥᠷ ᠮᠣᠩᠭᠣᠯ ᠦᠶ᠋ᠯᠡᠴᠢᠯᠡᠭᠡᠨ ᠤ᠋ ᠦᠶ᠋ᠯᠡᠰ ᠤ᠋ᠨ ᠱᠢᠨ᠎ᠡ ᠨᠡᠮᠡᠭ᠌ᠳᠡᠯ ᠤ᠋ᠨ ᠴᠡᠭ ᠪᠣᠯᠤᠨ ᠦᠶ᠋ᠯᠡᠴᠢᠯᠡᠭᠡᠨ ᠤ᠋ ᠠᠷᠠᠯᠵᠢᠶᠠᠨ ᠤ᠋ ᠱᠢᠨ᠎ᠡ ᠣᠷᠣᠨ ᠵᠠᠶ ᠢ᠋ᠢ ᠲᠠᠰᠤᠷᠠᠯᠲᠠ ᠥᠬᠡᠶ ᠪᠣᠢᠵᠢᠭᠤᠯᠵᠤ᠂ ᠬᠥᠭ᠌ᠵᠢᠯᠲᠡ ᠢ᠋ᠢᠨ ᠴᠢᠳᠠᠪᠤᠷᠢ ᠢ᠋ᠢ ᠳᠡᠭᠡᠭ᠌ᠰᠢᠯᠡᠭᠦᠯᠪᠡ᠃
1 ᠰᠠᠷ᠎ᠠ ᠢ᠋ᠢᠨ 20 ᠤ᠋ ᠡᠳᠦᠷ᠂ ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠬᠤᠳᠠᠯᠳᠤᠭᠠᠨ ᠤ᠋ ᠶᠠᠪᠤᠳᠠᠯ ᠤ᠋ᠨ ᠲᠢᠩᠬᠢᠮ ᠵᠡᠷᠭᠡ 8 ᠰᠠᠯᠠᠭ᠎ᠠ ᠮᠥᠴᠢᠷ ᠬᠠᠮᠲᠤᠷᠠᠨ 《2026 ᠣᠨ ᠤ᠋ ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠮᠠᠱᠢᠨ ᠲᠡᠷᠭᠡ ᠢ᠋ᠢᠨ ᠬᠠᠭᠤᠴᠢᠨ ᠢ᠋ᠢᠡᠷ ᠱᠢᠨ᠎ᠡ ᠢ᠋ᠢ ᠰᠣᠯᠢᠬᠤ ᠠᠵᠢᠯ ᠢ᠋ ᠥᠷᠨᠢᠭᠦᠯᠬᠦ᠌ ᠲᠤᠬᠠᠶ ᠮᠡᠳᠡᠭ᠌ᠳᠡᠯ》 ᠪᠠᠭᠤᠯᠭᠠᠪᠠ᠃ 1 ᠰᠠᠷ᠎ᠠ ᠢ᠋ᠢᠨ 23 ᠤ᠋ ᠡᠳᠦᠷ᠂ ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠬᠤᠳᠠᠯᠳᠤᠭᠠᠨ ᠤ᠋ ᠶᠠᠪᠤᠳᠠᠯ ᠤ᠋ᠨ ᠲᠢᠩᠬᠢᠮ ᠵᠡᠷᠭᠡ 5 ᠰᠠᠯᠠᠭ᠎ᠠ ᠮᠥᠴᠢᠷ ᠬᠠᠮᠲᠤᠷᠠᠨ 《ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠬᠡᠷ ᠤ᠋ᠨ ᠴᠠᠬᠢᠯᠭᠠᠨ ᠬᠡᠷᠡᠭ᠌ᠰᠡᠯ ᠤ᠋ᠨ ᠬᠠᠭᠤᠴᠢᠨ ᠢ᠋ᠢᠡᠷ ᠱᠢᠨ᠎ᠡ ᠢ᠋ᠢ ᠰᠣᠯᠢᠬᠤ᠂ ᠲᠣᠭᠠᠴᠢᠯᠬᠠᠰᠠᠨ ᠪᠠ ᠣᠶᠤᠨᠴᠢ ᠦᠶ᠋ᠯᠡᠳᠬᠦᠨ ᠬᠤᠳᠠᠯᠳᠤᠨ ᠠᠪᠬᠤᠳᠦ ᠱᠢᠨ᠎ᠡ ᠨᠥᠬᠥᠪᠥᠷᠢ ᠬᠡᠷᠡᠭ᠌ᠵᠢᠭᠦᠯᠬᠦ᠌ ᠨᠠᠷᠢᠨ ᠲᠦᠷᠢᠮ》 ᠢ᠋ ᠳᠠᠷᠤᠮᠠᠯᠯᠠᠨ ᠲᠠᠷᠬᠠᠭᠠᠪᠠ᠃ ᠪᠦᠷᠢᠳᠭᠡᠯ ᠢ᠋ ᠦᠨᠳᠦᠰᠦᠯᠡᠪᠡᠯ᠂ 2026 ᠣᠨ ᠡᠴᠡ ᠨᠠᠭᠠᠰᠢ ᠪᠥᠬᠥ᠌ ᠣᠷᠣᠨ ᠤ᠋ ᠬᠡᠷᠡᠭ᠌ᠯᠡᠭᠡᠨ ᠤ᠋ ᠵᠦᠶ᠋ᠯ ᠤ᠋ᠨ ᠬᠠᠭᠤᠴᠢᠨ ᠢ᠋ᠢᠡᠷ ᠱᠢᠨ᠎ᠡ ᠢ᠋ᠢ ᠰᠣᠯᠢᠬᠤ ᠠᠵᠢᠯ ᠨᠡᠢᠲᠡ 122.6 ᠳ᠋ᠦᠩᠱᠢᠭᠤᠷ ᠲᠥᠭᠥᠷᠢᠭ ᠤ᠋ᠨ ᠪᠣᠷᠣᠯᠠᠭᠤᠯᠭ᠎ᠠ ᠢ᠋ᠢᠨ ᠬᠡᠮᠵᠢᠶ᠎ᠠ ᠢ᠋ᠢ ᠳᠠᠢᠴᠢᠯᠠᠵᠤ᠂ ᠲᠥᠷᠥ ᠢ᠋ᠢᠨ ᠪᠣᠳᠣᠯᠭ᠎ᠠ ᠢ᠋ᠢᠨ ᠦᠶ᠋ᠯᠡᠳᠦᠯ ᠢ᠋ ᠭᠦᠶ᠋ᠴᠡᠳ ᠪᠠᠳᠠᠷᠠᠭᠤᠯᠤᠨ᠂ ᠬᠡᠷᠡᠭ᠌ᠯᠡᠭᠡᠨ ᠤ᠋ ᠢᠲᠡᠭᠡᠯ ᠢ᠋ ᠪᠦᠲᠦᠮᠵᠢᠲᠡᠶ ᠬᠥᠭ᠌ᠵᠢᠭᠡᠵᠦ᠍᠂ ᠠᠵᠤ ᠠᠬᠤᠶ ᠢ᠋ᠢᠨ ᠨᠡᠮᠡᠭ᠌ᠳᠡᠯ ᠢ᠋ ᠲᠣᠭ᠍ᠲᠠᠪᠤᠷᠢᠵᠢᠭᠤᠯᠪᠠ᠃
ᠬᠡᠷᠡᠭ᠌ᠯᠡᠭᠡ ᠪᠣᠯ ᠦᠢᠯᠡᠴᠢᠯᠡᠭᠡᠨ ᠤ᠋ ᠦᠢᠯᠡᠰ ᠤ᠋ᠨ ᠨᠡᠮᠡᠭ᠌ᠳᠡᠯ ᠢ᠋ ᠳᠠᠢᠴᠢᠯᠠᠬᠤ ᠭᠣᠣᠯ ᠬᠥᠳᠡᠯᠭᠡᠭᠦᠷ ᠮᠥᠨ᠃ ᠡᠯ᠎ᠡ ᠠᠢᠮᠠᠭ ᠬᠣᠲᠠ ᠨᠢ ᠬᠠᠮᠵᠢᠯᠴᠠᠨ ᠬᠦᠴᠦᠯᠡᠵᠦ᠍᠂ ᠬᠡᠷᠡᠭ᠌ᠯᠡᠭᠡ ᠢ᠋ᠢ ᠠᠬᠢᠭᠤᠯᠬᠤ ᠠᠷᠭ᠎ᠠ ᠬᠡᠮᠵᠢᠶ᠎ᠡ ᠢ᠋ᠢ ᠨᠠᠷᠢᠨ ᠣᠨᠣᠴᠠᠲᠠᠶ ᠪᠥᠭᠡᠳ ᠬᠦᠴᠦᠲᠡᠶ ᠪᠤᠯᠭᠠᠪᠠ᠃
