ᠥᠪᠥᠷ ᠮᠣᠩᠭᠣᠯ 41 ᠳ᠋ᠦᠩᠰᠢᠭᠤᠷ ᠭᠠᠷᠤᠢ ᠲᠥᠭᠥᠷᠢᠭ ᠵᠢᠡᠷ 15 ᠲᠥᠷᠥᠯ ᠵᠦᠢᠯ᠎ᠢ ᠨᠠᠢᠳᠠᠪᠤᠷᠢᠵᠢᠭᠤᠯᠬᠤ᠎ᠶᠢ ᠪᠠᠲᠤᠯᠠᠪᠠ
2026-05-28 10:13:57
ᠵᠣᠬᠢᠶᠠᠭ᠍ᠴᠢ᠄
ᠯᠢ ᠶᠦᠩ ᠲᠤᠸ᠋
ᠣᠩᠱᠢᠭ᠍ᠰᠠᠨ ᠣᠳᠠᠭ᠎ᠠ᠄
★★★☆☆

ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ 《1571》 ᠠᠵᠢᠯ᠎ᠤᠨ ᠪᠠᠢᠷᠢᠯᠠᠭᠤᠯᠤᠯᠲᠠ᠎ᠶᠢ ᠭᠦᠨᠵᠡᠭᠡᠢ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ ᠠᠷᠠᠳ᠎ᠤᠨ ᠠᠮᠢᠳᠤᠷᠠᠯ᠎ᠢ ᠪᠠᠲᠤᠯᠠᠨ ᠰᠠᠢᠵᠢᠷᠠᠭᠤᠯᠬᠤ ᠡᠷᠴᠢᠮ᠎ᠢᠶᠡᠨ ᠦᠷᠭᠦᠯᠵᠢᠯᠡᠨ ᠴᠢᠩᠭᠠᠷᠠᠭᠤᠯᠬᠤ᠎ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ᠎ᠤ ᠡᠳ᠋᠎ᠦᠨ ᠵᠠᠰᠠᠭ᠎ᠤᠨ ᠲᠢᠩᠬᠢᠮ ᠡᠭᠦᠷᠭᠡ ᠴᠢᠳᠠᠪᠤᠷᠢ᠎ᠶᠢᠨ ᠦᠢᠯᠡᠳᠦᠯ᠎ᠢᠶᠡᠨ ᠭᠦᠢᠴᠡᠳ ᠪᠠᠳᠠᠷᠠᠭᠤᠯᠵᠤ᠂ ᠰᠤᠷᠭᠠᠨ ᠬᠥᠮᠦᠵᠢᠯ ᠠᠷᠠᠳ᠎ᠤᠨ ᠠᠮᠢᠳᠤᠷᠠᠯ ᠎ᠤᠨ 15 ᠲᠥᠷᠥᠯ ᠵᠦᠢᠯ ᠎ᠢ ᠨᠠᠢᠳᠠᠪᠤᠷᠢᠵᠢᠭᠤᠯᠬᠤ᠎ᠶᠢ ᠪᠥᠬᠥ ᠬᠦᠴᠦᠨ᠎ᠢᠶᠡᠷ ᠪᠠᠲᠤᠯᠠᠬᠤ ᠎ᠶᠢᠨ ᠲᠤᠰᠠᠳᠠ᠂ 2026 ᠣᠨ ᠎ᠳᠤ ᠬᠠᠮᠢᠶ᠎ᠠ ᠪᠦᠬᠦᠢ ᠪᠡᠯᠡ ᠮᠥᠩᠭᠥ᠎ᠶᠢ 41.7365 ᠳ᠋ᠦᠩᠰᠢᠭᠤᠷ ᠲᠥᠭᠥᠷᠢᠭ ᠤᠷᠢᠳᠴᠢᠯᠠᠨ ᠪᠠᠭᠤᠯᠭᠠᠪᠠ᠃ ᠡᠭᠦᠨ᠎ᠳᠦ᠂ ᠤᠯᠤᠰ᠎ᠦᠨ ᠪᠠᠲᠤᠯᠠᠭ᠎ᠠ᠎ᠶᠢᠨ ᠵᠦᠢᠯᠡᠰ 9᠂ ᠥᠪᠡᠷᠲᠡᠭᠡᠨ ᠵᠠᠰᠠᠬᠤ ᠣᠷᠣᠨ᠎ᠤ ᠪᠠᠲᠤᠯᠠᠭ᠎ᠠ᠎ᠶᠢᠨ ᠵᠦᠢᠯᠡᠰ 6 ᠪᠤᠢ᠃

ᠰᠤᠷᠬᠤ ᠨᠠᠰᠤᠨ᠎ᠠᠴᠠ ᠡᠮᠦᠨᠡᠬᠢ ᠰᠤᠷᠭᠠᠨ ᠬᠥᠮᠦᠵᠢᠯ᠎ᠦᠨ ᠲᠠᠯ᠎ᠠ᠎ᠪᠠᠷ᠂ ᠥᠪᠡᠷᠲᠡᠭᠡᠨ ᠵᠠᠰᠠᠬᠤ ᠣᠷᠣᠨ᠎ᠤ ᠡᠳ᠋᠎ᠦᠨ ᠵᠠᠰᠠᠭ᠎ᠤᠨ ᠲᠢᠩᠬᠢᠮ 4778 ᠲᠦᠮᠡᠨ ᠲᠥᠭᠥᠷᠢᠭ᠎ᠦᠨ ᠪᠡᠯᠡ ᠮᠥᠩᠭᠥ ᠪᠠᠭᠤᠯᠭᠠᠵᠤ᠂ ᠭᠡᠷ ᠪᠦᠯᠢ᠎ᠶᠢᠨ ᠠᠵᠤ ᠠᠬᠤᠢ ᠨᠢ ᠬᠦᠴᠢᠷᠳᠡᠯᠲᠡᠢ ᠴᠡᠴᠡᠷᠯᠢᠭ᠎ᠤᠨ ᠬᠡᠦᠬᠡᠳ ᠨᠢᠭᠡᠪᠦᠷᠢ᠎ᠳᠦ ᠵᠢᠯ ᠪᠦᠷᠢ 1000-2000 ᠲᠥᠭᠥᠷᠢᠭ᠎ᠦᠨ ᠠᠮᠢᠳᠤᠷᠠᠯ᠎ᠤᠨ ᠨᠥᠬᠥᠪᠦᠷᠢ ᠬᠠᠩᠭᠠᠵᠤ᠂ ᠬᠦᠴᠢᠷᠳᠡᠯᠲᠡᠢ ᠭᠡᠷ ᠪᠦᠯᠢ᠎ᠶᠢᠨ ᠬᠡᠦᠬᠡᠳ ᠪᠣᠢᠵᠢᠭᠤᠯᠬᠤ ᠠᠵᠤ ᠠᠬᠤᠢ᠎ᠶᠢᠨ ᠳᠠᠷᠤᠯᠲᠠ ᠪᠣᠯᠣᠨ ᠠᠮᠢᠳᠤᠷᠠᠯ᠎ᠤᠨ ᠳᠠᠷᠤᠭᠠᠰᠤ᠎ᠶᠢ ᠪᠦᠲᠦᠮᠵᠢᠲᠡᠶ ᠬᠥᠩᠭᠡᠷᠡᠭᠦᠯᠪᠡ᠃

