2026
ᠣᠨ᠎ᠤ ᠣᠲᠣ᠌ ᠦᠶ᠎ᠡ᠎ᠶᠢᠨ ᠠᠷᠠᠯᠵᠢᠶ᠎ᠠ ᠬᠤᠳᠠᠯᠳᠤᠭᠠᠨ᠎ᠤ ᠭᠦᠢᠯᠭᠡᠭᠡᠨ᠎ᠦ ᠰᠢᠰᠲᠧᠮ᠎ᠦᠨ ᠲᠤᠷᠰᠢᠯᠲᠠ᠎ᠶᠢᠨ
ᠴᠡᠭ᠎ᠤᠨ ᠬᠣᠲᠠ᠎ᠶᠢᠨ ᠰᠢᠯᠭᠠᠷᠠᠭᠤᠯᠤᠭᠰᠠᠨ ᠦᠷ᠎ᠡ ᠳ᠋ᠦᠩ ᠤᠨ ᠢᠯᠡ ᠨᠡᠢᠲᠡᠯᠡᠯ
《ᠡᠳ᠋᠎ᠦᠨ ᠵᠠᠰᠠᠭ᠎ᠤᠨ ᠶᠠᠮᠤᠨ᠎ᠤ ᠠᠯᠪᠠᠨ ᠲᠢᠩᠬᠢᠮ ᠬᠤᠳᠠᠯᠳᠤᠭᠠᠨ᠎ᠤ
ᠶᠠᠪᠤᠳᠠᠯ᠎ᠤᠨ ᠶᠠᠮᠤᠨ᠎ᠤ ᠠᠯᠪᠠᠨ ᠲᠢᠩᠬᠢᠮ᠎ᠦᠨ 2026 ᠣᠨ᠎ᠤ ᠣᠲᠣ᠌ ᠦᠶ᠎ᠡ᠎ᠶᠢᠨ ᠠᠷᠠᠯᠵᠢᠶ᠎ᠠ ᠬᠤᠳᠠᠯᠳᠤᠭᠠᠨ ᠤ ᠭᠦᠢᠯᠭᠡᠭᠡᠨ ᠦ ᠰᠢᠰᠲᠧᠮ ᠤᠨ
ᠲᠤᠷᠰᠢᠯᠲᠠ᠎ᠶᠢᠨ ᠴᠡᠭ ᠤᠨ ᠬᠣᠲᠠ᠎ᠶᠢ ᠭᠤᠶᠤᠴᠢᠯᠠᠨ ᠮᠡᠳᠡᠭᠦᠯᠬᠦ ᠠᠵᠢᠯ ᠥᠷᠨᠢᠭᠦᠯᠬᠦ ᠲᠤᠬᠠᠢ ᠮᠡᠳᠡᠭᠳᠡᠯ》
(ᠡᠳ᠋᠎ᠦᠨ ᠵᠠᠰᠠᠭ᠎ᠤᠨ ᠶᠠᠮᠤᠨ᠎ᠤ ᠠᠯᠪᠠᠨ ᠲᠢᠨᠭᠬᠢᠮ [2026] 16 ᠲᠣᠭᠠᠲᠤ)᠎ᠤᠨ ᠱᠠᠭᠠᠷᠳᠠᠯᠭ᠎ᠠ᠎ᠶᠢ ᠦᠨᠳᠦᠰᠦᠯᠡᠨ᠂ ᠬᠣᠯᠪᠣᠭᠳᠠᠯ ᠪᠦᠬᠦᠢ ᠮᠤᠵᠢ ᠶᠢᠨ ᠱᠠᠲᠤᠨ ᠤ ᠰᠠᠯᠠᠭ᠎ᠠ
ᠮᠥᠴᠢᠷ ᠡᠴᠡ ᠲᠠᠨᠢᠯᠴᠠᠭᠤᠯᠬᠤ᠂ ᠬᠤᠳᠠᠯᠳᠤᠭᠠᠨ ᠤ ᠶᠠᠪᠤᠳᠠᠯ ᠤᠨ ᠶᠠᠮᠤᠨ᠂ ᠡᠳ᠋ ᠦᠨ ᠵᠠᠰᠠᠭ᠎ᠤᠨ ᠶᠠᠮᠤᠨ ᠲᠤᠰᠬᠠᠢ
ᠮᠡᠷᠭᠡᠵᠢᠯᠲᠡᠨ᠎ᠦ ᠬᠢᠨᠠᠨ ᠰᠢᠯᠭᠠᠷᠠᠭᠤᠯᠤᠯᠲᠠ ᠵᠣᠬᠢᠶᠠᠨ ᠪᠠᠢᠭᠤᠯᠤᠨ ᠥᠷᠨᠢᠭᠦᠯᠬᠦ ᠪᠡᠷ ᠳᠠᠮᠵᠢᠨ᠂ ᠡᠳᠦᠭᠡ