ᠡᠨᠡ ᠵᠢᠯ ᠬᠥᠬᠡᠬᠣᠲᠠ ᠪᠦᠬᠦ ᠤᠯᠤᠰ ᠤ᠋ᠨ ᠱᠠᠩᠨᠠᠯᠲᠤ ᠪᠠᠷᠢᠮᠲᠠ ᠢ᠋ᠢᠨ ᠲᠤᠷᠱᠢᠯᠲᠠ ᠢ᠋ᠢᠨ ᠴᠡᠭ ᠵᠢᠡᠷ ᠵᠦᠪᠰᠢᠶᠡᠷᠡᠭᠳᠡᠨ᠂ 1.4 ᠳ᠋ᠦᠩᠱᠢᠭᠤᠷ ᠲᠥᠭᠥᠷᠢᠭ ᠤ᠋ᠨ ᠲᠥᠪ ᠤ᠋ᠨ ᠪᠠᠯᠠ ᠮᠥᠩᠭᠥᠨ ᠤ᠋ ᠳᠡᠮᠵᠢᠯᠭᠡ ᠵᠢ ᠤᠯᠵᠤ ᠂ 2 ᠰᠠᠷ᠎ᠠ ᠢ᠋ᠢᠨ 12 ᠤ᠋ᠨ ᠡᠳᠦᠷ ᠡᠴᠡ ᠬᠠᠭᠠᠰ ᠵᠢᠯ ᠱᠢᠬᠠᠮ ᠤ᠋ᠨ ᠬᠤᠭᠤᠴᠠᠭ᠎ᠠ ᠪᠦᠬᠦᠢ 《ᠪᠠᠷᠢᠮᠲᠠ ᠭᠠᠷᠭᠠᠪᠠᠯ ᠲᠣᠮᠣ ᠱᠠᠩᠨᠠᠯ ᠣᠯᠭᠣᠬᠤ》 ᠠᠵᠢᠯᠯᠠᠭ᠎ᠠ ᠥᠷᠨᠢᠭᠦᠯᠵᠤ ᠡᠬᠢᠯᠡᠪᠡ᠃ ᠲᠡᠬᠡᠬᠦ ᠳ᠋ᠤ 3 ᠰᠠᠷ᠎ᠠ ᠢ᠋ᠢᠨ 31 ᠤ᠋ ᠡᠳᠦᠷ ᠪᠤᠯᠬᠤ ᠳ᠋ᠤ ᠨᠢᠬᠡᠨᠳᠡ 1.7 ᠲᠦᠮᠡᠨ ᠬᠤᠳᠠᠯᠳᠤᠭᠠᠴᠢᠨ ᠡᠷᠦᠬᠡ ᠪᠤᠯᠤᠨ 37.1 ᠲᠦᠮᠡᠨ ᠬᠥᠮᠦᠨ ᠣᠷᠣᠯᠴᠠᠵᠤ᠂ 4360.9 ᠲᠦᠮᠡᠨ ᠲᠥᠭᠥᠷᠢᠭ ᠤ᠋ᠨ ᠨᠥᠬᠥᠪᠥᠷᠢ ᠮᠥᠩᠭᠥ ᠵᠢ ᠬᠡᠷᠡᠭ᠌ᠯᠡᠵᠦ᠍᠂ 9.6 ᠳ᠋ᠦᠩᠱᠢᠭᠤᠷ ᠲᠥᠭᠥᠷᠢᠭ ᠤ᠋ᠨ ᠬᠡᠷᠡᠭ᠌ᠯᠡᠭᠡ ᠢ᠋ᠢ ᠳᠠᠢᠴᠢᠯᠠᠪᠠ᠃ ᠪᠤᠭᠤᠲᠤ ᠬᠣᠲᠠ ᠲᠦᠷᠦᠬᠦᠤ ᠤᠯᠠᠷᠢᠯ ᠳ᠋ᠤ ᠬᠤᠳᠠᠯᠳᠤᠭᠠᠨ ᠤ᠋ ᠶᠠᠪᠤᠳᠠᠯ ᠤ᠋ᠨ ᠬᠦᠷᠢᠶᠡᠨ ᠳ᠋ᠡᠬᠢ ᠬᠡᠷᠡᠭ᠌ᠯᠡᠭᠡᠨ ᠤ᠋ ᠵᠦᠶ᠋ᠯ ᠤ᠋ᠨ ᠬᠠᠭᠤᠴᠢᠨ ᠢ᠋ᠢᠡᠷ ᠱᠢᠨ᠎ᠡ ᠢ᠋ᠢ ᠰᠣᠯᠢᠬᠤ ᠪᠠᠯᠠ ᠮᠥᠩᠭᠥ ᠢ᠋ᠢ 1.7449 ᠳ᠋ᠦᠩᠱᠢᠭᠤᠷ ᠲᠥᠭᠥᠷᠢᠭ ᠪᠠᠭᠤᠯᠭᠠᠵᠤ᠂ ᠡᠯ᠎ᠡ ᠲᠥᠷᠥᠯ ᠤ᠋ᠨ ᠪᠠᠯᠠ ᠮᠥᠩᠭᠥ ᠢ᠋ᠢ 2100 ᠲᠦᠮᠡᠨ ᠲᠥᠭᠥᠷᠢᠭ ᠨᠢᠭᠡᠳᠦᠯᠲᠡᠶ ᠲᠥᠯᠥᠪᠯᠡᠨ᠂ ᠪᠣᠷᠣᠯᠠᠭᠤᠯᠭ᠎ᠠ ᠢ᠋ᠢ ᠠᠬᠢᠭᠤᠯᠬᠤ ᠠᠵᠢᠯᠯᠠᠭ᠎ᠠ ᠵᠢ 186 ᠲᠠᠯᠠᠪᠤᠷ ᠥᠷᠨᠢᠭᠦᠯᠵᠦ᠍᠂ ᠨᠡᠢᠲᠡ 12.29 ᠳ᠋ᠦᠩᠱᠢᠭᠤᠷ ᠲᠥᠭᠥᠷᠢᠭ ᠤ᠋ᠨ ᠬᠡᠷᠡᠭ᠌ᠯᠡᠭᠡ ᠢ᠋ᠢ ᠳᠠᠢᠴᠢᠯᠠᠨ ᠵᠠᠬ᠎ᠠ ᠳᠡᠯᠭᠡᠭᠦᠷ ᠤ᠋ᠨ ᠠᠮᠢᠵᠢᠷᠠᠯ ᠤ᠋ᠨ ᠬᠦᠴᠦᠨ ᠢ᠋ ᠪᠦᠲᠦᠮᠵᠢᠲᠡᠶ ᠬᠥᠭ᠌ᠵᠢᠭᠡᠪᠡ ᠁
ᠥᠪᠥᠷ ᠮᠣᠩᠭᠣᠯ 《ᠪᠦᠲᠦᠴᠡ ᠢ᠋ᠢ ᠲᠣᠬᠢᠷᠠᠭᠤᠯᠬᠤ᠂ ᠬᠡᠯᠪᠡᠷᠢ ᠢ᠋ᠢ ᠬᠤᠪᠢᠷᠠᠭᠤᠯᠬᠤ ᠢ᠋ᠢ ᠠᠬᠢᠭᠤᠯᠬᠤ᠂ ᠬᠥᠳᠡᠯᠭᠡᠬᠦ᠌ ᠬᠦᠴᠦᠨ ᠢ᠋ ᠨᠡᠮᠡᠭ᠌ᠳᠡᠭᠦᠯᠬᠦ᠌》 ᠭᠤᠤᠯ ᠱᠤᠭᠤᠮ ᠢ᠋ ᠪᠠᠷᠢᠮᠲᠠᠯᠠᠨ ᠤᠯᠠᠮᠵᠢᠯᠠᠯᠲᠤ ᠦᠶ᠋ᠯᠡᠴᠢᠯᠡᠭᠡᠨ ᠤ᠋ ᠦᠶ᠋ᠯᠡᠰ ᠢ᠋ ᠲᠠᠰ ᠳᠡᠪᠱᠢᠭᠦᠯᠵᠤ᠂ ᠱᠢᠨ᠎ᠡ ᠪᠡᠷ ᠮᠠᠨᠳᠤᠭ᠍ᠰᠠᠨ ᠦᠶ᠋ᠯᠡᠴᠢᠯᠡᠭᠡᠨ ᠤ᠋ ᠦᠶ᠋ᠯᠡᠰ ᠢ᠋ ᠪᠤᠵᠠᠭᠠᠢᠷᠠᠭᠤᠯᠵᠤ᠂ ᠠᠵᠤ ᠦᠶ᠋ᠯᠡᠰ ᠤ᠋ᠨ ᠠᠭᠤᠰᠤᠯᠴᠠᠯ ᠢ᠋ ᠭᠦᠨᠵᠡᠭᠡᠢᠷᠡᠭᠦᠯᠵᠤ᠂ ᠴᠢᠨᠠᠷ ᠰᠠᠢᠲᠠᠶ ᠬᠥᠭ᠌ᠵᠢᠯᠲᠡ ᠢ᠋ᠢ ᠠᠬᠢᠭᠤᠯᠪᠠ᠃
ᠲᠦᠩᠯᠢᠶᠣᠤ ᠬᠣᠲᠠ ᠳ᠋ᠤ᠂ ᠲᠤᠬᠠᠶ ᠢ᠋ᠢᠨ ᠭᠠᠵᠠᠷ ᠤ᠋ᠨ ᠰᠣᠶᠣᠯ ᠵᠢᠭᠤᠯᠴᠢᠯᠠᠯ ᠤ᠋ᠨ ᠪᠦᠯᠦᠭ᠌ᠯᠡᠯ ᠲᠦᠷᠦᠭᠦᠯᠡᠨ ᠬᠤᠳᠠᠯᠳᠤᠭᠠᠨ ᠤ᠋ ᠬᠣᠯᠪᠣᠭ᠎ᠠ ᠪᠠᠢᠭᠤᠯᠵᠤ᠂ 《ᠢᠳᠡᠵᠦ᠍ ᠤᠤᠭᠤᠬᠤ ᠬᠣᠨᠣᠵᠤ ᠬᠡᠪᠲᠡᠬᠦ᠌ ᠵᠢᠭᠤᠯᠴᠢᠯᠠᠵᠤ ᠲᠣᠭᠣᠷᠢᠬᠤ ᠬᠤᠳᠠᠯᠳᠤᠨ ᠠᠪᠬᠤ ᠵᠤᠭ᠎ᠠ ᠴᠡᠩᠭᠡᠯ》 ᠤ᠋ᠨ ᠪᠦᠬᠦ᠌ ᠬᠡᠯᠬᠢᠶ᠎ᠡ ᠢ᠋ᠢᠨ ᠡᠬᠢ ᠪᠠᠶᠠᠯᠢᠭ ᠢ᠋ ᠡᠮᠬᠢᠯᠡᠨ ᠨᠡᠢᠯᠡᠭᠦᠯᠵᠦ᠍᠂ 50 ᠭᠠᠷᠤᠶ ᠬᠤᠳᠠᠯᠳᠤᠭᠠᠴᠢᠨ ᠡᠷᠦᠬᠡ ᠪᠤᠯᠤᠨ ᠮᠢᠩᠭ᠎ᠠ ᠱᠢᠬᠠᠮ ᠪᠤᠳᠠᠳᠤ ᠲᠠᠯᠬᠡᠬᠦᠷ ᠬᠤᠯᠪᠤᠭ᠎ᠠ ᠳ᠋ᠤ ᠤᠷᠤᠵᠤ᠂ ᠬᠦᠳᠡᠬᠡ ᠲᠤᠰᠬᠤᠨ ᠰᠣᠶᠣᠯ ᠵᠢᠭᠤᠯᠴᠢᠯᠠᠯ ᠪᠡᠶ᠎ᠡ ᠵᠢᠨ ᠲᠠᠮᠢᠷ ᠬᠤᠳᠠᠯᠳᠤᠭᠠᠨᠤ ᠦᠢᠯᠡᠰ ᠠᠭᠤᠰᠤᠯᠴᠠᠨ ᠬᠦᠭᠵᠢᠭᠰᠡᠡ ᠱᠢᠨ᠎ᠡ ᠬᠠᠭᠤᠳᠠᠰᠤ ᠢ᠋ᠢ ᠪᠢᠴᠢᠭ᠌ᠯᠡᠵᠡᠢ᠃ ᠪᠠᠶᠠᠨᠨᠠᠭᠤᠷ ᠬᠣᠲᠠ ᠭᠠᠭ᠍ᠴᠠᠮᠤᠳᠤ ᠬᠢᠯᠢ ᠵᠢᠨ ᠪᠣᠭᠣᠮᠲᠠ ᠳ᠋ᠤ ᠲᠦᠱᠢᠭ᠌ᠯᠡᠨ᠂ ᠬᠠᠭᠤᠷᠠᠶ ᠳᠡᠭᠡᠷᠡᠬᠢ ᠬᠢᠯᠢ ᠢ᠋ᠢᠨ ᠪᠣᠭᠣᠮᠲᠠ ᠢ᠋ᠢᠨ ᠬᠡᠯᠪᠡᠷᠢ ᠢ᠋ᠢᠨ ᠤᠯᠤᠰ ᠤ᠋ᠨ ᠡᠳ᠋ ᠪᠠᠷᠠᠭᠠᠨ ᠤ᠋ ᠭᠦᠶ᠋ᠯᠭᠡᠭᠡᠨ ᠤ᠋ ᠬᠦᠶ᠋ᠰᠦ ᠪᠡᠷ ᠠᠮᠵᠢᠯᠲᠠ ᠲᠠᠢ ᠰᠣᠩᠭᠣᠭ᠍ᠳᠠᠭ᠍ᠰᠠᠨ ᠪᠥᠭᠡᠳ ᠴᠢᠨᠠᠷ ᠰᠠᠢᠲᠠᠶ ᠪᠥᠲᠥᠭᠡᠨ ᠪᠠᠢᠭᠤᠯᠵᠤ᠂ 《ᠨᠡᠪᠲᠡᠷᠡᠯ ᠵᠠᠮ ᠤ᠋ᠨ ᠠᠵᠤ ᠠᠬᠤᠶ》 ᠡᠴᠡ 《ᠬᠦᠶ᠋ᠰᠦ ᠢ᠋ᠢᠨ ᠠᠵᠤ ᠠᠬᠤᠶ》 ᠳᠠᠢᠰᠢ ᠬᠡᠯᠪᠡᠷᠢ ᠪᠡᠨ ᠬᠤᠪᠢᠷᠠᠭᠤᠯᠤᠨ ᠲᠠᠰ ᠳᠡᠪᠱᠢᠬᠦ᠌ ᠢ᠋ᠢ ᠴᠢᠷᠮᠠᠢᠨ ᠪᠡᠶᠡᠯᠡᠭᠦᠯᠵᠤ ᠪᠠᠢᠨ᠎ᠠ ᠁
ᠮᠥᠩᠭᠥᠨ ᠭᠦᠢᠯᠭᠡᠭᠡᠨ ᠤ᠋ ᠦᠢᠯᠡᠰ ᠪᠤᠯ ᠦᠢᠯᠡᠴᠢᠯᠡᠭᠡᠨ ᠤ᠋ ᠦᠢᠯᠡᠰ ᠤ᠋ᠨ ᠬᠦᠴᠦᠷᠬᠡᠭ ᠶᠡᠬᠡ ᠬᠥᠳᠡᠯᠭᠡᠬᠦ᠌ ᠬᠦᠴᠦᠨ ᠮᠦᠨ᠂ ᠲᠦᠷᠦᠬᠦᠤ ᠤᠯᠠᠷᠢᠯ ᠳ᠋ᠤ ᠪᠦᠬᠦ ᠤᠷᠤᠨ ᠵᠢᠡᠷ ᠵᠢᠡᠨ ᠮᠥᠩᠭᠥᠨ ᠭᠦᠢᠯᠭᠡᠭᠡᠨ ᠤ᠋ ᠦᠢᠯᠡᠰ ᠲᠦ᠍ 295 ᠳ᠋ᠦᠩᠱᠢᠭᠤᠷ ᠲᠥᠭᠥᠷᠢᠭ ᠤ᠋ᠨ ᠨᠡᠮᠡᠭ᠌ᠳᠡᠯ ᠦᠷᠳᠡᠭ ᠢ᠋ ᠪᠡᠶᠡᠯᠡᠭᠦᠯᠵᠦ᠍᠂ ᠨᠢᠳᠤᠨᠤᠨ ᠤ᠋ ᠠᠳᠠᠯᠢ ᠬᠤᠭᠤᠴᠠᠭᠠᠨ ᠤ᠋ ᠬᠢ ᠡᠴᠡ 9.3% ᠪᠡᠷ ᠨᠡᠮᠡᠭ᠌ᠳᠡᠨ᠂ ᠳᠡᠭᠡᠷ᠎ᠡ ᠵᠢᠯ ᠤ᠋ᠨ ᠠᠳᠠᠯᠢ ᠬᠤᠭᠤᠴᠠᠭᠠᠨ ᠤ᠋ ᠬᠢ ᠡᠴᠡ ᠵᠠᠭᠤᠨ ᠤ᠋ ᠬᠠᠷᠢᠴᠠᠯ ᠢ᠋ᠢᠡᠷ 8.5 ᠬᠤᠪᠢ ᠲᠦᠷᠭᠡᠨ ᠪᠣᠯᠪᠠ; ᠦᠶ᠋ᠯᠡᠳᠬᠦ᠌ ᠦᠶ᠋ᠯᠡᠰ᠂ ᠠᠷᠠᠳ ᠤ᠋ᠨ ᠡᠵᠡᠩᠨᠡᠯᠲᠡ ᠢ᠋ᠢᠨ ᠠᠵᠤ ᠠᠬᠤᠢᠯᠠᠯ᠂ ᠲᠦᠭᠡᠮᠡᠯ ᠬᠠᠷᠠᠭᠠᠯᠵᠠᠯᠲᠤ ᠪᠠᠭ᠎ᠠ ᠵᠢᠵᠢᠭ ᠠᠵᠤ ᠠᠬᠤᠢᠯᠠᠯ ᠵᠡᠷᠭᠡ ᠥᠪᠡᠷᠲᠡᠭᠡᠨ ᠵᠠᠰᠠᠬᠤ ᠣᠷᠣᠨ ᠤ᠋ ᠭᠤᠤᠯᠳᠠᠯᠭ᠎ᠠ ᠲᠠᠢ ᠬᠦᠷᠢᠶᠡᠨ ᠳ᠋ᠡᠬᠢ ᠢᠲᠡᠭᠡᠮᠵᠢᠲᠦ ᠵᠢᠭᠡᠯᠡᠯᠭᠡ ᠢ᠋ᠢᠨ ᠳᠡᠮᠵᠢᠯᠭᠡ ᠵᠢ ᠤᠯᠠᠮ ᠨᠢᠭᠡ ᠠᠯᠬᠤᠮ ᠴᠢᠩᠭᠠᠷᠠᠭᠤᠯᠵᠤ᠂ ᠵᠢᠭᠡᠯᠡᠯᠭᠡ ᠢ᠋ᠢᠨ ᠦᠯᠡᠳᠡᠪᠦᠷᠢ ᠨᠢ ᠨᠢᠳᠤᠨᠤᠨ ᠤ᠋ ᠠᠳᠠᠯᠢ ᠬᠤᠭᠤᠴᠠᠭᠠᠨ ᠤ᠋ ᠬᠢ ᠡᠴᠡ ᠲᠣᠰ ᠲᠣᠰ 7%᠂ 7.9% ᠪᠠ 6.2% ᠢ᠋ᠢᠡᠷ ᠨᠡᠮᠡᠭ᠌ᠳᠡᠪᠡ; ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠤ᠋ᠨ ᠱᠢᠨ᠎ᠡ ᠢ᠋ᠢ ᠡᠭᠦᠳᠬᠦ᠌ ᠪᠠ ᠮᠡᠷᠭᠡᠵᠢᠯ ᠤ᠋ᠨ ᠥᠭᠡᠷᠡᠴᠢᠯᠡᠯᠲᠡ ᠢ᠋ᠢᠨ ᠵᠢᠭᠡᠯᠡᠯᠭᠡ ᠵᠢ ᠰᠢᠨ᠎ᠠ ᠪᠡᠷ 223 ᠳ᠋ᠦᠩᠱᠢᠭᠤᠷ ᠲᠥᠭᠥᠷᠢᠭ ᠨᠡᠮᠡᠭ᠌ᠳᠡᠬᠦᠯᠪᠡ᠃
