ᠣᠯᠠᠨ ᠨᠡᠢᠲᠡ᠎ᠶ᠋ᠢᠨ ᠦᠨᠳᠦᠰᠦᠨ ᠦᠶ᠋ᠯᠡᠴᠢᠯᠡᠭᠡ᠎ᠶ᠋ᠢ ᠲᠡᠩᠴᠡᠭᠦᠷᠢᠰᠢᠬᠦᠯᠬᠦ ᠲᠦᠪᠱᠢᠨ᠎ᠢ ᠳᠡᠭᠡᠭ᠌ᠰᠢᠯᠡᠭᠦᠯᠵᠦ᠍ ᠠᠷᠠᠳ ᠲᠦᠮᠡᠨ᠎ᠦ ᠰᠠᠢᠨ ᠰᠠᠢᠬᠠᠨ ᠠᠮᠢᠳᠤᠷᠠᠯ᠎ᠤᠨ ᠬᠡᠷᠡᠭ᠌ᠴᠡᠭᠡ᠎ᠶ᠋ᠢ ᠬᠠᠩᠭᠠᠨ᠎ᠠ
2026-05-29 10:15:58
ᠵᠣᠬᠢᠶᠠᠭ᠍ᠴᠢ᠄
ᠸᠧᠢ ᠬᠣᠩ ᠢ
ᠣᠩᠱᠢᠭ᠍ᠰᠠᠨ ᠣᠳᠠᠭ᠎ᠠ᠄
★★★☆☆

— ᠲᠥᠷᠥ᠎ᠶ᠋ᠢᠨ ᠶᠠᠪᠤᠳᠠᠯ᠎ᠤᠨ ᠬᠣᠷᠢᠶ᠎ᠠ ᠵᠢᠨ ᠲᠥᠷᠥ᠎ᠶ᠋ᠢᠨ ᠪᠣᠳᠣᠯᠭ᠎ᠠ᠎ᠶ᠋ᠢᠨ ᠵᠤᠷᠱᠢᠯᠲᠤ ᠰᠣᠨᠢᠨ ᠮᠡᠳᠡᠭᠡ ᠨᠡᠢᠲᠡᠯᠡᠬᠦ᠌ ᠬᠤᠷᠠᠯ᠎ᠡᠴᠡ 《ᠪᠠᠢᠩᠭᠤ ᠰᠠᠭᠤᠭ᠎ᠠ ᠭᠠᠵᠠᠷ᠎ᠡᠴᠡ ᠣᠯᠠᠨ ᠨᠡᠢᠲᠡ᠎ᠶ᠋ᠢᠨ ᠦᠨᠳᠦᠰᠦᠨ ᠦᠶ᠋ᠯᠡᠴᠢᠯᠡᠭᠡ ᠬᠠᠩᠭᠠᠬᠤ᠎ᠶ᠋ᠢ ᠲᠡᠯᠬᠡᠷᠡᠬᠦᠯᠬᠦ᠌ ᠲᠤᠬᠠᠢ ᠭᠡᠷᠡᠭᠵᠢᠬᠦᠯᠬᠦ ᠰᠠᠨᠠᠯ》 ᠤ᠋ᠨ ᠬᠣᠯᠪᠣᠭ᠍ᠳᠠᠯ ᠪᠥᠬᠥᠶ ᠪᠠᠢᠳᠠᠯ  ᠢ᠋ ᠲᠠᠨᠢᠯᠴᠠᠭᠤᠯᠪᠠ


ᠣᠢᠷ᠎ᠠ ᠵᠢᠨ ᠡᠳᠤᠷ᠂ ᠲᠥᠷᠥ᠎ᠶ᠋ᠢᠨ ᠶᠠᠪᠤᠳᠠᠯ᠎ᠤᠨ ᠬᠣᠷᠢᠶ᠎ᠠ ᠡᠴᠡ ᠳᠠᠷᠤᠮᠠᠯᠯᠠᠨ ᠲᠠᠷᠬᠠᠭᠠᠭ᠍ᠰᠠᠨ 《ᠪᠠᠢᠩᠭᠤ ᠰᠠᠭᠤᠭ᠎ᠠ ᠭᠠᠵᠠᠷ᠎ᠡᠴᠡ ᠣᠯᠠᠨ ᠨᠡᠢᠲᠡ᠎ᠶ᠋ᠢᠨ ᠦᠨᠳᠦᠰᠦᠨ ᠦᠶ᠋ᠯᠡᠴᠢᠯᠡᠭᠡ ᠬᠠᠩᠭᠠᠬᠤ᠎ᠶ᠋ᠢ ᠲᠡᠯᠬᠡᠷᠡᠬᠦᠯᠬᠦ᠌ ᠲᠤᠬᠠᠢ ᠭᠡᠷᠡᠭᠵᠢᠬᠦᠯᠬᠦ ᠰᠠᠨᠠᠯ》ᠢ᠋ ᠢᠯᠡ ᠨᠡᠢᠲᠡᠯᠡᠵᠦ᠍᠂ ᠪᠠᠢᠩᠭᠤ ᠰᠠᠭᠤᠭ᠎ᠠ ᠭᠠᠵᠠᠷ᠎ᠡᠴᠡ ᠣᠯᠠᠨ ᠨᠡᠢᠲᠡ᠎ᠶ᠋ᠢᠨ ᠦᠨᠳᠦᠰᠦᠨ ᠦᠶ᠋ᠯᠡᠴᠢᠯᠡᠭᠡ ᠬᠠᠩᠭᠠᠬᠤ᠎ᠶ᠋ᠢ ᠲᠡᠯᠬᠡᠷᠡᠬᠦᠯᠬᠦ᠌᠎ᠳᠦ ᠠᠩᠬᠠᠷᠤᠯ᠎ᠢᠶᠠᠨ ᠲᠥᠪᠯᠡᠷᠡᠭᠦᠯᠦᠨ ᠬᠠᠨᠳᠤᠯᠭᠠᠲᠤ ᠴᠢᠨᠠᠷᠲᠠᠶ ᠪᠠᠢᠷᠢᠯᠠᠭᠤᠯᠤᠯᠲᠠ ᠬᠢᠪᠠ᠃ ᠲᠥᠷᠥ᠎ᠶ᠋ᠢᠨ ᠶᠠᠪᠤᠳᠠᠯ᠎ᠤᠨ ᠬᠣᠷᠢᠶ᠎ᠠ ᠵᠢᠨ ᠰᠣᠨᠢᠨ ᠮᠡᠳᠡᠭᠡᠨ᠎ᠦ ᠠᠯᠪᠠᠨ ᠬᠡᠷ 26 ᠎ᠤ᠋ ᠡᠳᠦᠷ ᠲᠥᠷᠥ᠎ᠶ᠋ᠢᠨ ᠶᠠᠪᠤᠳᠠᠯ᠎ᠤᠨ ᠬᠣᠷᠢᠶ᠎ᠠ ᠵᠢᠨ ᠲᠥᠷᠥ᠎ᠶ᠋ᠢᠨ ᠪᠣᠳᠣᠯᠭ᠎ᠠ᠎ᠶ᠋ᠢᠨ ᠵᠤᠷᠱᠢᠯᠲᠤ ᠰᠣᠨᠢᠨ ᠮᠡᠳᠡᠭᠡ ᠨᠡᠢᠲᠡᠯᠡᠬᠦ᠌ ᠬᠤᠷᠠᠯ ᠬᠤᠷᠠᠯᠳᠤᠭᠤᠯᠵᠤ᠂ ᠬᠣᠯᠪᠣᠭ᠍ᠳᠠᠯ ᠪᠥᠬᠥᠶ ᠪᠠᠢᠳᠠᠯ᠎ᠢ ᠲᠠᠨᠢᠯᠴᠠᠭᠤᠯᠪᠠ᠃

ᠪᠠᠢᠩᠭᠤ ᠰᠠᠭᠤᠭ᠎ᠠ ᠭᠠᠵᠠᠷ᠎ᠡᠴᠡ ᠣᠯᠠᠨ ᠨᠡᠢᠲᠡ᠎ᠶ᠋ᠢᠨ ᠦᠨᠳᠦᠰᠦᠨ ᠦᠶ᠋ᠯᠡᠴᠢᠯᠡᠭᠡ ᠬᠠᠩᠭᠠᠬᠤ᠎ᠶ᠋ᠢ ᠲᠡᠯᠬᠡᠷᠡᠬᠦᠯᠵᠤ᠂ ᠱᠢᠨ᠎ᠡ ᠬᠣᠲᠠ᠎ᠶ᠋ᠢᠨ ᠠᠷᠠᠳ᠎ᠤᠨ ᠲᠣᠭ᠍ᠲᠠᠪᠤᠷᠢᠲᠠᠶ ᠠᠵᠢᠯ ᠣᠯᠵᠤ ᠣᠷᠣᠱᠢᠨ ᠰᠠᠭᠤᠬᠰᠡᠨ ᠬᠣᠲᠠᠠ ᠳ᠋ᠠᠭᠠᠨ᠂ ᠳᠠᠭᠠᠵᠤ ᠨᠡᠭᠦᠭ᠌ᠰᠡᠨ ᠦᠷ᠎ᠡ ᠬᠡᠦᠬᠡᠳ᠎ᠦᠨ ᠰᠤᠷᠭᠠᠨ ᠬᠥᠮᠦᠵᠢᠯ᠂ ᠣᠷᠣᠨ ᠰᠠᠭᠤᠴᠠ᠎ᠶ᠋ᠢᠨ ᠪᠠᠲᠤᠯᠠᠭ᠎ᠠ᠂ ᠠᠵᠢᠯ ᠣᠯᠭᠣᠯᠲᠠ ᠨᠡᠢᠭᠡᠮ᠎ᠦᠨ ᠪᠠᠲᠤᠯᠠᠭ᠎ᠠ᠂ ᠡᠮᠴᠢᠯᠡᠭᠡ ᠡᠷᠡᠭᠦᠯ ᠬᠠᠮᠠᠭᠠᠯᠠᠯ ᠵᠡᠷᠭᠡ ᠲᠠᠯ᠎ᠠ᠎ᠶ᠋ᠢᠨ ᠦᠨᠳᠦᠰᠦᠨ ᠦᠶ᠋ᠯᠡᠴᠢᠯᠡᠭᠡ ᠬᠦᠷᠲᠡᠬᠦ ᠵᠢ ᠪᠡᠶᠡᠯᠡᠬᠦᠯᠵᠤ᠂ ᠨᠠᠩ ᠰᠠᠢᠨ ᠰᠠᠢᠬᠠᠨ ᠠᠮᠢᠳᠤᠷᠠᠯ᠎ᠢ ᠡᠳ᠋ᠯᠡᠬᠦ᠌ ᠪᠤᠯᠭᠠᠬᠤ ᠪᠣᠯ ᠬᠥᠮᠦᠨ᠎ᠢᠶᠡᠷ ᠦᠨᠳᠦᠰᠦ ᠪᠣᠯᠭᠠᠭ᠍ᠰᠠᠨ ᠱᠢᠨ᠎ᠡ ᠬᠡᠯᠪᠡᠷᠢ᠎ᠶ᠋ᠢᠨ ᠬᠣᠲᠠ ᠪᠠᠯᠭᠠᠰᠤᠵᠢᠯᠲᠠ᠎ᠶ᠋ᠢᠨ ᠪᠠᠢᠯᠳᠤᠬᠤ ᠪᠣᠳᠣᠯᠭ᠎ᠠ᠎ᠶ᠋ᠢ ᠭᠦᠨᠵᠡᠭᠡᠶ ᠬᠡᠷᠡᠭ᠌ᠵᠢᠭᠦᠯᠬᠦ᠌᠎ᠶ᠋ᠢᠨ ᠴᠢᠬᠤᠯᠠ ᠠᠭᠤᠯᠭ᠎ᠠ ᠪᠣᠯᠤᠨ᠎ᠠ᠃ ᠤᠯᠤᠰ᠎ᠤᠨ ᠬᠥᠭ᠌ᠵᠢᠭᠦᠯᠦᠯᠲᠡ ᠪᠠ ᠥᠭᠡᠷᠡᠴᠢᠯᠡᠯᠲᠡ᠎ᠶ᠋ᠢᠨ ᠵᠥᠪᠯᠡᠯ᠎ᠦᠨ ᠳᠡᠳ᠋ ᠡᠷᠬᠢᠯᠡᠭ᠌ᠴᠢ ᠵᠧᠩ ᠪᠸᠢ᠂ ᠰᠠᠨᠠᠯ ᠨᠢ ᠪᠠᠢᠷᠢᠯᠠᠭᠤᠯᠤᠯᠲᠠ ᠲᠣᠬᠢᠷᠠᠭᠤᠯᠤᠯᠲᠠ᠎ᠶ᠋ᠢᠨ ᠲᠠᠯ᠎ᠠ᠎ᠪᠠᠷ ᠳᠥᠷᠪᠡᠨ ᠲᠣᠪᠣᠢᠮ᠎ᠠ ᠣᠨᠴᠠᠯᠢᠭ᠎ᠲᠠᠶ  ᠭᠡᠵᠤ ᠢᠯᠡᠳᠭᠡᠪᠡ —

ᠠᠷᠠᠳ ᠣᠯᠠᠨ᠎ᠤ ᠠᠩᠬᠠᠷᠴᠤ᠌ ᠪᠠᠢᠭ᠎ᠠ ᠠᠰᠠᠭᠤᠳᠠᠯ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠬᠦᠴᠢᠷ ᠲᠦᠪᠡᠭ᠌ᠲᠡᠶ ᠠᠰᠠᠭᠤᠳᠠᠯ᠎ᠢ ᠬᠦᠴᠦᠯᠡᠨ ᠱᠢᠶ᠋ᠳᠪᠦᠷᠢᠯᠡᠨ᠎ᠠ᠃ ᠵᠢᠱ᠌ᠢᠶᠡᠯᠡᠪᠡᠯ᠂ ᠰᠤᠷᠭᠠᠨ ᠬᠥᠮᠦᠵᠢᠯ᠎ᠦᠨ ᠲᠠᠯ᠎ᠠ᠎ᠪᠠᠷ ᠳᠠᠭᠠᠵᠤ ᠨᠡᠭᠦᠭ᠌ᠰᠡᠨ ᠦᠷ᠎ᠡ ᠬᠡᠦᠬᠡᠳ᠎ᠦᠨ ᠰᠤᠷᠭᠠᠭᠤᠯᠢ᠎ᠳᠤ ᠣᠷᠣᠬᠤ ᠬᠡᠷᠡᠭ᠌ᠴᠡᠭᠡ᠎ᠶ᠋ᠢ ᠨᠠᠩ ᠰᠠᠢᠲᠤᠷ ᠬᠠᠩᠭᠠᠬᠤ᠎ᠲᠠᠶ ᠨᠢᠭ᠍ᠲᠠ ᠤᠶᠠᠯᠳᠤᠭᠤᠯᠤᠨ᠂ ᠱᠢᠨ᠎ᠡ᠎ᠪᠡᠷ ᠨᠡᠮᠡᠭ᠌ᠳᠡᠭ᠌ᠰᠡᠨ ᠰᠤᠷᠤᠬᠴᠢ ᠵᠢᠨ ᠤᠷᠤᠨ ᠲᠤᠭ᠎ᠠ᠂ ᠰᠤᠷᠭᠠᠭᠤᠯᠢ ᠱᠢᠯᠵᠢᠵᠦ᠍ ᠰᠤᠷᠭᠠᠭᠤᠯᠢ ᠳᠡᠪᠱᠢᠬᠦ᠌ ᠵᠡᠷᠭᠡ ᠲᠠᠯ᠎ᠠ᠎ᠪᠠᠷ ᠲᠥᠷᠥ᠎ᠶ᠋ᠢᠨ ᠪᠣᠳᠣᠯᠭ᠎ᠠ᠎ᠶ᠋ᠢᠨ ᠱᠠᠭᠠᠷᠳᠠᠯᠭ᠎ᠠ ᠳᠤᠷᠠᠳᠪᠠ᠃

ᠡᠷᠬᠡ ᠲᠡᠭ᠌ᠰᠢ ᠳᠥᠭᠥᠮ ᠲᠦᠷᠬᠡᠨ ᠪᠠᠢᠬᠤ᠎ᠶ᠋ᠢ ᠠᠬᠢᠭᠤᠯᠬᠤ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠦᠢᠯᠡᠴᠢᠯᠡᠭᠡ ᠬᠠᠩᠭᠠᠬᠤ ᠠᠷᠭ᠎ᠠ ᠬᠡᠯᠪᠡᠷᠢ᠎ᠶ᠋ᠢ ᠬᠦᠴᠦᠯᠡᠨ ᠱᠢᠯᠢᠳᠡᠭ᠌ᠵᠢᠭᠦᠯᠦᠨ᠎ᠡ᠃ ᠡᠷᠬᠡ ᠲᠡᠭ᠌ᠰᠢ᠎ᠪᠡᠷ ᠡᠳ᠋ᠯᠡᠬᠦ᠎ᠶ᠋ᠢ ᠠᠬᠢᠭᠤᠯᠬᠤ ᠲᠠᠯ᠎ᠠ᠎ᠪᠠᠷ᠂ ᠬᠥᠮᠦᠨ ᠠᠮᠠ ᠶᠡᠬᠡ ᠬᠡᠮᠵᠢᠶ᠎ᠡ᠎ᠪᠡᠷ ᠰᠢᠯᠵᠢᠵᠤ ᠤᠷᠤᠵᠤ ᠢᠷᠡᠭᠰᠡᠨ ᠬᠤᠳᠠ ᠳ᠋ᠤ᠌ ᠣᠯᠠᠨ ᠨᠡᠢᠲᠡ᠎ᠶ᠋ᠢᠨ ᠦᠨᠳᠦᠰᠦᠨ ᠦᠢᠯᠡᠴᠢᠯᠡᠭᠡᠨ᠎ᠦ ᠬᠠᠩᠭᠠᠯᠭ᠎ᠠ ᠬᠡᠷᠡᠭ᠌ᠴᠡᠭᠡ᠎ᠶ᠋ᠢᠨ ᠵᠥᠷᠢᠴᠡᠯ ᠲᠣᠪᠣᠢᠮ᠎ᠠ ᠪᠠᠢᠭ᠎ᠠ ᠠᠰᠠᠭᠤᠳᠠᠯ᠎ᠳᠤ ᠬᠠᠨᠳᠤᠭᠤᠯᠤᠨ ᠱᠠᠲᠤᠯᠢᠭ ᠬᠠᠩᠭᠠᠯᠭ᠎ᠠ ᠬᠢᠭᠡᠳ ᠴᠢᠳᠠᠪᠤᠷᠢᠲᠠᠨ᠎ᠢ ᠣᠷᠣᠭᠤᠯᠵᠤ ᠢᠷᠡᠬᠦ᠌᠎ᠠᠳᠠᠯᠢ ᠪᠤᠰᠤ ᠠᠷᠭ᠎ᠠ ᠬᠡᠮᠵᠢᠶ᠎ᠡ᠎ᠶ᠋ᠢ ᠲᠣᠭ᠍ᠲᠠᠭᠠᠨ᠎ᠠ᠃ ᠳᠥᠭᠥᠮ ᠲᠦᠷᠬᠡᠨ ᠴᠢᠨᠠᠷ᠎ᠢ ᠳᠡᠭᠡᠭ᠌ᠰᠢᠯᠡᠭᠦᠯᠬᠦ᠌ ᠲᠠᠯ᠎ᠠ᠎ᠪᠠᠷ᠂ ᠣᠯᠠᠨ ᠨᠡᠢᠲᠡ᠎ᠶ᠋ᠢᠨ ᠦᠨᠳᠦᠰᠦᠨ ᠦᠢᠯᠡᠴᠢᠯᠡᠭᠡ᠎ᠶ᠋ᠢ ᠵᠠᠯᠭᠠᠯᠳᠤᠭᠤᠯᠵᠤ ᠪᠣᠯᠬᠤ᠂ ᠦᠢᠯᠡᠴᠢᠯᠡᠭᠡᠨ᠎ᠦ ᠡᠬᠢ ᠪᠠᠶᠠᠯᠢᠭ᠎ᠢ ᠣᠷᠣᠨ ᠪᠦᠰᠡ ᠠᠯᠤᠰᠯᠠᠨ ᠬᠠᠮᠲᠤ᠎ᠪᠠᠷ ᠡᠳ᠋ᠯᠡᠬᠦ᠌᠎ᠶ᠋ᠢ ᠠᠬᠢᠭᠤᠯᠤᠨ᠎ᠠ᠃

