ᠰᠤᠷᠭᠠᠨ ᠬᠥᠮᠦᠵᠢᠯ᠎ᠦᠨ ᠶᠠᠮᠤᠨ᠎ᠤ ᠰᠠᠨᠠᠭᠤᠯᠭ᠎ᠠ᠄ ᠡᠶ᠋ᠢᠮᠦᠷᠬᠦ᠌ ᠰᠤᠷᠤᠯᠭ᠎ᠠ᠎ᠶᠢᠨ ᠨᠠᠮᠲᠠᠷ᠎ᠢ ᠭᠡᠷᠡᠴᠢᠯᠡᠵᠦ᠍ ᠦᠭᠭᠦ ᠥᠬᠡᠶ
2026-05-28 16:42:42
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

ᠰᠤᠷᠭᠠᠨ ᠬᠥᠮᠦᠵᠢᠯ ᠎ᠦᠨ ᠶᠠᠮᠤᠨ ᠎ᠤ ᠭᠠᠳᠠᠭᠠᠳᠤ᠎ᠳᠤ ᠰᠤᠷᠤᠯᠴᠠᠬᠤ ᠦᠢᠯᠡᠴᠢᠯᠡᠭᠡᠨ᠎ᠦ ᠲᠥᠪ ᠲᠦᠷᠦᠭᠦᠬᠡᠨ ᠰᠠᠨᠠᠭᠤᠯᠭ᠎ᠠ ᠨᠡᠶ᠋ᠢᠲᠡᠯᠡᠪᠡ᠄ ᠬᠢᠯᠢ ᠠᠯᠤᠰᠯᠠᠭᠰᠠᠨ ᠠᠯᠤᠰ᠎ᠠᠴᠠ ᠰᠤᠷᠤᠯᠴᠠᠬᠤ ᠠᠷᠭ᠎ᠠ ᠮᠠᠶᠢᠭ᠎ᠢᠶᠠᠷ ᠳᠡᠮᠵᠢᠨ ᠣᠯᠤᠭᠰᠠᠨ ᠤᠯᠤᠰ (ᠬᠢᠯᠢ)᠎ᠤᠨ ᠭᠠᠳᠠᠨᠠᠬᠢ ᠰᠤᠷᠤᠯᠭ᠎ᠠ᠎ᠶᠢᠨ ᠨᠠᠮᠲᠠᠷ ᠡᠷᠳᠡᠮ᠎ᠦᠨ ᠴᠣᠯᠠ᠎ᠶᠢᠨ ᠦᠨᠡᠮᠯᠡᠯ ᠪᠠ ᠳᠡᠭᠡᠳᠦ ᠵᠡᠷᠭᠡ᠎ᠶᠢᠨ ᠰᠤᠷᠭᠠᠨ ᠬᠥᠮᠦᠵᠢᠯ᠎ᠦᠨ ᠰᠤᠷᠤᠯᠭ᠎ᠠ᠎ᠶᠢᠨ ᠦᠨᠡᠮᠯᠡᠯ ᠶᠡᠷᠦᠨᠢ ᠭᠡᠷᠡᠴᠢᠯᠡᠯ᠎ᠦᠨ ᠬᠡᠪᠴᠢᠶᠡᠨ᠎ᠳᠦ ᠪᠠᠶ᠋ᠢᠬᠤ ᠥᠬᠡᠶ᠃ ᠳᠤᠰ ᠲᠥᠪ ᠡᠴᠡ ᠠᠪᠤᠭᠰᠠᠨ ᠬᠢᠵᠢᠭ᠎ᠦᠨ ᠪᠠᠶ᠋ᠢᠳᠠᠯ᠎ᠤᠨ ᠬᠤᠭᠤᠴᠠᠭᠠᠨ᠎ᠳᠡᠬᠢ ᠣᠨᠴᠠᠭᠠᠶ ᠭᠡᠷᠡᠴᠢᠯᠡᠯ ᠎ᠦᠨ ᠲᠦᠷᠢᠮ᠎ᠨᠢ ᠵᠥᠪᠬᠡᠨ ᠬᠢᠵᠢᠭ᠎ᠦᠨ ᠪᠠᠶ᠋ᠢᠳᠠᠯ᠎ᠤᠨ ᠨᠥᠯᠥᠭᠡ᠎ᠡᠴᠡ ᠪᠣᠯᠵᠣ ᠠᠷᠭ᠎ᠠ ᠪᠤᠰᠤ ᠳᠠᠡᠭᠭᠢᠮ᠎ᠤᠨ ᠭᠢᠴᠢᠶᠡᠯᠯᠡᠭᠡ᠎ᠠᠴᠠ᠎ᠪᠠᠨ ᠰᠦᠯᠵᠢᠶᠡᠨ ᠳᠡᠭᠡᠷ᠎ᠡ ᠰᠤᠷᠤᠯᠴᠠᠬᠤ ᠪᠣᠯᠤᠭᠰᠠᠨ ᠪᠠᠶ᠋ᠢᠳᠠᠯ᠎ᠳᠤ ᠴᠢᠭᠯᠡᠭᠦᠯᠦᠭᠰᠡᠨ ᠶᠤᠮ᠂ ᠬᠢᠯᠢ ᠠᠯᠤᠰᠯᠠᠭᠰᠠᠨ ᠠᠯᠤᠰ ᠡᠴᠡ ᠰᠤᠷᠤᠯᠴᠠᠬᠤ ᠪᠠᠢᠳᠠᠯ ᠎ᠢ ᠭᠡᠷᠡᠴᠢᠯᠡᠯ᠎ᠦᠨ ᠬᠡᠪᠴᠢᠶᠡᠨ᠎ᠳᠦ ᠣᠷᠣᠭᠤᠯᠤᠭᠰᠠᠨ ᠥᠬᠡᠶ ᠶᠤᠮ ᠭᠡᠵᠠᠢ᠃

ᠲᠤᠰ ᠲᠥᠪ᠎ᠡᠴᠡ ᠪᠠᠰᠠ ᠬᠡᠰᠡᠭ ᠲᠦᠪ ᠪᠤᠰᠤ ᠵᠠᠭᠤᠴᠢ ᠪᠠᠶ᠋ᠢᠭᠤᠯᠤᠮᠵᠢ ᠬᠢᠵᠢᠭ᠎ᠦᠨ ᠪᠠᠶ᠋ᠢᠳᠠᠯ᠎ᠤᠨ ᠬᠤᠭᠤᠴᠠᠭᠠᠨ᠎ᠳᠠᠬᠢ ᠣᠨᠴᠠᠭᠠᠢ ᠪᠠᠶ᠋ᠢᠳᠠᠯ ᠪᠣᠯᠤᠨ ᠬᠢᠯᠢ ᠠᠯᠤᠰᠯᠠᠭᠰᠠᠨ ᠠᠯᠤᠰ᠎ᠠᠴᠠ ᠰᠤᠷᠤᠯᠴᠠᠬᠤ ᠠᠷᠭ᠎ᠠ ᠮᠠᠶᠢᠭ ᠎ᠢ ᠠᠳᠠᠯᠢ ᠪᠡᠷ ᠦᠵᠡᠵᠤ᠂ ᠵᠦᠪ ᠪᠤᠷᠤᠭᠤ ᠵᠢ ᠬᠤᠳᠬᠤᠯᠳᠤᠭᠤᠯᠵᠦ ᠪᠠᠶ᠋ᠢᠨ᠎ᠠ᠃ ᠥᠷᠭᠡᠨ ᠣᠯᠠᠨ ᠭᠠᠳᠠᠭᠠᠳᠤ᠎ᠳᠤ ᠰᠤᠷᠤᠯᠴᠠᠭᠰᠠᠳ ᠪᠣᠯᠭᠣᠮᠵᠢᠲᠠᠶ ᠬᠢᠨᠠᠨ ᠳᠣᠲᠣᠯᠠᠵᠤ᠂ ᠡᠯ᠎ᠡ ᠲᠥᠷᠥᠯ᠎ᠦᠨ ᠲᠠᠪᠴᠠᠩ ᠳᠡᠭᠡᠷᠡᠬᠢ 《ᠲᠠᠶ᠋ᠢᠯᠤᠮᠵᠢ》 ᠵᠢᠴᠢ 《ᠠᠷᠭ᠎ᠠ ᠪᠣᠳᠣᠯᠭ᠎ᠠ》ᠵᠢ ᠰᠣᠬᠣᠷ ᠪᠠᠯᠠᠶ᠎ᠪᠠᠷ ᠢᠲᠡᠭᠡᠵᠦ᠍ ᠪᠣᠯᠬᠤ ᠥᠬᠡᠶ ᠭᠡᠵᠦ᠍ ᠢᠯᠡᠷᠬᠡᠢᠯᠡᠵᠡᠢ᠃