ᠲᠦᠷᠦᠬᠦᠤ ᠤᠯᠠᠷᠢᠯ ᠳ᠋ᠤ᠂ ᠮᠠᠨ ᠤ᠋ ᠤᠷᠤᠨ ᠤ᠋ ᠵᠠᠮ ᠬᠠᠷᠢᠯᠴᠠᠭ᠎ᠠ ᠲᠡᠭᠡᠭᠡᠪᠦᠷᠢ᠂ ᠰᠠᠩ ᠬᠥᠮᠥᠷᠭᠡ ᠪᠠ ᠱᠢᠤᠳᠠᠨ ᠤ᠋ ᠦᠶ᠋ᠯᠡᠰ ᠤ᠋ᠨ ᠨᠡᠮᠡᠭᠳᠡᠯ ᠦᠷᠳᠡᠭ 8.1% ᠪᠠᠷ ᠨᠡᠮᠡᠭᠳᠡᠵᠤ᠂ ᠦᠶ᠋ᠯᠡᠴᠢᠯᠡᠭᠡᠨ ᠤ᠋ ᠦᠶ᠋ᠯᠡᠰ ᠤ᠋ᠨ ᠭᠤᠤᠯ ᠲᠤᠯᠭᠠᠭᠤᠷᠢ ᠵᠢᠨ ᠦᠢᠯᠡᠳᠤᠯ ᠢ᠋ ᠦᠷᠬᠦᠯᠵᠢᠯᠡᠨ ᠪᠠᠳᠠᠷᠠᠭᠤᠯᠪᠠ; ᠭᠣᠣᠯᠳᠠᠯᠭ᠎ᠠ ᠲᠠᠢ ᠲᠦᠷᠦᠯ ᠵᠦᠢᠯᠤᠨ ᠪᠡᠯᠡ ᠣᠷᠣᠭᠤᠯᠤᠯᠲᠠ ᠨᠢ ᠨᠢᠳᠤᠨᠤᠨ ᠤ᠋ ᠠᠳᠠᠯᠢ ᠬᠤᠭᠤᠴᠠᠭᠠᠨ ᠤ᠋ ᠬᠢ ᠡᠴᠡ 14 .7% ᠪᠡᠷ ᠨᠡᠮᠡᠭ᠌ᠳᠡᠨ᠂ ᠪᠦᠬᠦ᠌ ᠤᠯᠤᠰ ᠤ᠋ᠨ ᠳᠤᠮᠳᠠᠴᠢ ᠲᠦᠪᠱᠢᠨ ᠡᠴᠡ ᠵᠠᠭᠤᠨ ᠤ᠋ ᠬᠠᠷᠢᠴᠠᠯ ᠢ᠋ᠢᠡᠷ 15.7 ᠬᠤᠪᠢ ᠲᠠᠪᠠᠵᠤ᠂ ᠦᠢᠯᠡᠴᠢᠯᠡᠭᠡᠨ ᠤ᠋ ᠦᠢᠯᠡᠰ ᠤ᠋ᠨ 《ᠰᠠᠭᠤᠷᠢ ᠴᠢᠯᠠᠭᠤ》 ᠵᠢᠨ ᠦᠢᠯᠡᠳᠤᠯ ᠢ᠋ ᠦᠷᠬᠦᠯᠵᠢᠯᠡᠨ ᠪᠠᠳᠠᠷᠠᠭᠤᠯᠪᠠ᠋᠃ ᠲᠦᠷᠦᠭᠦᠦ 4 ᠰᠠᠷ᠎ᠠ ᠳ᠋ᠤ ᠪᠦᠬᠦ ᠤᠷᠤᠨ ᠤ᠋ ᠭᠠᠳᠠᠭᠠᠳᠤ ᠣᠷᠣᠭᠤᠯᠤᠯᠳᠠ ᠭᠠᠷᠭᠠᠯᠳᠠ ᠵᠢᠨ ᠬᠡᠮᠵᠢᠶ᠎ᠠ 870.6 ᠳ᠋ᠦᠩᠱᠢᠭᠤᠷ ᠲᠥᠭᠥᠷᠢᠭ ᠲᠦ᠍ ᠬᠦᠷᠴᠦ᠍᠂ ᠨᠢᠳᠤᠨᠤᠨ ᠤ᠋ ᠠᠳᠠᠯᠢ ᠬᠤᠭᠤᠴᠠᠭᠠᠨ ᠤ᠋ ᠬᠢ ᠡᠴᠡ 28.7% ᠪᠡᠷ ᠨᠡᠮᠡᠭ᠌ᠳᠡᠨ᠂ ᠪᠥᠬᠥ᠌ ᠤᠯᠤᠰ ᠤ᠋ᠨ ᠳᠤᠮᠳᠠᠴᠢ ᠨᠡᠮᠡᠭ᠌ᠳᠡᠯ ᠤ᠋ᠨ ᠬᠤᠷᠳᠤᠴᠠ ᠡᠴᠡ ᠵᠠᠭᠤᠨ ᠤ᠋ ᠬᠠᠷᠢᠴᠠᠯ ᠢ᠋ᠢᠡᠷ 13.8 ᠬᠤᠪᠢ ᠳᠠᠪᠠᠵᠤ᠂ ᠭᠠᠳᠠᠭᠠᠳᠤ ᠠᠷᠠᠯᠵᠢᠶ᠎ᠠ ᠨᠢ ᠦᠪᠤᠷ ᠮᠤᠩᠭᠤᠯ ᠤ᠋ᠨ ᠦᠶ᠋ᠯᠡᠴᠢᠯᠡᠭᠡᠨ ᠤ᠋ ᠦᠶ᠋ᠯᠡᠰ ᠤ᠋ᠨ ᠨᠡᠭᠡᠭᠡᠯᠲᠡᠲᠦ ᠬᠡᠯᠪᠡᠷᠢ ᠢ᠋ᠢᠨ ᠨᠡᠮᠡᠭ᠌ᠳᠡᠯ ᠤ᠋ᠨ 《ᠬᠥᠳᠡᠯᠭᠡᠭᠦᠷ》 ᠪᠤᠯᠵᠠᠢ᠃
ᠡᠬᠦᠨ ᠤ᠋ ᠬᠠᠮᠳᠤ᠂ ᠲᠦᠷᠦᠭᠦᠦ 4 ᠰᠠᠷ᠎ᠠ ᠳ᠋ᠤ ᠥᠪᠥᠷ ᠮᠣᠩᠭᠣᠯ ᠨᠡᠢᠳᠡ 1390 ᠺᠢᠯᠣᠮᠧᠲ᠋ᠷ ᠪᠦᠬᠦᠢ ᠬᠥᠳᠡᠭᠡ ᠲᠣᠰᠭᠣᠨ ᠤ᠋ ᠵᠠᠰᠠᠮᠠᠯ ᠵᠠᠮ ᠤ᠋ᠨ 103 ᠲᠥᠷᠥᠯ ᠵᠦᠶ᠋ᠯ ᠤ᠋ᠨ ᠪᠠᠷᠢᠯᠭ᠎ᠠ ᠵᠢ ᠡᠬᠢᠯᠡᠬᠦᠯᠤᠨ᠂ ᠵᠢᠯ ᠤ᠋ᠨ ᠡᠭᠦᠷᠭᠡ ᠪᠡᠨ 27.8% ᠪᠠᠷ ᠪᠡᠶᠡᠯᠡᠭᠦᠯᠵᠦ᠍᠂ 4.81 ᠳ᠋ᠦᠩᠱᠢᠭᠤᠷ ᠲᠥᠭᠥᠷᠢᠭ ᠤ᠋ᠨ ᠲᠣᠭ᠍ᠲᠠᠮᠠᠯ ᠬᠥᠷᠥᠩᠭᠡ ᠢ᠋ᠢᠨ ᠪᠠᠯᠠ ᠣᠷᠣᠭᠤᠯᠵᠤ᠂ ᠨᠢᠳᠤᠨᠤᠨ ᠤ᠋ ᠠᠳᠠᠯᠢ ᠬᠤᠭᠤᠴᠠᠭᠠᠨ ᠤ᠋ ᠬᠢ ᠡᠴᠡ 67.01% ᠪᠠᠷ ᠨᠡᠮᠡᠭ᠌ᠳᠡᠪᠡ; ᠪᠦᠬᠦ ᠤᠷᠤᠨ ᠤ᠋ ᠬᠢᠯᠢ ᠵᠢᠨ ᠪᠣᠭᠣᠮᠲᠠ ᠢ᠋ᠢᠨ ᠬᠢᠨᠠᠨ ᠬᠠᠮᠢᠶᠠᠷᠴᠤ᠌ ᠪᠠᠷᠠᠭ᠎ᠠ ᠲᠡᠭᠡᠭᠡᠪᠦᠷᠢᠯᠡᠭ᠌ᠰᠡᠨ ᠬᠡᠮᠵᠢᠶ᠎ᠡ 5416.6 ᠲᠦᠮᠡᠨ ᠲᠣᠨ ᠳ᠋ᠤ ᠬᠦᠷᠴᠦ᠍᠂ ᠨᠢᠳᠤᠨᠤᠨ ᠤ᠋ ᠠᠳᠠᠯᠢ ᠬᠤᠭᠤᠴᠠᠭᠠᠨ ᠤ᠋ ᠬᠢ ᠡᠴᠡ 43.1% ᠪᠡᠷ ᠨᠡᠮᠡᠭ᠌ᠳᠡᠵᠠᠢ ᠁
ᠦᠷᠨᠢᠬᠦᠨ ᠬᠦᠭᠵᠢᠯᠳᠡ᠂ ᠢᠳᠡᠷᠡᠬᠦᠨ ᠠᠯᠬᠤᠭ᠎ᠠ᠃ ᠥᠪᠥᠷ ᠮᠣᠩᠭᠣᠯ ᠤ᠋ᠨ ᠦᠶ᠋ᠯᠡᠴᠢᠯᠡᠭᠡᠨ ᠤ᠋ ᠦᠶ᠋ᠯᠡᠰ ᠴᠢᠨᠠᠷ ᠰᠠᠢᠲᠠᠶ ᠬᠥᠭ᠌ᠵᠢᠯᠲᠡ ᠢ᠋ᠢᠨ ᠵᠠᠮ ᠢ᠋ᠢᠡᠷ ᠬᠤᠯᠠ ᠵᠢ ᠵᠤᠷᠢᠨ ᠲᠣᠭ᠍ᠲᠠᠭᠤᠨ ᠢ᠋ᠢᠡᠷ ᠤᠷᠤᠭ᠍ᠰᠢᠯᠠᠵᠤ᠂ ᠱᠢᠨ᠎ᠡ ᠬᠠᠭᠤᠳᠠᠰᠤ ᠢ᠋ᠢ ᠪᠢᠴᠢᠭ᠌ᠯᠡᠭᠰᠡᠬᠡᠷ᠃