ᠡᠷᠢᠶᠡᠨ ᠬᠣᠲᠠ ᠬᠢᠯᠢ ᠠᠯᠤᠰᠯᠠᠭᠰᠠᠨ ᠬᠡᠷᠡᠭᠯᠡᠭᠡ᠎ᠵᠢᠨ ᠲᠤᠭᠠᠴᠠᠭ᠎ᠠ ᠬᠢᠬᠦ ᠰᠢᠨ᠎ᠡ ᠵᠠᠮ᠎ᠢ ᠨᠡᠪᠲᠡᠷᠡᠭᠦᠯᠪᠡ
2026-05-28 08:13:59
ᠵᠣᠬᠢᠶᠠᠭ᠍ᠴᠢ᠄
ᠯᠢ ᠶᠦᠩ ᠲᠤᠤ
ᠣᠩᠱᠢᠭ᠍ᠰᠠᠨ ᠣᠳᠠᠭ᠎ᠠ᠄
★★★☆☆

ᠳᠤᠮᠳᠠᠳᠤ ᠤᠯᠤᠰ᠎ᠤᠨ ᠠᠷᠠᠳ᠎ᠤᠨ ᠪᠠᠨᠭᠭᠢ᠎ᠶᠢᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠤᠪᠢᠶᠠᠷᠢ ᠪᠠᠨᠭᠭᠢ᠎ᠶᠢᠨ ᠮᠡᠳᠡᠭᠡ᠎ᠶᠢ ᠦᠨᠳᠦᠰᠦᠯᠡᠪᠡᠯ᠂ ᠣᠢᠷ᠎ᠠ᠎ᠳᠤ᠂ ᠡᠷᠢᠶᠡᠨ ᠬᠣᠲᠠ᠎ᠶᠢᠨ ᠬᠢᠯᠢ᠎ᠵᠢᠨ ᠪᠣᠭᠣᠮᠲᠠ ᠮᠣᠩᠭᠣᠯ ᠤᠯᠤᠰ᠎ᠤᠨ Socialpay APP ᠎ᠵᠢᠨ ᠳᠤᠮᠳᠠᠳᠤ ᠤᠯᠤᠰ᠎ᠤᠨ ᠬᠢᠯᠢ ᠳᠣᠲᠣᠷᠠᠬᠢ ᠺᠣᠳ᠋ ᠰᠢᠷᠪᠢᠵᠦ ᠲᠤᠭᠠᠴᠠᠭ᠎ᠠ ᠬᠢᠬᠦ ᠲᠤᠬᠠᠢᠯᠠᠭᠰᠠᠨ ᠠᠵᠢᠯ᠎ᠢ ᠠᠮᠵᠢᠯᠲᠠ ᠲᠠᠢ ᠳᠡᠯᠭᠡᠷᠡᠭᠦᠯᠪᠡ᠂ ᠮᠣᠩᠭᠣᠯ ᠤᠯᠤᠰ᠎ᠤᠨ ᠬᠤᠳᠠᠯᠳᠤᠭᠠᠴᠢᠨ ᠭᠤᠪᠢᠭᠤᠯᠭ᠎ᠠ ᠰᠣᠯᠢᠬᠤ ᠴᠢᠬᠤᠯᠠ ᠦᠭᠡᠢ᠂ ᠬᠢᠯᠢ᠎ᠶᠢᠨ ᠳᠣᠲᠣᠷᠠᠬᠢ ᠲᠠᠩᠰᠠ ᠵᠢ ᠰᠢᠨ᠎ᠡ᠎ᠪᠡᠷ ᠬᠣᠯᠪᠣᠬᠤ ᠴᠢᠬᠤᠯᠠ ᠦᠭᠡᠢ ᠪᠤᠯᠵᠤ᠂ ᠮᠣᠩᠭᠣᠯ ᠤᠯᠤᠰ᠎ᠤᠨ ᠪᠠᠢᠩᠭᠤ ᠬᠡᠷᠡᠭᠯᠡᠳᠡᠭ APP ᠎ᠳ᠋ᠤ᠌ ᠲᠦᠰᠢᠭᠯᠡᠨ ᠳᠤᠮᠳᠠᠳᠤ ᠤᠯᠤᠰ᠎ᠤᠨ ᠬᠢᠯᠢ ᠳᠣᠲᠣᠷ᠎ᠠ ᠪᠠᠷᠠᠭ᠎ᠠ ᠬᠤᠳᠠᠯᠳᠤᠨ ᠠᠪᠬᠤ᠂ ᠢᠳᠡᠭᠡᠨ ᠤᠮᠳᠠᠭᠠᠨ᠂ ᠬᠣᠨᠣᠭ ᠪᠠᠭᠤᠳᠠᠯ ᠵᠡᠷᠭᠡ ᠪᠥᠬᠥ ᠵᠦᠢᠯᠡᠰ᠎ᠢ ᠺᠣᠳ᠋ ᠰᠢᠷᠪᠢᠵᠦ ᠲᠤᠭᠠᠴᠠᠭ᠎ᠠ ᠬᠢᠵᠦ ᠳᠡᠢᠯᠬᠦ ᠪᠤᠯᠵᠤ᠂ 《ᠲᠣᠰ ᠭᠠᠵᠠᠷ᠎ᠤᠨ APP᠂ ᠬᠢᠯᠢ ᠠᠯᠤᠰᠯᠠᠨ ᠰᠢᠷᠪᠢᠬᠦ᠂ ᠠᠶᠠᠨᠳᠠᠭᠠᠨ ᠰᠠᠭᠠᠳ ᠦᠭᠡᠢ ᠪᠡᠷ ᠲᠤᠭᠠᠴᠠᠭ᠎ᠠ ᠬᠢᠬᠦ》 ᠶ᠋ᠢ ᠪᠡᠶᠡᠯᠡᠭᠦᠯᠪᠡ᠃

ᠡᠷᠢᠶᠡᠨ ᠬᠣᠲᠠ ᠨᠢ ᠮᠠᠨ᠎ᠤ ᠤᠯᠤᠰ᠎ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠬᠠᠭᠤᠷᠠᠢ ᠵᠠᠮ᠎ᠤᠨ ᠬᠢᠯᠢ᠎ᠵᠢᠨ ᠪᠣᠭᠣᠮᠲᠠ ᠪᠣᠯᠤᠭᠰᠠᠨ᠎ᠤ ᠬᠤᠪᠢ᠎ᠳᠤ᠂ ᠳᠤᠮᠳᠠᠳᠤ ᠮᠣᠩᠭᠣᠯ᠎ᠤᠨ ᠬᠥᠮᠥᠰ᠎ᠦᠨ ᠶᠠᠪᠤᠯᠴᠠᠭ᠎ᠠ᠂ ᠠᠷᠠᠯᠵᠢᠶ᠎ᠠ ᠬᠤᠳᠠᠯᠳᠤᠭᠠᠨ᠎ᠤ ᠰᠣᠯᠢᠯᠴᠠᠭ᠎ᠠ᠂ ᠵᠢᠭᠤᠯᠴᠢᠯᠠᠯ᠎ᠤᠨ ᠬᠡᠷᠡᠭᠯᠡᠭᠡ ᠣᠯᠠᠰᠢᠷᠠᠵᠤ᠂ ᠬᠢᠯᠢ ᠠᠯᠤᠰᠯᠠᠨ ᠲᠤᠭᠠᠴᠠᠭ᠎ᠠ ᠬᠢᠬᠦ ᠬᠡᠷᠡᠭᠴᠡᠭᠡ ᠶᠡᠬᠡ᠎ᠪᠡᠷ ᠨᠡᠮᠡᠭᠳᠡᠪᠡ᠃ ᠣᠢᠷ᠎ᠠ᠎ᠶᠢᠨ ᠵᠢᠯ᠎ᠡᠴᠡ ᠨᠠᠭᠠᠰᠢ᠂ ᠳᠤᠮᠳᠠᠳᠤ ᠤᠯᠤᠰ᠎ᠤᠨ ᠠᠷᠠᠳ᠎ᠤᠨ ᠪᠠᠨᠭᠭᠢ᠎ᠶᠢᠨ ᠰᠢᠯᠢ᠎ᠶᠢᠨ ᠭᠣᠣᠯ ᠠᠢᠮᠠᠭ᠎ᠤᠨ ᠬᠤᠪᠢᠶᠠᠷᠢ ᠪᠠᠨᠭᠭᠢ ᠨᠢ ᠪᠣᠭᠣᠮᠲᠠ᠎ᠶᠢᠨ ᠭᠠᠵᠠᠷ ᠣᠷᠣᠨ᠎ᠤ ᠣᠷᠣᠨ ᠪᠠᠢᠷᠢ᠎ᠶᠢᠨ ᠳᠠᠪᠠᠭᠤᠯᠢᠭ᠋ ᠪᠠ ᠰᠣᠶᠣᠯ ᠢᠷᠭᠡᠨᠰᠢᠯ᠎ᠦᠨ ᠣᠨᠴᠠᠯᠢᠭ᠋᠎ᠲᠤ ᠰᠠᠭᠤᠷᠢᠯᠠᠨ᠂ ᠬᠢᠯᠢ᠎ᠶᠢᠨ ᠭᠠᠳᠠᠨ᠎ᠠ᠎ᠡᠴᠡ ᠳᠤᠮᠳᠠᠳᠤ ᠤᠯᠤᠰ᠎ᠲᠤ ᠢᠷᠡᠭᠰᠡᠨ ᠬᠥᠮᠥᠰ᠎ᠦᠨ 《ᠭᠠᠳᠠᠭᠠᠳᠤ ᠤᠯᠤᠰ᠎ᠤᠨ ᠺᠠᠷᠲ᠎ᠢ ᠤᠯᠤᠰ᠎ᠤᠨ ᠳᠣᠲᠣᠭᠠᠳᠤ᠎ᠳᠤ ᠬᠤᠯᠪᠤᠬᠤ》᠂ 《ᠭᠠᠳᠠᠭᠠᠳᠤ ᠤᠯᠤᠰ᠎ᠤᠨ APP᠎ᠢ᠋ ᠤᠯᠤᠰ᠎ᠤᠨ ᠳᠣᠲᠣᠭᠠᠳᠤ᠎ᠳᠤ ᠬᠡᠷᠡᠭᠯᠡᠬᠦ》 ᠲᠥᠬᠥᠮ ᠠᠪᠰᠠᠷᠬᠠᠨ᠎ᠢᠶᠠᠷ ᠲᠣᠭᠠᠴᠡᠭ᠎ᠠ ᠬᠢᠬᠦ ᠪᠠᠢᠷᠢᠰᠢᠯ᠎ᠢ ᠪᠡᠶᠡᠯᠡᠭᠦᠯᠬᠦ᠎ᠶᠢ ᠠᠬᠢᠭᠤᠯᠪᠠ᠃ ᠡᠨᠡ ᠬᠦ᠌ ᠪᠣᠷᠣ᠌ ᠲᠥᠯᠥᠪ᠎ᠦᠨ ᠳᠣᠣᠷ᠎ᠠ᠂ ᠥᠪᠥᠷ ᠮᠣᠩᠭᠣᠯ᠎ᠤᠨ ᠴᠢᠯᠦᠭᠡᠲᠦ ᠠᠷᠠᠯᠵᠢᠶᠠᠨ᠎ᠤ ᠲᠤᠷᠰᠢᠯᠲᠠ᠎ᠶᠢᠨ ᠣᠷᠣᠨ ᠵᠥᠪᠰᠢᠶᠡᠷᠡᠭᠳᠡᠭᠰᠡᠨ᠎ᠦ ᠳᠠᠷᠠᠭ᠎ᠠ᠂ ᠡᠷᠢᠶᠡᠨ ᠬᠣᠲᠠ᠎ᠶᠢᠨ ᠬᠡᠰᠡᠭ ᠲᠣᠭᠣᠷᠢᠭ᠋ ᠨᠢ ᠮᠣᠩᠭᠣᠯ ᠤᠯᠤᠰ᠎ᠡᠴᠡ ᠳᠤᠮᠳᠠᠳᠤ ᠤᠯᠤᠰ᠎ᠲᠤ ᠢᠷᠡᠭᠰᠡᠨ ᠬᠤᠳᠠᠯᠳᠤᠭᠠᠴᠢᠨ᠂ ᠵᠢᠭᠤᠯᠴᠢᠯᠠᠭ᠍ᠰᠠᠳ᠎ᠤᠨ ᠲᠣᠭᠠᠴᠡᠭ᠎ᠠ ᠬᠢᠬᠦ ᠬᠡᠷᠡᠭᠴᠡᠭᠡ ᠱᠠᠭᠠᠷᠳᠠᠯᠭ᠎ᠠ᠎ᠳᠤ ᠠᠩᠬᠠᠷᠤᠯ᠎ᠢᠶᠠᠨ ᠲᠥᠪᠯᠡᠷᠡᠭᠦᠯᠵᠦ᠂ ᠮᠣᠩᠭᠣᠯ ᠤᠯᠤᠰ᠎ᠤᠨ  Socialpay APP ᠎ᠵᠢᠨ ᠳᠤᠮᠳᠠᠳᠤ ᠤᠯᠤᠰ᠎ᠤᠨ ᠬᠢᠯᠢ ᠳᠣᠲᠣᠷᠠᠬᠢ ᠺᠣᠳ᠋ ᠰᠢᠷᠪᠢᠵᠦ ᠲᠤᠭᠠᠴᠠᠭ᠎ᠠ ᠬᠢᠬᠦ ᠲᠤᠬᠠᠢᠯᠠᠭᠰᠠᠨ ᠠᠵᠢᠯ᠎ᠢ ᠳᠡᠯᠭᠡᠷᠡᠭᠦᠯᠵᠦ᠂ ᠮᠣᠩᠭᠣᠯ ᠤᠯᠤᠰ᠎ᠤᠨ ᠬᠤᠳᠠᠯᠳᠤᠭᠠᠴᠢᠨ᠎ᠤ ᠬᠢᠯᠢ ᠠᠯᠤᠰᠯᠠᠨ ᠲᠤᠭᠠᠴᠠᠭ᠎ᠠ ᠬᠢᠬᠦ ᠪᠠᠭᠠᠵᠢ ᠬᠡᠷᠡᠭᠰᠡᠯ᠎ᠢ ᠤᠯᠠᠮ ᠴᠢᠨᠠᠭᠰᠢᠳᠠ ᠪᠠᠶᠠᠯᠢᠭ᠍ᠵᠢᠭᠤᠯᠵᠤ᠂ ᠮᠣᠩᠭᠣᠯ ᠤᠯᠤᠰ᠎ᠤᠨ ᠪᠠᠢᠩᠭᠤ ᠬᠡᠷᠡᠭᠯᠡᠳᠡᠭ APP ᠎ᠵᠢ ᠰᠢᠭᠤᠳ ᠬᠡᠷᠡᠭᠯᠡᠮᠡᠭᠴᠡ ᠳᠠᠷᠤᠢ ᠳᠤᠮᠳᠠᠳᠤ ᠤᠯᠤᠰ᠎ᠤᠨ ᠬᠢᠯᠢ ᠳᠣᠲᠣᠷ᠎ᠠ ᠬᠡᠷᠡᠭᠯᠡᠭᠡ᠎ᠶᠢᠨ ᠲᠤᠭᠠᠴᠠᠭ᠎ᠠ ᠬᠢᠬᠦ᠎ᠶᠢ ᠪᠡᠶᠡᠯᠡᠭᠦᠯᠵᠦ᠂ 《ᠨᠢᠭᠡ ᠭᠠᠷ ᠤᠲᠠᠰᠤ᠂ ᠬᠣᠶᠠᠷ ᠤᠯᠤᠰ᠎ᠲᠤ ᠨᠡᠢᠳᠡᠮ ᠬᠡᠷᠡᠭᠯᠡᠬᠦ᠂ ᠲᠤᠰ ᠤᠯᠤᠰ᠎ᠤᠨ ᠵᠣᠭᠣᠰ᠎ᠢᠶᠠᠷ ᠳ᠋ᠦᠩᠨᠡᠨ ᠪᠤᠳᠤᠬᠤ᠂ ᠺᠣᠳ᠋ ᠰᠢᠷᠪᠢᠵᠦ ᠨᠡᠪᠲᠡᠷᠡᠬᠦ》 ᠶ᠋ᠢ ᠦᠨᠡᠨ ᠬᠦ᠌ ᠪᠡᠶᠡᠯᠡᠭᠦᠯᠪᠡ᠃ ᠲᠣᠰ ᠵᠠᠭᠪᠤᠷ ᠨᠢ ᠬᠢᠯᠢ᠎ᠶᠢᠨ ᠪᠣᠭᠣᠮᠲᠠ᠎ᠶᠢᠨ ᠪᠠᠷᠠᠭ᠎ᠠ ᠬᠤᠳᠠᠯᠳᠤᠨ ᠠᠪᠬᠤ᠂ ᠢᠳᠡᠭᠡᠨ ᠤᠮᠳᠠᠭᠠᠨ᠂ ᠬᠣᠨᠣᠭ ᠪᠠᠭᠤᠳᠠᠯ ᠵᠡᠷᠭᠡ ᠪᠠᠭ᠎ᠠ ᠲᠣᠭᠠᠨ᠎ᠤ ᠥᠨᠳᠥᠷ ᠳᠠᠪᠲᠠᠮᠵᠢᠲᠤ ᠬᠡᠷᠡᠭᠯᠡᠭᠡ᠎ᠵᠢᠨ ᠠᠬᠤᠢ ᠪᠠᠢᠳᠠᠯ᠎ᠢ ᠣᠨᠣᠴᠠᠲᠠᠢ ᠲᠣᠬᠢᠷᠠᠭᠤᠯᠵᠤ᠂ ᠮᠣᠩᠭᠣᠯ ᠤᠯᠤᠰ᠎ᠤᠨ ᠬᠤᠳᠠᠯᠳᠤᠭᠠᠴᠢᠨ᠎ᠤ ᠲᠤᠭᠠᠴᠠᠭ᠎ᠠ ᠬᠢᠬᠦ  ᠪᠠᠶᠡᠳ᠋ᠡᠨ ᠣᠢᠯᠠᠭᠠᠯᠲᠠ᠎ᠶᠢ ᠤᠯᠠᠮ ᠴᠢᠨᠠᠭᠰᠢᠳᠠ ᠳᠡᠭᠡᠭᠰᠢᠯᠡᠭᠦᠯᠵᠡᠢ᠃

ᠤᠤᠯ᠎ᠳᠤ᠎ᠪᠠᠨ᠂ ᠮᠣᠩᠭᠣᠯ ᠤᠯᠤᠰ᠎ᠤᠨ ᠬᠤᠳᠠᠯᠳᠤᠭᠠᠴᠢᠨ ᠡᠷᠢᠶᠡᠨ ᠬᠣᠲᠠ᠎ᠳᠤ ᠢᠷᠡᠵᠦ ᠶᠠᠭᠤᠮ᠎ᠠ ᠬᠤᠳᠠᠯᠳᠤᠨ ᠠᠪᠬᠤ ᠳ᠋ᠠᠭᠠᠨ ᠤᠷᠢᠳ᠎ᠢᠶᠠᠷ ᠮᠥᠷᠯᠡᠵᠦ ᠵᠣᠭᠣᠰ ᠰᠣᠯᠢᠳᠠᠭ ᠪᠠᠢᠪᠠ᠃ ᠣᠳᠣᠬᠠᠨ᠎ᠳᠤ᠂ ᠳᠤᠮᠳᠠᠳᠤ ᠮᠣᠩᠭᠣᠯ᠎ᠤᠨ ᠬᠢᠯᠢ ᠠᠯᠤᠰᠯᠠᠭᠰᠠᠨ ᠨᠡᠭᠦᠳᠡᠯ ᠲᠤᠭᠠᠴᠠᠭ᠎ᠠ᠎ᠶᠢᠨ ᠬᠣᠯᠪᠣᠯᠳᠤᠨ ᠨᠡᠪᠲᠡᠷᠡᠯᠴᠡᠬᠦ᠎ᠶᠢ ᠳᠠᠭᠠᠯᠳᠤᠨ᠂ ᠲᠠᠳᠠ 《ᠨᠢᠭᠡ ᠲᠠᠯ᠎ᠠ᠎ᠪᠠᠷ ᠺᠣᠳ᠋ ᠰᠢᠷᠪᠢᠵᠦ᠂ ᠨᠥᠭᠥᠭᠡ ᠲᠠᠯ᠎ᠠ᠎ᠪᠠᠷ ᠪᠠᠷᠠᠭ᠎ᠠ ᠠᠪᠴᠤ》 ᠪᠣᠯᠣᠨ᠎ᠠ᠃ ᠮᠣᠩᠭᠣᠯ ᠤᠯᠤᠰ᠎ᠤᠨ ᠬᠤᠳᠠᠯᠳᠤᠭᠠᠴᠢᠨ ᠣᠷᠭᠢᠯ᠄ 《ᠥᠩᠭᠡᠷᠡᠭᠰᠡᠨ᠎ᠳᠦ ᠪᠦᠷ ᠪᠡᠯᠡᠨ ᠵᠣᠭᠣᠰ᠎ᠢᠶᠠᠷ ᠠᠷᠠᠯᠵᠢᠶ᠎ᠠ ᠬᠢᠵᠦ ᠪᠠᠢᠪᠠ᠂ ᠣᠲᠣ᠌ ᠲᠣᠰ ᠤᠯᠤᠰ᠎ᠤᠨ᠎ᠢᠶᠠᠨ ᠪᠠᠢᠩᠭᠤ ᠬᠡᠷᠡᠭᠯᠡᠳᠡᠭ APP ᠎ᠳ᠋ᠤ᠌ ᠲᠦᠰᠢᠭᠯᠡᠨ ᠪᠠᠷᠠᠭ᠎ᠠ ᠬᠤᠳᠠᠯᠳᠤᠨ ᠠᠪᠬᠤ᠂ ᠢᠳᠡᠭᠡᠨ ᠤᠮᠳᠠᠭᠠᠨ᠂ ᠬᠣᠨᠣᠭ ᠪᠠᠭᠤᠳᠠᠯ ᠵᠡᠷᠭᠡ ᠪᠥᠬᠥ ᠵᠦᠢᠯᠡᠰ ᠲᠤ᠌ ᠺᠣᠳ᠋ ᠰᠢᠷᠪᠢᠨ ᠲᠤᠭᠠᠴᠠᠭ᠎ᠠ ᠬᠢᠬᠦ ᠠᠵᠢᠯ᠎ᠢ ᠪᠡᠶᠡᠯᠡᠭᠦᠯᠵᠦ᠂ ᠮᠠᠰᠢ ᠣᠯᠠᠨ ᠶᠠᠷᠰᠢᠭ᠋ ᠲᠦᠪᠡᠭ᠎ᠢ ᠪᠠᠭᠠᠰᠬᠠᠭᠰᠠᠨ ᠪᠠᠢᠨ᠎ᠠ》 ᠭᠡᠪᠡ᠃

ᠣᠳᠣᠬᠠᠨ᠎ᠳᠤ᠂ ᠮᠣᠩᠭᠣᠯ ᠤᠯᠤᠰ᠎ᠤᠨ Socialpay APP᠎ᠵᠢᠡᠷ ᠲᠤᠭᠠᠴᠠᠭ᠎ᠠ ᠬᠢᠬᠦ᠎ᠶᠢ ᠨᠢᠭᠡᠨᠲᠡ ᠡᠷᠢᠶᠡᠨ ᠬᠣᠲᠠ᠎ᠶᠢᠨ ᠲᠣᠮᠣ᠌ ᠬᠡᠯᠪᠡᠷᠢ᠎ᠶᠢᠨ ᠬᠤᠳᠠᠯᠳᠤᠭᠠᠨ᠎ᠤ ᠲᠣᠭᠣᠷᠢᠭ᠋᠂ ᠵᠢᠭᠤᠯᠴᠢᠯᠠᠯ᠎ᠤᠨ ᠦᠵᠡᠮᠵᠢ᠎ᠶᠢᠨ ᠣᠷᠣᠨ᠂ ᠪᠠᠭᠤᠳᠠᠯ᠂ ᠣᠯᠠᠨ ᠨᠡᠶ᠋ᠢᠲᠡ᠎ᠶᠢᠨ ᠵᠠᠮ ᠬᠠᠷᠢᠯᠴᠠᠭ᠎ᠠ᠂ ᠡᠮᠨᠡᠯᠭᠡ᠎ᠶᠢᠨ ᠬᠣᠷᠢᠶ᠎ᠠ ᠵᠡᠷᠭᠡ ᠬᠡᠷᠡᠭᠯᠡᠭᠡ᠎ᠵᠢᠨ ᠬᠦᠷᠢᠶᠡᠨ᠎ᠳᠦ ᠪᠥᠬᠥ ᠲᠠᠯ᠎ᠠ᠎ᠪᠠᠷ ᠳᠡᠯᠭᠡᠷᠡᠭᠦᠯᠵᠦ ᠪᠠᠢᠨ᠎ᠠ᠃ ᠡᠭᠦᠨ᠎ᠡᠴᠡ ᠭᠠᠳᠠᠨ᠎ᠠ᠂ ᠡᠷᠢᠶᠡᠨ ᠬᠣᠲᠠ ᠨᠢᠰᠬᠡᠯ᠎ᠦᠨ ᠪᠠᠭᠤᠳᠠᠯ ᠪᠠ ᠵᠠᠰᠠᠮᠠᠯ ᠵᠠᠮ᠎ᠤᠨ ᠪᠣᠭᠣᠮᠲᠠ᠎ᠳᠤ ᠬᠢᠯᠢ᠎ᠡᠴᠡ ᠭᠠᠷᠬᠤ ᠭᠠᠢᠯᠢ ᠪᠤᠴᠠᠭᠠᠬᠤ ᠴᠡᠭ ᠭᠠᠷᠭᠠᠵᠤ᠂ 《ᠬᠢᠯᠢ᠎ᠳᠦ ᠣᠷᠣᠵᠤ ᠪᠣᠭᠣᠮᠲᠠ᠎ᠪᠠᠷ ᠥᠩᠭᠡᠷᠡᠬᠦ — ᠬᠢᠯᠢ᠎ᠶᠢᠨ ᠳᠣᠲᠣᠷᠠᠬᠢ ᠬᠡᠷᠡᠭᠯᠡᠭᠡ — ᠳᠥᠭᠥᠮ ᠳᠥᠲᠡ᠎ᠪᠡᠷ ᠲᠤᠭᠠᠴᠠᠭ᠎ᠠ ᠬᠢᠬᠦ — ᠬᠢᠯᠢ᠎ᠡᠴᠡ ᠭᠠᠷᠬᠤ᠎ᠳᠤ ᠭᠠᠢᠯᠢ ᠪᠤᠴᠠᠭᠠᠬᠤ》 ᠨᠢᠭᠡ ᠥᠷᠲᠡᠭᠡᠴᠢᠯᠡᠭᠰᠡᠨ ᠮᠠᠶᠢᠭ᠋᠎ᠤᠨ ᠪᠥᠬᠥ ᠶᠠᠪᠤᠴᠠ᠎ᠪᠠᠷ ᠪᠢᠲᠡᠭᠦᠮᠵᠢᠯᠡᠭᠰᠡᠨ ᠲᠤᠭᠠᠴᠠᠭ᠎ᠠ ᠬᠢᠬᠦ ᠦᠢᠯᠡᠴᠢᠯᠡᠭᠡ ᠬᠠᠩᠭᠠᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号