ᠠᠯᠪᠠᠨ ᠵᠢᠷᠤᠮ᠎ᠤᠨ ᠰᠤᠷᠭᠠᠨ ᠬᠥᠮᠦᠵᠢᠯ᠎ᠦᠨ ᠲᠠᠯ᠎ᠠ᠎ᠪᠠᠷ᠂ ᠥᠪᠡᠷᠲᠡᠭᠡᠨ ᠵᠠᠰᠠᠬᠤ ᠣᠷᠣᠨ᠎ᠤ ᠡᠳ᠋᠎ᠦᠨ ᠵᠠᠰᠠᠭ᠎ᠤᠨ ᠲᠢᠩᠬᠢᠮ ᠰᠤᠷᠤᠯᠭ᠎ᠠ᠎ᠶᠢᠨ ᠰᠤᠯᠠ ᠰᠦᠢᠳᠬᠡᠯ᠎ᠢ ᠬᠡᠯᠲᠦᠷᠢᠭᠦᠯᠬᠦ᠂ ᠰᠦᠢᠳᠬᠡᠯ ᠬᠤᠷᠢᠶᠠᠬᠤ ᠦᠭᠡᠢ᠎ᠪᠡᠷ ᠬᠢᠴᠢᠶᠡᠯ᠎ᠦᠨ ᠪᠢᠴᠢᠭ ᠬᠠᠩᠭᠠᠬᠤ᠎ᠳᠤ ᠬᠡᠷᠡᠭᠯᠡᠭᠦᠯᠵᠦ᠂ ᠭᠡᠷ ᠪᠦᠯᠢ᠎ᠶᠢᠨ ᠠᠵᠤ ᠠᠬᠤᠢ ᠨᠢ ᠬᠦᠴᠢᠷᠳᠡᠯᠲᠡᠢ ᠰᠤᠷᠤᠭ᠍ᠴᠢᠳ᠎ᠲᠤ ᠠᠮᠢᠳᠤᠷᠠᠯ᠎ᠤᠨ ᠰᠦᠢᠳᠬᠡᠯ᠎ᠦᠨ ᠲᠤᠰᠠᠯᠠᠮᠵᠢ ᠣᠯᠭᠣᠵᠤ᠂ ᠠᠯᠪᠠᠨ ᠵᠢᠷᠤᠮ᠎ᠤᠨ ᠰᠤᠷᠭᠠᠨ ᠬᠥᠮᠦᠵᠢᠯ᠎ᠦᠨ ᠪᠠᠢᠷᠢ᠎ᠳᠤ ᠰᠠᠭᠤᠬᠤ ᠰᠤᠷᠤᠭ᠍ᠴᠢᠳ᠎ᠲᠤ ᠪᠠᠢᠷᠢ᠎ᠶᠢᠨ ᠰᠦᠢᠳᠬᠡᠯ᠎ᠦᠨ ᠲᠤᠰᠠᠯᠠᠮᠵᠢ ᠬᠠᠩᠭᠠᠬᠤ᠎ᠳᠤ ᠬᠡᠷᠡᠭᠯᠡᠭᠦᠯᠬᠦ ᠪᠡᠷ 27.5 ᠳ᠋ᠦᠩᠰᠢᠭᠤᠷ ᠲᠥᠭᠥᠷᠢᠭ᠎ᠦᠨ ᠪᠡᠯᠡ ᠮᠥᠩᠭᠥ ᠪᠠᠭᠤᠯᠭᠠᠪᠠ᠃ ᠡᠳᠡᠭᠡᠷ ᠠᠷᠭ᠎ᠠ ᠬᠡᠮᠵᠢᠶ᠎ᠡ ᠨᠢ ᠬᠦᠴᠢᠷᠳᠡᠯᠲᠠᠢ ᠭᠡᠷ ᠪᠦᠯᠢ᠎ᠶᠢᠨ ᠰᠤᠷᠭᠠᠨ ᠬᠥᠮᠦᠵᠢᠯ᠎ᠦᠨ ᠳᠠᠷᠤᠭᠠᠰᠤ᠎ᠶᠢ ᠦᠨᠡᠨ ᠬᠦ᠌ ᠬᠥᠩᠭᠡᠷᠡᠭᠦᠯᠵᠦ᠂ ᠠᠵᠤ ᠠᠬᠤᠢ᠎ᠶᠢᠨ ᠬᠦᠴᠢᠷᠳᠡᠯ᠎ᠡᠴᠡ ᠪᠣᠯᠵᠤ ᠰᠤᠷᠤᠯᠭ᠎ᠠ ᠠᠯᠳᠠᠬᠤ ᠦᠭᠡᠢ ᠪᠠᠢᠬᠤ᠎ᠶᠢ ᠪᠠᠲᠤᠯᠠᠵᠤ᠂ ᠰᠤᠷᠭᠠᠨ ᠬᠥᠮᠦᠵᠢᠯ᠎ᠦᠨ ᠭᠣᠣᠯᠴᠢ ᠪᠠᠢᠬᠤ᠎ᠶᠢ ᠪᠦᠲᠦᠮᠵᠢᠲᠡᠢ ᠠᠬᠢᠭᠤᠯᠪᠠ᠃

ᠥᠨᠳᠥᠷ ᠵᠡᠷᠭᠡ᠎ᠶᠢᠨ ᠳᠤᠮᠳᠠᠳᠤ ᠰᠤᠷᠭᠠᠭᠤᠯᠢ᠎ᠶᠢᠨ ᠰᠤᠷᠭᠠᠨ ᠬᠥᠮᠦᠵᠢᠯ᠎ᠦᠨ ᠲᠠᠯ᠎ᠠ᠎ᠪᠠᠷ᠂ ᠥᠪᠡᠷᠲᠡᠭᠡᠨ ᠵᠠᠰᠠᠬᠤ ᠣᠷᠣᠨ᠎ᠤ ᠡᠳ᠋᠎ᠦᠨ ᠵᠠᠰᠠᠭ᠎ᠤᠨ ᠲᠢᠩᠬᠢᠮ ᠥᠨᠳᠥᠷ ᠵᠡᠷᠭᠡ᠎ᠶᠢᠨ ᠳᠤᠮᠳᠠᠳᠤ ᠰᠤᠷᠭᠠᠭᠤᠯᠢ᠎ᠶᠢᠨ ᠰᠤᠯᠠ ᠵᠠᠷᠤᠳᠠᠯ᠂ ᠳᠤᠮᠳᠠ ᠵᠡᠷᠭᠡ᠎ᠶᠢᠨ ᠠᠵᠢᠯ ᠮᠡᠷᠭᠡᠵᠢᠯ᠎ᠦᠨ ᠰᠤᠷᠤᠯᠭ᠎ᠠ᠎ᠶᠢᠨ ᠰᠦᠢᠳᠬᠡᠯ᠎ᠢ ᠬᠡᠯᠲᠦᠷᠢᠭᠦᠯᠬᠦ᠂ ᠰᠦᠢᠳᠬᠡᠯ ᠬᠤᠷᠢᠶᠠᠬᠤ ᠦᠭᠡᠢ᠎ᠪᠡᠷ ᠬᠢᠴᠢᠶᠡᠯ᠎ᠦᠨ ᠪᠢᠴᠢᠭ ᠬᠠᠩᠭᠠᠬᠤ᠂ ᠰᠤᠷᠤᠯᠭ᠎ᠠ᠎ᠶᠢᠨ ᠲᠡᠳᠬᠦᠮᠵᠢ᠎ᠶᠢᠨ ᠮᠥᠩᠭᠥ ᠣᠯᠭᠣᠬᠤ᠎ᠳᠤ ᠬᠡᠷᠡᠭᠯᠡᠬᠦᠯᠬᠦ᠎ᠶᠢᠨ ᠬᠠᠮᠲᠤ ᠪᠦᠬᠦ ᠣᠷᠣᠨ᠎ᠤ ᠳᠤᠮᠳᠠ ᠵᠡᠷᠭᠡ᠎ᠶᠢᠨ ᠠᠵᠢᠯ ᠮᠡᠷᠭᠡᠵᠢᠯ᠎ᠦᠨ ᠰᠤᠷᠭᠠᠭᠤᠯᠢ᠎ᠶᠢᠨ ᠪᠦᠬᠦᠯᠢ ᠡᠳᠦᠷ᠎ᠦᠨ ᠳᠦᠷᠢᠮᠲᠦ ᠰᠤᠷᠤᠯᠭ᠎ᠠ ᠵᠢᠨ ᠨᠠᠮᠲᠠᠷ᠎ᠤᠨ ᠰᠤᠷᠭᠠᠨ ᠬᠥᠮᠦᠵᠢᠯ᠎ᠦᠨ ᠵᠢᠩᠬᠢᠨᠢ ᠰᠤᠷᠭᠠᠭᠤᠯᠢ᠎ᠶᠢᠨ ᠬᠠᠷᠢᠶ᠎ᠠ᠎ᠲᠠᠢ ᠪᠠᠢᠷᠢ᠎ᠳᠤ ᠰᠠᠭᠤᠭ᠎ᠠ ᠰᠤᠷᠤᠭ᠍ᠴᠢ ( ᠠᠵᠢᠯᠯᠠᠬᠤ ᠵᠢᠨ ᠳᠠᠭᠠᠤ ᠰᠤᠷᠤᠯᠴᠠᠵᠤ ᠪᠠᠢᠭ᠎ᠠ ᠰᠤᠷᠤᠭ᠍ᠴᠢ ᠪᠠᠭᠲᠠᠬᠤ ᠦᠭᠡᠢ)᠎ᠳᠤ ᠪᠠᠢᠷᠢ᠎ᠶᠢᠨ ᠰᠦᠢᠳᠬᠡᠯ᠎ᠦᠨ ᠲᠤᠰᠠᠯᠠᠮᠵᠢ ᠣᠯᠭᠣᠬᠤ᠎ᠳᠤ ᠬᠡᠷᠡᠭᠯᠡᠭᠦᠯᠬᠦ ᠪᠡᠷ 12.5759 ᠳ᠋ᠦᠩᠰᠢᠭᠤᠷ ᠲᠥᠭᠥᠷᠢᠭ᠎ᠦᠨ ᠪᠡᠯᠡ ᠮᠥᠩᠭᠥ ᠪᠠᠭᠤᠯᠭᠠᠪᠠ᠃ ᠡᠨᠡ ᠬᠦ᠌ ᠠᠷᠭ᠎ᠠ ᠬᠡᠮᠵᠢᠶ᠎ᠡ ᠨᠢ ᠡᠯ᠎ᠡ ᠲᠥᠷᠥᠯ᠎ᠦᠨ ᠰᠤᠷᠤᠭ᠍ᠴᠢᠳ᠎ᠤᠨ ᠡᠷᠬᠡ ᠲᠡᠭᠰᠢ᠎ᠪᠡᠷ ᠰᠤᠷᠭᠠᠨ ᠬᠥᠮᠦᠵᠢᠯ ᠭᠥᠷᠳᠡᠬᠦ ᠠᠵᠠ ᠲᠣᠬᠢᠶᠠᠯ᠎ᠢ ᠪᠠᠲᠤᠯᠠᠵᠤ᠂ ᠰᠤᠷᠭᠠᠨ ᠬᠥᠮᠦᠵᠢᠯ᠎ᠢᠶᠡᠷ ᠶᠠᠳᠠᠭᠤ᠎ᠠᠴᠠ ᠠᠩᠭᠢᠵᠢᠷᠠᠭᠤᠯᠤᠭᠰᠠᠨ ᠦᠷ᠎ᠡ ᠪᠦᠲᠦᠭᠡᠯ᠎ᠢ ᠪᠡᠬᠢᠵᠢᠭᠦᠯᠬᠦ᠎ᠳᠦ ᠬᠦᠴᠦᠨ ᠨᠡᠮᠡᠷᠢᠯᠡᠵᠦ᠂ ᠥᠨᠳᠥᠷ ᠵᠡᠷᠭᠡ᠎ᠶᠢᠨ ᠳᠤᠮᠳᠠᠳᠤ ᠰᠤᠷᠭᠠᠭᠤᠯᠢ᠎ᠶᠢᠨ ᠱᠠᠲᠤᠨ᠎ᠤ ᠰᠤᠷᠭᠠᠨ ᠬᠥᠮᠦᠵᠢᠯ᠎ᠦᠨ ᠬᠥᠭᠵᠢᠯᠲᠡ ᠪᠠ ᠴᠢᠳᠠᠪᠤᠷᠢᠲᠠᠨ᠎ᠢ ᠬᠥᠮᠥᠵᠢᠭᠦᠯᠬᠦ ᠰᠠᠭᠤᠷᠢ᠎ᠶᠢ ᠪᠡᠬᠢᠵᠢᠭᠦᠯᠵᠦ᠂ ᠠᠷᠠᠳ᠎ᠤᠨ ᠠᠮᠢᠳᠤᠷᠠᠯ᠎ᠤᠨ ᠪᠠᠲᠤᠯᠠᠭ᠎ᠠ ᠪᠠ ᠨᠡᠢᠭᠡᠮ᠎ᠦᠨ ᠲᠥᠪ ᠭᠣᠥᠯᠴᠢ᠎ᠶᠢᠨ ᠰᠠᠭᠤᠷᠢ᠎ᠶᠢ ᠤᠯᠠᠮ ᠨᠢᠭᠡ ᠠᠯᠬᠤᠮ ᠪᠠᠲᠤᠳᠬᠠᠪᠠ᠃

ᠳᠡᠭᠡᠳᠦ ᠵᠡᠷᠭᠡ᠎ᠶᠢᠨ ᠰᠤᠷᠭᠠᠨ ᠬᠥᠮᠦᠵᠢᠯ᠎ᠦᠨ ᠲᠠᠯ᠎ᠠ᠎ᠪᠠᠷ᠂ ᠥᠪᠡᠷᠲᠡᠭᠡᠨ ᠵᠠᠰᠠᠬᠤ ᠣᠷᠣᠨ᠎ᠤ ᠡᠳ᠋᠎ᠦᠨ ᠵᠠᠰᠠᠭ᠎ᠤᠨ ᠲᠢᠩᠬᠢᠮ 1.1878 ᠳ᠋ᠦᠩᠰᠢᠭᠤᠷ ᠲᠥᠭᠥᠷᠢᠭ᠎ᠦᠨ ᠪᠡᠯᠡ ᠮᠥᠩᠭᠥ ᠪᠠᠭᠤᠯᠭᠠᠵᠤ᠂ ᠬᠣᠲᠠ ᠬᠥᠳᠡᠭᠡ᠎ᠶᠢᠨ ᠠᠮᠢᠳᠤᠷᠠᠯ᠎ᠤᠨ ᠨᠠᠭᠠᠲᠤ ᠵᠠᠬ᠎ᠠ᠎ᠶᠢᠨ ᠪᠠᠲᠤᠯᠠᠭ᠎ᠠ ᠭᠥᠷᠳᠡᠵᠦ ᠪᠠᠢᠭ᠎ᠠ ᠭᠡᠷ ᠪᠦᠯᠢ᠎ᠶᠢᠨ ᠦᠷ᠎ᠡ ᠬᠡᠦᠬᠡᠳ ᠪᠠ ᠥᠨᠥᠴᠢᠨ ᠬᠡᠦᠬᠡᠳ᠎ᠦᠨ ᠳᠣᠲᠣᠷᠠᠬᠢ ᠪᠦᠬᠦᠯᠢ ᠡᠳᠦᠷ᠎ᠦᠨ ᠳᠦᠷᠢᠮᠲᠦ ᠵᠢᠩᠬᠢᠨᠢ ᠠᠩᠭᠢ ᠪᠠ ᠲᠤᠰᠬᠠᠢ ᠮᠡᠷᠭᠡᠵᠢᠯ᠎ᠦᠨ ᠠᠩᠭᠢ᠎ᠶᠢᠨ ᠰᠣᠷᠣᠭ᠍ᠴᠢ᠎ᠳᠤ ᠰᠤᠷᠭᠠᠭᠤᠯᠢ᠎ᠳᠤ ᠣᠷᠣᠬᠤ ᠲᠤᠰᠠᠯᠠᠮᠵᠢ ᠬᠠᠩᠭᠠᠵᠤ᠂ ᠰᠤᠷᠤᠭ᠍ᠴᠢᠳ᠎ᠤᠨ ᠭᠡᠷ ᠪᠦᠯᠢ᠎ᠶᠢᠨ ᠠᠵᠤ ᠠᠬᠤᠢ ᠨᠢ ᠬᠦᠴᠢᠷᠳᠡᠯᠲᠡᠢ᠎ᠡᠴᠡ ᠪᠣᠯᠵᠤ ᠳᠡᠭᠡᠳᠦ ᠵᠡᠷᠭᠡ᠎ᠶᠢᠨ ᠰᠤᠷᠭᠠᠨ ᠬᠥᠮᠦᠵᠢᠯ ᠭᠥᠷᠳᠡᠬᠦ ᠲᠣᠬᠢᠶᠠᠯ᠎ᠢᠶᠠᠨ ᠬᠠᠶᠠᠬᠤ᠎ᠠᠴᠠ ᠪᠦᠲᠦᠮᠵᠢᠲᠡᠶ ᠵᠠᠢᠯᠠᠰᠬᠢᠯᠭᠡᠵᠦ᠂ ᠣᠨᠴᠠᠭᠠᠶ ᠪᠦᠯᠦᠭᠵᠢᠯ᠎ᠤᠨ ᠳᠡᠭᠡᠳᠦ ᠵᠡᠷᠭᠡ᠎ᠶᠢᠨ ᠰᠤᠷᠭᠠᠨ ᠬᠥᠮᠦᠵᠢᠯ ᠭᠥᠷᠳᠡᠬᠦ ᠡᠷᠬᠡ᠎ᠶᠢ ᠪᠠᠲᠤᠯᠠᠪᠠ᠃

