ᠰᠤᠷᠪᠤᠯᠵᠢᠯᠠᠭᠴᠢ 5 ᠰᠠᠷ᠎ᠠ ᠶᠢᠨ 24 ᠡᠴᠡ 25᠎ᠤ᠋ ᠡᠳᠦᠷ ᠪᠣᠯᠲᠠᠯ᠎ᠠ᠂ ᠭᠤᠸᠠᠩᠳ᠋ᠦ᠋ᠩ ᠥᠪᠥᠷ ᠮᠣᠩᠭᠣᠯ ᠤᠨ ᠶᠡᠬᠡ ᠳᠡᠭᠡᠳᠦ ᠰᠤᠷᠭᠠᠭᠤᠯᠢ᠎ᠶᠢᠨ ᠣᠳᠣᠬᠢᠴᠢᠯᠠᠭᠰᠠᠨ ᠠᠵᠤ ᠦᠢᠯᠡᠰ᠎ᠦᠨ ᠰᠢᠰᠲᠧᠮ ᠤᠨ ᠬᠦᠭᠵᠢᠯᠳᠡ ᠳ᠋ᠤ ᠦᠢᠯᠡᠴᠢᠯᠡᠬᠦ ᠬᠤᠷᠠᠯ ᠬᠥᠬᠡᠬᠣᠲᠠ᠎ᠳᠤ ᠬᠤᠷᠠᠯᠳᠤᠪᠠ᠃ ᠭᠤᠸᠠᠩᠳ᠋ᠦ᠋ᠩ ᠥᠪᠥᠷ ᠮᠣᠩᠭᠣᠯ ᠬᠣᠶᠠᠷ ᠭᠠᠵᠠᠷ᠎ᠤᠨ 110 ᠭᠠᠷᠤᠢ ᠶᠡᠬᠡ ᠳᠡᠭᠡᠳᠦ ᠰᠤᠷᠭᠠᠭᠤᠯᠢ᠂ ᠬᠣᠯᠪᠣᠭᠳᠠᠯ ᠪᠦᠬᠦᠢ ᠠᠵᠤ ᠠᠬᠤᠢᠯᠠᠯ᠎ᠤᠨ 300 ᠭᠠᠷᠤᠢ ᠲᠤᠰᠬᠠᠢ ᠮᠡᠷᠭᠡᠵᠢᠯᠲᠡᠨ ᠡᠷᠳᠡᠮᠲᠡᠨ ᠵᠢᠴᠢ ᠬᠣᠯᠪᠣᠭᠳᠠᠯ ᠪᠦᠬᠦᠢ ᠬᠦᠷᠢᠶᠡᠨ᠎ᠦ ᠬᠠᠷᠢᠭᠤᠴᠠᠯᠭᠠᠲᠠᠨ ᠨᠥᠬᠥᠳ ᠣᠷᠣᠯᠴᠠᠵᠠᠢ ᠃
ᠲᠣᠰ ᠬᠤᠷᠠᠯ᠎ᠢ ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠦᠨ ᠲᠢᠩᠬᠢᠮ᠂ ᠭᠤᠸᠠᠩᠳ᠋ᠦ᠋ᠩ ᠮᠤᠵᠢ᠎ᠶᠢᠨ ᠰᠤᠷᠭᠠᠨ ᠬᠥᠮᠦᠵᠢᠯ᠎ᠦᠨ ᠲᠢᠩᠬᠢᠮ᠎ᠡᠴᠡ ᠵᠢᠯᠤᠭᠣᠳᠴᠤ᠂ ᠥᠪᠥᠷ ᠮᠣᠩᠭᠣᠯ᠎ᠤᠨ ᠠᠵᠤ ᠦᠢᠯᠡᠳᠪᠦᠷᠢ᠎ᠶᠢᠨ ᠶᠡᠬᠡ ᠰᠤᠷᠭᠠᠭᠤᠯᠢ᠂ ᠭᠤᠸᠠᠩᠳ᠋ᠦ᠋ᠩ᠎ᠤᠨ ᠠᠵᠤ ᠦᠢᠯᠡᠳᠪᠦᠷᠢ᠎ᠶᠢᠨ ᠶᠡᠬᠡ ᠰᠤᠷᠭᠠᠭᠤᠯᠢ᠂ ᠥᠪᠥᠷ ᠮᠣᠩᠭᠣᠯ᠎ᠤᠨ ᠪᠠᠭ᠍ᠰᠢ᠎ᠶᠢᠨ ᠶᠡᠬᠡ ᠰᠤᠷᠭᠠᠭᠤᠯᠢ᠂ ᠬᠤᠸᠠᠨᠠᠨ ᠤ ᠪᠠᠭ᠍ᠰᠢ᠎ᠶᠢᠨ ᠶᠡᠬᠡ ᠰᠤᠷᠭᠠᠭᠤᠯᠢ᠂ ᠥᠪᠥᠷ ᠮᠣᠩᠭᠣᠯ᠎ᠤᠨ ᠪᠠᠷᠢᠯᠭ᠎ᠠ᠎ᠶᠢᠨ ᠠᠵᠢᠯ ᠮᠡᠷᠭᠡᠵᠢᠯ᠎ᠦᠨ ᠶᠡᠬᠡ ᠰᠤᠷᠭᠠᠭᠤᠯᠢ᠂ ᠱᠧᠨᠵᠧᠨ᠎ᠦ ᠠᠵᠢᠯ ᠮᠡᠷᠭᠡᠵᠢᠯ᠎ᠦᠨ ᠶᠡᠬᠡ ᠰᠤᠷᠭᠠᠭᠤᠯᠢ ᠵᠡᠷᠭᠡ 6 ᠶᠡᠬᠡ ᠳᠡᠭᠡᠳᠦ ᠰᠤᠷᠭᠠᠭᠤᠯᠢ ᠬᠠᠮᠲᠤᠷᠠᠨ ᠡᠷᠭᠢᠯᠡᠪᠡ᠃ ᠬᠤᠷᠠᠯ᠎ᠤᠨ ᠬᠤᠭᠤᠴᠠᠭᠠᠨ᠎ᠳᠤ ᠭᠤᠸᠠᠩᠳ᠋ᠦ᠋ᠩ ᠥᠪᠥᠷ ᠮᠣᠩᠭᠣᠯ᠎ᠤᠨ ᠶᠡᠬᠡ ᠳᠡᠭᠡᠳᠦ ᠰᠤᠷᠭᠠᠭᠤᠯᠢ᠎ᠶᠢᠨ ᠬᠣᠯᠪᠣᠭ᠎ᠠ᠂ ᠭᠤᠸᠠᠩᠳ᠋ᠦ᠋ᠩ ᠥᠪᠥᠷ ᠮᠣᠩᠭᠣᠯ᠎ᠤᠨ ᠶᠡᠬᠡ ᠳᠡᠭᠡᠳᠦ ᠰᠤᠷᠭᠠᠭᠤᠯᠢ᠎ᠶᠢᠨ ᠪᠠᠭ᠍ᠰᠢ ᠶᠢᠨ ᠬᠥᠭᠵᠢᠯᠲᠡ᠎ᠶᠢᠨ ᠬᠣᠯᠪᠣᠭ᠎ᠠ᠂ ᠭᠤᠸᠠᠩᠳ᠋ᠦ᠋ᠩ ᠥᠪᠥᠷ ᠮᠣᠩᠭᠣᠯ᠎ᠤᠨ ᠠᠵᠢᠯ ᠮᠡᠷᠭᠡᠵᠢᠯ ᠦᠨ ᠰᠤᠷᠭᠠᠨ ᠬᠥᠮᠦᠵᠢᠯ ᠤᠨ ᠬᠠᠮᠵᠢᠯᠴᠠᠨ ᠬᠥᠭᠵᠢᠭᠦ ᠬᠠᠮᠲᠤ᠎ᠶᠢᠨ ᠴᠣᠭᠴᠠ ᠶᠢ ᠪᠠᠢᠭᠤᠯᠬᠤ ᠶᠣᠰᠣᠯᠠᠯ ᠶᠠᠪᠤᠭᠤᠯᠵᠤ᠂ ᠬᠣᠯᠪᠣᠭ᠎ᠠ (ᠬᠠᠮᠲᠤ᠎ᠶᠢᠨ ᠴᠣᠭᠴᠠ) ᠵᠢᠨ ᠬᠡᠷᠡᠭ ᠡᠷᠬᠢᠯᠡᠭᠴᠢᠳ᠎ᠦᠨ ᠳᠠᠷᠤᠭ᠎ᠠ᠂ ᠪᠠᠢᠩᠭᠤ᠎ᠶᠢᠨ ᠬᠡᠷᠡᠭ ᠡᠷᠬᠢᠯᠡᠬᠦ ᠨᠢᠭᠡᠴᠢ᠎ᠶᠢᠨ ᠨᠡᠷᠡᠰ᠎ᠢ ᠨᠡᠢᠲᠡᠯᠡᠪᠡ᠃
ᠬᠤᠷᠠᠯ᠎ᠠᠴᠠ ᠪᠠᠰᠠ ᠰᠤᠷᠭᠠᠭᠤᠯᠢ ᠪᠠ ᠠᠵᠤ ᠠᠬᠤᠢᠯᠠᠯ᠎ᠤᠨ ᠬᠠᠮᠲᠤᠷᠠᠯᠴᠠᠭ᠎ᠠ᠎ᠳᠤ ᠭᠠᠷᠤᠨ ᠦᠰᠦᠭ ᠵᠢᠷᠤᠬᠤ ᠶᠣᠰᠣᠯᠠᠯ᠎ᠢ ᠵᠡᠷᠭᠡ ᠪᠡᠷ ᠶᠠᠪᠤᠭᠳᠠᠭᠤᠯᠵᠤ᠂ ᠬᠣᠶᠠᠷ ᠭᠠᠵᠠᠷ᠎ᠤᠨ 30 ᠶᠡᠬᠡ ᠳᠡᠭᠡᠳᠦ ᠰᠤᠷᠭᠠᠭᠤᠯᠢ᠂ 6 ᠠᠵᠤ ᠠᠬᠤᠢᠯᠠᠯ ᠲᠤᠬᠠᠢ᠎ᠶᠢᠨ ᠲᠠᠯᠠᠪᠠᠢ ᠳᠤ 19 ᠵᠦᠢᠯ᠎ᠦᠨ ᠰᠤᠷᠭᠠᠭᠤᠯᠢ᠎ᠶᠢᠨ ᠬᠣᠭᠣᠷᠣᠨᠳᠣᠬᠢ ᠬᠠᠮᠲᠤᠷᠠᠯᠴᠠᠭᠠᠨ᠎ᠤ ᠵᠦᠪᠯᠡᠯᠴᠡᠬᠡᠷ᠂ 6 ᠵᠦᠢᠯ᠎ᠦᠨ ᠰᠤᠷᠭᠠᠭᠤᠯᠢ ᠠᠵᠤ ᠠᠬᠤᠢᠯᠠᠯ᠎ᠤᠨ ᠬᠠᠮᠲᠤᠷᠠᠯᠴᠠᠭᠠᠨ᠎ᠤ ᠵᠦᠪᠯᠡᠯᠴᠡᠬᠡᠷ ᠲᠤ᠌ ᠭᠠᠷᠤᠨ ᠥᠰᠥᠭ ᠵᠢᠷᠤᠵᠤ᠂ ᠰᠢᠨᠵᠢᠯᠡᠭᠡᠨ᠎ᠦ ᠰᠠᠯᠠᠭ᠎ᠠ᠎ᠶᠢ ᠬᠠᠮᠲᠤ᠎ᠪᠠᠷ ᠪᠠᠶ᠋ᠢᠭᠤᠯᠬᠤ᠂ ᠴᠢᠳᠠᠪᠤᠷᠢᠲᠠᠨ ᠬᠠᠮᠲᠤ᠎ᠪᠠᠷ ᠬᠥᠮᠥᠵᠢᠭᠦᠯᠬᠦ᠂ ᠰᠢᠨᠵᠢᠯᠡᠬᠦ ᠤᠬᠠᠭᠠᠨ᠎ᠤ ᠰᠤᠳᠤᠯᠭᠠᠨ᠎ᠢ ᠬᠠᠮᠲᠤ᠎ᠪᠠᠷ ᠦᠷᠨᠢᠬᠦᠯᠬᠦ᠂ ᠦᠷ᠎ᠡ ᠪᠦᠲᠦᠭᠡᠯ᠎ᠢ ᠬᠠᠮᠲᠤ᠎ᠪᠠᠷ ᠡᠳ᠋ᠯᠡᠬᠦ᠎ᠶᠢ ᠭᠦᠨᠵᠡᠭᠡᠢᠷᠡᠭᠦᠯᠦᠨ ᠠᠬᠢᠭᠤᠯᠪᠠ᠃
ᠭᠤᠸᠠᠩᠳ᠋ᠦ᠋ᠩ᠎ᠦᠨ ᠠᠵᠤ ᠦᠢᠯᠡᠳᠪᠦᠷᠢ᠎ᠶᠢᠨ ᠶᠡᠬᠡ ᠰᠤᠷᠭᠠᠭᠤᠯᠢ᠎ᠶᠢᠨ ᠳᠡᠳ᠋ ᠵᠠᠬᠢᠷᠤᠯ ᠢᠦᠢ ᠯᠢᠨ᠄ 《ᠥᠩᠭᠡᠷᠡᠭᠰᠡᠨ᠎ᠳᠦ ᠪᠢᠳᠡ ᠥᠪᠥᠷ ᠮᠣᠩᠭᠣᠯ᠎ᠤᠨ ᠠᠵᠤ ᠦᠢᠯᠡᠳᠪᠦᠷᠢ᠎ᠶᠢᠨ ᠶᠡᠬᠡ ᠰᠤᠷᠭᠠᠭᠤᠯᠢ᠎ᠲᠠᠢ ᠡᠷᠳᠡᠮ ᠰᠢᠨᠵᠢᠯᠡᠭᠡᠨ᠎ᠦ ᠬᠦᠷᠢᠶᠡᠨ᠎ᠳᠦ ᠬᠠᠮᠲᠤᠷᠠᠯᠴᠠᠭ᠎ᠠ ᠬᠢᠵᠦ ᠪᠠᠢᠪᠠ᠂ᠭᠤᠸᠠᠩᠳ᠋ᠦ᠋ᠩ ᠦᠪᠦᠷ ᠮᠣᠩᠭᠣᠯ᠎ᠤᠨ ᠶᠡᠬᠡ ᠳᠡᠭᠡᠳᠦ ᠰᠤᠷᠭᠠᠭᠤᠯᠢ᠎ᠶᠢᠨ ᠬᠣᠯᠪᠣᠭ᠎ᠠ ᠪᠠᠢᠭᠤᠯᠤᠭᠳᠠᠭᠰᠠᠨ ᠨᠢ ᠬᠣᠶᠠᠷ ᠰᠤᠷᠭᠠᠭᠤᠯᠢ ᠪᠥᠬᠥ ᠲᠠᠯ᠎ᠠ᠎ᠪᠠᠷ ᠬᠠᠮᠲᠤᠷᠠᠯᠴᠠᠬᠤ ᠱᠠᠲᠤᠨ᠎ᠳᠤ ᠣᠷᠣᠵᠤ᠂ ᠬᠣᠶᠠᠷ ᠭᠠᠵᠠᠷ᠎ᠤᠨ ᠴᠢᠳᠠᠪᠤᠷᠢᠲᠠᠨ ᠬᠥᠮᠥᠵᠢᠭᠦᠯᠬᠦ᠂ ᠰᠢᠨᠵᠢᠯᠡᠬᠦ ᠤᠬᠠᠭᠠᠨ᠎ᠤ ᠰᠤᠳᠤᠯᠭᠠᠨ᠂ ᠰᠢᠨᠵᠢᠯᠡᠭᠡᠨ᠎ᠦ ᠰᠠᠯᠠᠭ᠎ᠠ᠎ᠶᠢᠨ ᠪᠠᠢᠭᠤᠯᠤᠯᠲᠠ᠂ ᠥᠨᠳᠥᠷ ᠬᠢᠷᠢ ᠲᠦᠪᠰᠢᠨ ᠪᠦᠬᠦᠢ ᠪᠠᠭ᠍ᠰᠢ᠎ᠶᠢᠨ ᠡᠩᠨᠡᠬᠡ ᠵᠢᠨ ᠪᠠᠢᠭᠤᠯᠤᠯᠲᠠ᠎ᠶᠢᠨ ᠲᠠᠯ᠎ᠠ᠎ᠪᠠᠷ ᠪᠥᠬᠥ ᠲᠠᠯ᠎ᠠ᠎ᠪᠠᠷ ᠬᠠᠮᠲᠤᠷᠠᠯᠴᠠᠭ᠎ᠠ ᠥᠷᠨᠢᠭᠦᠯᠬᠦ ᠪᠤᠯᠤᠭᠰᠠᠨ᠎ᠢ ᠬᠠᠷᠠᠭᠤᠯᠵᠤ ᠪᠠᠢᠨ᠎ᠠ 》 ᠭᠡᠵᠡᠢ᠃ ᠥᠪᠥᠷ ᠮᠣᠩᠭᠣᠯ ᠤᠨ ᠠᠵᠤ ᠦᠢᠯᠡᠳᠪᠦᠷᠢ᠎ᠶᠢᠨ ᠶᠡᠬᠡ ᠰᠤᠷᠭᠠᠭᠤᠯᠢ᠎ᠶᠢᠨ ᠵᠠᠬᠢᠷᠤᠯ᠎ᠤᠨ ᠲᠤᠰᠠᠯᠠᠭ᠍ᠴᠢ ᠰᠦᠨ ᠵᠠᠨ ᠵᠢᠦ᠄ 《ᠡᠨᠡ ᠤᠳᠠᠭ᠎ᠠ᠎ᠶᠢᠨ ᠬᠤᠷᠠᠯ᠎ᠳᠤ ᠪᠢᠳᠡ ᠪᠠᠰᠠ ᠭᠤᠸᠠᠩᠳ᠋ᠦ᠋ᠩ ᠦᠨ ᠵᠠᠷᠢᠮ ᠳᠡᠭᠡᠳᠦ ᠰᠢᠨ᠎ᠡ ᠮᠡᠷᠭᠡᠵᠢᠯ᠎ᠦᠨ ᠠᠵᠤ ᠠᠬᠤᠢᠯᠠᠯ᠎ᠲᠠᠢ ᠬᠠᠮᠲᠤᠷᠠᠯᠴᠠᠭᠠᠨ ᠤ ᠵᠥᠪᠯᠡᠯᠴᠡᠭᠡᠷ ᠲᠤᠭᠳᠠᠵᠠᠢ᠂ ᠰᠤᠷᠭᠠᠭᠤᠯᠢ ᠪᠠ ᠠᠵᠤ ᠠᠬᠤᠢᠯᠠᠯ᠎ᠤᠨ ᠬᠠᠮᠲᠤᠷᠠᠯᠴᠠᠭᠠᠨ ᠤ ᠲᠠᠪᠴᠠᠩ᠎ᠢᠶᠠᠷ ᠳᠠᠮᠵᠢᠨ ᠰᠢᠨᠵᠢᠯᠡᠭᠡᠨ᠎ᠦ ᠰᠠᠯᠠᠭ᠎ᠠ᠎ᠶᠢᠨ ᠪᠠᠢᠭᠤᠯᠤᠯᠲᠠ᠎ᠶᠢᠨ ᠴᠢᠳᠠᠪᠤᠷᠢ᠎ᠪᠠᠨ ᠳᠡᠭᠡᠭᠰᠢᠯᠡᠭᠦᠯᠬᠦ᠎ᠶᠢ ᠬᠦᠰᠡᠵᠦ ᠪᠠᠢᠨ᠎ᠠ 》 ᠭᠡᠵᠦ ᠬᠡᠯᠡᠪᠡ᠃