ᠤᠯᠤᠰ᠎ᠤᠨ ᠪᠠᠲᠤᠯᠠᠨ ᠬᠠᠮᠠᠭᠠᠯᠠᠯᠲᠠ᠎ᠶ᠋ᠢᠨ ᠬᠥᠮᠦᠵᠢᠯ ᠎ᠢ ᠰᠤᠷᠭᠠᠭᠤᠯᠢ᠎ᠶ᠋ᠢᠨ ᠬᠦᠷᠢᠶᠡᠨ᠎ᠳᠦ ᠣᠷᠣᠭᠤᠯᠬᠤ ᠠᠵᠢᠯᠯᠠᠭ᠎ᠠ ᠵᠢ ᠪᠠᠢᠡᠭᠭᠤᠵᠢᠭᠤᠯᠤᠨ ᠦᠷᠨᠢᠬᠦᠯᠵᠦ ᠪᠤᠢ
2026-05-29 17:08:42
ᠵᠣᠬᠢᠶᠠᠭ᠍ᠴᠢ᠄
ᠰᠦᠨ ᠯᠢ ᠶᠢᠡᠭ
ᠣᠩᠱᠢᠭ᠍ᠰᠠᠨ ᠣᠳᠠᠭ᠎ᠠ᠄
★★★☆☆

ᠦᠪᠡᠷᠳᠡᠭᠡᠨ ᠵᠠᠰᠠᠬᠤ ᠤᠷᠤᠨ ᠤ᠋ ᠴᠡᠷᠢᠭ᠎ᠦᠨ ᠠᠯᠪᠠ᠎ᠠᠴᠠ ᠬᠠᠯᠠᠬᠳᠠᠬᠰᠠᠳ᠎ᠤᠨ ᠶᠠᠪᠤᠳᠠᠯ᠎ᠤᠨ ᠲᠢᠡᠭᠬᠢᠮ᠎ᠠᠴᠠ ᠣᠢᠯᠠᠭᠠᠭ᠍ᠰᠠᠨ᠎ᠢᠶᠠᠷ᠂ ᠬᠥᠯᠥᠨ ᠪᠣᠢᠷ ᠬᠣᠲᠠ ᠲᠤᠬᠠᠶ᠎ᠶ᠋ᠢᠨ ᠭᠠᠵᠠᠷ᠎ᠤᠨ ᠴᠡᠷᠢᠭ᠎ᠦᠨ ᠠᠯᠪᠠ᠎ᠠᠴᠠ ᠬᠠᠯᠠᠬᠳᠠᠬᠰᠠᠳ᠎ᠤᠨ ᠡᠬᠢ ᠪᠠᠶᠠᠯᠢᠭ᠎ᠲᠤ ᠲᠦᠱᠢᠭ᠌ᠯᠡᠨ᠂ ᠤᠯᠤᠰ᠎ᠢᠶᠠᠨ ᠬᠠᠢᠷᠠᠯᠠᠬᠤ ᠦᠵᠡᠯ ᠬᠢᠭᠡᠳ ᠤᠯᠤᠰ᠎ᠤᠨ ᠪᠠᠲᠤᠯᠠᠨ ᠬᠠᠮᠠᠭᠠᠯᠠᠯᠲᠠ᠎ᠶ᠋ᠢᠨ ᠬᠥᠮᠦᠵᠢᠯ᠎ᠢ ᠰᠤᠷᠭᠠᠭᠤᠯᠢ᠎ᠶ᠋ᠢᠨ ᠬᠦᠷᠢᠶᠡᠨ᠎ᠳᠦ ᠣᠷᠣᠭᠤᠯᠬᠤ ᠠᠵᠢᠯᠯᠠᠭ᠎ᠠ᠎ᠶ᠋ᠢ ᠪᠠᠢᠩᠭᠤᠵᠢᠭᠤᠯᠤᠨ ᠦᠷᠨᠢᠬᠦᠯᠵᠦ᠂ ᠠᠬᠠᠮᠠᠳ ᠴᠡᠷᠢᠭ᠎ᠢᠶᠡᠷ ᠬᠤᠪᠢᠰᠬᠠᠯᠳᠦ ᠦᠯᠢᠬᠡᠷ᠎ᠢ ᠶᠠᠷᠢᠭᠤᠯᠵᠤ᠂ ᠰᠤᠷᠭᠠᠭᠤᠯᠢ᠎ᠶ᠋ᠢᠨ ᠬᠦᠷᠢᠶᠡᠨ᠎ᠦ ᠦᠵᠡᠯ ᠰᠠᠨᠠᠭ᠎ᠠ ᠤᠯᠤᠰ ᠲᠥᠷᠥ᠎ᠶ᠋ᠢᠨ ᠬᠢᠴᠢᠶᠡᠯ᠎ᠳᠤ ᠬᠤᠪᠢᠰᠭᠠᠯ᠎ᠤᠨ ᠬᠥᠳᠡᠯᠭᠡᠬᠦ᠌ ᠬᠦᠴᠦᠨ ᠨᠡᠮᠡᠷᠢᠯᠡᠵᠦ᠍᠂ ᠣᠷᠣᠨ ᠨᠤᠲᠤᠭ᠎ᠤᠨ ᠬᠤᠪᠢᠰᠭᠠᠯ᠎ᠤᠨ ᠤᠬᠠᠭᠤᠯᠤᠨ ᠲᠠᠢᠯᠪᠤᠷᠢᠯᠠᠬᠤ ᠨᠠᠷᠠᠲᠤ ᠲᠡᠮᠳᠡᠭ᠌ ᠢ᠋ ᠴᠤᠬᠴᠠᠯᠠᠪᠠ᠃

ᠤᠬᠠᠭᠤᠯᠤᠨ ᠲᠠᠢᠯᠪᠤᠷᠢᠯᠠᠬᠤ ᠠᠵᠢᠯᠯᠠᠭ᠎ᠠ᠎ᠨᠢ ᠪᠠᠭ᠎ᠠ ᠨᠠᠰᠤᠨ᠎ᠤ ᠰᠤᠷᠤᠭ᠍ᠴᠢᠳ᠎ᠤᠨ ᠲᠠᠨᠢᠨ ᠮᠡᠳᠡᠬᠦᠶ᠎ᠶ᠋ᠢᠨ ᠵᠢᠮ᠎ᠡ ᠶᠣᠰᠣᠨ᠎ᠳᠤ ᠰᠠᠭᠤᠷᠢᠯᠠᠨ᠂ ᠭᠠᠭ᠍ᠴᠠ ᠴᠢᠭ᠌ᠯᠡᠯ᠎ᠢᠶᠡᠷ ᠤᠬᠠᠭᠤᠯᠤᠨ ᠰᠤᠷᠭᠠᠬᠤ ᠤᠯᠠᠮᠵᠢᠯᠠᠯᠲᠤ ᠬᠡᠯᠪᠡᠷᠢ ᠵᠢ ᠬᠤᠪᠢᠷᠠᠭᠤᠯᠵᠤ᠂《ᠥᠪᠡᠷ᠎ᠦᠨ ᠥᠩᠭᠡᠷᠡᠯᠲᠡ + ᠤᠯᠤᠰ᠎ᠤᠨ ᠪᠠᠲᠤᠯᠠᠨ ᠬᠠᠮᠠᠭᠠᠯᠠᠯᠲᠠ᠎ᠶ᠋ᠢᠨ ᠶᠡᠷᠦ᠍᠎ᠶ᠋ᠢᠨ ᠮᠡᠳᠡᠯᠭᠡ᠎ᠶ᠋ᠢ ᠲᠦᠭᠡᠮᠡᠯᠵᠢᠭᠦᠯᠬᠦ᠌ + ᠬᠤᠪᠢᠰᠭᠠᠯ᠎ᠤᠨ ᠵᠣᠷᠢᠭ ᠰᠠᠨᠠᠭ᠎ᠠ᠎ᠶ᠋ᠢ ᠤᠯᠠᠮᠵᠢᠯᠠᠬᠤ》 ᠵᠠᠬᠪᠤᠷ ᠢ᠋ ᠬᠡᠷᠡᠭᠯᠡᠨ᠂ ᠤᠯᠤᠰ᠎ᠤᠨ ᠪᠠᠲᠤᠯᠠᠨ ᠬᠠᠮᠠᠭᠠᠯᠠᠯᠲᠠ᠎ᠶ᠋ᠢᠨ ᠮᠡᠳᠡᠯᠭᠡ᠂ ᠤᠯᠤᠰ᠎ᠢᠶᠠᠨ ᠬᠠᠢᠷᠠᠯᠠᠬᠤ ᠭᠦᠨ ᠵᠤᠵᠠᠭᠠᠨ ᠬᠠᠢᠷ᠎ᠠ ᠰᠡᠳᠭᠢᠯᠭᠡ᠎ᠶ᠋ᠢ ᠰᠤᠷᠭᠠᠭᠤᠯᠢ᠎ᠶ᠋ᠢᠨ ᠬᠦᠷᠢᠶᠡᠨ᠎ᠦ ᠠᠮᠢᠳᠤᠷᠠᠯ᠎ᠳᠤ ᠣᠢᠷᠠᠲᠤᠭᠤᠯᠪᠠ᠃

