ᠥᠪᠥᠷ ᠮᠣᠩᠭᠣᠯ᠎ᠤᠨ ᠴᠠᠭ᠍ᠳᠠᠭᠠᠨ᠎ᠤ ᠳᠡᠭᠡᠳᠦ ᠰᠤᠷᠭᠠᠭᠤᠯᠢ ᠣᠷᠣᠨ᠎ᠤ ᠲᠠᠰ᠎ᠤᠨ ᠵᠢᠭᠠᠨ ᠰᠤᠷᠭᠠᠯᠲᠠ᠎ᠶ᠋ᠢᠨ ᠤᠯᠠᠨ ᠱᠠᠩᠨᠠᠯ᠎ᠢ ᠬᠦᠷᠳᠡᠵᠡᠢ
2026-05-29 17:05:25
ᠵᠣᠬᠢᠶᠠᠭ᠍ᠴᠢ᠄
ᠰᠢᠨᠡᠪᠢᠯᠢᠭ
ᠣᠩᠱᠢᠭ᠍ᠰᠠᠨ ᠣᠳᠠᠭ᠎ᠠ᠄
★★★☆☆

ᠤᠢᠷ᠎ᠠ ᠵᠢᠨ ᠡᠳᠦᠷ᠂ ᠠᠷᠪᠠᠨ ᠳᠥᠷᠪᠡᠳᠦᠭᠡᠷ ᠬᠤᠭᠤᠴᠠᠭᠠᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠶᠡᠬᠡ ᠳᠡᠭᠡᠳᠦ ᠰᠤᠷᠭᠠᠭᠤᠯᠢ᠎ᠶ᠋ᠢᠨ ᠵᠠᠯᠠᠭᠤ ᠪᠠᠭ᠍ᠰᠢ᠎ᠶ᠋ᠢᠨ ᠵᠢᠭᠠᠨ ᠰᠤᠷᠭᠠᠯᠲᠠ᠎ᠶ᠋ᠢᠨ ᠤᠷᠤᠯᠳᠤᠭᠠᠨ ᠵᠢᠴᠢ ᠨᠠᠶ᠋ᠮᠠᠳᠤᠭᠠᠷ ᠬᠤᠭᠤᠴᠠᠭᠠᠨ᠎ᠤ ᠪᠥᠬᠥ᠌ ᠤᠯᠤᠰ᠎ᠤᠨ ᠶᠡᠬᠡ ᠳᠡᠭᠡᠳᠦ ᠰᠤᠷᠭᠠᠭᠤᠯᠢ᠎ᠶ᠋ᠢᠨ ᠵᠠᠯᠠᠭᠤ ᠪᠠᠭ᠍ᠰᠢ᠎ᠶ᠋ᠢᠨ ᠵᠢᠭᠠᠨ ᠰᠤᠷᠭᠠᠯᠲᠠ᠎ᠶ᠋ᠢᠨ ᠤᠷᠤᠯᠳᠤᠭᠠᠨ᠎ᠲᠡᠭᠦᠰ ᠠᠮᠵᠢᠯᠲᠠ᠎ᠲᠠᠶ ᠥᠨᠳᠥᠷᠯᠡᠪᠡ᠃ ᠥᠪᠥᠷ ᠮᠣᠩᠭᠣᠯ᠎ᠤᠨ ᠴᠠᠭ᠍ᠳᠠᠭᠠᠨ᠎ᠤ ᠳᠡᠭᠡᠳᠦ ᠰᠤᠷᠭᠠᠭᠤᠯᠢ᠎ᠶ᠋ᠢᠨ ᠤᠷᠤᠯᠳᠤᠭᠠᠨ᠎ᠳᠤ ᠣᠷᠣᠯᠴᠠᠭ᠍ᠰᠠᠨ 3 ᠪᠠᠭ᠍ᠰᠢ ᠯᠠᠪᠳᠠᠭᠤᠨ ᠪᠠᠲᠤᠲᠠᠶ ᠵᠢᠭᠠᠨ ᠰᠤᠷᠭᠠᠯᠲᠠ᠎ᠶ᠋ᠢᠨ ᠰᠠᠭᠤᠷᠢ᠂ ᠨᠠᠷᠢᠨ ᠨᠢᠭ᠍ᠲᠠ ᠬᠢᠴᠢᠶᠡᠯᠯᠡᠬᠦ᠌ ᠤᠷ᠎ᠠ ᠮᠡᠷᠭᠡᠵᠢᠯ ᠂ ᠱᠢᠨ᠎ᠡ ᠰᠡᠪᠡᠭᠦᠨ ᠵᠢᠭᠠᠨ ᠰᠤᠷᠭᠠᠯᠲᠠ᠎ᠶ᠋ᠢᠨ ᠵᠢᠷᠤᠭ ᠲᠥᠯᠥᠪᠯᠡᠭᠡ ᠪᠠ ᠯᠠᠪᠳᠠᠭᠤᠨ ᠲᠣᠭ᠍ᠲᠠᠭᠤᠨ ᠤᠷᠤᠯᠳᠤᠭᠠᠨ᠎ᠤ ᠲᠠᠯᠠᠪᠤᠷ᠎ᠤᠨ ᠢᠯᠡᠷᠡᠯ᠎ᠢᠶᠡᠷ᠎ᠢᠶᠡᠨ ᠣᠯᠠᠨ ᠵᠦᠶ᠋ᠯ᠎ᠦᠨ ᠢᠷᠠᠭᠤ ᠠᠯᠳᠠᠷ᠎ᠢ ᠭᠥᠷᠳᠡᠪᠡ᠃ 

ᠡᠭᠦᠨ᠎ᠳᠦ᠂ ᠦᠪᠦᠷ ᠮᠤᠩᠭᠤᠯ ᠤ᠋ᠨ ᠴᠠᠬᠳᠠᠭᠠᠨ ᠤ᠋ ᠳᠡᠭᠡᠳᠦ ᠰᠤᠷᠭᠠᠭᠤᠯᠢ᠎ᠶ᠋ᠢᠨ ᠣᠯᠠᠨ ᠨᠡᠢᠲᠡ᠎ᠶ᠋ᠢᠨ ᠰᠠᠭᠤᠷᠢ ᠵᠢᠭᠠᠨ ᠰᠤᠳᠤᠯᠬᠤ ᠬᠡᠯᠲᠡᠰ᠎ᠦᠨ ᠪᠠᠭ᠍ᠰᠢ ᠵᠠᠩ ᡁᠢ ᠫᠧᠩ ᠨᠡᠢᠭᠡᠮ᠎ᠦᠨ ᠱᠢᠨᠵᠢᠯᠡᠬᠦ᠌ ᠤᠬᠠᠭᠠᠨ᠎ᠤ ᠵᠢᠭᠠᠨ ᠰᠤᠷᠭᠠᠯᠲᠠ᠎ᠶ᠋ᠢᠨ ᠳᠤᠭᠤᠢᠯᠠᠩ ᠎ᠤᠨ ᠨᠢᠭᠡᠳᠦᠭᠡᠷ ᠳᠡᠰ᠎ᠤᠨ ᠱᠠᠩᠨᠠᠯ᠎ᠢ ᠭᠥᠷᠳᠡᠵᠦ᠍᠂ ᠮᠠᠷᠺᠰ᠎ᠤᠨ ᠦᠵᠡᠯ ᠎ᠦᠨ ᠳᠡᠭᠡᠳᠦ ᠰᠤᠷᠭᠠᠭᠤᠯᠢ᠎ᠶ᠋ᠢᠨ ᠪᠠᠭ᠍ᠰᠢ ᠬᠠᠨ ᠱᠢᠶᠤᠤ ᠹᠦ᠋ ᠦᠵᠡᠯ ᠰᠠᠨᠠᠭ᠎ᠠ ᠤᠯᠤᠰ ᠲᠥᠷᠥ ᠎ᠶ᠋ᠢᠨ ᠬᠢᠴᠢᠶᠡᠯ᠎ᠦᠨ ᠲᠤᠰᠭᠠᠶ ᠳᠤᠭᠤᠢᠯᠠᠩ᠎ᠤᠨ ᠭᠤᠷᠪᠠᠳᠤᠭᠠᠷ ᠳᠡᠰ᠎ᠤᠨ ᠱᠠᠩᠨᠠᠯ᠎ᠢ ᠭᠥᠷᠳᠡᠵᠦ᠍᠂ ᠵᠠᠮ ᠬᠠᠷᠢᠯᠴᠠᠭᠠᠨ ᠎ᠤ ᠬᠠᠮᠢᠶᠠᠷᠤᠯᠲᠠ᠎ᠶ᠋ᠢᠨ ᠢᠨᠵᠧᠨᠧᠷᠢᠩ᠎ᠦᠨ ᠳᠡᠭᠡᠳᠦ ᠰᠤᠷᠭᠠᠭᠤᠯᠢ᠎ᠶ᠋ᠢᠨ ᠪᠠᠭ᠍ᠰᠢ ᠶᠤᠸᠠᠨ ᠵᠢᠶᠠ ᠢᠦᠶ ᠲᠧᠭ᠌ᠨᠢᠭ᠎ᠦᠨ ᠱᠢᠨᠵᠢᠯᠡᠬᠦ᠌ ᠤᠬᠠᠭᠠᠨ᠎ᠤ ᠵᠢᠭᠠᠨ ᠰᠤᠷᠭᠠᠯᠲᠠ᠎ᠶ᠋ᠢᠨ ᠳᠤᠭᠤᠢᠯᠠᠩ᠎ᠤᠨ ᠭᠤᠷᠪᠠᠳᠤᠭᠠᠷ ᠳᠡᠰ᠎ᠤᠨ ᠱᠠᠩᠨᠠᠯ᠎ᠢ ᠭᠥᠷᠳᠡᠪᠡ᠃ 