ᠣᠯᠠᠨ ᠨᠡᠢᠲᠡ᠎ᠶ᠋ᠢᠨ ᠦᠢᠯᠡᠴᠢᠯᠡᠭᠡᠨ᠎ᠦ《ᠬᠥᠮᠦᠨ᠎ᠢ ᠳᠠᠭᠠᠵᠤ ᠶᠠᠪᠤᠬᠤ》ᠳ᠋ᠤ ᠠᠩᠬᠠᠷᠤᠯ᠎ᠢᠶᠠᠨ ᠲᠥᠪᠯᠡᠷᠡᠭᠦᠯᠵᠦ᠍᠂ ᠡᠬᠢ ᠪᠠᠶᠠᠯᠢᠭ᠎ᠤᠨ ᠲᠣᠬᠢᠷᠠᠭᠤᠯᠤᠯᠲᠠ᠎ᠶ᠋ᠢ ᠬᠦᠴᠦᠯᠡᠨ ᠲᠡᠭᠦᠯᠳᠡᠷᠵᠢᠭᠦᠯᠦᠨ᠎ᠡ᠃ ᠰᠠᠨᠠᠯ᠎ᠳᠤ 《ᠬᠥᠮᠦᠨ᠂ ᠵᠣᠭᠣᠰ᠂ ᠭᠠᠵᠠᠷ ᠤᠷᠤᠨ᠂ ᠲᠤᠨᠤᠭ ᠲᠥᠬᠥᠭᠡᠷᠦᠮᠵᠢ》ᠵᠢ ᠬᠣᠯᠪᠣᠭ᠍ᠳᠠᠭᠤᠯᠬᠤ ᠳᠦᠷᠦ᠍᠎ᠶ᠋ᠢᠨ ᠪᠤᠳᠤᠯᠭ᠎ᠠ᠎ᠶ᠋ᠢ ᠪᠣᠳᠠᠲᠠᠢ ᠨᠠᠷᠢᠯᠢᠭ ᠨᠠᠢᠳᠠᠪᠤᠷᠢᠵᠢᠭᠤᠯᠵᠤ᠂ ᠬᠥᠮᠦᠨ ᠠᠮᠠ᠎ᠶ᠋ᠢᠨ ᠣᠷᠣᠵᠤ ᠢᠷᠡᠬᠦ᠌ ᠭᠠᠵᠠᠷ᠎ᠤᠨ ᠵᠠᠰᠠᠭ᠎ᠤᠨ ᠣᠷᠳᠣᠨ᠎ᠤ ᠬᠦᠯᠢᠶᠡᠨ ᠠᠪᠴᠤ᠌ ᠳᠡᠢᠯᠬᠦ᠌᠂ ᠡᠭᠦᠷᠭᠡᠯᠡᠵᠦ᠍ ᠳᠡᠢᠯᠬᠦ᠌᠂ ᠰᠠᠢᠲᠤᠷ ᠬᠦᠢᠴᠡᠳᠬᠡᠬᠦ ᠵᠢ ᠪᠡᠶᠡᠯᠡᠬᠦᠯᠦᠨ᠎ᠡ᠃

ᠵᠧᠩ ᠪᠧᠶ᠂ ᠰᠠᠨᠠᠯ᠎ᠳᠤ ᠣᠯᠠᠨ ᠨᠡᠢᠲᠡ᠎ᠶ᠋ᠢᠨ ᠦᠶ᠋ᠯᠡᠴᠢᠯᠡᠭᠡᠨ᠎ᠦ《ᠬᠥᠮᠦᠨ᠎ᠢ ᠳᠠᠭᠠᠵᠤ ᠶᠠᠪᠤᠬᠤ》᠎ᠶ᠋ᠢ ᠠᠬᠢᠭᠤᠯᠬᠤ᠎ᠲᠠᠶ ᠤᠶᠠᠯᠳᠤᠭᠤᠯᠤᠨ᠂ ᠳᠥᠷᠪᠡᠨ ᠲᠠᠯ᠎ᠠ᠎ᠶ᠋ᠢᠨ ᠪᠠᠢᠷᠢᠯᠠᠭᠤᠯᠤᠯᠲᠠ ᠬᠢᠪᠠ᠄ ᠣᠷᠣᠱᠢᠨ ᠰᠠᠭᠤᠬᠤ ᠦᠨᠡᠮᠯᠡᠯ ᠪᠠ ᠣᠷᠣᠱᠢᠨ ᠰᠠᠭᠤᠬᠰᠡᠨ ᠣᠨ ᠵᠢᠯ᠎ᠢ ᠬᠠᠷᠢᠯᠴᠠᠨ ᠭᠠᠷᠳᠠᠴᠠ ᠪᠤᠯᠭᠠᠵᠤ᠂ ᠣᠯᠠᠨ ᠨᠡᠢᠲᠡ᠎ᠶ᠋ᠢᠨ ᠦᠶ᠋ᠯᠡᠴᠢᠯᠡᠭᠡ ᠵᠢ ᠦᠷᠭᠦᠯᠵᠢᠯᠡᠨ ᠡᠳ᠋ᠯᠡᠬᠦ᠌᠎ᠶ᠋ᠢ ᠠᠬᠢᠭᠤᠯᠤᠨ᠎ᠠ;  ᠲᠣᠭ᠎ᠠ ᠪᠠᠷᠢᠮᠲᠠ᠎ᠶ᠋ᠢᠨ ᠮᠡᠳᠡᠭᠡ ᠵᠠᠩᠭᠢ᠎ᠶ᠋ᠢ ᠬᠠᠮᠲᠤ ᠪᠠᠷ ᠬᠦᠷᠲᠡᠬᠦ᠌᠎ᠪᠡᠷ ᠰᠠᠭᠤᠷᠢ ᠪᠣᠯᠭᠠᠵᠤ᠂ ᠣᠯᠠᠨ ᠨᠡᠢᠲᠡ᠎ᠶ᠋ᠢᠨ ᠦᠶ᠋ᠯᠡᠴᠢᠯᠡᠭᠡᠨ᠎ᠦ ᠵᠦᠶ᠋ᠯᠡᠰ᠎ᠢ ᠥᠨᠳᠥᠷ ᠪᠦᠲᠦᠮᠵᠢᠲᠡᠶ᠎ᠪᠡᠷ ᠭᠦᠶ᠋ᠴᠡᠳᠭᠡᠬᠦ᠌᠎ᠶ᠋ᠢ ᠠᠬᠢᠭᠤᠯᠤᠨ᠎ᠠ; ᠣᠷᠣᠨ ᠪᠦᠰᠡ᠎ᠶ᠋ᠢᠨ ᠬᠠᠮᠵᠢᠯᠴᠠᠭ᠎ᠠ᠎ᠪᠠᠷ ᠬᠣᠯᠪᠣᠭᠠᠰᠤ ᠪᠣᠯᠭᠠᠵᠤ᠂ ᠣᠯᠠᠨ ᠨᠡᠢᠲᠡ᠎ᠶ᠋ᠢᠨ ᠦᠶ᠋ᠯᠡᠴᠢᠯᠡᠭᠡᠨ᠎ᠦ ᠡᠬᠢ ᠪᠠᠶᠠᠯᠢᠭ᠎ᠢ ᠨᠡᠢᠳᠡᠮ ᠳ᠋ᠤᠨᠢ ᠬᠠᠷᠠᠭᠠᠯᠵᠠᠵᠤ ᠬᠠᠮᠲᠤ᠎ᠪᠠᠷ ᠡᠳ᠋ᠯᠡᠬᠦ᠌᠎ᠶ᠋ᠢ ᠠᠬᠢᠭᠤᠯᠤᠨ᠎ᠠ;  ᠲᠤᠨᠤᠭ ᠲᠥᠬᠥᠭᠡᠷᠦᠮᠵᠢ᠎ᠶ᠋ᠢᠨ ᠪᠠᠢᠷᠢᠱᠢᠭᠤᠯᠤᠯᠲᠠ᠎ᠶ᠋ᠢ ᠱᠢᠯᠢᠳᠡᠭ᠌ᠵᠢᠭᠦᠯᠬᠦ᠌᠎ᠪᠡᠷ ᠲᠤᠯᠭᠠᠭᠤᠷᠢᠯᠠᠯ ᠪᠣᠯᠭᠠᠵᠤ᠂ ᠣᠯᠠᠨ ᠨᠡᠢᠲᠡ᠎ᠶ᠋ᠢᠨ ᠦᠶ᠋ᠯᠡᠴᠢᠯᠡᠭᠡᠨ᠎ᠦ ᠬᠠᠩᠭᠠᠯᠭ᠎ᠠ ᠳᠥᠭᠥᠮ ᠲᠦᠷᠬᠡᠨ ᠪᠠᠢᠬᠤ᠎ᠶ᠋ᠢ ᠠᠬᠢᠭᠤᠯᠤᠨ᠎ᠠ ᠭᠡᠵᠤ ᠲᠠᠨᠢᠯᠴᠠᠭᠤᠯᠪᠠ᠃

ᠭᠠᠵᠠᠷ ᠣᠷᠣᠨ᠎ᠤ ᠪᠠᠢᠳᠠᠯ᠎ᠳᠤᠨᠢ ᠲᠣᠬᠢᠷᠠᠭᠤᠯᠤᠨ ᠠᠬᠢᠭᠤᠯᠬᠤ᠎ᠳᠤ ᠠᠩᠬᠠᠷᠤᠯ᠎ᠢᠶᠠᠨ ᠲᠥᠪᠯᠡᠷᠡᠭᠦᠯᠵᠦ᠍ ᠂ ᠲᠥᠷᠥᠯ ᠬᠤᠪᠢᠶᠠᠨ ᠡᠮᠬᠢ ᠵᠢᠷᠤᠮ᠎ᠲᠠᠶ ᠬᠡᠷᠡᠭ᠌ᠵᠢᠭᠦᠯᠬᠦ᠌᠎ᠪᠡᠷ ᠬᠦᠴᠦᠯᠡᠨ᠎ᠠ᠃ ᠰᠠᠨᠠᠯ᠎ᠳᠤ ᠬᠥᠮᠦᠨ ᠠᠮᠠ᠎ᠶ᠋ᠢᠨ ᠣᠷᠣᠵᠤ ᠢᠷᠡᠬᠦ᠌᠂ ᠬᠥᠮᠦᠨ ᠠᠮᠠ᠎ᠶ᠋ᠢᠨ ᠶᠡᠷᠦᠩᠬᠡᠢ ᠬᠡᠮᠵᠢᠶ᠎ᠡ ᠲᠣᠭ᠍ᠲᠠᠭᠤᠨ ᠪᠠᠢᠬᠤ ᠪᠠ ᠭᠠᠳᠠᠭ᠍ᠰᠢ ᠭᠠᠷᠬᠤ ᠭᠠᠵᠠᠷ ᠣᠷᠣᠨ᠎ᠳᠤ ᠲᠤᠰ ᠲᠤᠰ ᠬᠡᠷᠡᠭ᠌ᠵᠢᠭᠦᠯᠬᠦ᠌ ᠱᠠᠭᠠᠷᠳᠠᠯᠭ᠎ᠠ ᠳᠤᠷᠠᠳᠴᠤ᠌᠂ ᠬᠤᠳᠠ᠎ᠶ᠋ᠢᠨ ᠪᠠᠢᠳᠠᠯ᠎ᠳᠤᠨᠢ ᠲᠤᠬᠢᠷᠠᠭᠤᠯᠤᠨ ᠠᠷᠭ᠎ᠠ ᠪᠤᠳᠤᠯᠭ᠎ᠠ ᠬᠡᠷᠡᠭ᠌ᠵᠢᠭᠦᠯᠵᠦ᠍᠂ ᠢᠳᠡᠪᠬᠢᠲᠡᠢ ᠰᠦᠪᠡᠭ᠌ᠴᠢᠯᠡᠵᠦ᠍᠂ 《ᠨᠢᠭᠡ ᠯᠡ ᠠᠳᠠᠯᠢ ᠪᠠᠢᠬᠤ ᠡᠴᠡ ᠵᠠᠢᠯᠠᠰᠬᠢᠨ᠎ᠠ》 ᠭᠡᠪᠡ᠃