ᠣᠶ᠋ᠢᠷ᠎ᠠ᠎ᠵᠢᠨ ᠬᠤᠭᠤᠴᠠᠭᠠᠨ ᠳ᠋ᠦ᠂ ᠳᠣᠲᠣᠭᠠᠳᠤ ᠎ᠶᠢ ᠬᠠᠮᠠᠭᠠᠯᠠᠬᠤ ᠪᠠᠶ᠋ᠢᠭᠤᠯᠭ᠎ᠠ᠎ᠶᠢᠨ ᠵᠠᠷᠯᠠᠨ ᠮᠡᠳᠡᠭᠳᠡᠭᠰᠡᠨ ᠪᠠᠶ᠋ᠢᠳᠠᠯ ᠵᠢᠴᠢ ᠭᠠᠳᠠᠭᠠᠳᠤ᠎ᠳᠤ ᠰᠤᠷᠤᠯᠴᠠᠬᠤ ᠦᠢᠯᠡᠴᠢᠯᠡᠭᠡᠨ᠎ᠦ ᠲᠥᠪ᠎ᠦᠨ ᠪᠣᠳᠠᠲᠠᠶ ᠭᠡᠷᠡᠴᠢᠯᠡᠯ᠎ᠦᠨ ᠠᠵᠢᠯ᠎ᠲᠠᠶ ᠤᠶᠠᠯᠳᠤᠭᠤᠯᠤᠨ ᠢᠯᠡᠷᠡᠭᠦᠯᠦᠭᠰᠡᠨ ᠵᠢᠡᠷ᠂ ᠳᠦᠪ ᠪᠤᠰᠤ ᠵᠠᠭᠤᠴᠢ ᠪᠠᠶ᠋ᠢᠭᠤᠯᠤᠮᠵᠢ ᠵᠢᠴᠢ ᠬᠢᠯᠢ᠎ᠶᠢᠨ ᠭᠠᠳᠠᠨᠠᠬᠢ ᠶᠡᠬᠡ ᠳᠡᠭᠡᠳᠦ ᠰᠤᠷᠭᠠᠭᠤᠯᠢ ᠦᠢᠯᠡᠴᠢᠯᠡᠭᠡᠨ ᠎ᠦ ᠲᠥᠪ᠎ᠦᠨ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠦᠨ ᠬᠢᠵᠢᠭ᠎ᠦᠨ ᠬᠤᠭᠤᠴᠠᠭᠠᠨ ᠎ᠳᠤ ᠴᠢᠭᠯᠡᠭᠦᠯᠦᠭᠰᠡᠨ ᠣᠨᠴᠠᠭᠠᠶ ᠭᠡᠷᠡᠴᠢᠯᠡᠯ ᠎ᠦᠨ ᠲᠦᠷᠢᠮ ᠎ᠢ ᠮᠥᠨ ᠬᠦ᠌ ᠬᠤᠳᠬᠤᠯᠳᠤᠭᠤᠯᠤᠨ ᠭᠠᠵᠢᠭᠤᠳᠠᠭᠤᠯᠵᠤ᠂ ᠰᠦᠯᠵᠢᠶᠡᠨ ᠎ᠦ ᠲᠠᠪᠴᠠᠩ ᠳᠡᠭᠡᠷ᠎ᠡ ᠬᠤᠳᠠᠯ ᠬᠠᠭᠤᠷᠮᠠᠭ᠎ᠢᠶᠠᠷ ᠤᠬᠠᠭᠤᠯᠭ᠎ᠠ ᠭᠢᠵᠦ᠂ ᠬᠢᠯᠢ᠎ᠡᠴᠡ ᠭᠠᠷᠴᠤ᠌ ᠰᠤᠷᠤᠯᠴᠠᠬᠤ ᠴᠢᠬᠤᠯᠠ ᠥᠬᠡᠶ ᠪᠡᠷ ᠭᠡᠷᠡᠴᠢᠯᠡᠯ ᠤᠯᠭᠤᠵᠤ ᠴᠢᠳᠠᠨ᠎ᠠ ᠭᠡᠮᠡᠨ ᠬᠤᠳᠠᠯ ᠶᠠᠷᠢᠵᠤ᠂ ᠰᠤᠷᠤᠯᠴᠠᠬᠤ ᠥᠩᠭᠡᠷᠡᠯᠲᠡ᠂ ᠭᠤᠶᠤᠴᠢᠯᠠᠯ ᠤ᠋ᠨ ᠮᠠᠲ᠋ᠧᠷᠢᠶᠠᠯ᠎ᠢ  ᠬᠠᠭᠤᠷᠮᠠᠭ ᠵᠢᠡᠷ ᠵᠣᠬᠢᠶᠠᠵᠤ᠂ ᠦᠢᠯᠡ ᠪᠠᠶ᠋ᠢᠳᠠᠯ ᠬᠦᠨᠳᠦ ᠨᠣᠴᠢᠲᠠᠶ ᠨᠢ  ᠨᠡᠡᠭ᠎ᠴᠦ ᠮᠡᠬᠡᠯᠡᠯ᠎ᠤᠨ ᠭᠡᠷᠡᠭ ᠪᠤᠯᠵᠤ ᠪᠤᠢ᠃