ᠲᠣᠰ ᠤᠳᠠᠭ᠎ᠠ ᠵᠢᠨ ᠤᠷᠤᠯᠳᠤᠭᠠᠨ ᠪᠤᠯ ᠦᠪᠦᠷ ᠮᠤᠩᠭᠤᠯ ᠎ᠢ ᠬᠠᠮᠤᠷᠤᠭ᠍ᠰᠠᠨ ᠬᠡᠪᠴᠢᠶ᠎ᠡ᠎ᠪᠡᠷ ᠬᠠᠮᠤᠭ᠎ᠤᠨ ᠥᠷᠭᠡᠨ᠂ ᠲᠤᠰᠭᠠᠶ ᠮᠡᠷᠭᠡᠵᠢᠯ᠎ᠦᠨ ᠴᠢᠨᠠᠷ᠎ᠢᠶᠠᠷ ᠬᠠᠮᠤᠭ᠎ᠤᠨ ᠴᠢᠩᠭ᠎ᠠ᠂ ᠦᠨ᠎ᠡ ᠴᠠᠨ᠎ᠠ᠎ᠪᠠᠷ ᠬᠠᠮᠤᠭ᠎ᠤᠨ ᠥᠨᠳᠥᠷ ᠶᠡᠬᠡ ᠳᠡᠭᠡᠳᠦ ᠰᠤᠷᠭᠠᠭᠤᠯᠢ᠎ᠶ᠋ᠢᠨ ᠵᠠᠯᠠᠭᠤ ᠪᠠᠭ᠍ᠰᠢ᠎ᠶ᠋ᠢᠨ ᠵᠢᠭᠠᠨ ᠰᠤᠷᠭᠠᠯᠲᠠ᠎ᠶ᠋ᠢᠨ ᠤᠷᠤᠯᠳᠤᠭᠠᠨ ᠪᠣᠯᠤᠨ᠎ᠠ᠃ ᠨᠡᠢᠭᠡᠮ᠎ᠦᠨ ᠱᠢᠨᠵᠢᠯᠡᠬᠦ᠌ ᠤᠬᠠᠭᠠᠨ᠂ ᠪᠠᠢᠭᠠᠯᠢ᠎ᠶ᠋ᠢᠨ ᠱᠢᠨᠵᠢᠯᠡᠬᠦ᠌ ᠤᠬᠠᠭᠠᠨ᠂ ᠲᠧᠭ᠌ᠨᠢᠭ᠎ᠦᠨ ᠤᠬᠠᠭᠠᠨ᠂ ᠠᠨᠠᠭᠠᠬᠤ ᠤᠬᠠᠭᠠᠨ ᠪᠠ ᠦᠵᠡᠯ ᠰᠠᠨᠠᠭ᠎ᠠ ᠤᠯᠤᠰ ᠲᠥᠷᠥ᠎ᠶ᠋ᠢᠨ ᠬᠢᠴᠢᠶᠡᠯ ᠵᠡᠷᠭᠡ ᠲᠠᠪᠤᠨ ᠤᠷᠤᠯᠳᠤᠭᠠᠨ᠎ᠤ ᠳᠤᠭᠤᠢᠯᠠᠩ ᠭᠠᠷᠭᠠᠵᠤ᠂ ᠪᠥᠬᠥ᠌ ᠤᠯᠤᠰ᠎ᠤᠨ ᠵᠠᠯᠠᠭᠤᠴᠤᠳ᠎ᠤᠨ ᠰᠤᠷᠭᠠᠨ ᠬᠥᠮᠦᠵᠢᠯ᠎ᠦᠨ ᠤᠷᠤᠯᠳᠤᠭᠠᠨ᠎ᠤ ᠪᠠᠷᠢᠮᠵᠢᠶ᠎ᠠ᠎ᠪᠠᠷ ᠴᠢᠩᠭ᠎ᠠ ᠪᠠᠷᠢᠮᠵᠢᠶᠠᠯᠠᠵᠤ᠂ ᠵᠢᠭᠠᠨ ᠰᠤᠷᠭᠠᠯᠲᠠ᠎ᠶ᠋ᠢᠨ ᠵᠢᠷᠤᠭ ᠲᠥᠯᠥᠪᠯᠡᠭᠡ᠂ ᠬᠢᠴᠢᠶᠡᠯ᠎ᠦᠨ ᠲᠠᠩᠬᠢᠮ᠎ᠤᠨ ᠦᠵᠡᠭᠦᠯᠭᠡ᠂ ᠵᠢᠭᠠᠨ ᠰᠤᠷᠭᠠᠯᠲᠠ᠎ᠶ᠋ᠢᠨ ᠡᠷᠭᠢᠴᠡᠭᠦᠯᠦᠯ ᠭᠤᠷᠪᠠᠨ ᠶᠡᠬᠡ ᠲᠠᠯ᠎ᠠ᠎ᠡᠴᠨ ᠪᠠᠭ᠍ᠰᠢ᠎ᠶ᠋ᠢᠨ ᠶᠡᠷᠦᠩᠬᠡᠢᠯᠡᠭ᠌ᠰᠡᠨ ᠵᠢᠭᠠᠨ ᠰᠤᠷᠭᠠᠯᠲᠠ᠎ᠶ᠋ᠢᠨ ᠴᠢᠳᠠᠪᠤᠷᠢ᠎ᠶ᠋ᠢ ᠪᠥᠬᠥ᠌ ᠲᠠᠯ᠎ᠠ᠎ᠪᠠᠷ ᠬᠢᠨᠠᠨ ᠰᠢᠯᠭᠠᠵᠠᠢ᠃ 

ᠤᠷᠤᠯᠳᠤᠭᠠᠨ ᠡᠴᠨ ᠡᠮᠦᠨ᠎ᠡ᠂ ᠵᠤᠬᠢᠶᠠᠨ ᠪᠠᠢᠭᠤᠯᠤᠬᠴᠢᠳ ᠡᠴᠨ ᠱᠢᠯᠭᠠᠷᠠᠭᠤᠯᠬᠤ ᠤᠷᠤᠯᠳᠤᠭᠠᠨ᠎ᠢ ᠨᠢᠭᠡᠳᠦᠯᠲᠡᠶ ᠲᠥᠯᠥᠪᠯᠡᠨ᠂ ᠨᠠᠷᠢᠨ ᠨᠢᠮᠪᠠᠶ ᠵᠣᠬᠢᠶᠠᠨ ᠪᠠᠢᠭᠤᠯᠵᠤ᠂ ᠲᠤᠰᠭᠠᠶ ᠪᠡᠯᠡᠳᠭᠡᠯ ᠤᠷᠤᠯᠳᠤᠭᠠᠨ᠎ᠢᠶᠠᠷ ᠵᠢᠯᠣᠭᠣᠳᠭᠤ᠂ ᠵᠢᠱ᠌ᠢᠶ᠎ᠡ ᠦᠵᠡᠭᠦᠯᠬᠦ᠌ ᠬᠢᠴᠢᠶᠡᠯ᠎ᠢᠶᠡᠷ ᠬᠥᠲᠥᠯᠥᠨ ᠳᠠᠭᠠᠭᠤᠯᠬᠤ᠂ ᠲᠤᠰᠭᠠᠶ ᠮᠡᠷᠭᠡᠵᠢᠯᠲᠡᠨ᠎ᠢᠶᠡᠷ ᠬᠢᠨᠠᠨ ᠲᠣᠭ᠍ᠲᠠᠭᠠᠨ ᠱᠢᠯᠢᠳᠡᠭ᠌ᠵᠢᠭᠦᠯᠬᠦ᠌ ᠵᠡᠷᠭᠡ ᠠᠷᠭ᠎ᠠ ᠮᠠᠶᠢᠭ᠎ᠢᠶᠠᠷ ᠲᠠᠮᠵᠢᠨ᠂ ᠤᠷᠤᠯᠳᠤᠭᠠᠨ ᠎ᠳᠤ ᠣᠷᠣᠯᠴᠠᠬᠤ ᠪᠠᠭ᠍ᠰᠢ᠎ᠶ᠋ᠢᠨ ᠵᠢᠭᠠᠨ ᠰᠤᠷᠭᠠᠯᠲᠠ᠎ᠶ᠋ᠢᠨ ᠤᠷ᠎ᠠ ᠴᠢᠳᠠᠪᠤᠷᠢ ᠎ᠶ᠋ᠢ ᠱᠢᠯᠢᠳᠡᠭ᠌ᠵᠢᠭᠦᠯᠵᠦ᠂ ᠤᠷᠤᠯᠳᠤᠭᠠᠨ ᠎ᠤ ᠱᠢᠯᠢᠳᠡᠭ ᠠᠮᠵᠢᠯᠲᠠ ᠪᠦᠲᠦᠮᠵᠢ ᠤᠯᠬᠤ᠎ᠳᠤ ᠪᠠᠲᠤ ᠪᠠᠬᠢ ᠰᠠᠭᠤᠷᠢ᠎ᠶ᠋ᠢ ᠲᠠᠯᠪᠢᠵᠠᠢ᠃ 


ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号