ᠪᠦᠲᠦᠴᠡ᠎ᠶ᠋ᠢᠨ ᠴᠢᠨᠠᠷᠲᠠᠢ ᠠᠵᠢᠯ ᠣᠯᠭᠣᠯᠲᠠ᠎ᠶ᠋ᠢᠨ ᠵᠥᠷᠢᠴᠡᠯ᠎ᠢ ᠱᠢᠢᠳᠪᠦᠷᠢᠯᠡᠬᠦ᠌ ᠪᠣᠯ《ᠠᠷᠪᠠᠨ ᠲᠠᠪᠤᠳᠤᠭᠠᠷ ᠲᠠᠪᠤᠨ ᠵᠢᠯ》 ᠤ᠋ᠨ ᠬᠤᠭᠤᠴᠠᠭᠠᠨ᠎ᠳᠠᠬᠢ ᠠᠵᠢᠯ ᠣᠯᠭᠣᠯᠲᠠ᠎ᠶ᠋ᠢᠨ ᠠᠵᠢᠯ᠎ᠤᠨ ᠴᠢᠬᠤᠯᠠ ᠬᠦᠴᠦᠯᠡᠬᠦ᠌ ᠴᠡᠭ ᠮᠥᠨ᠃ ᠬᠥᠮᠦᠨ᠎ᠦ ᠬᠦᠴᠦᠨ᠎ᠦ ᠡᠬᠢ ᠪᠠᠶᠠᠯᠢᠭ ᠪᠠ ᠨᠡᠢᠭᠡᠮ᠎ᠦᠨ ᠪᠠᠲᠤᠯᠠᠭ᠎ᠠ᠎ᠶ᠋ᠢᠨ ᠶᠠᠮᠤᠨ᠎ᠤ ᠲᠥᠯᠥᠪᠵᠢᠭᠦᠯᠭᠡ ᠡᠳ᠋᠎ᠦᠨ ᠶᠠᠪᠤᠳᠠᠯ᠎ᠤᠨ ᠵᠤᠷᠭᠠᠨ᠎ᠤ ᠳᠠᠷᠤᠭ᠎ᠠ ᠵᠠᠩ ᠯᠢ ᠱᠢᠨ᠂ ᠰᠠᠨᠠᠯ᠎ᠢ ᠨᠠᠢᠳᠠᠪᠤᠷᠢᠵᠢᠭᠤᠯᠬᠤ᠎ᠶ᠋ᠢ ᠠᠬᠢᠭᠤᠯᠬᠤ᠎ᠶ᠋ᠢᠨ ᠲᠥᠯᠥᠭᠡ᠂ ᠬᠤᠯᠪᠤᠬᠳᠠᠯ ᠪᠥᠬᠥᠶ ᠠᠷᠭ᠎ᠠ ᠬᠡᠮᠵᠢᠶ᠎ᠡ ᠠᠪᠴᠤ᠌ ᠠᠵᠢᠯ ᠣᠯᠭᠣᠯᠲᠠ᠎ᠶ᠋ᠢ ᠳᠡᠮᠵᠢᠬᠦ᠌ ᠪᠠ ᠣᠯᠠᠨ ᠨᠡᠢᠲᠡ᠎ᠶ᠋ᠢᠨ ᠦᠶ᠋ᠯᠡᠴᠢᠯᠡᠭᠡᠨ᠎ᠦ ᠱᠢᠰᠲ᠋ᠧᠮ᠎ᠢ ᠲᠡᠭᠦᠯᠳᠡᠷᠵᠢᠭᠦᠯᠦᠨ᠎ᠡ ᠭᠡᠵᠤ ᠢᠯᠡᠳᠭᠡᠪᠡ᠃

ᠠᠵᠢᠯ ᠤᠯᠭᠤᠯᠳᠠ ᠵᠢᠨ ᠦᠢᠯᠡᠴᠢᠯᠡᠭᠡᠨ᠎ᠦ ᠲᠠᠯ᠎ᠠ᠎ᠪᠠᠷ᠂ 《ᠭᠡᠷ᠎ᠦᠨ ᠡᠭᠦᠳᠡᠨ》 ᠳ᠋ᠡᠬᠢ ᠠᠵᠢᠯ ᠣᠯᠭᠣᠯᠳᠠ ᠵᠢᠨ ᠦᠢᠯᠡᠴᠢᠯᠡᠭᠡᠨ᠎ᠦ ᠥᠷᠲᠡᠭᠡ᠂ ᠡᠳᠦᠷ᠎ᠤᠨ ᠬᠦᠴᠦᠨ᠎ᠤ ᠠᠵᠢᠯ᠎ᠤᠨ ᠵᠠᠬ᠎ᠠ ᠳᠡᠯᠭᠡᠭᠦᠷ᠎ᠢ ᠪᠠᠢᠭᠤᠯᠵᠤ᠂ 《15 ᠮᠢᠨᠦ᠋ᠲ᠎ᠦᠨ ᠠᠵᠢᠯ ᠣᠯᠭᠣᠯᠳᠠ ᠵᠢᠨ ᠦᠢᠯᠡᠴᠢᠯᠡᠭᠡᠨ᠎ᠦ ᠴᠠᠭᠠᠷᠢᠭ》 ᠢ᠋ ᠪᠠᠢᠭᠤᠯᠤᠨ᠎ᠠ; ᠬᠥᠳᠡᠯᠮᠦᠷᠢᠯᠡᠭ᠌ᠴᠢ ᠨᠢᠭᠡ ᠪᠦᠷᠢ᠎ᠶ᠋ᠢᠨ ᠪᠠᠢᠩᠭᠤ ᠰᠠᠭᠤᠭ᠎ᠠ ᠭᠠᠵᠠᠷ᠎ᠲᠠᠭᠠᠨ ᠲᠤᠬᠠᠶ᠎ᠶ᠋ᠢᠨ ᠭᠠᠵᠠᠷ᠎ᠤᠨ ᠰᠠᠭᠤᠭᠠᠯᠢ ᠠᠷᠠᠳ᠎ᠯᠤᠭ᠎ᠠ ᠠᠳᠠᠯᠢ ᠲᠡᠭ᠌ᠰᠢ᠎ᠪᠡᠷ ᠠᠵᠢᠯ ᠣᠯᠭᠣᠯᠳᠠ ᠵᠢᠨ ᠦᠢᠯᠡᠴᠢᠯᠡᠭᠡ ᠬᠦᠷᠲᠡᠬᠦ᠌᠎ᠶ᠋ᠢ ᠳᠡᠮᠵᠢᠨ᠎ᠡ;  ᠡᠯ᠎ᠡ ᠭᠠᠵᠠᠷ᠎ᠤᠨ ᠲᠤᠬᠠᠶ᠎ᠶ᠋ᠢᠨ ᠲᠠᠯᠠᠪᠠᠢ ᠵᠢᠨ ᠠᠵᠢᠯᠲᠠᠨ ᠠᠵᠢᠯᠴᠢᠨ ᠡᠯᠰᠡᠬᠦ᠌ ᠴᠤᠬᠯᠠᠭᠠᠨ ᠢ᠋ ᠥᠷᠭᠡᠨ᠎ᠢᠶᠡᠷ ᠵᠣᠬᠢᠶᠠᠨ ᠪᠠᠢᠭᠤᠯᠬᠤ᠎ᠶ᠋ᠢ ᠵᠣᠷᠢᠭ᠍ᠵᠢᠭᠤᠯᠤᠨ᠎ᠠ᠃

ᠦᠢᠯᠡᠰ ᠪᠤᠰᠬᠠᠬᠤ ᠵᠢ ᠲᠡᠳᠬᠦᠬᠦ᠌ ᠪᠠ ᠠᠵᠢᠯ ᠣᠯᠭᠣᠬᠤ᠎ᠶ᠋ᠢ ᠲᠤᠰᠠᠯᠠᠬᠤ ᠲᠠᠯ᠎ᠠ᠎ᠪᠠᠷ᠂《ᠦᠢᠯᠡᠰ ᠪᠤᠰᠬᠠᠬᠤ ᠪᠣᠯᠪᠠᠰᠤᠷᠠᠯ᠂ ᠦᠢᠯᠡᠰ ᠪᠤᠰᠬᠠᠬᠤ ᠦᠶ᠋ᠯᠡᠴᠢᠯᠡᠭᠡ᠂ ᠦᠢᠯᠡᠰ ᠪᠤᠰᠬᠠᠬᠤ᠎ᠶ᠋ᠢ ᠨᠡᠪᠴᠢᠭᠦᠯᠬᠦ᠌᠂ ᠦᠢᠯᠡᠰ ᠪᠤᠰᠬᠠᠬᠤ ᠠᠵᠢᠯᠯᠠᠭ᠎ᠠ》 ᠶ᠋ᠢᠨ ᠳᠥᠷᠪᠡᠨ ᠲᠠᠯ᠎ᠠ᠎ᠪᠠᠷ  ᠬᠤᠯᠪᠤᠭᠠᠯᠠᠨ ᠬᠥᠳᠡᠯᠦᠯᠴᠡᠬᠦ᠌ ᠳᠡᠮᠵᠢᠯᠭᠡ᠎ᠶ᠋ᠢᠨ ᠱᠢᠰᠲ᠋ᠧᠮ ᠢ᠋ ᠢᠳᠡᠪᠬᠢᠲᠡᠶ᠎ᠪᠠᠢᠭᠤᠯᠤᠨ᠎ᠠ;