ᠡᠶ᠋ᠢᠮᠦ᠎ᠡᠴᠡ᠂ ᠥᠷᠭᠡᠨ ᠣᠯᠠᠨ ᠰᠤᠷᠤᠭᠴᠢᠳ ᠬᠠᠤᠯᠢ ᠶᠣᠰᠣᠨ ᠎ᠤ ᠡᠷᠬᠡ ᠠᠰᠢᠭ᠎ᠵᠢᠠᠨ ᠦᠨᠡᠨ ᠬᠦ᠌ ᠬᠠᠮᠠᠭᠠᠯᠠᠬᠤ᠎ᠶᠢᠨ ᠲᠥᠯᠥᠭᠡ᠂ ᠭᠠᠳᠠᠭᠠᠳᠤ ᠎ᠳᠤ ᠰᠤᠷᠤᠯᠴᠠᠬᠤ ᠲᠥᠯᠥᠪᠵᠢᠭᠦᠯᠭᠡ᠎ᠪᠠᠨ ᠬᠢᠨᠠᠮᠠᠭᠠᠶ ᠰᠠᠶ᠋ᠢᠲᠤᠷ ᠬᠢᠵᠦ᠍᠂ ᠭᠠᠳᠠᠭᠠᠳᠤ᠎ᠳᠤ ᠭᠠᠷᠴᠤ᠌ ᠰᠤᠷᠤᠯᠴᠠᠬᠤ ᠲᠥᠷᠥᠯ ᠵᠦᠢᠯ᠎ᠢ ᠰᠣᠩᠭᠣᠬᠤ ᠎ᠳᠠᠭᠠᠨ ᠰᠤᠷᠭᠠᠨ ᠬᠥᠮᠦᠵᠢᠯ᠎ᠦᠨ ᠡᠷᠭᠢᠯᠡᠨ ᠬᠠᠮᠢᠶᠠᠷᠬᠤ ᠰᠠᠯᠠᠭ᠎ᠠ ᠮᠥᠴᠢᠷ ᠪᠣᠯᠤᠨ ᠰᠤᠷᠭᠠᠭᠤᠯᠢ ᠎ᠶᠢᠨ ᠠᠯᠪᠠᠨ ᠰᠦᠯᠵᠢᠶ᠎ᠡ ᠎ᠶᠢᠨ ᠬᠠᠩᠭᠠᠭᠰᠠᠨ ᠮᠡᠳᠡᠭᠡ ᠵᠠᠩᠭᠢ᠎ᠪᠠᠷ ᠯᠠᠪᠯᠠᠯᠲᠠ ᠪᠣᠯᠭᠠᠵᠤ᠂ ᠰᠣᠨᠣᠷ ᠰᠡᠷᠡᠮᠵᠢ᠎ᠪᠡᠨ ᠳᠡᠭᠡᠭᠰᠢᠯᠡᠭᠦᠯᠵᠦ᠍᠂ ᠲᠦᠭᠰᠢᠭᠦᠷᠢ᠎ᠶᠢ ᠰᠡᠷᠭᠡᠶ᠋ᠢᠯᠡᠨ᠂ ᠮᠡᠬᠡᠯᠡᠭᠳᠡᠬᠦ᠌᠎ᠡᠴᠡ ᠪᠣᠯᠭᠣᠮᠵᠢᠯᠠᠭᠠᠷᠠᠶ᠃


ᠢᠷᠡᠯᠲᠡ᠄ ᠠᠷᠠᠳ᠎ᠤᠨ ᠰᠦᠯᠵᠢᠶ᠎ᠡ᠎ᠶᠢᠨ ᠵᠢᠷᠭᠢᠶ᠎ᠠ ᠵᠢᠨ ᠶᠡᠷᠦᠩᠬᠡᠶ᠋ᠢᠯᠡᠭᠰᠡᠨ ᠰᠤᠷᠭᠠᠨ ᠬᠥᠮᠦᠵᠢᠯ᠎ᠦᠨ ᠭᠡᠯᠳᠡᠰ ᠎ᠤᠨ ᠭᠠᠳᠠᠭᠠᠳᠤ ᠎ᠳᠤ ᠰᠤᠷᠤᠯᠴᠠᠬᠤ ᠦᠢᠯᠡᠴᠢᠯᠡᠭᠡᠨ᠎ᠦ ᠲᠥᠪ᠎ᠦᠨ ᠰᠦᠯᠵᠢᠶ᠎ᠡ

 

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号