​ᠥᠪᠥᠷ ᠮᠣᠩᠭᠣᠯ᠎ᠤᠨ ᠨᠠᠰᠤᠲᠠᠢᠴᠤᠳ᠎ᠤᠨ ᠶᠡᠬᠡ ᠰᠤᠷᠭᠠᠭᠤᠯᠢ᠎ᠰᠣᠶᠣᠯ᠎ᠢ ᠬᠠᠮᠲᠤ᠎ᠪᠠᠷ ᠪᠥᠲᠥᠭᠡᠨ ᠪᠠᠢᠭᠤᠯᠬᠤ ᠠᠵᠢᠯᠯᠠᠭ᠎ᠠ ᠥᠷᠨᠢᠭᠦᠯᠪᠡ
2026-05-29 16:09:25
ᠵᠣᠬᠢᠶᠠᠭ᠍ᠴᠢ᠄
ᠰᠠᠴᠤᠷᠠᠯ
ᠣᠩᠱᠢᠭ᠍ᠰᠠᠨ ᠣᠳᠠᠭ᠎ᠠ᠄
★★★☆☆

ᠨᠠᠮ᠎ᠤᠨ ᠦᠨᠳᠦᠰᠦᠲᠡᠨ᠎ᠦ ᠲᠦᠷᠦ᠍᠎ᠶ᠋ᠢᠨ ᠪᠤᠳᠤᠯᠭ᠎ᠠ᠎ᠶ᠋ᠢ ᠭᠦᠨᠵᠡᠭᠡᠢ ᠤᠬᠠᠭᠤᠯᠵᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠤᠬᠴᠠᠯᠠᠵᠦ᠂ ᠦᠨᠳᠦᠰᠦᠨ ᠱᠠᠲᠤᠨ᠎ᠤ ᠤᠯᠠᠨ ᠲᠦᠮᠡᠨ᠎ᠦ ᠰᠣᠶᠣᠯ᠎ᠤᠨ ᠠᠮᠢᠳᠤᠷᠠᠯ᠎ᠢ ᠪᠠᠶᠠᠯᠢᠭ᠍ᠵᠢᠭᠤᠯᠬᠤ᠎ᠶ᠋ᠢᠨ ᠲᠥᠯᠥᠭᠡ᠂ ᠥᠪᠥᠷ ᠮᠣᠩᠭᠣᠯ᠎ᠤᠨ ᠨᠠᠰᠤᠲᠠᠢᠴᠤᠳ᠎ᠤᠨ ᠶᠡᠬᠡ ᠰᠤᠷᠭᠠᠭᠤᠯᠢ ᠨᠠᠢᠷᠠᠯ ᠳᠠᠭᠤᠤ᠎ᠶ᠋ᠢᠨ ᠪᠦᠯᠬᠦᠮ᠎ᠦᠨ ᠬᠢᠨ 14 ᠲᠥᠯᠥᠭᠡᠯᠡᠭ᠌ᠴᠢ᠎ᠶ᠋ᠢ ᠰᠣᠩᠭᠣᠨ ᠲᠣᠮᠢᠯᠠᠵᠤ ᠰᠢ ᠯᠦᠸᠧ ᠹᠸᠩ ᠵᠡᠭᠡᠯᠢ᠎ᠶ᠋ᠢᠨ ᠨᠡᠢᠭᠡᠮ ᠲᠣᠭᠣᠷᠢᠭ᠎ᠤᠨ ᠨᠠᠮ᠎ᠤᠨ ᠬᠡᠰᠢᠬᠦᠨ ᠪᠠ ᠤᠯᠠᠨ ᠲᠦᠮᠡᠨ᠎ᠦ ᠦᠢᠯᠡᠴᠢᠯᠡᠭᠡᠨ᠎ᠦ ᠲᠥᠪ᠎ᠲᠦ ᠬᠦᠷᠴᠦ᠂ ᠦᠨᠳᠦᠰᠦᠲᠡᠨ᠎ᠦ ᠲᠦᠷᠦ᠍᠎ᠶ᠋ᠢᠨ ᠪᠤᠳᠤᠯᠭ᠎ᠠ᠎ᠶ᠋ᠢᠨ ᠤᠬᠠᠭᠤᠯᠭ᠎ᠠ᠎ᠶ᠋ᠢᠨ ᠰᠠᠷ᠎ᠠ᠎ᠶ᠋ᠢᠨ ᠭᠣᠣᠯ ᠰᠡᠳᠦᠪᠲᠦ ᠰᠣᠶᠣᠯ᠎ᠢ ᠬᠠᠮᠲᠤ᠎ᠪᠠᠷ ᠪᠦᠲᠦᠭᠡᠨ ᠪᠠᠢᠭᠤᠯᠬᠤ ᠠᠵᠢᠯᠯᠠᠭ᠎ᠠ ᠥᠷᠨᠢᠭᠦᠯᠪᠡ᠃ 

ᠠᠵᠢᠯᠯᠠᠭ᠎ᠠ᠎ᠶ᠋ᠢᠨ ᠠᠬᠤᠶ ᠲᠠᠯᠠᠪᠠᠶ ᠬᠥᠷ ᠬᠥᠭ᠌ᠵᠢᠶᠡᠨ᠎ᠢᠶᠡᠷ ᠪᠢᠯᠬᠠᠵᠤ᠂ ᠨᠠᠢᠷᠠᠯ ᠳᠠᠭᠤᠤ᠎ᠶ᠋ᠢᠨ ᠪᠦᠯᠬᠦᠮ᠎ᠦᠨ ᠭᠡᠱᠢᠭᠦᠳ ᠴᠣᠭ ᠵᠢᠪᠬᠤᠭ᠎ᠠ ᠲᠡᠭᠦᠯᠳᠡᠷ᠎ᠢᠶᠡᠷ 《ᠨᠤᠲᠤᠭ᠎ᠤᠨ ᠰᠦ᠎ᠲᠡᠶ ᠴᠠᠶ》᠂ 《ᠲᠩᠷᠢ᠎ᠶ᠋ᠢᠨ ᠬᠠᠶᠠᠭᠠᠨ᠎ᠳᠠᠬᠢ ᠲᠡᠮᠡᠭᠡ》 ᠭᠡᠬᠦ᠌ ᠬᠣᠶᠠᠷ ᠰᠣᠩᠭᠣᠳᠠᠭ ᠳᠠᠭᠤᠤ᠎ᠶ᠋ᠢ ᠲᠣᠭ᠍ᠯᠠᠪᠠ᠃ ᠬᠠᠩᠭᠢᠨᠠᠮ᠎ᠠ ᠰᠠᠢᠬᠠᠨ ᠳᠠᠭᠤᠤ ᠨᠢ ᠭᠦᠨ ᠵᠤᠵᠠᠭᠠᠨ ᠬᠠᠢᠷ᠎ᠠ ᠰᠡᠳᠭᠢᠯᠭᠡ᠎ᠶ᠋ᠢ ᠠᠬᠤᠭᠤᠯᠵᠤ᠂ ᠦᠨᠳᠦᠰᠦᠲᠡᠨ᠎ᠦ ᠪᠦᠯᠬᠦᠮᠳᠡᠯ᠎ᠦᠨ ᠭᠣᠣᠯ ᠬᠦᠭ ᠠᠶᠠᠰ᠎ᠢ ᠴᠢᠪᠬᠠᠳᠠᠠ᠂ ᠴᠠᠭ ᠦᠶ᠎ᠡ᠎ᠶ᠋ᠢᠨ ᠪᠣᠯᠪᠠᠰᠤᠨ᠎ᠤ ᠢᠳᠡᠪᠬᠢ ᠬᠦᠴᠦᠨ᠎ᠢ ᠳᠠᠮᠵᠢᠭᠤᠯᠵᠤ᠂ ᠠᠬᠠᠮᠠᠳ ᠨᠦᠬᠦᠳ᠎ᠤᠨ ᠴᠤᠭ ᠪᠠᠳᠠᠷᠠᠩᠭᠤᠢ ᠤᠶᠤᠨ ᠰᠠᠨᠠᠭᠠᠨ᠎ᠤ ᠳᠦᠷᠰᠦ ᠪᠠᠢᠳᠠᠯ᠎ᠢ ᠠᠮᠢᠳᠤᠯᠢᠭ᠎ᠢᠶᠠᠷ ᠢᠯᠡᠷᠡᠭᠦᠯᠪᠡ᠃ ᠭᠣᠢᠳᠠ ᠰᠠᠢᠬᠠᠨ ᠲᠣᠭ᠍ᠯᠠᠯᠲᠠ ᠨᠢ ᠦᠨᠳᠦᠰᠦᠨ ᠱᠠᠲᠤᠨ᠎ᠤ ᠰᠣᠶᠣᠯ᠎ᠤᠨ ᠤᠬᠠᠭᠤᠯᠭ᠎ᠠ᠎ᠳᠤ ᠤᠳᠭ᠎ᠠ ᠤᠷᠠᠯᠢᠭ᠎ᠤᠨ ᠠᠭᠤᠷ ᠠᠮᠢᠰᠭᠤᠯ ᠨᠡᠮᠡᠷᠢᠯᠡᠵᠦ᠍᠂ ᠲᠤᠬᠠᠶ᠎ᠶ᠋ᠢᠨ ᠲᠠᠯᠠᠪᠠᠶ᠎ᠶ᠋ᠢᠨ ᠣᠯᠠᠨ ᠲᠦᠮᠡᠨ᠎ᠦ ᠬᠠᠯᠠᠭᠤᠨ ᠠᠯᠠᠭ᠎ᠠ ᠲᠡᠱᠢᠯᠲᠡ ᠪᠠ ᠰᠠᠢᠨ ᠦᠨᠡᠯᠡᠯᠲᠡ᠎ᠶ᠋ᠢ ᠣᠯᠵᠠᠶ᠃ 

ᠲᠠᠷᠠᠭᠠᠴᠢ᠎ᠶ᠋ᠢᠨ ᠠᠯᠬᠤᠮ᠎ᠳᠤ᠂ ᠥᠪᠥᠷ ᠮᠣᠩᠭᠣᠯ᠎ᠤᠨ ᠨᠠᠰᠤᠲᠠᠢᠴᠤᠳ᠎ᠤᠨ ᠶᠡᠬᠡ ᠰᠤᠷᠭᠠᠭᠤᠯᠢ᠎ᠨᠢ ᠦᠨᠳᠦᠰᠦᠨ ᠱᠠᠲᠤᠨ᠎ᠤ ᠵᠠᠰᠠᠯᠲᠠ᠎ᠶ᠋ᠢᠨ ᠶᠡᠬᠡ ᠲᠠᠯ᠎ᠠ᠎ᠳᠤ ᠰᠠᠨᠠᠭᠠᠴᠢᠯᠠᠭ᠎ᠠ᠎ᠠᠴᠠ ᠪᠠᠨ ᠠᠭᠤᠰᠤᠯᠴᠠᠵᠤ᠂ ᠨᠡᠢᠭᠡᠮ ᠲᠣᠭᠣᠷᠢᠭ᠎ᠤᠨ ᠰᠣᠶᠣᠯ᠎ᠢ ᠬᠠᠮᠲᠤ᠎ᠪᠠᠷ ᠪᠦᠲᠦᠭᠡᠨ ᠪᠠᠢᠭᠤᠯᠬᠤ᠎ᠳᠤ ᠭᠦᠨᠵᠡᠭᠡᠢ ᠣᠷᠣᠯᠴᠠᠵᠤ᠂ ᠦᠨᠳᠦᠰᠦᠨ ᠱᠠᠲᠤᠨ᠎ᠤ ᠣᠯᠠᠨ ᠨᠡᠢᠲᠡ᠎ᠶ᠋ᠢᠨ ᠰᠣᠶᠣᠯ᠎ᠤᠨ ᠦᠢᠯᠡᠴᠢᠯᠡᠭᠡᠨ᠎ᠦ ᠬᠠᠩᠭᠠᠯᠭ᠎ᠠ᠎ᠶ᠋ᠢ ᠦᠷᠭᠦᠯᠵᠢᠯᠡᠨ ᠲᠡᠭᠦᠯᠳᠡᠷᠵᠢᠭᠦᠯᠵᠦ᠍᠂ ᠪᠤᠭᠤᠷᠤᠯᠴᠤᠳ᠎ᠤᠨ ᠰᠠᠢᠨ ᠳᠤᠷ᠎ᠠ᠎ᠶ᠋ᠢᠨ ᠦᠢᠯᠡᠴᠢᠯᠡᠭᠡ᠎ᠪᠡᠷ ᠦᠨᠳᠦᠰᠦᠨ ᠱᠠᠲᠤᠨ᠎ᠤ ᠰᠣᠶᠣᠯ᠎ᠤᠨ ᠪᠦᠲᠦᠭᠡᠨ ᠪᠠᠢᠭᠤᠯᠤᠯᠲᠠ᠎ᠳᠤ ᠦᠨᠡᠨ ᠬᠦ᠌ ᠬᠦᠴᠦᠨ ᠨᠡᠮᠡᠷᠢᠯᠡᠬᠦ ᠪᠤᠯᠤᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号