ᠨᠥᠬᠥᠴᠡᠯ᠎ᠳᠦ ᠨᠡᠢᠴᠡᠬᠦ᠌ ᠪᠠᠢᠩᠭᠤ ᠰᠠᠭᠤᠭ᠎ᠠ ᠬᠥᠳᠡᠯᠮᠦᠷᠢᠴᠢᠳ ᠲᠤ᠌ ᠵᠤᠷᠢᠭᠤᠯᠤᠨ ᠲᠣᠭ᠍ᠲᠠᠭᠠᠯ ᠶᠣᠰᠣᠭᠠᠷ ᠠᠵᠢᠯ ᠤᠯᠬᠤ᠎ᠳᠤ ᠬᠦᠴᠢᠷᠲᠡᠶ ᠪᠠᠢᠭ᠎ᠠ ᠬᠥᠮᠦᠰ᠎ᠢ ᠬᠢᠨᠠᠨ ᠲᠣᠭ᠍ᠲᠠᠭᠠᠬᠤ ᠠᠵᠢᠯ᠎ᠢ ᠴᠠᠭ ᠲᠤᠬᠠᠶ᠎ᠳᠤᠨᠢ ᠥᠷᠨᠢᠭᠦᠯᠵᠦ᠍᠂ ᠠᠵᠢᠯ ᠣᠯᠭᠣᠯᠲᠠ᠎ᠶ᠋ᠢᠨ ᠲᠤᠰᠠᠯᠠᠮᠵᠢ ᠭᠥᠷᠳᠡᠬᠦ᠌ ᠡᠲᠡᠭᠡᠳ᠎ᠦᠨ ᠣᠨᠴᠠᠯᠢᠭ ᠪᠠ ᠬᠡᠷᠡᠭ᠌ᠴᠡᠭᠡ᠎ᠲᠡᠶ ᠤᠶᠠᠯᠳᠤᠭᠤᠯᠤᠨ ᠠᠵᠢᠯ ᠣᠯᠭᠣᠯᠲᠠ᠎ᠶ᠋ᠢᠨ ᠬᠠᠪᠰᠤᠷᠤᠨ ᠲᠡᠳᠬᠦᠬᠦ᠌ ᠲᠥᠰᠦᠯ᠎ᠢ ᠲᠣᠭ᠍ᠲᠠᠭᠠᠵᠤ᠂ ᠠᠵᠢᠯ ᠲᠠᠢ ᠬᠥᠮᠦᠨ ᠥᠬᠡᠶ ᠬᠡᠷ ᠪᠦᠯᠢ᠎ᠳᠦ ᠬᠠᠨᠳᠤᠯᠭᠠᠲᠤ ᠴᠢᠨᠠᠷᠲᠠᠶ ᠠᠵᠢᠯ᠎ᠤᠨ ᠪᠠᠢᠷᠢ᠎ᠶ᠋ᠢᠨ ᠲᠤᠰᠠᠯᠠᠮᠵᠢ ᠬᠠᠩᠭᠠᠵᠤ᠂  ᠠᠵᠢᠯ ᠲᠠᠢ ᠬᠦᠮᠦᠨ ᠥᠬᠡᠶ ᠬᠡᠷ ᠪᠦᠯᠢ᠎ᠳᠦ ᠬᠥᠳᠡᠯᠦᠩᠭᠦᠶ᠎ᠪᠡᠷ ᠠᠵᠢᠯ ᠣᠯᠭᠣᠬᠤ᠎ᠶ᠋ᠢ ᠦᠨᠡᠨ ᠬᠦ᠌ ᠪᠠᠲᠤᠯᠠᠨ᠎ᠠ᠃

ᠰᠠᠨᠠᠯ᠎ᠳᠤ ᠣᠯᠠᠨ ᠨᠡᠢᠲᠡ᠎ᠶ᠋ᠢᠨ ᠲᠦᠷᠢᠶᠡᠰᠦᠨ ᠣᠷᠣᠨ ᠰᠠᠭᠤᠴᠠ᠎ᠶ᠋ᠢᠨ ᠪᠠᠲᠤᠯᠠᠭ᠎ᠠ᠎ᠶ᠋ᠢᠨ ᠬᠡᠪᠴᠢᠶ᠎ᠡ᠎ᠶ᠋ᠢ ᠥᠷᠭᠡᠳᠭᠡᠬᠦ᠌ ᠲᠤᠬᠠᠶ ᠲᠤᠰᠭᠠᠶ ᠪᠠᠢᠷᠢᠯᠠᠭᠤᠯᠤᠯᠲᠠ ᠬᠢᠪᠠ᠃ ᠣᠷᠣᠨ ᠰᠠᠭᠤᠴᠠ ᠪᠠ ᠬᠣᠲᠠ ᠬᠥᠳᠡᠭᠡ᠎ᠶ᠋ᠢᠨ ᠪᠥᠲᠥᠭᠡᠨ ᠪᠠᠢᠭᠤᠯᠤᠯᠲᠠ᠎ᠶ᠋ᠢᠨ ᠶᠠᠮᠤᠨ᠎ᠤ ᠣᠷᠣᠨ ᠰᠠᠭᠤᠴᠠ᠎ᠶ᠋ᠢᠨ ᠪᠠᠲᠤᠯᠠᠭ᠎ᠠ᠎ᠶ᠋ᠢᠨ ᠵᠤᠷᠭᠠᠨ᠎ᠤ ᠳᠠᠷᠤᠭ᠎ᠠ ᠱᠢᠤᠢ ᠯᠢᠶᠠᠩ᠂ ᠡᠯ᠎ᠡ ᠭᠠᠵᠠᠷ ᠤᠷᠤᠨ᠎ᠢ ᠵᠢᠯᠣᠭᠣᠳᠤᠨ ᠣᠯᠠᠨ ᠨᠡᠢᠲᠡ᠎ᠶ᠋ᠢᠨ ᠲᠦᠷᠢᠶᠡᠰᠦᠨ ᠣᠷᠣᠨ ᠰᠠᠭᠤᠴᠠ᠎ᠶ᠋ᠢᠨ ᠲᠥᠷᠥ᠎ᠶ᠋ᠢᠨ ᠪᠣᠳᠣᠯᠭ᠎ᠠ᠎ᠶ᠋ᠢ ᠱᠢᠯᠢᠳᠡᠭ᠌ᠵᠢᠭᠦᠯᠵᠦ᠍᠂ ᠡᠷᠦᠬᠡ ᠠᠮᠠ ᠵᠢᠨ ᠲᠠᠩᠰᠠ ᠣᠷᠣᠭᠠᠳᠤᠶ ᠪᠠᠢᠩᠭᠤ ᠰᠠᠭᠤᠭ᠎ᠠ ᠬᠥᠮᠦᠨ ᠠᠮᠠ᠎ᠶ᠋ᠢᠨ ᠬᠡᠷ ᠪᠦᠯᠢ᠎ᠶ᠋ᠢᠨ ᠡᠷᠦᠬᠡ ᠠᠮᠠ ᠵᠢᠨ ᠲᠠᠩᠰᠠ ᠣᠷᠣᠬᠤ᠎ᠶ᠋ᠢ ᠭᠤᠶᠤᠴᠢᠯᠠᠬᠤ ᠨᠥᠬᠥᠴᠡᠯ᠎ᠢ ᠲᠣᠭ᠍ᠲᠠᠭᠠᠨ ᠲᠡᠭᠦᠯᠳᠡᠷᠵᠢᠭᠦᠯᠦᠨ᠎ᠡ; ᠡᠭᠦᠨ᠎ᠦ ᠬᠠᠮᠲᠤ ᠨᠥᠬᠥᠴᠡᠯ᠎ᠳᠦ ᠨᠡᠢᠴᠡᠬᠦ᠌ ᠡᠷᠦᠬᠡ ᠠᠮᠠ ᠵᠢᠨ ᠲᠠᠩᠰᠠ ᠣᠷᠣᠭᠠᠳᠤᠶ ᠪᠠᠢᠩᠭᠤ ᠰᠠᠭᠤᠭ᠎ᠠ ᠬᠥᠮᠦᠨ ᠠᠮᠠ᠎ᠶ᠋ᠢᠨ ᠬᠡᠷ ᠪᠦᠯᠢ᠎ᠶ᠋ᠢ ᠴᠠᠭ ᠲᠤᠬᠠᠶ᠎ᠳᠤᠨᠢ ᠣᠯᠠᠨ ᠨᠡᠢᠲᠡ᠎ᠶ᠋ᠢᠨ ᠲᠦᠷᠢᠶᠡᠰᠦᠨ ᠣᠷᠣᠨ ᠰᠠᠭᠤᠴᠠ᠎ᠶ᠋ᠢᠨ ᠡᠭᠡᠯᠵᠢᠯᠡᠨ ᠬᠦᠯᠢᠶᠡᠬᠦ᠌ ᠬᠥᠮᠥᠷᠭᠡ᠎ᠳᠦ ᠣᠷᠣᠭᠤᠯᠵᠤ᠂ ᠲᠤᠰᠭᠠᠶ ᠪᠠᠢᠭᠤᠯᠤᠮᠵᠢ᠎ᠶ᠋ᠢ ᠣᠷᠣᠭᠤᠯᠤᠨ ᠠᠪᠴᠢᠷᠠᠵᠤ ᠣᠯᠠᠨ ᠨᠡᠢᠲᠡ᠎ᠶ᠋ᠢᠨ ᠲᠦᠷᠢᠶᠡᠰᠦᠨ ᠣᠷᠣᠨ ᠰᠠᠭᠤᠴᠠ᠎ᠶ᠋ᠢ ᠡᠵᠡᠩᠨᠡᠭᠦᠯᠦᠨ ᠬᠠᠮᠢᠶᠠᠷᠤᠭᠤᠯᠵᠤ᠂ ᠣᠯᠠᠨ ᠨᠡᠢᠲᠡ᠎ᠶ᠋ᠢᠨ ᠰᠠᠭᠤᠷᠢ ᠲᠦᠬᠦᠭᠡᠷᠦᠮᠵᠢ᠎ᠶ᠋ᠢ ᠲᠡᠭᠦᠯᠳᠡᠷᠵᠢᠭᠦᠯᠦᠨ᠂ ᠣᠯᠠᠨ ᠲᠦᠮᠡᠨ᠎ᠢ ᠬᠣᠲᠠ᠎ᠶ᠋ᠢᠨ ᠠᠮᠢᠳᠤᠷᠠᠯ᠎ᠳᠤ ᠨᠠᠩ ᠰᠠᠢᠳᠤᠷ  ᠠᠭᠤᠰᠭᠠᠨ ᠣᠷᠣᠭᠤᠯᠤᠨ᠎ᠠ᠃

ᠰᠠᠨᠠᠯ᠎ᠳᠤ《ᠣᠷᠣᠱᠢᠨ ᠰᠠᠭᠤᠬᠤ ᠦᠨᠡᠮᠯᠡᠯ᠎ᠢᠶᠡᠷ᠎ᠢᠶᠡᠨ ᠬᠣᠲᠠ ᠬᠥᠳᠡᠭᠡ᠎ᠶ᠋ᠢᠨ ᠰᠠᠭᠤᠭᠠᠯᠢ ᠠᠷᠠᠳ᠎ᠤᠨ ᠦᠨᠳᠦᠰᠦᠨ ᠡᠮ ᠡᠮᠨᠡᠯᠭᠡ᠎ᠶ᠋ᠢᠨ ᠳᠠᠭᠠᠳᠭᠠᠯ᠎ᠳᠤ ᠣᠷᠣᠯᠴᠠᠬᠤ ᠲᠥᠷᠥ᠎ᠶ᠋ᠢᠨ ᠪᠣᠳᠣᠯᠭ᠎ᠠ᠎ᠶ᠋ᠢ ᠬᠦᠴᠦᠯᠡᠨ ᠨᠠᠢᠳᠠᠪᠤᠷᠢᠵᠢᠭᠤᠯᠵᠤ᠂ ᠤᠨᠳᠤᠤ ᠭᠠᠵᠠᠷ᠎ᠲᠤ ᠡᠮᠨᠡᠭᠦᠯᠦᠭ᠌ᠰᠡᠨ ᠵᠠᠷᠤᠳᠠᠯ᠎ᠢ ᠱᠢᠭᠤᠳ ᠲᠡᠰᠦᠯᠦᠨ ᠪᠤᠳᠤᠬᠤ ᠬᠠᠮᠢᠶᠠᠷᠤᠯᠲᠠ᠎ᠶ᠋ᠢᠨ ᠦᠶ᠋ᠯᠡᠴᠢᠯᠡᠭᠡ᠎ᠶ᠋ᠢ ᠴᠢᠩᠭᠠᠳᠭᠠᠨ᠎ᠠ》 ᠭᠡᠵᠦ᠍ ᠳᠤᠷᠠᠳᠤᠨ ᠭᠠᠷᠭᠠᠪᠠ᠃