《ᠲᠠᠷᠠᠭᠠᠴᠢ᠎ᠶᠢᠨ ᠠᠯᠬᠤᠮ᠎ᠳᠤ᠂ ᠪᠢᠳᠡ ᠦᠷᠭᠦᠯᠵᠢᠯᠡᠨ ᠰᠤᠷᠭᠠᠨ ᠬᠥᠮᠦᠵᠢᠯ᠎ᠦᠨ ᠬᠦᠷᠢᠶᠡᠨ᠎ᠦ ᠦᠨᠳᠦᠰᠦᠨ ᠠᠷᠠᠳ᠎ᠤᠨ ᠠᠮᠢᠳᠤᠷᠠᠯ᠎ᠤᠨ ᠪᠠᠲᠤᠯᠠᠭ᠎ᠠ᠎ᠪᠠᠷ ᠭᠠᠷᠳᠠᠴᠠ ᠪᠣᠯᠭᠠᠵᠤ᠂ ᠰᠤᠷᠭᠠᠨ ᠬᠥᠮᠦᠵᠢᠯ᠎ᠦᠨ ᠡᠷᠬᠡ ᠲᠡᠭᠰᠢ᠎ᠶᠢᠨ ᠬᠣᠷᠢᠭ᠎ᠠ ᠱᠤᠭᠤᠮ᠎ᠢ ᠦᠨᠡᠨ ᠬᠦ᠌ ᠪᠠᠲᠤ ᠰᠠᠬᠢᠵᠤ᠂ ᠰᠤᠷᠭᠠᠨ ᠬᠥᠮᠦᠵᠢᠯ ᠠᠷᠠᠳ᠎ᠤᠨ ᠠᠮᠢᠳᠤᠷᠠᠯ᠎ᠤᠨ ᠪᠠᠲᠤᠯᠠᠭ᠎ᠠ᠎ᠶᠢᠨ ᠲᠦᠪᠰᠢᠨ᠎ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠦᠨ ᠴᠢᠨᠠᠷ ᠰᠠᠢᠲᠠᠢ ᠬᠥᠭᠵᠢᠯᠲᠡ ᠪᠠ ᠠᠷᠠᠳ᠎ᠤᠨ ᠠᠮᠢᠳᠤᠷᠠᠯ᠎ᠢ ᠦᠷᠭᠦᠯᠵᠢᠯᠡᠨ ᠰᠠᠢᠵᠢᠷᠠᠭᠤᠯᠬᠤ᠎ᠳᠤ ᠪᠠᠲᠤ ᠪᠡᠬᠢ ᠲᠤᠯᠭᠠᠭᠤᠷᠢᠯᠠᠯ ᠬᠠᠩᠭᠠᠨ᠎ᠠ》 ᠭᠡᠵᠦ ᠥᠪᠡᠷᠲᠡᠭᠡᠨ ᠵᠠᠰᠠᠬᠤ ᠣᠷᠣᠨ᠎ᠤ ᠡᠳ᠋ ᠎ᠦᠨ ᠵᠠᠰᠠᠭ᠎ᠤᠨ ᠲᠢᠩᠬᠢᠮ᠎ᠦᠨ ᠬᠣᠯᠪᠣᠭᠳᠠᠯ ᠪᠦᠬᠦᠢ ᠬᠠᠷᠢᠭᠤᠴᠠᠯᠭᠠᠲᠠᠨ ᠲᠠᠨᠢᠯᠴᠠᠭᠤᠯᠪᠠ᠃


ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号