ᠦᠪᠦᠷ ᠮᠣᠩᠭᠣᠯ ᠎ᠤᠨ ᠡᠨᠡ ᠬᠦ᠌ ᠲᠤᠰᠬᠤᠨ ᠤᠯᠠᠨ ᠤᠯᠤᠰ᠎ᠤᠨ ᠬᠤᠯᠪᠤᠭᠠᠲᠤ ᠪᠠᠢᠭᠤᠯᠭ᠎ᠠ ᠵᠢᠨ ᠭᠡᠷᠡᠴᠢᠯᠡᠯ ᠎ᠢ ᠬᠦᠷᠲᠡᠪᠡ
2026-05-28 11:25:17
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

ᠣᠢᠷ᠎ᠠ᠎ᠳᠤ 《ᠣᠯᠠᠨ ᠤᠯᠤᠰ᠎ᠤᠨ ᠬᠣᠯᠪᠣᠭᠠᠲᠤ ᠪᠠᠢᠭᠤᠯᠭ᠎ᠠ᠎ᠶᠢᠨ ᠠᠮᠤ ᠪᠤᠳᠠᠭ᠎ᠠ ᠵᠢᠴᠢ ᠲᠠᠷᠢᠶᠠᠯᠠᠩ᠎ᠤᠨ ᠵᠣᠬᠢᠶᠠᠨ ᠪᠠᠢᠭᠤᠯᠤᠯᠲᠠ᠎ᠶᠢᠨ ᠵᠢᠱ᠌ᠢᠶ᠎ᠡ ᠦᠵᠡᠭᠦᠯᠬᠦ ᠲᠣᠰᠬᠣᠨ》 ᠎ᠤ ᠰᠢᠯᠭᠠᠷᠠᠭᠤᠯᠤᠯᠲᠠ᠎ᠶᠢᠨ ᠦᠷ᠎ᠡ ᠳ᠋ᠦᠩ᠎ᠢ ᠨᠡᠢᠲᠡᠯᠡᠵᠦ᠂ ᠲᠠᠢᠫᠤᠰᠧ ᠬᠣᠰᠢᠭᠤᠨ᠎ᠤ ᠪᠣᠣᠴᠠᠩ ᠪᠠᠯᠭᠠᠰᠤᠨ᠎ᠤ ᠪᠢᠶᠠᠨ ᠴᠢᠶᠠᠩ ᠲᠣᠰᠬᠣᠨ ᠠᠮᠵᠢᠯᠲᠠ ᠲᠠᠢ ᠪᠡᠷ ᠰᠤᠩᠭᠤᠭᠳᠠᠵᠠᠢ᠃

《ᠵᠢᠱ᠌ᠢᠶ᠎ᠡ ᠦᠵᠡᠭᠦᠯᠬᠦ ᠬᠥᠳᠡᠭᠡ ᠲᠣᠰᠬᠣᠨ》᠎ᠤ ᠭᠡᠷᠡᠴᠢᠯᠡᠯ᠎ᠦᠨ ᠠᠵᠢᠯᠯᠠᠭ᠎ᠠ ᠪᠣᠯ ᠣᠯᠠᠨ ᠤᠯᠤᠰ᠎ᠤᠨ ᠬᠣᠯᠪᠣᠭᠠᠲᠤ ᠪᠠᠢᠭᠤᠯᠭ᠎ᠠ ᠎ᠶᠢᠨ ᠠᠮᠤ ᠪᠤᠳᠠᠭ᠎ᠠ ᠵᠢᠴᠢ ᠲᠠᠷᠢᠶᠠᠯᠠᠩ᠎ᠤᠨ ᠵᠣᠬᠢᠶᠠᠨ ᠪᠠᠢᠭᠤᠯᠤᠯᠲᠠ ᠪᠠᠢᠭᠤᠯᠤᠭᠳᠠᠭᠰᠠᠨ 80 ᠵᠢᠯ ᠎ᠦᠨ ᠣᠶ᠎ᠶᠢ ᠪᠡᠯᠭᠡᠯᠡᠬᠦ ᠰᠢᠷᠢᠰ ᠠᠵᠢᠯᠯᠠᠭ᠎ᠠ᠎ᠶᠢᠨ ᠴᠢᠬᠤᠯᠠ ᠲᠥᠷᠥᠯ ᠵᠦᠢᠯ ᠮᠥᠨ᠂ ᠶᠡᠷᠦᠩᠬᠡᠢ ᠠᠵᠢᠯᠯᠠᠭ᠍ᠴᠢ ᠴᠢᠦᠢ ᠳ᠋ᠦᠩ ᠢᠦᠢ ᠪᠡᠶ᠎ᠡ᠎ᠪᠡᠷ᠎ᠢᠶᠡᠨ ᠰᠠᠨᠠᠭᠠᠴᠢᠯᠠᠨ ᠡᠷᠭᠢᠯᠡᠵᠦ᠂ FAO ᠵᠢᠨ ᠠᠮᠤ ᠪᠤᠳᠠᠭ᠎ᠠ ᠲᠠᠷᠢᠶᠠᠯᠠᠩ᠎ᠤᠨ ᠮᠦᠽᠧᠢ ᠵᠢᠴᠢ ᠰᠦᠯᠵᠢᠶ᠎ᠡ ᠪᠡᠷ ᠲᠦᠯᠬᠢᠨ ᠠᠬᠢᠭᠤᠯᠵᠤ ᠨᠠᠢᠳᠠᠪᠤᠷᠢᠵᠢᠭᠤᠯᠳᠠᠭ᠃ ᠲᠣᠰ ᠠᠵᠢᠯᠯᠠᠭ᠎ᠠ ᠨᠢ 2025 ᠣᠨ᠎ᠤ 12 ᠰᠠᠷ᠎ᠠ᠎ᠶᠢᠨ 8 ᠎ᠤ ᠡᠳᠦᠷ ᠶᠧᠵᠢᠫᠲ᠎ᠦᠨ ᠺᠠᠢᠷᠤ᠋᠎ᠳᠤ ᠵᠢᠩᠬᠢᠨᠢ᠎ᠪᠡᠷ ᠡᠬᠢᠯᠡᠪᠡ᠂ ᠲᠣᠰ ᠠᠵᠢᠯᠯᠠᠭ᠎ᠠ ᠨᠢ ᠪᠥᠬᠥ ᠪᠥᠮᠪᠥᠷᠴᠡᠭ᠎ᠦᠨ ᠲᠠᠷᠢᠶᠠᠯᠠᠩ᠎ᠤᠨ ᠠᠮᠤ ᠪᠤᠳᠠᠭᠠᠨ᠎ᠤ ᠰᠢᠰᠲᠧᠮ ᠎ᠢ ᠬᠦᠲᠦᠯᠦᠨ ᠳᠠᠭᠠᠭᠤᠯᠵᠤ ᠬᠡᠯᠪᠡᠷᠢ᠎ᠪᠡᠨ ᠬᠤᠪᠢᠷᠠᠭᠤᠯᠤᠭᠰᠠᠨ ᠬᠥᠳᠡᠭᠡ ᠲᠣᠰᠬᠣᠨ᠎ᠤ ᠥᠯᠢᠭᠡᠷ ᠵᠢᠱ᠌ᠢᠶ᠎ᠡ᠎ᠶᠢ ᠬᠥᠬᠢᠭᠦᠯᠦᠨ᠂ ᠪᠥᠬᠥ ᠪᠥᠮᠪᠥᠷᠴᠡᠭ᠎ᠦᠨ ᠰᠢᠯᠢᠳᠡᠭ ᠬᠥᠳᠡᠭᠡ ᠲᠣᠰᠬᠣᠨ᠎ᠳᠤ ᠠᠭᠤᠯᠤᠭᠳᠠᠵᠤ ᠪᠠᠢᠭ᠎ᠠ ᠭᠣᠣᠯᠯᠠᠬᠤ ᠥᠷᠲᠡᠭ᠎ᠢ ᠤᠯᠠᠮᠵᠢᠯᠠᠨ ᠪᠠᠳᠠᠷᠠᠭᠤᠯᠵᠤ᠂ ᠲᠡᠭᠦᠨ᠎ᠦ ᠲᠠᠷᠢᠶᠠᠯᠠᠩ᠎ᠤᠨ ᠠᠮᠤ ᠪᠤᠳᠠᠭᠠᠨ᠎ᠤ ᠰᠢᠰᠲᠧᠮ᠎ᠦᠨ ᠦᠷᠭᠦᠯᠵᠢᠯᠡᠬᠦ ᠬᠥᠭᠵᠢᠯᠲᠡ ᠎ᠶᠢ ᠠᠬᠢᠭᠤᠯᠬᠤ᠂ ᠠᠮᠢᠳᠤ ᠪᠣᠳᠠᠰ᠎ᠤᠨ ᠣᠯᠠᠨ ᠶᠠᠩᠵᠤᠲᠤ ᠴᠢᠨᠠᠷ ᠎ᠢ ᠬᠠᠮᠠᠭᠠᠯᠠᠬᠤ᠂ ᠢᠳᠡᠭᠡᠨ ᠎ᠤ ᠳᠠᠳᠬᠠᠯ᠎ᠢᠶᠠᠨ ᠦᠷᠭᠦᠯᠵᠢᠯᠡᠭᠦᠯᠬᠦ᠂ ᠤᠷᠤᠨ ᠨᠤᠲᠤᠭ ᠎ᠤᠨ ᠣᠶᠤᠨ ᠤᠬᠠᠭᠠᠨ᠎ᠢ ᠤᠯᠠᠮᠵᠢᠯᠠᠨ ᠵᠠᠯᠭᠠᠮᠵᠢᠯᠠᠬᠤ ᠪᠠ ᠬᠥᠳᠡᠭᠡ ᠲᠣᠰᠬᠣᠨ ᠎ᠤ ᠲᠦᠭᠡᠮᠡᠯ ᠬᠠᠷᠠᠭᠠᠯᠵᠠᠯᠲᠤ ᠪᠠᠭᠲᠠᠭᠠᠮᠵᠢᠲᠠᠢ ᠬᠡᠯᠪᠡᠷᠢ᠎ᠪᠡᠨ ᠬᠤᠪᠢᠷᠠᠭᠤᠯᠬᠤ᠎ᠶᠢ ᠲᠦᠯᠬᠢᠨ ᠠᠬᠢᠭᠤᠯᠬᠤ᠎ᠳᠤ ᠦᠵᠡᠭᠦᠯᠬᠦ ᠵᠠᠩᠭᠢᠯᠠᠭ᠎ᠠ᠎ᠶᠢᠨ ᠦᠢᠯᠡᠳᠦᠯ᠎ᠢ ᠨᠢ ᠢᠯᠡᠷᠡᠭᠦᠯᠬᠦ᠎ᠪᠡᠷ ᠵᠣᠷᠢᠯᠭ᠎ᠠ᠎ᠪᠠᠨ ᠪᠣᠯᠭᠠᠵᠠᠢ᠃ ᠰᠣᠩᠭᠣᠭᠳᠠᠭᠰᠠᠨ ᠲᠣᠰᠬᠣᠨ᠎ᠢ FAO ᠵᠢᠨ ᠠᠮᠤ ᠪᠤᠳᠠᠭ᠎ᠠ ᠲᠠᠷᠢᠶᠠᠯᠠᠩ᠎ᠤᠨ ᠮᠦᠽᠧᠢ ᠵᠢᠴᠢ ᠰᠦᠯᠵᠢᠶᠡᠨ ᠳᠡᠭᠡᠷ᠎ᠡ ᠤᠬᠠᠭᠤᠯᠤᠨ ᠲᠠᠨᠢᠯᠴᠠᠭᠤᠯᠵᠤ᠂ ᠪᠥᠬᠥ ᠪᠥᠮᠪᠥᠷᠴᠡᠭ ᠎ᠦᠨ ᠮᠡᠳᠡᠯᠭᠡ᠎ᠶᠢᠨ ᠡᠷᠭᠢᠯᠲᠡ᠎ᠶᠢᠨ ᠰᠢᠰᠲᠧᠮ᠎ᠢ ᠪᠠᠶ᠋ᠢᠭᠤᠯᠬᠤ ᠪᠣᠯᠣᠨ᠎ᠠ᠃


QQ20260528-112628.png



QQ20260528-103133.png

ᠲᠠᠢᠫᠤᠰᠧ ᠬᠣᠰᠢᠭᠤᠨ᠎ᠤ ᠪᠢᠶᠠᠨ ᠴᠢᠶᠠᠩ ᠲᠣᠰᠬᠣᠨ ᠤᠷᠢᠳ ᠬᠣᠵᠢᠳ ᠤᠯᠤᠰ᠎ᠤᠨ ᠬᠥᠳᠡᠭᠡ ᠲᠣᠰᠬᠣᠨ᠎ᠤ ᠵᠢᠭᠤᠯᠴᠢᠯᠠᠯ᠎ᠤᠨ ᠭᠣᠣᠯᠳᠠᠯᠭ᠎ᠠ᠎ᠲᠠᠢ ᠲᠣᠰᠬᠣᠨ᠂ ᠪᠦᠬᠦ ᠤᠯᠤᠰ᠎ᠤᠨ ᠪᠣᠯᠪᠠᠰᠤᠨ ᠲᠣᠰᠬᠣᠨ ᠪᠠᠯᠭᠠᠰᠤ᠎ᠵᠡᠷᠭᠡ ᠬᠣᠶᠠᠷ ᠵᠦᠢᠯ᠎ᠦᠨ ᠤᠯᠤᠰ᠎ᠤᠨ ᠳᠡᠰ᠎ᠤᠨ ᠢᠷᠠᠭᠤ ᠠᠯᠳᠠᠷ᠎ᠢ ᠬᠦᠷᠲᠡᠵᠦ ᠦᠩᠭᠡᠷᠡᠪᠡ᠃ ᠣᠢᠷ᠎ᠠ᠎ᠶᠢᠨ ᠵᠢᠯ᠎ᠡᠴᠡ ᠪᠢᠶᠠᠨ ᠴᠢᠶᠠᠩ ᠲᠣᠰᠬᠣᠨ ᠠᠵᠤ ᠦᠢᠯᠡᠰ᠎ᠦᠨ ᠬᠥᠭᠵᠢᠯᠲᠡ᠎ᠪᠡᠷ ᠰᠠᠭᠤᠷᠢ ᠪᠣᠯᠭᠠᠵᠤ᠂ ᠦᠨᠳᠦᠰᠦᠨ ᠱᠠᠲᠤᠨ᠎ᠤ ᠵᠠᠰᠠᠯᠲᠠ᠎ᠪᠠᠷ ᠪᠠᠲᠤᠯᠠᠭ᠎ᠠ ᠪᠣᠯᠭᠠᠵᠤ᠂ ᠣᠨᠴᠠᠯᠢᠭ᠍ᠲᠤ ᠰᠣᠶᠣᠯ᠎ᠢᠶᠠᠷ ᠰᠦᠭ ᠰᠦᠨᠡᠰᠦ ᠪᠣᠯᠭᠠᠵᠤ᠂ ᠲᠠᠷᠢᠶᠠᠯᠠᠩ ᠪᠠ ᠰᠣᠶᠣᠯ ᠵᠢᠭᠤᠯᠴᠢᠯᠠᠯ᠎ᠢ ᠠᠭᠤᠰᠤᠯᠴᠠᠭᠤᠯᠤᠨ ᠬᠥᠭᠵᠢᠭᠦᠯᠬᠦ ᠵᠠᠮ᠎ᠢ ᠭᠦᠨᠵᠡᠭᠡᠢ ᠰᠦᠪᠡᠭᠴᠢᠯᠡᠵᠦ᠂ ᠠᠮᠢ ᠠᠬᠤᠢ᠎ᠵᠢᠨ ᠵᠢᠭᠤᠯᠴᠢᠯᠠᠯ᠂  ᠵᠢᠮᠢᠰ ᠨᠤᠭᠤᠭ᠎ᠠ ᠲᠡᠭᠦᠨ ᠰᠡᠯᠡᠬᠦᠴᠡᠬᠦ᠂ ᠡᠷᠡᠭᠦᠯᠵᠢᠯ᠎ᠤᠨ ᠰᠤᠪᠢᠯᠠᠯᠲᠠ ᠠᠮᠠᠷᠠᠯᠲᠠ᠎ᠶᠢ ᠨᠢᠭᠡ ᠴᠣᠭᠴᠠᠵᠢᠭᠤᠯᠤᠭᠰᠠᠨ ᠣᠷᠣᠰᠢᠨ ᠠᠮᠢᠳᠤᠷᠠᠬᠤ᠎ᠳᠠᠭᠠᠨ ᠵᠤᠬᠢᠴᠠᠬᠰᠠᠨ ᠠᠵᠦ ᠦᠢᠯᠡᠰ ᠪᠠ ᠦᠵᠡᠰᠬᠦᠯᠡᠩᠲᠦ ᠰᠠᠢᠬᠠᠨ ᠬᠥᠳᠡᠭᠡ ᠲᠣᠰᠬᠣᠨ᠎ᠢ ᠪᠦᠬᠦ ᠬᠦᠴᠦᠨ᠎ᠢᠶᠡᠷ ᠴᠣᠭᠴᠠᠯᠠᠵᠤ᠂ ᠲᠣᠰᠬᠣᠨ᠎ᠤ ᠬᠠᠮᠲᠤ᠎ᠶᠢᠨ ᠠᠵᠤ ᠠᠬᠤᠢ᠎ᠶᠢ ᠳᠠᠰᠤᠷᠠᠯᠳᠠ ᠦᠭᠡᠢ ᠪᠤᠵᠠᠭᠠᠢᠷᠠᠭᠤᠯᠵᠤ᠂ ᠤᠯᠠᠨ ᠲᠦᠮᠡᠨ᠎ᠦ ᠣᠷᠣᠯᠭ᠎ᠠ᠎ᠶᠢ ᠨᠡᠮᠡᠭᠳᠡᠭᠦᠯᠬᠦ ᠠᠷᠭ᠎ᠠ ᠵᠠᠮ᠎ᠢ ᠥᠷᠭᠡᠳᠬᠡᠨ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠡᠯ᠎ᠡ ᠵᠦᠢᠯ᠎ᠦᠨ ᠠᠵᠢᠯ ᠯᠠᠪᠳᠠᠭᠤᠨ ᠪᠠᠲᠤᠲᠠᠢ ᠦᠷ᠎ᠡ ᠪᠦᠲᠦᠮᠵᠢ ᠣᠯᠪᠠ᠃ 2025 ᠣᠨ᠎ᠳᠤ᠂ ᠪᠦᠬᠦ ᠲᠣᠰᠬᠣᠨ᠎ᠤ ᠬᠠᠮᠲᠤ᠎ᠶᠢᠨ ᠠᠵᠤ ᠠᠬᠤᠢ᠎ᠶᠢᠨ ᠣᠷᠣᠯᠭ᠎ᠠ 110 ᠲᠦᠮᠡᠨ ᠲᠥᠭᠥᠷᠢᠭ᠎ᠲᠦ ᠬᠦᠷᠴᠦ᠂ ᠲᠣᠰᠬᠣᠨ᠎ᠤ ᠠᠷᠠᠳ᠎ᠤᠨ ᠬᠥᠮᠥᠨ ᠳᠤᠮᠳᠠᠴᠢ᠎ᠶᠢᠨ ᠡᠵᠡᠮᠳᠡᠵᠦ ᠪᠣᠯᠬᠤ ᠣᠷᠣᠯᠭ᠎ᠠ 2.5 ᠲᠦᠮᠡᠨ ᠲᠥᠭᠥᠷᠢᠭ ᠪᠣᠯᠣᠨ ᠨᠡᠮᠡᠭᠳᠡᠵᠦ᠂ ᠤᠯᠠᠨ ᠲᠦᠮᠡᠨ ᠎ᠦ ᠵᠣᠯ ᠵᠢᠷᠭᠠᠯᠲᠤ ᠲᠥᠷᠥᠭᠳᠡᠯ᠂ ᠬᠦᠷᠲᠡᠮᠵᠢ᠎ᠶᠢᠨ ᠲᠥᠷᠥᠭᠳᠡᠯ ᠦᠷᠭᠦᠯᠵᠢᠯᠡᠨ ᠳᠡᠭᠡᠭᠰᠢᠯᠡᠪᠡ᠃

ᠢᠷᠡᠯᠲᠡ᠄ ᠰᠢᠯᠢ ᠵᠢᠨ ᠭᠤᠤᠯ ᠠᠢᠮᠠᠭ᠎ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ᠎ᠤ ᠲᠤᠪᠴᠢᠶ᠎ᠠ᠂ ᠲᠠᠢᠫᠤᠰᠧ ᠬᠤᠰᠢᠭᠤᠨ᠎ᠤ ᠬᠠᠮ ᠵᠠᠭᠤᠴᠢᠠᠯᠭᠤᠷ


ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号