ᠭᠠᠵᠠᠷ ᠵᠦᠢ ᠵᠢᠨ ᠤᠨᠴᠠᠯᠢᠭ ᠪᠠ ᠪᠠᠢᠷᠢᠰᠢᠯ᠎ᠤᠨ ᠳᠠᠪᠠᠭᠤᠯᠢᠭ ᠲᠤ᠌ ᠬᠦᠨ ᠰᠠᠭᠤᠷᠢᠯᠠᠨᠠᠮ
2026-05-29 11:36:59
ᠵᠣᠬᠢᠶᠠᠭ᠍ᠴᠢ᠄
ᠠᠴᠢᠯᠡ
ᠣᠩᠱᠢᠭ᠍ᠰᠠᠨ ᠣᠳᠠᠭ᠎ᠠ᠄
★★★☆☆

ᠤᠯᠠᠭᠠᠨᠴᠠᠪ ᠬᠤᠳᠠ᠎ᠶᠢᠨ ᠳᠤᠮᠳᠠ ᠬᠡᠰᠡᠭ᠂ ᠬᠦᠢᠳᠡᠨᠰᠢᠯᠢ ᠵᠢᠨ ᠠᠷᠤ ᠬᠣᠷᠮᠣᠢ᠎ᠳᠤ ᠴᠠᠬᠠᠷ ᠪᠠᠷᠠᠭᠤᠨ ᠭᠠᠷᠤᠨ ᠳᠤᠮᠳᠠᠳᠤ ᠬᠣᠰᠢᠭᠤ ᠨᠢ ᠥᠪᠡᠷᠮᠢᠴᠡ ᠣᠷᠣᠨ ᠪᠠᠢᠷᠢ ᠪᠠ ᠳᠥᠭᠥᠮ ᠳᠥᠲᠡ ᠵᠠᠮ ᠬᠠᠷᠢᠯᠴᠠᠭ᠎ᠠ᠎ᠪᠠᠷ ᠤᠮᠠᠷᠠᠲᠤ᠎ᠶᠢᠨ ᠣᠨᠴᠠᠯᠢᠭ᠍ᠲᠤ ᠲᠠᠷᠢᠮᠠᠯ᠎ᠤᠨ ᠥᠩ ᠰᠢᠮᠡᠯᠢᠭ ᠬᠥᠷᠥᠰᠥ ᠪᠣᠯᠵᠤ᠂ ᠠᠵᠤ ᠦᠢᠯᠡᠰ᠎ᠦᠨ ᠬᠥᠭᠵᠢᠯ ᠮᠠᠨᠳᠤᠯ᠎ᠢᠶᠠᠷ ᠬᠥᠳᠡᠭᠡ ᠲᠣᠰᠬᠣᠨ᠎ᠤ ᠬᠥᠭᠵᠢᠯᠲᠡ᠎ᠶᠢ ᠠᠬᠢᠭᠤᠯᠵᠤ ᠪᠤᠢ᠃

ᠴᠠᠬᠠᠷ ᠪᠠᠷᠠᠭᠤᠨ ᠭᠠᠷᠤᠨ ᠳᠤᠮᠳᠠᠳᠤ ᠬᠣᠰᠢᠭᠤ ᠨᠢ ᠤᠮᠠᠷᠠᠲᠤ ᠥᠷᠭᠡᠷᠢᠭ᠎ᠦᠨ 41 ᠭᠷᠡᠳᠦ᠋ᠰ᠎ᠦᠨ ᠰᠢᠵᠢᠷ ᠠᠯᠲᠠᠨ ᠲᠠᠷᠢᠮᠠᠯ᠎ᠤᠨ ᠪᠦᠰᠡ᠎ᠳᠦ ᠣᠷᠣᠰᠢᠵᠤ᠂ ᠳᠤᠮᠳᠠᠴᠢ᠎ᠪᠠᠷ ᠳᠠᠯᠠᠶ᠎ᠶᠢᠨ ᠲᠦᠪᠰᠢᠨ᠎ᠡᠴᠡ 1700 ᠮᠧᠲᠷ ᠡᠷᠭᠦᠭᠳᠡᠵᠦ᠂ ᠰᠡᠷᠢᠭᠦᠨ ᠪᠦᠰᠡᠨ᠎ᠦ ᠡᠬᠡ ᠭᠠᠵᠠᠷ᠎ᠤᠨ ᠴᠢᠨᠠᠷᠲᠠᠢ ᠠᠭᠤᠷ ᠠᠮᠢᠰᠬᠤᠯ ᠨᠢ ᠡᠳᠦᠷ ᠰᠥᠨᠢ᠎ᠶᠢᠨ ᠳᠤᠯᠠᠭᠠᠨ᠎ᠤ ᠵᠥᠷᠢᠶ᠎ᠡ ᠶᠡᠬᠡ᠂ ᠨᠡᠷᠡᠨ᠎ᠦ ᠲᠤᠰᠤᠯᠲᠠ ᠭᠦᠢᠴᠡᠳ᠂ ᠵᠤᠨ᠎ᠤ ᠤᠯᠠᠷᠢᠯ᠎ᠤᠨ ᠬᠦᠢᠲᠡᠨ ᠰᠡᠷᠢᠭᠦᠨ ᠪᠠᠢᠭᠠᠯᠢ᠎ᠶᠢᠨ ᠳᠠᠪᠠᠭᠤᠯᠢᠭ᠋᠎ᠢ ᠪᠤᠶ ᠪᠣᠯᠭᠠᠭᠰᠠᠨ ᠪᠠᠢᠨ᠎ᠠ᠃ ᠡᠨᠳᠡᠬᠢ ᠪᠣᠯ ᠳᠡᠯᠡᠬᠡᠢ ᠨᠡᠶ᠋ᠢᠲᠡ᠎ᠪᠡᠷ᠎ᠢᠶᠡᠨ ᠮᠡᠳᠡᠷᠡᠵᠦ ᠪᠠᠢᠭ᠎ᠠ ᠠᠮᠤ ᠪᠤᠳᠠᠭᠠᠨ᠎ᠤ ᠴᠢᠨᠠᠷ ᠰᠠᠢᠲᠠᠢ ᠭᠠᠷᠤᠯᠲᠠ᠎ᠶᠢᠨ ᠣᠷᠣᠨ᠂ 158.5 ᠲᠦᠮᠡᠨ ᠮᠦ᠍ ᠲᠠᠷᠢᠶᠠᠨ ᠭᠠᠵᠠᠷ᠎ᠤᠨ ᠳᠣᠲᠣᠷ᠎ᠠ ᠥᠨᠳᠥᠷ ᠪᠠᠷᠢᠮᠵᠢᠶᠠᠲᠤ ᠲᠠᠷᠢᠶᠠᠨ ᠭᠠᠵᠠᠷ 39 ᠲᠦᠮᠡᠨ ᠮᠦ᠍᠎ᠳᠦ ᠬᠦᠷᠴᠦ᠂ ᠬᠥᠷᠥᠰᠥᠨ᠎ᠦ ᠳᠠᠪᠬᠤᠷᠭ᠎ᠠ ᠨᠢ ᠭᠦᠨ ᠵᠤᠵᠠᠭᠠᠨ᠂ ᠬᠥᠷᠥᠰᠥ ᠰᠢᠷᠣᠢ ᠨᠢ ᠥᠩ ᠰᠢᠮᠡᠯᠢᠭ ᠪᠠᠢᠵᠤ᠂ ᠲᠥᠮᠥᠰᠥ᠂ ᠨᠣᠬᠠᠢ᠎ᠶᠢᠨ ᠬᠣᠰᠢᠭᠤ᠂ ᠤᠯᠠᠭᠠᠨ ᠰᠢᠷ᠎ᠠ ᠯᠤᠤᠪᠠᠩ ᠵᠡᠷᠭᠡ ᠲᠠᠷᠢᠮᠠᠯ᠎ᠳᠤ ᠮᠠᠰᠢ ᠰᠠᠢᠨ ᠤᠷᠭᠤᠯᠲᠠ᠎ᠶᠢᠨ ᠣᠷᠴᠢᠨ ᠲᠣᠭᠣᠷᠢᠨ᠎ᠢ ᠬᠠᠩᠭᠠᠵᠤ ᠪᠠᠢᠨ᠎ᠠ᠃ ᠬᠦᠢᠲᠡᠨ ᠰᠡᠷᠢᠭᠦᠨ ᠠᠭᠤᠷ ᠠᠮᠢᠰᠬᠤᠯ᠎ᠳᠤ ᠡᠪᠡᠳᠴᠢᠨ ᠬᠣᠷᠣᠬᠠᠢ᠎ᠶᠢᠨ ᠬᠥᠨᠥᠭᠡᠯ᠎ᠢ ᠪᠦᠲᠦᠮᠵᠢᠲᠡᠶ ᠬᠣᠷᠢᠭ᠍ᠯᠠᠵᠤ᠂ ᠪᠠᠢᠭᠠᠯᠢ᠎ᠶᠢᠨ ᠪᠣᠬᠢᠷᠲᠤᠯ ᠦᠭᠡᠢ ᠣᠷᠭᠠᠨᠢᠭ᠋ ᠲᠠᠷᠢᠮᠠᠯ ᠳᠠᠷᠢᠵᠤ᠂ ᠭᠠᠵᠠᠷ ᠵᠦᠢ᠎ᠶᠢᠨ ᠢᠯᠡᠷᠬᠡᠢᠯᠡᠯᠳᠤ ᠪᠦᠲᠦᠭᠡᠭᠳᠡᠬᠦᠨ 3᠂ ᠪᠣᠬᠢᠷᠲᠤᠯ ᠦᠭᠡᠢ ᠲᠠᠷᠢᠶᠠᠯᠠᠩ᠎ᠤᠨ ᠪᠦᠲᠦᠭᠡᠭᠳᠡᠬᠦᠨ 6 ᠶ᠋ᠢ ᠪᠣᠢᠵᠢᠭᠤᠯᠪᠠ᠃

ᠤᠨᠴᠠᠯᠠᠨ ᠬᠡᠯᠡᠬᠦ ᠡᠴᠡ᠂ ᠳᠤᠰ ᠬᠤᠰᠢᠭᠤ ᠵᠠᠮ ᠬᠠᠷᠢᠯᠴᠠᠭᠠᠨ᠎ᠤ ᠲᠣᠣᠷ᠎ᠢ ᠲᠦᠷᠪᠡᠨ ᠵᠦᠭ ᠨᠠᠢ᠍ᠮᠠᠨ ᠵᠣᠪᠬᠢᠰ᠎ᠲᠤ ᠨᠠᠪᠲᠠᠷᠡᠭᠦᠯᠵᠦ᠂ ᠥᠨᠳᠥᠷ ᠪᠦᠲᠦᠮᠵᠢᠲᠡᠶ ᠭᠦᠢᠯᠭᠡᠭᠡᠨ᠎ᠦ ᠵᠠᠮ᠎ᠢ ᠪᠠᠢᠭᠤᠯᠵᠡᠢ᠃ G7ᠲᠦᠷᠭᠡᠨ᠎ᠤ ᠵᠠᠮ᠂ ᠵᠢᠨᠢᠩ᠎ᠦᠨ ᠨᠢᠭᠡᠳᠦᠭᠡᠷ ᠳᠡᠰ᠎ᠤᠨ ᠵᠠᠰᠠᠮᠠᠯ ᠵᠠᠮ ᠵᠡᠷᠭᠡ ᠤᠯᠤᠰ ᠪᠠ ᠮᠤᠵᠢ᠎ᠶᠢᠨ ᠭᠣᠣᠯ ᠱᠤᠭᠤᠮ ᠨᠡᠪᠲᠡᠷᠡᠵᠦ᠂ ᠵᠢᠨᠢᠩ᠎ᠦᠨ ᠨᠢᠰᠬᠡᠯ᠎ᠦᠨ ᠪᠠᠭᠤᠳᠠᠯ᠎ᠠᠴᠠ 55 ᠺᠢᠯᠣᠮᠧᠲᠷ ᠯᠡ ᠵᠠᠢᠲᠠᠢ ᠪᠠᠢᠨ᠎ᠠ᠃ ᠵᠠᠮ᠎ᠬᠠᠷᠢᠯᠴᠠᠭᠠᠨ᠎ᠤ ᠲᠣᠣᠷ ᠨᠢ 15 ᠲᠦᠮᠡᠨ ᠲᠣᠨ᠎ᠤ ᠲᠦᠭᠦᠬᠡᠢ ᠰᠢᠨ᠎ᠡ ᠰᠣᠷᠭᠣᠭ ᠵᠢᠡᠷ ᠬᠠᠳᠠᠭᠠᠯᠠᠬᠤ ᠬᠥᠮᠥᠷᠭᠡ ᠵᠢᠴᠢ 38 ᠰᠠᠭᠤᠷᠢ ᠬᠦᠢᠲᠡᠨ ᠬᠡᠯᠬᠢᠶᠡᠲᠦ ᠲᠥᠬᠦᠭᠡᠷᠦᠮᠵᠢ᠎ᠶᠢ ᠲᠡᠭᠦᠯᠳᠡᠷᠵᠢᠭᠦᠯᠵᠦ᠂ ᠲᠠᠷᠢᠶᠠᠯᠠᠩ᠎ᠤᠨ ᠪᠦᠲᠦᠭᠡᠭᠳᠡᠬᠦᠨ᠎ᠦ ᠰᠢᠨ᠎ᠡ ᠰᠣᠷᠭᠣᠭ ᠪᠠᠢᠯᠭᠠᠬᠤ᠂ ᠬᠣᠬᠢᠷᠠᠯ᠎ᠢ ᠪᠠᠭᠠᠰᠬᠠᠬᠤ᠂ ᠤᠯᠠᠷᠢᠯ ᠵᠥᠷᠢᠭᠦᠯᠦᠨ ᠪᠣᠷᠣᠯᠠᠭᠤᠯᠬᠤ᠎ᠶᠢ ᠪᠠᠲᠤᠯᠠᠵᠤ᠂ ᠲᠠᠷᠢᠶᠠᠨ ᠭᠠᠵᠠᠷ᠎ᠠᠴᠠ ᠬᠣᠭᠣᠯᠠᠨ ᠰᠢᠷᠡᠭᠡ ᠬᠦᠷᠲᠡᠯᠡᠬᠢ ᠥᠨᠳᠥᠷ ᠪᠦᠲᠦᠮᠵᠢᠲᠡᠶ ᠴᠥᠷᠬᠡᠯᠡᠭᠡ ᠵᠠᠮ᠎ᠢ ᠨᠡᠪᠲᠡᠷᠡᠭᠦᠯᠵᠡᠢ᠃

ᠳᠠᠪᠠᠭᠤᠯᠢᠭ᠋᠎ᠲᠠᠭᠠᠨ ᠰᠠᠭᠤᠷᠢᠯᠠᠨ᠂ ᠴᠠᠬᠠᠷ ᠪᠠᠷᠠᠭᠤᠨ ᠭᠠᠷᠤᠨ ᠳᠤᠮᠳᠠᠳᠤ ᠬᠣᠰᠢᠭᠤᠨ᠎ᠤ ᠬᠢᠨ ᠣᠨᠴᠠᠯᠢᠭ᠍ᠲᠤ ᠲᠠᠷᠢᠮᠠᠯ᠎ᠤᠨ ᠪᠥᠬᠥ ᠠᠵᠤ ᠦᠢᠯᠡᠰ᠎ᠦᠨ ᠬᠡᠯᠬᠢᠶ᠎ᠡ᠎ᠶᠢ ᠪᠠᠢᠭᠤᠯᠪᠡ᠃ 《ᠳᠠᠭᠠᠭᠤᠯᠤᠭᠴᠢ ