ᠤᠢᠷ᠎ᠠ ᠵᠢᠨ ᠡᠳᠦᠷ᠂ ᠥᠪᠥᠷ ᠮᠣᠩᠭᠣᠯ᠎ᠤᠨ 36 ᠳ᠋ᠡᠬᠢ 《ᠪᠥᠬᠥ᠌ ᠤᠯᠤᠰ᠎ᠤᠨ ᠵᠡᠮᠳᠡᠭ᠌ᠴᠦᠳ ᠢ ᠲᠤᠰᠠᠯᠠᠬᠤ ᠡᠳᠦᠷ》 ᠤ᠋ᠨ ᠱᠢᠷᠢᠰ ᠠᠵᠢᠯᠯᠠᠭ᠎ᠠ ᠬᠥᠬᠡᠬᠣᠲᠠ᠎ᠶ᠋ᠢᠨ ᠱᠢᠨᠬᠤᠸᠠ ᠠᠭᠤᠳᠠᠮ ᠲᠠᠯᠠᠪᠠᠶ᠎ᠳᠤ ᠶᠠᠪᠤᠭ᠍ᠳᠠᠵᠤ᠂ ᠠᠵᠢᠯᠯᠠᠭ᠎ᠠ᠎ᠨᠢ 《ᠵᠡᠮᠳᠡᠭ᠌ᠴᠦᠳ᠎ᠦᠨ ᠡᠷᠬᠡ ᠲᠡᠭ᠌ᠰᠢ ᠡᠷᠬᠡ ᠠᠱᠢᠭ᠎ᠢ ᠪᠠᠲᠤᠯᠠᠵᠤ᠂ ᠵᠡᠮᠳᠡᠭ᠌ᠴᠦᠳ᠎ᠦᠨ ᠠᠭᠤᠰᠤᠯᠴᠠᠨ ᠬᠥᠭ᠌ᠵᠢᠬᠦ᠌ ᠶ᠋ᠢ ᠠᠬᠢᠭᠤᠯᠬᠤ》 ᠭᠤᠤᠯ ᠰᠡᠳᠦᠪ᠎ᠦᠨ ᠲᠣᠭᠣᠷᠢᠨ᠎ᠳᠤ᠂ ᠪᠥᠬᠥ᠌ ᠣᠷᠣᠨ᠎ᠤ ᠵᠡᠮᠳᠡᠭ᠌ᠴᠦᠳ ᠦᠨ ᠦᠶ᠋ᠯᠡᠰ᠎ᠦᠨ ᠬᠥᠭ᠌ᠵᠢᠯᠲᠡ᠎ᠶ᠋ᠢᠨ ᠦᠷ᠎ᠡ ᠪᠦᠲᠦᠭᠡᠯ᠎ᠢ ᠢᠯᠡᠷᠡᠭᠦᠯᠪᠡ᠃
ᠲᠣᠰ ᠤᠳᠠᠭᠠᠨ᠎ᠤ ᠠᠵᠢᠯᠯᠠᠭ᠎ᠠ ᠨᠢ 《1 ᠭᠤᠤᠯ ᠲᠠᠪᠴᠠᠩ + 5 ᠶᠡᠬᠡ ᠭᠤᠤᠯ ᠰᠡᠳᠦᠪᠲᠦ ᠦᠵᠡᠭᠦᠯᠭᠡ᠎ᠶ᠋ᠢᠨ ᠲᠣᠭᠣᠷᠢᠭ》 ᠤ᠋ᠨ ᠵᠠᠭ᠍ᠪᠤᠷ ᠵᠢᠨᠷ ᠡᠬᠢᠯᠡᠯᠲᠡ᠎ᠶᠢᠨ ᠶᠤᠰᠤᠯᠠᠯ᠂ ᠠᠬᠤᠶ ᠪᠠᠢᠳᠠᠯ᠎ᠤᠨ ᠦᠵᠡᠭᠦᠯᠬᠡ᠎ᠶ᠋ᠢᠨ ᠲᠣᠭ᠍ᠯᠠᠯᠲᠠ᠂ ᠬᠠᠷᠢᠯᠴᠠᠨ ᠪᠡᠶᠡᠴᠢᠯᠡᠨ ᠣᠢᠯᠠᠭᠠᠬᠤ ᠵᠡᠷᠭᠡ ᠣᠯᠠᠨ ᠬᠡᠯᠪᠡᠷᠢ᠎ᠶ᠋ᠢ ᠳᠣᠭᠢᠷᠠᠭᠤᠯᠪᠠ᠃ ᠡᠬᠦᠨ᠎ᠳᠤ᠂ 《ᠡᠷᠡᠭᠦᠯᠵᠢᠯ·ᠬᠦᠰᠡᠯ᠎ᠦᠨ ᠵᠠᠮ᠎ᠤᠨ ᠦᠵᠡᠭᠦᠯᠭᠡ᠎ᠶ᠋ᠢᠨ ᠲᠣᠭᠣᠷᠢᠭ》ᠲᠦ᠍ ᠣᠶᠤᠨᠴᠢ ᠬᠦᠷᠳᠦᠲᠦ ᠰᠠᠨᠳᠠᠯᠢ᠂ ᠬᠢᠮᠡᠯ ᠮᠥᠴᠢ ᠵᠡᠷᠭᠡ ᠲᠡᠷᠢᠭᠦᠨ᠎ᠦ ᠡᠷᠡᠭᠦᠯᠵᠢᠯ᠎ᠦᠨ ᠲᠤᠰᠠᠯᠠᠬᠤ ᠪᠠᠭᠠᠵᠢ ᠬᠡᠷᠡᠭᠰᠡᠯ᠎ᠢ ᠳᠡᠯᠭᠡᠨ ᠦᠵᠡᠭᠦᠯᠵᠦ᠍᠂ ᠦᠨ᠎ᠡ ᠲᠥᠯᠥᠪᠦᠷᠢ ᠥᠬᠡᠶ᠎ᠪᠡᠷ ᠪᠡᠶᠡᠴᠢᠯᠡᠨ ᠣᠢᠯᠠᠭᠠᠬᠤ ᠲᠣᠭᠣᠷᠢᠭ ᠭᠠᠷᠭᠠᠨ᠂ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠢᠶᠡᠷ ᠵᠡᠮᠳᠡᠭ᠌ᠴᠦᠳ᠎ᠢ ᠲᠤᠰᠠᠯᠠᠬᠤ ᠦᠷ᠎ᠡ ᠪᠦᠲᠦᠮᠵᠢ᠎ᠵᠢ ᠢᠯᠡᠷᠡᠬᠦᠯᠪᠡ; 《ᠰᠠᠭᠠᠳ ᠦᠭᠡᠶ ᠨᠡᠪᠲᠡᠷᠡᠬᠦ᠌ ᠵᠠᠮ᠎ᠤᠨ ᠦᠵᠡᠭᠦᠯᠭᠡ᠎ᠶ᠋ᠢᠨ ᠲᠣᠭᠣᠷᠢᠭ》 ᠨᠢ ᠱᠣᠭ ᠵᠦᠴᠦᠭᠡ ᠪᠡᠷ ᠳᠠᠮᠵᠢᠨ ᠰᠠᠭᠤᠷᠢ ᠲᠥᠬᠥᠭᠡᠷᠦᠮᠵᠢ ᠪᠠ ᠣᠶᠤᠨ ᠰᠠᠨᠠᠭ᠎ᠠ ᠪᠦᠷ ᠰᠠᠭᠠᠳ ᠦᠭᠡᠶ ᠪᠠᠢᠬᠤ ᠵᠢᠨ ᠠᠭᠤᠯᠤᠭ᠍ᠳᠠᠬᠤᠨ ᠢ ᠠᠮᠢᠳᠤᠯᠢᠭ᠎ᠢᠶᠠᠷ ᠲᠠᠢᠯᠪᠤᠷᠢᠯᠠᠵᠠᠶ; ᠠᠵᠢᠯ ᠣᠯᠭᠣᠯᠲᠠ·ᠬᠦᠴᠦᠷᠬᠡᠭ᠌ᠵᠢᠯ᠎ᠦᠨ ᠵᠠᠮ᠎ᠤᠨ ᠦᠵᠡᠭᠦᠯᠭᠡ᠎ᠶ᠋ᠢᠨ ᠲᠣᠭᠣᠷᠢᠭ》 ᠲᠦ᠍ ᠵᠡᠮᠳᠡᠭ᠌ᠴᠦᠳ᠎ᠦᠨ ᠦᠢᠯᠡᠰ ᠪᠤᠰᠭᠠᠬ᠍ᠰᠠᠨ ᠦᠷ᠎ᠡ ᠪᠦᠲᠦᠭᠡᠯ ᠢ ᠳᠡᠯᠭᠡᠨ ᠦᠵᠡᠭᠦᠯᠬᠦ᠎ᠵᠢᠨ ᠬᠠᠮᠳᠦ ᠠᠵᠢᠯᠳᠠᠨ ᠤᠷᠢᠨ ᠡᠯᠰᠡᠬᠦ᠌ ᠴᠤᠬᠯᠠᠭᠠᠨ ᠲᠤᠬᠢᠷᠠᠭᠤᠯᠵᠦ᠂ ᠬᠦᠮᠦᠨ ᠬᠡᠷᠡᠭᠯᠡᠭᠦ ᠨᠢᠭᠡᠴᠢ ᠪᠠ ᠵᠡᠮᠳᠡᠭᠴᠤᠳᠤ᠋ᠨ᠌ ᠬᠣᠶᠠᠷ ᠲᠠᠯ᠎ᠠ᠎ᠳᠤ ᠵᠣᠯᠭᠠᠭᠤᠯᠬᠤ ᠲᠡᠪᠴᠡᠩ ᠬᠠᠩᠭᠠᠪᠠ; 《ᠵᠤᠬᠢᠶᠠᠨ ᠪᠠᠢᠭᠤᠯᠵᠦ ᠬᠤᠯᠪᠤᠭ᠎ᠠ ᠠᠪᠬᠤ·ᠬᠦᠴᠦ᠍᠎ᠪᠡᠨ ᠬᠠᠮᠲᠤᠳᠬᠠᠬᠤ ᠵᠠᠮ᠎ᠤᠨ ᠦᠵᠡᠭᠦᠯᠭᠡ᠎ᠶ᠋ᠢᠨ ᠲᠣᠭᠣᠷᠢᠭ》 ᠨᠢ ᠵᠡᠮᠳᠡᠭ ᠢ ᠦᠨᠡᠯᠡᠨ ᠲᠣᠭ᠍ᠲᠠᠭᠠᠬᠤ ᠲᠦᠷᠢᠮ᠎ᠢ ᠲᠦᠭᠡᠮᠡᠯᠵᠢᠬᠦᠯᠵᠦ᠂ ᠵᠡᠮᠳᠡᠭ᠌ᠴᠦᠳ᠎ᠦᠨ ᠬᠣᠯᠪᠣᠭ᠎ᠠ᠎ᠶ᠋ᠢᠨ ᠵᠤᠬᠢᠶᠠᠨ ᠪᠠᠢᠭᠤᠯᠤᠯᠲᠠ᠎ᠵᠢᠨ ᠬᠠᠷᠢᠭᠤᠴᠠᠯᠭ᠎ᠠ ᠡᠭᠦᠷᠭᠡᠯᠡᠯ᠎ᠢ ᠢᠯᠡᠷᠡᠭᠦᠯᠪᠡ; 《ᠰᠣᠶᠣᠯ ᠪᠡᠶ᠎ᠡ᠎ᠶ᠋ᠢᠨ ᠲᠠᠮᠢᠷ·ᠠᠭᠤᠰᠤᠯᠴᠠᠯ᠎ᠤᠨ ᠵᠠᠮ᠎ᠤᠨ ᠦᠵᠡᠭᠦᠯᠭᠡ᠎ᠶ᠋ᠢᠨ ᠲᠣᠭᠣᠷᠢᠭ》᠎ᠨᠢ ᠵᠡᠮᠳᠡᠭ᠌ᠴᠦᠳ᠎ᠦᠨ ᠤᠷᠠᠯᠢᠭ ᠬᠢᠭᠡᠳ ᠪᠡᠶ᠎ᠡ᠎ᠶ᠋ᠢᠨ ᠲᠠᠮᠢᠷ᠎ᠤᠨ ᠦᠷ᠎ᠡ ᠪᠦᠲᠦᠭᠡᠯ᠎ᠢ ᠳᠡᠯᠭᠡᠨ ᠦᠵᠡᠭᠦᠯᠵᠦ᠍᠂ ᠰᠣᠶᠣᠯ᠎ᠢᠶᠠᠷ ᠵᠡᠮᠳᠡᠭᠴᠤᠳ ᠢ ᠤᠮᠳᠠᠯᠠᠬᠤ᠂ ᠪᠡᠶ᠎ᠡ᠎ᠶ᠋ᠢᠨ ᠲᠠᠮᠢᠷ ᠵᠢᠡᠷ ᠰᠡᠳᠬᠢᠴᠡ᠎ᠵᠢ ᠡᠷᠡᠬᠦᠯᠵᠢᠬᠦᠯᠬᠦ ᠦᠷ᠎ᠡ ᠪᠦᠲᠦᠮᠵᠢ᠎ᠶ᠋ᠢ ᠢᠯᠡᠷᠡᠭᠦᠯᠪᠡ᠃
ᠲᠤᠬᠠᠢ᠎ᠶ᠋ᠢᠨ ᠲᠠᠯᠠᠪᠠᠢ᠎ᠳᠤ ᠪᠠᠰᠠ ᠲᠦᠷᠦ᠍᠎ᠶ᠋ᠢᠨ ᠪᠤᠳᠤᠯᠭ᠎ᠠ᠎ᠶ᠋ᠢᠨ ᠤᠬᠠᠭᠤᠯᠭ᠎ᠠ᠂ ᠬᠠᠤᠯᠢ ᠴᠠᠭᠠᠵᠠ᠎ᠶ᠋ᠢᠨ ᠯᠠᠪᠯᠠᠭ᠎ᠠ ᠵᠡᠷᠭᠡ ᠦᠢᠯᠡᠴᠢᠯᠡᠭᠡᠨ᠎ᠦ ᠲᠤᠰᠭᠠᠢ ᠲᠣᠭᠣᠷᠢᠭ ᠲᠤᠬᠢᠷᠠᠭᠤᠯᠵᠤ᠂ ᠵᠡᠮᠳᠡᠭ᠌ᠴᠦᠳ᠎ᠲᠦ ᠳᠣᠲᠣᠨᠣ ᠦᠢᠯᠡᠴᠢᠯᠡᠭᠡ ᠬᠠᠩᠭᠠᠪᠠ᠃ ᠤᠢᠯᠠᠭᠠᠭᠰᠠᠨ ᠵᠢᠨᠷ᠂ ᠲᠠᠷᠠᠭᠠᠴᠢ᠎ᠶ᠋ᠢᠨ ᠠᠯᠬᠤᠮ ᠳᠤ ᠥᠪᠡᠷᠲᠡᠭᠡᠨ ᠵᠠᠰᠠᠬᠤ ᠣᠷᠣᠨ᠎ᠤ ᠵᠡᠮᠳᠡᠭ᠌ᠴᠦᠳ᠎ᠦᠨ ᠬᠣᠯᠪᠣᠭ᠎ᠠ ᠨᠢ ᠲᠣᠰ ᠤᠳᠠᠭ᠎ᠠ᠎ᠶ᠋ᠢᠨ ᠠᠵᠢᠯᠯᠠᠭ᠎ᠠ᠎ᠪᠠᠷ ᠠᠵᠠ ᠲᠣᠬᠢᠶᠠᠯ ᠪᠣᠯᠭᠠᠵᠤ᠂ ᠵᠡᠮᠳᠡᠭ᠌ᠴᠦᠳ᠎ᠢ ᠬᠠᠯᠠᠮᠵᠢᠯᠠᠨ ᠬᠠᠢᠷᠠᠯᠠᠬᠤ ᠦᠶ᠋ᠯᠡᠴᠢᠯᠡᠭᠡᠨ᠎ᠦ ᠱᠢᠰᠲ᠋ᠧᠮ᠎ᠢ ᠦᠷᠭᠦᠯᠵᠢᠯᠡᠨ ᠲᠡᠭᠦᠯᠳᠡᠷᠵᠢᠭᠦᠯᠵᠦ᠍᠂ ᠪᠥᠬᠥ᠌ ᠣᠷᠣᠨ᠎ᠤ ᠵᠡᠮᠳᠡᠭ᠌ᠴᠦᠳ᠎ᠦᠨ ᠦᠶ᠋ᠯᠡᠰ᠎ᠦᠨ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ ᠪᠣᠯᠤᠨ᠎ᠠ᠃