ᠭᠠᠳᠠᠷ ᠣᠷᠣᠨ᠎ᠤ ᠡᠷᠦᠬᠡ ᠠᠮᠠ᠎ᠶ᠋ᠢᠨ ᠲᠠᠩᠰᠠ᠎ᠲᠠᠶ ᠳᠤᠮᠳᠠᠳᠤ ᠪᠠᠭ᠎ᠠ ᠰᠤᠷᠭᠠᠭᠤᠯᠢ᠎ᠶ᠋ᠢᠨ ᠰᠣᠷᠣᠭ᠍ᠴᠢ᠂ ᠰᠤᠷᠬᠤ ᠨᠠᠰᠤᠨ᠎ᠡᠴᠡ ᠡᠮᠦᠨᠡᠬᠢ ᠬᠡᠦᠬᠡᠳ ᠵᠡᠷᠭᠡ ᠭᠤᠤᠯᠳᠠᠯᠭ᠎ᠠ᠎ᠲᠠᠶ ᠬᠦᠮᠦᠰ᠎ᠤᠨ ᠳᠠᠭᠠᠳᠭᠠᠯ᠎ᠳᠤ ᠣᠷᠣᠯᠴᠠᠬᠤ ᠡᠷᠬᠡ᠎ᠶ᠋ᠢ ᠦᠨᠡᠨ ᠬᠦ᠌ ᠪᠠᠲᠤᠯᠠᠬᠤ᠎ᠶ᠋ᠢᠨ ᠲᠥᠯᠥᠭᠡ᠂ ᠤᠯᠤᠰ᠎ᠤᠨ ᠡᠮ ᠡᠮᠨᠡᠯᠭᠡ᠎ᠶ᠋ᠢᠨ ᠳᠠᠭᠠᠳᠭᠠᠯ᠎ᠤᠨ ᠲᠣᠪᠴᠢᠶ᠎ᠠ᠎ᠶ᠋ᠢᠨ ᠲᠥᠯᠥᠪᠵᠢᠭᠦᠯᠭᠡ ᠡᠳ᠋᠎ᠦᠨ ᠶᠠᠪᠤᠳᠠᠯ ᠪᠠ ᠬᠠᠤᠯᠢ ᠲᠣᠭ᠍ᠲᠠᠭᠠᠯ᠎ᠤᠨ ᠵᠤᠷᠭᠠᠨ᠎ᠤ ᠳᠠᠷᠤᠭ᠎ᠠ ᠵᠢᠶᠠᠩ ᠴᠧᠩ ᠵᠢᠶᠠ᠂ ᠰᠦᠯᠵᠢᠶᠡᠨ ᠳᠡᠭᠡᠷᠡᠬᠢ ᠪᠠ ᠪᠤᠳᠠᠳᠤ ᠴᠤᠭᠴᠠ ᠵᠢᠨ ᠳᠠᠭᠠᠳᠭᠠᠯ᠎ᠳᠤ ᠣᠷᠣᠯᠴᠠᠬᠤ ᠳᠡᠩᠰᠡᠯᠡᠯᠲᠡ᠎ᠶ᠋ᠢᠨ ᠠᠷᠭ᠎ᠠ ᠵᠠᠮ᠎ᠢ ᠰᠠᠭᠠᠳ ᠥᠬᠡᠶ ᠨᠡᠪᠲᠡᠷᠡᠭᠦᠯᠬᠦ᠌ ᠪᠣᠯᠤᠨ᠎ᠠ᠃ ᠵᠢᠱ᠌ᠢᠶᠡᠯᠡᠪᠡᠯ᠂ ᠣᠯᠠᠨ ᠲᠦᠮᠡᠨ ᠰᠦᠯᠵᠢᠶᠡᠨ ᠳᠡᠭᠡᠷ᠎ᠡ ᠤᠯᠤᠰ᠎ᠤᠨ ᠡᠮ ᠡᠮᠨᠡᠯᠭᠡ᠎ᠶ᠋ᠢᠨ ᠳᠠᠭᠠᠳᠭᠠᠯ᠎ᠤᠨ ᠦᠶ᠋ᠯᠡᠴᠢᠯᠡᠭᠡᠨ᠎ᠦ ᠲᠠᠪᠴᠠᠩ᠎ᠤᠨ App ᠵᠡᠷᠭᠡ ᠠᠷᠭ᠎ᠠ ᠵᠠᠮ᠎ᠢᠶᠠᠷ ᠳᠠᠭᠠᠳᠭᠠᠯ᠎ᠳᠤ ᠣᠷᠣᠯᠴᠠᠬᠤ ᠮᠠᠲ᠋ᠧᠷᠢᠶᠠᠯ᠎ᠢᠶᠠᠨ ᠲᠤᠱᠢᠶᠠᠵᠤ ᠪᠣᠯᠤᠨ᠎ᠠ;  ᠪᠤᠳᠠᠳᠤ ᠴᠤᠭᠴᠠ᠎ᠳᠦ ᠰᠤᠷᠭᠠᠭᠤᠯᠢ᠂ ᠨᠡᠢᠭᠡᠮ ᠲᠣᠭᠣᠷᠢᠭ᠎ᠤᠨ ᠡᠮ ᠡᠮᠨᠡᠯᠬᠡ ᠵᠢᠨ  ᠳᠠᠭᠠᠳᠭᠠᠯ᠎ᠤᠨ ᠦᠶ᠋ᠯᠡᠴᠢᠯᠡᠭᠡᠨ᠎ᠦ ᠥᠷᠲᠡᠭᠡ᠂ ᠵᠠᠰᠠᠭ᠎ᠤᠨ ᠶᠠᠪᠤᠳᠠᠯ᠎ᠤᠨ ᠦᠶ᠋ᠯᠡᠴᠢᠯᠡᠭᠡᠨ᠎ᠦ ᠲᠢᠩᠬᠢᠮ᠎ᠳᠦ ᠣᠢᠷ᠎ᠠ ᠬᠠᠪᠢ᠎ᠳᠤᠨᠢ ᠭᠦᠶ᠋ᠴᠡᠳᠭᠡᠵᠦ᠍ ᠪᠣᠯᠤᠨ᠎ᠠ ᠭᠡᠵᠦ ᠲᠠᠨᠢᠯᠴᠠᠭᠤᠯᠪᠠ᠃

ᠡᠭᠦᠨ᠎ᠦ ᠬᠠᠮᠲᠤ᠂ ᠭᠠᠳᠠᠷ ᠣᠷᠣᠨ᠎ᠤ ᠡᠷᠦᠬᠡ ᠠᠮᠠ᠎ᠶ᠋ᠢᠨ ᠲᠠᠩᠰᠠ᠎ᠲᠠᠶ ᠬᠡᠦᠬᠡᠳ ᠣᠷᠣᠱᠢᠨ ᠰᠠᠭᠤᠬᠤ ᠦᠨᠡᠮᠯᠡᠯ᠎ᠢᠶᠡᠷ᠎ᠢᠶᠡᠨ ᠪᠠᠢᠩᠭᠤ ᠰᠠᠭᠤᠭ᠎ᠠ ᠭᠠᠵᠠᠷ᠎ᠲᠠᠭᠠᠨ ᠳᠠᠭᠠᠳᠭᠠᠯ᠎ᠳᠤ ᠣᠷᠣᠯᠴᠠᠭ᠍ᠰᠠᠨ᠎ᠤ ᠳᠠᠷᠠᠭ᠎ᠠ᠂ ᠪᠠᠢᠩᠭᠤ ᠰᠠᠭᠤᠭ᠎ᠠ ᠭᠠᠵᠠᠷ᠎ᠤᠨ ᠡᠷᠦᠬᠡ ᠠᠮᠠ᠎ᠶ᠋ᠢᠨ ᠲᠠᠩᠰᠠ᠎ᠲᠠᠶ ᠳᠠᠭᠠᠳᠭᠠᠯ᠎ᠳᠤ ᠣᠷᠣᠯᠴᠠᠭ᠍ᠰᠠᠨ ᠬᠡᠦᠬᠡᠳ᠎ᠯᠦᠭᠡ ᠪᠦᠷᠢᠮᠦᠰᠦᠨ ᠠᠳᠠᠯᠢ ᠲᠠᠰ᠎ᠤᠨ ᠡᠮ ᠡᠮᠨᠡᠯᠭᠡ᠎ᠶ᠋ᠢᠨ ᠳᠠᠭᠠᠳᠭᠠᠯ᠎ᠤᠨ ᠬᠠᠷᠠᠭᠠᠯᠵᠠᠯ᠎ᠢ ᠭᠥᠷᠳᠡᠵᠦ᠍᠂ ᠡᠩ᠎ᠦᠨ ᠡᠭᠦᠳᠡᠨ ᠡᠮᠨᠡᠯᠭᠡ᠂ ᠡᠮᠨᠡᠯᠭᠡ᠎ᠳᠦ ᠰᠠᠭᠤᠬᠤ᠂ ᠡᠭᠦᠳᠡᠨ ᠡᠮᠨᠡᠯᠭᠡ᠎ᠶ᠋ᠢᠨ ᠤᠳᠠᠭᠠᠨ ᠴᠢᠨᠠᠷᠲᠠᠶ ᠣᠨᠴᠠᠭᠠᠢ ᠡᠪᠡᠳᠴᠢᠨ ᠵᠡᠷᠭᠡ ᠪᠥᠬᠥ᠌ ᠪᠠᠲᠤᠯᠠᠭ᠎ᠠ᠎ᠶ᠋ᠢᠨ ᠬᠡᠪᠴᠢᠶ᠎ᠡ᠎ᠶ᠋ᠢ ᠪᠠᠭ᠍ᠲᠠᠭᠠᠨ᠎ᠠ᠃

ᠵᠢᠶᠠᠩ ᠴᠧᠩ ᠵᠢᠶᠠ᠂ ᠤᠨᠳᠤᠤ ᠭᠠᠵᠠᠷ᠎ᠲᠤ ᠡᠮᠨᠡᠭᠦᠯᠦᠭ᠌ᠰᠡᠨ ᠵᠠᠷᠤᠳᠠᠯ᠎ᠢ ᠱᠢᠭᠤᠳ ᠲᠡᠰᠦᠯᠦᠨ ᠪᠤᠳᠤᠬᠤ ᠳᠠᠭᠠᠳᠭᠠᠯ᠎ᠤᠨ ᠲᠥᠷᠥᠯ ᠵᠦᠶ᠋ᠯ᠎ᠦᠨ ᠬᠡᠪᠴᠢᠶ᠎ᠡ᠎ᠶ᠋ᠢ ᠤᠯᠠᠮ ᠨᠢᠭᠡ ᠠᠯᠬᠤᠮ ᠥᠷᠭᠡᠳᠭᠡᠵᠦ᠍᠂ ᠠᠵᠢᠯᠲᠠᠨ ᠠᠵᠢᠯᠴᠢᠨ᠎ᠤ ᠡᠮ ᠡᠮᠨᠡᠯᠭᠡ᠎ᠶ᠋ᠢᠨ ᠳᠠᠭᠠᠳᠭᠠᠯ᠎ᠤᠨ ᠬᠤᠪᠢ ᠬᠥᠮᠦᠨ᠎ᠦ ᠲᠠᠩᠰᠠᠨ ᠡᠷᠦᠬᠡ᠎ᠶ᠋ᠢ ᠮᠤᠵᠢ ᠠᠯᠤᠰᠯᠠᠨ ᠬᠠᠮᠲᠤ᠎ᠪᠠᠷ ᠲᠤᠰᠠᠯᠠᠬᠤ᠎ᠶ᠋ᠢ ᠤᠯᠠᠮ ᠨᠢᠭᠡ ᠠᠯᠬᠤᠮ ᠠᠬᠢᠭᠤᠯᠵᠤ᠂ ᠨᠠᠩ ᠣᠯᠠᠨ ᠥᠨᠳᠥᠷ ᠳᠠᠪᠲᠠᠮᠵᠢᠲᠤ ᠦᠶ᠋ᠯᠡᠴᠢᠯᠡᠭᠡᠨ᠎ᠦ ᠵᠦᠶ᠋ᠯᠡᠰ᠎ᠢ《ᠤᠨᠳᠤᠤ ᠭᠠᠵᠠᠷ᠎ᠲᠤ ᠱᠢᠶ᠋ᠳᠪᠦᠷᠢᠯᠡᠵᠦ᠍ ᠪᠣᠯᠬᠤ᠂ ᠣᠢᠷ᠎ᠠ ᠬᠠᠪᠢ᠎ᠳᠤᠨᠢ ᠱᠢᠶ᠋ᠳᠪᠦᠷᠢᠯᠡᠵᠦ᠍ ᠪᠣᠯᠬᠤ》 ᠶ᠋ᠢ ᠪᠡᠶᠡᠯᠡᠭᠦᠯᠬᠦ᠌᠎ᠶ᠋ᠢ ᠠᠬᠢᠭᠤᠯᠤᠨ᠎ᠠ ᠭᠡᠵᠦ ᠢᠯᠡᠳᠭᠡᠪᠡ᠃

ᠦᠨᠳᠦᠰᠦᠨ ᠵᠦᠶ᠋ᠯ᠎ᠢ ᠪᠠᠲᠤᠯᠠᠬᠤ ᠴᠢᠨᠠᠷᠲᠠᠶ ᠣᠯᠠᠨ ᠨᠡᠢᠲᠡ᠎ᠶ᠋ᠢᠨ ᠦᠨᠳᠦᠰᠦᠨ ᠦᠶ᠋ᠯᠡᠴᠢᠯᠡᠭᠡ᠎ᠶ᠋ᠢ ᠲᠡᠭᠦᠯᠳᠡᠷᠵᠢᠭᠦᠯᠬᠦ᠌ ᠪᠣᠯ ᠰᠠᠨᠠᠯ᠎ᠤᠨ ᠬᠢᠯᠠᠰ ᠴᠡᠭ᠎ᠦᠨ ᠨᠢᠭᠡ ᠮᠥᠨ᠃ ᠨᠡᠭᠦᠳᠡᠯ ᠬᠡᠦᠬᠡᠳ᠎ᠢ ᠬᠠᠯᠠᠮᠵᠢᠯᠠᠨ ᠬᠠᠢᠷᠠᠯᠠᠬᠤ ᠦᠶ᠋ᠯᠡᠴᠢᠯᠡᠭᠡᠨ᠎ᠦ ᠲᠠᠯ᠎ᠠ᠎ᠪᠠᠷ᠂ ᠠᠷᠠᠳ᠎ᠤᠨ ᠶᠠᠪᠤᠳᠠᠯ᠎ᠤᠨ ᠶᠠᠮᠤᠨ᠎ᠤ ᠬᠡᠦᠬᠡᠳ᠎ᠦᠨ ᠠᠰᠠᠷᠠᠮᠵᠢ᠎ᠶ᠋ᠢᠨ ᠵᠤᠷᠭᠠᠨ᠎ᠤ ᠳᠠᠷᠤᠭ᠎ᠠ ᠮᠸᠩ ᡁᠢ ᠴᠢᠶᠠᠩ᠂ ᠡᠯ᠎ᠡ ᠭᠠᠵᠠᠷ᠎ᠤᠨ᠎ᠬᠢᠨ᠎ᠦ ᠨᠡᠭᠦᠳᠡᠯ ᠬᠡᠦᠬᠡᠳ᠎ᠢ ᠣᠷᠣᠱᠢᠨ ᠰᠠᠭᠤᠭ᠎ᠠ ᠭᠠᠵᠠᠷ᠎ᠲᠠᠭᠠᠨ ᠬᠠᠯᠠᠮᠵᠢᠯᠠᠨ ᠬᠠᠢᠷᠠᠯᠠᠬᠤ ᠦᠶ᠋ᠯᠡᠴᠢᠯᠡᠭᠡ ᠭᠥᠷᠳᠡᠬᠦ᠌ ᠦᠨᠳᠦᠰᠦᠨ ᠲᠣᠳᠣᠷᠬᠠᠶ ᠲᠠᠨᠭᠰᠠ᠎ᠶ᠋ᠢ ᠲᠣᠭ᠍ᠲᠠᠭᠠᠨ ᠲᠡᠭᠦᠯᠳᠡᠷᠵᠢᠭᠦᠯᠬᠦ᠌᠎ᠶ᠋ᠢ ᠵᠢᠭᠠᠨ ᠵᠢᠯᠣᠭᠣᠳᠴᠤ᠌᠂ ᠬᠠᠯᠠᠮᠵᠢᠯᠠᠨ ᠬᠠᠢᠷᠠᠯᠠᠬᠤ ᠦᠶ᠋ᠯᠡᠴᠢᠯᠡᠭᠡᠨ᠎ᠦ ᠠᠭᠤᠯᠭ᠎ᠠ᠂ ᠠᠵᠢᠯ ᠶᠠᠪᠤᠳᠠᠯ ᠭᠦᠶ᠋ᠴᠡᠳᠭᠡᠬᠦ᠌ ᠶᠠᠪᠤᠴᠠ᠂ ᠬᠠᠪᠰᠤᠷᠤᠨ ᠲᠡᠳᠬᠦᠬᠦ᠌ ᠬᠡᠮ ᠬᠡᠮᠵᠢᠶ᠎ᠡ ᠵᠡᠷᠭᠡ᠎ᠶ᠋ᠢ ᠠᠯᠬᠤᠮ ᠠᠯᠬᠤᠮ᠎ᠢᠶᠠᠷ ᠨᠢᠭᠡᠳᠦᠯᠲᠡᠶ ᠪᠣᠯᠭᠠᠵᠤ᠂ ᠨᠡᠭᠦᠳᠡᠯ ᠬᠡᠦᠬᠡᠳ᠎ᠢ ᠬᠠᠯᠠᠮᠵᠢᠯᠠᠨ ᠬᠠᠢᠷᠠᠯᠠᠬᠤ ᠦᠶ᠋ᠯᠡᠴᠢᠯᠡᠭᠡ᠎ᠶ᠋ᠢ ᠪᠠᠷᠢᠮᠵᠢᠶᠠᠵᠢᠭᠤᠯᠬᠤ ᠪᠠ ᠵᠢᠷᠤᠮᠵᠢᠭᠤᠯᠬᠤ᠎ᠶ᠋ᠢ ᠠᠬᠢᠭᠤᠯᠤᠨ᠎ᠠ ᠭᠡᠵᠦ ᠢᠯᠡᠳᠭᠡᠪᠡ᠃

ᠰᠤᠷᠭᠠᠨ ᠬᠥᠮᠦᠵᠢᠯ ᠪᠣᠯ ᠠᠷᠠᠳ᠎ᠤᠨ ᠠᠮᠢᠳᠤᠷᠠᠯ᠎ᠤᠨ ᠲᠤᠮᠤ ᠶᠠᠪᠤᠳᠠᠯ ᠮᠥᠨ᠃ ᠰᠠᠨᠠᠯ᠎ᠳᠤ 《ᠳᠠᠭᠠᠵᠤ ᠨᠡᠭᠦᠭ᠌ᠰᠡᠨ ᠦᠷ᠎ᠡ ᠬᠡᠦᠬᠡᠳ᠎ᠦᠨ ᠰᠤᠷᠭᠠᠨ ᠬᠥᠮᠦᠵᠢᠯ᠎ᠦᠨ ᠪᠠᠲᠤᠯᠠᠭ᠎ᠠ᠎ᠶ᠋ᠢ ᠴᠢᠩᠭᠠᠳᠭᠠᠨ᠎ᠠ》 ᠭᠡᠵᠦ᠍ ᠳᠤᠷᠠᠳᠤᠨ ᠭᠠᠷᠭᠠᠪᠠ᠃