ᠰᠣᠩᠭᠣᠭᠳᠠᠬᠤ ᠪᠠᠷ ᠪᠠᠢᠭ᠎ᠠ ᠲᠤᠷᠰᠢᠯᠲᠠ ᠶᠢᠨ ᠴᠡᠭ ᠤᠨ ᠬᠣᠲᠠ ᠶᠢᠨ ᠨᠡᠷᠡᠰ (ᠠᠷᠤ ᠳᠤ ᠳᠠᠭᠠᠯᠳᠤᠭᠤᠯᠪᠠ ) ᠢ ᠢᠯᠡ ᠨᠡᠢᠳᠡᠯᠡᠶᠡ᠂ ᠢᠯᠡ ᠨᠡᠢᠳᠡᠯᠡᠬᠦ ᠬᠤᠭᠤᠴᠠᠭ᠎ᠠ 2026 ᠣᠨ ᠤ 5 ᠰᠠᠷ᠎ᠠ ᠶᠢᠨ 27 ᠤ ᠡᠳᠦᠷ᠎ᠡᠴᠡ 6 ᠰᠠᠷ᠎ᠠ ᠵᠢᠨ 4᠎ᠤ ᠡᠳᠤᠷ
ᠪᠤᠯᠤᠨ᠎ᠠ᠃ ᠢᠯᠡ ᠨᠡᠢᠲᠡᠯᠡᠬᠦ ᠬᠤᠭᠤᠴᠠᠭᠠᠨ᠎ᠳᠤ ᠬᠡᠷᠪᠡ ᠢᠯᠡ ᠨᠡᠢᠲᠡᠯᠡᠯ ᠳ᠋ᠤ ᠣᠨᠳᠣᠣ ᠰᠠᠨᠠᠯ᠎ᠲᠠᠢ ᠪᠠᠢᠪᠠᠯ᠂
ᠪᠢᠴᠢᠭ ᠦᠨ (ᠦᠨᠡᠨ ᠨᠡᠷ᠎ᠡ) ᠬᠡᠯᠪᠡᠷᠢ ᠪᠡᠷ ᠪᠢᠳᠡᠨ ᠳᠦ ᠬᠠᠷᠢᠭᠤ ᠮᠡᠳᠡᠭᠳᠡᠭᠡᠷᠡᠢ᠃

ᠬᠠᠷᠢᠯᠴᠠᠬᠤ ᠠᠷᠭ᠎ᠠ ᠬᠡᠯᠪᠡᠷᠢ᠄
ᠬᠤᠳᠠᠯᠳᠤᠭᠠᠨ᠎ᠤ ᠶᠠᠪᠤᠳᠠᠯ ᠤᠨ
ᠶᠠᠮᠤᠨ ᠤ ᠭᠦᠢᠯᠭᠡᠭᠡᠨ᠎ᠦ ᠬᠥᠭᠵᠢᠭᠦᠯᠦᠯᠲᠡ᠎ᠶᠢᠨ ᠵᠤᠷᠭᠠᠨ᠄ 010 ︱
85093757
ᠡᠳ᠋᠎ᠦᠨ ᠵᠠᠰᠠᠭ᠎ᠤᠨ ᠶᠠᠮᠤᠨ᠎ᠤ
ᠠᠵᠤ ᠠᠬᠤᠢ᠎ᠶᠢᠨ ᠪᠦᠲᠦᠭᠡᠨ ᠪᠠᠢᠭᠤᠯᠤᠯᠲᠠ᠎ᠶᠢᠨ ᠵᠤᠷᠭᠠᠨ᠄ 010 ︱
68554524
ᠡᠳ᠋᠎ᠦᠨ ᠵᠠᠰᠠᠭ᠎ᠤᠨ ᠶᠠᠮᠤᠨ᠎ᠤ
ᠠᠵᠤ ᠠᠬᠤᠢ᠎ᠶᠢᠨ
ᠪᠦᠲᠦᠭᠡᠨ ᠪᠠᠢᠭᠤᠯᠤᠯᠲᠠ᠎ᠶᠢᠨ
ᠵᠤᠷᠭᠠᠨ
2026᠎ᠤᠨ᠎ᠤ 5 ᠰᠠᠷ᠎ᠠ ᠵᠢᠨ 27᠎ᠤ ᠡᠳᠤᠷ
ᠢᠷᠡᠯᠳᠡ᠄ ᠬᠤᠳᠠᠯᠳᠤᠭᠠᠨ᠎ᠤ ᠶᠠᠪᠤᠳᠠᠯ᠎ᠤᠨ ᠶᠠᠮᠤᠨ᠎ᠤ ᠠᠯᠪᠠᠨ ᠰᠦᠯᠵᠢᠶ᠎ᠡ