ᠣᠢᠷ᠎ᠠ᠎ᠶ᠋ᠢᠨ ᠵᠢᠯ᠎ᠦᠨ ᠲᠤᠷᠰᠢ᠂ ᠬᠥᠯᠥᠨ ᠪᠣᠢᠷ ᠬᠣᠲᠠ᠎ᠶ᠋ᠢᠨ ᠴᠡᠷᠢᠭ᠎ᠦᠨ ᠠᠯᠪᠠ᠎ᠠᠴᠠ ᠬᠠᠯᠠᠭ᠍ᠳᠠᠭ᠍ᠰᠠᠳ᠎ᠤᠨ ᠶᠠᠪᠤᠳᠠᠯ᠎ᠤᠨ ᠲᠣᠪᠴᠢᠶ᠎ᠠ ᠴᠡᠷᠢᠭ᠎ᠦᠨ ᠠᠯᠪᠠ᠎ᠠᠴᠠ ᠬᠠᠯᠠᠭ᠍ᠳᠠᠭ᠍ᠰᠠᠳ᠎ᠤᠨ ᠬᠤᠪᠢᠰᠭᠠᠯ᠎ᠤᠨ ᠡᠷᠳᠡᠨᠢ᠎ᠶ᠋ᠢᠨ ᠬᠥᠮᠥᠷᠭᠡ᠎ᠶ᠋ᠢ ᠭᠦᠨ ᠠᠭᠤᠳᠠᠯᠵᠤ᠂ ᠠᠬᠠᠮᠠᠳ ᠴᠡᠷᠢᠭ᠎ᠦᠨ ᠤᠬᠠᠭᠤᠯᠤᠨ ᠲᠠᠢᠯᠪᠤᠷᠢᠯᠠᠬᠤ ᠠᠵᠢᠯᠯᠠᠭ᠎ᠠ᠎ᠪᠠᠷ ᠭᠠᠷᠳᠠᠴᠠ ᠪᠣᠯᠭᠠᠨ᠂ ᠤᠬᠠᠭᠤᠯᠤᠨ ᠲᠠᠢᠯᠪᠤᠷᠢᠯᠠᠬᠤ ᠠᠵᠢᠯᠯᠠᠭ᠎ᠠ᠎ᠶ᠋ᠢ ᠰᠤᠷᠭᠠᠭᠤᠯᠢ᠎ᠶ᠋ᠢᠨ ᠬᠦᠷᠢᠶ᠎ᠡ᠂ ᠨᠡᠢᠭᠡᠮ ᠲᠣᠭᠣᠷᠢᠭ᠎ᠲᠤ ᠣᠷᠣᠭᠤᠯᠬᠤ᠎ᠶ᠋ᠢ ᠯᠠᠪᠳᠠᠭᠤᠨ᠎ᠢᠶᠠᠷ ᠠᠬᠢᠭᠤᠯᠵᠤ᠂ ᠲᠠᠷᠠᠬᠠᠶ ᠪᠤᠲᠠᠷᠬᠠᠶ ᠬᠤᠪᠢᠰᠭᠠᠯ᠎ᠤᠨ ᠡᠬᠢ ᠪᠠᠶᠠᠯᠢᠭ᠎ᠢ ᠱᠢᠰᠲ᠋ᠧᠮᠵᠢᠭᠦᠯᠵᠦ᠍᠂ ᠥᠪᠡᠷᠮᠢᠴᠡ ᠣᠨᠴᠠᠯᠢᠭ᠎ᠲᠠᠶ ᠤᠬᠠᠭᠤᠯᠤᠨ ᠲᠠᠢᠯᠪᠤᠷᠢᠯᠠᠬᠤ ᠠᠵᠢᠯᠯᠠᠭ᠎ᠠ᠎ᠶ᠋ᠢ ᠪᠠᠢᠩᠭᠤᠵᠢᠭᠤᠯᠵᠤ᠂ ᠴᠡᠷᠢᠭ ᠎ᠦᠨ ᠠᠯᠪᠠ ᠎ᠠᠴᠠ ᠬᠠᠯᠠᠭ᠍ᠳᠠᠭ᠍ᠰᠠᠳ᠎ᠤᠨ ᠬᠦᠴᠦᠨ᠎ᠢᠶᠡᠷ ᠤᠯᠤᠰ᠎ᠢᠶᠠᠨ ᠬᠠᠢᠷᠠᠯᠠᠬᠤ ᠦᠵᠡᠯ ᠎ᠦᠨ ᠬᠥᠮᠦᠵᠢᠯ ᠎ᠢ ᠠᠬᠢᠭᠤᠯᠵᠤ᠂ ᠪᠥᠬᠥ᠌ ᠠᠷᠠᠳ᠎ᠤᠨ ᠤᠯᠤᠰ᠎ᠤᠨ ᠪᠠᠲᠤᠯᠠᠨ ᠬᠠᠮᠠᠭᠠᠯᠠᠯᠲᠠ᠎ᠶ᠋ᠢᠨ ᠬᠥᠮᠦᠵᠢᠯ ᠤ᠋ᠨ ᠶᠠᠰᠤ ᠴᠢᠨᠠᠷ᠎ᠢ ᠳᠡᠭᠡᠭ᠌ᠰᠢᠯᠡᠭᠦᠯᠦᠨ ᠦᠷ᠎ᠡ ᠠᠱᠢᠭ᠎ᠢ ᠨᠡᠮᠡᠭ᠌ᠳᠡᠭᠦᠯᠪᠡ᠃



ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号