ᠰᠤᠷᠭᠠᠨ ᠬᠥᠮᠦᠵᠢᠯ᠎ᠦᠨ ᠶᠠᠮᠤᠨ᠎ᠤ ᠰᠠᠭᠤᠷᠢ ᠰᠤᠷᠭᠠᠨ ᠬᠥᠮᠦᠵᠢᠯ᠎ᠦᠨ ᠵᠤᠷᠭᠠᠨ᠎ᠤ ᠬᠠᠷᠢᠭᠤᠴᠠᠯᠭᠠᠲᠠᠨ ᠶᠢᠦ ᠰᠸᠨ᠂ ᠪᠠᠢᠩᠭᠤ ᠰᠠᠭᠤᠭ᠎ᠠ ᠭᠠᠵᠠᠷ᠎ᠡᠴᠡ ᠦᠨᠳᠦᠰᠦᠨ ᠤᠯᠠᠨ ᠨᠡᠢᠲᠡ᠎ᠶ᠋ᠢᠨ ᠰᠤᠷᠭᠠᠨ ᠬᠥᠮᠦᠵᠢᠯ᠎ᠦᠨ ᠦᠢᠯᠡᠴᠢᠯᠡᠭᠡ ᠬᠠᠩᠭᠠᠬᠤ᠎ᠶ᠋ᠢ ᠨᠠᠢᠳᠠᠪᠤᠷᠢᠵᠢᠭᠤᠯᠵᠤ᠂ ᠰᠠᠭᠤᠷᠢ ᠰᠤᠷᠭᠠᠨ ᠬᠥᠮᠦᠵᠢᠯ᠎ᠦᠨ ᠱᠢᠯᠢᠳᠡᠭ᠎ᠢ ᠥᠷᠭᠡᠳᠭᠡᠨ ᠴᠢᠨᠠᠷ᠎ᠢ ᠳᠡᠭᠡᠭ᠌ᠰᠢᠯᠡᠭᠦᠯᠬᠦ᠌᠎ᠶ᠋ᠢ ᠲᠦᠷᠭᠡᠳᠭᠡᠨ ᠠᠬᠢᠭᠤᠯᠤᠨ᠎ᠠ᠃ ᠪᠣᠳᠠᠲᠠᠶ ᠠᠷᠭ᠎ᠠ ᠬᠡᠮᠵᠢᠶ᠎ᠡ᠎ᠳᠦ ᠣᠯᠠᠨ ᠨᠡᠢᠲᠡ᠎ᠶ᠋ᠢᠨ ᠰᠤᠷᠭᠠᠨ ᠬᠥᠮᠦᠵᠢᠯ᠎ᠦᠨ ᠦᠨᠳᠦᠰᠦᠨ ᠦᠶ᠋ᠯᠡᠴᠢᠯᠡᠭᠡ ᠬᠢᠭᠡᠳ ᠪᠠᠢᠩᠭᠤ ᠰᠠᠭᠤᠭ᠎ᠠ ᠬᠥᠮᠦᠨ ᠠᠮᠠ᠎ᠶ᠋ᠢ ᠬᠣᠯᠪᠣᠬᠳᠠᠭᠤᠯᠬᠤ ᠲᠣᠭ᠍ᠲᠠᠴᠠ᠎ᠶ᠋ᠢ ᠪᠠᠢᠭᠤᠯᠬᠤ᠂ ᠳᠤᠮᠳᠠᠳᠤ ᠪᠠᠭ᠎ᠠ ᠰᠤᠷᠭᠠᠭᠤᠯᠢ᠎ᠶ᠋ᠢᠨ ᠪᠠᠢᠷᠢᠱᠢᠯ᠎ᠢ ᠱᠢᠨᠵᠢᠯᠡᠬᠦ᠌ ᠤᠬᠠᠭᠠᠨᠴᠢ ᠵᠦᠶ ᠵᠣᠬᠢᠰᠲᠠᠶ᠎ᠪᠠᠷ ᠲᠣᠬᠢᠷᠠᠭᠤᠯᠬᠤ᠂ ᠠᠯᠪᠠᠨ ᠵᠢᠷᠤᠮ᠎ᠤᠨ ᠰᠤᠷᠭᠠᠨ ᠬᠥᠮᠦᠵᠢᠯ᠎ᠢ ᠪᠦᠯᠦᠭ᠌ᠵᠢᠭᠦᠯᠦᠭᠰᠡᠨ ᠰᠤᠷᠭᠠᠭᠤᠯᠢ ᠡᠷᠭᠢᠯᠡᠬᠦ᠌ ᠪᠠ ᠬᠣᠲᠠ ᠬᠥᠳᠡᠭᠡ᠎ᠶ᠋ᠢᠨ ᠰᠤᠷᠭᠠᠭᠤᠯᠢ᠎ᠶ᠋ᠢᠨ ᠬᠠᠮᠲᠤ᠎ᠶ᠋ᠢᠨ ᠴᠣᠭ᠍ᠴᠠ᠎ᠶ᠋ᠢᠨ ᠪᠠᠢᠭᠤᠯᠤᠯᠲᠠ᠎ᠶ᠋ᠢ ᠠᠬᠢᠭᠤᠯᠬᠤ᠂ ᠡᠩ᠎ᠦᠨ ᠥᠨᠳᠥᠷ ᠵᠡᠷᠭᠡ᠎ᠶ᠋ᠢᠨ ᠳᠤᠮᠳᠠᠳᠤ ᠰᠤᠷᠭᠠᠭᠤᠯᠢ᠎ᠶ᠋ᠢᠨ ᠠᠭᠤᠯᠤᠭ᠍ᠳᠠᠬᠤᠨ᠎ᠤ ᠪᠠᠢᠭᠤᠯᠤᠯᠲᠠ ᠪᠠ ᠱᠢᠶᠠᠨ᠎ᠤ ᠬᠡᠪᠴᠢᠶᠡᠨ᠎ᠤ ᠦᠨᠳᠦᠷ ᠵᠡᠷᠭᠡ ᠵᠢᠨ ᠲᠤᠮᠳᠠᠳᠤ ᠰᠤᠷᠭᠠᠭᠤᠯᠢ ᠵᠢ ᠬᠥᠭ᠌ᠵᠢᠭᠦᠯᠦᠨ ᠮᠠᠨᠳᠤᠭᠤᠯᠬᠤ ᠠᠵᠢᠯᠯᠠᠭ᠎ᠠ ᠵᠡᠷᠭᠡ᠎ᠶ᠋ᠢ ᠪᠠᠭ᠍ᠲᠠᠭᠠᠨ᠎ᠠ ᠭᠡᠵᠦ ᠢᠯᠡᠳᠭᠡᠪᠡ᠃

ᠨᠢᠭᠡ ᠬᠤᠪᠢ᠎ᠶ᠋ᠢᠨ ᠪᠠᠢᠷᠢᠯᠠᠭᠤᠯᠤᠯᠲᠠ᠂ ᠶᠢᠰᠦᠨ ᠬᠤᠪᠢ᠎ᠶ᠋ᠢᠨ ᠨᠠᠢᠳᠠᠪᠤᠷᠢᠵᠢᠭᠤᠯᠤᠯᠲᠠ᠃ ᠵᠧᠩ ᠪᠸᠢ᠂ ᠰᠠᠨᠠᠯ᠎ᠳᠤ ᠲᠣᠭ᠍ᠲᠠᠭᠠᠭ᠍ᠰᠠᠨ ᠡᠯ᠎ᠡ ᠵᠦᠶ᠋ᠯ᠎ᠦᠨ ᠡᠭᠦᠷᠭᠡ ᠠᠷᠭ᠎ᠠ ᠬᠡᠮᠵᠢᠶ᠎ᠡ᠎ᠶ᠋ᠢ ᠤᠯᠠᠮ ᠨᠢᠭᠡ ᠠᠯᠬᠤᠮ ᠡᠮᠬᠢᠳᠭᠡᠵᠦ᠍ ᠨᠠᠷᠢᠯᠢᠬ᠍ᠵᠢᠭᠤᠯᠤᠨ᠂ ᠰᠠᠯᠠᠭ᠎ᠠ ᠮᠥᠴᠢᠷ᠎ᠦᠨ ᠬᠣᠯᠪᠣᠭᠠᠯᠠᠨ ᠬᠥᠳᠡᠯᠦᠯᠴᠡᠬᠦ᠌᠎ᠶ᠋ᠢ ᠴᠢᠩᠭᠠᠳᠭᠠᠵᠤ᠂ ᠡᠯ᠎ᠡ ᠭᠠᠵᠠᠷ᠎ᠤᠨ ᠱᠢᠨᠵᠢᠯᠡᠬᠦ᠌ ᠤᠬᠠᠭᠠᠨᠴᠢ ᠪᠥᠭᠡᠳ ᠡᠮᠬᠢ ᠵᠢᠷᠤᠮ᠎ᠲᠠᠶ᠂ ᠲᠤᠬᠠᠶ᠎ᠶ᠋ᠢᠨ ᠭᠠᠵᠠᠷ ᠣᠷᠣᠨ᠎ᠤ ᠪᠠᠢᠳᠠᠯ᠎ᠳᠠᠭᠠᠨ ᠲᠣᠬᠢᠷᠠᠭᠤᠯᠤᠨ ᠲᠤᠭᠤᠱᠢᠯᠠᠭᠤᠯᠤᠨ ᠨᠠᠢᠳᠠᠪᠤᠷᠢᠵᠢᠭᠤᠯᠬᠤ᠎ᠶ᠋ᠢ ᠰᠠᠢᠲᠤᠷ ᠠᠳᠭᠤᠬᠤ᠎ᠶ᠋ᠢ ᠠᠬᠢᠭᠤᠯᠬᠤ ᠬᠡᠷᠡᠭ᠌ᠲᠡᠶ᠃ ᠡᠭᠦᠨ᠎ᠦ ᠬᠠᠮᠲᠤ ᠡᠯ᠎ᠡ ᠭᠠᠵᠠᠷ᠎ᠤᠨ ᠬᠢᠨ᠎ᠦ ᠲᠤᠬᠠᠶ᠎ᠶ᠋ᠢᠨ ᠭᠠᠵᠠᠷ ᠣᠷᠣᠨ᠎ᠤ ᠪᠠᠢᠳᠠᠯ᠎ᠳᠠᠭᠠᠨ ᠲᠣᠬᠢᠷᠠᠭᠤᠯᠤᠨ ᠢᠳᠡᠪᠬᠢᠲᠡᠶ ᠰᠦᠪᠡᠭ᠌ᠴᠢᠯᠡᠬᠦ᠌᠎ᠶ᠋ᠢ ᠳᠡᠮᠵᠢᠵᠦ᠍᠂ ᠣᠷᠣᠨ ᠨᠤᠲᠤᠭ᠎ᠤᠨ  ᠰᠦᠪᠡᠭ᠌ᠴᠢᠯᠡᠵᠦ᠍ ᠪᠤᠶ ᠪᠣᠯᠤᠭ᠍ᠰᠠᠨ ᠰᠠᠢᠨ ᠲᠤᠷᠱᠢᠯᠭ᠎ᠠ ᠰᠠᠢᠨ ᠠᠷᠭ᠎ᠠ ᠬᠢᠳᠠᠯ᠎ᠢ ᠴᠠᠭ ᠲᠤᠬᠠᠶ᠎ᠳᠤᠨᠢ ᠳ᠋ᠥᠩᠨᠡᠵᠦ᠍ ᠳᠡᠯᠭᠡᠷᠡᠭᠦᠯᠬᠦ᠌ ᠬᠡᠷᠡᠭ᠌ᠲᠡᠶ ᠬᠡᠵᠡᠢ᠃

(ᠰᠢᠨᠬᠤᠸᠠ ᠬᠤᠷᠢᠶ᠎ᠠ ᠵᠢᠨ ᠪᠡᠭᠡᠵᠢᠩ ᠤ᠋ᠨ 5 ᠰᠠᠷ᠎ᠠ ᠵᠢᠨ 26 ᠤ᠋ ᠴᠠᠬᠢᠯᠭᠠᠨ ᠮᠡᠳᠡᠭᠡ ᠡᠴᠡ)

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号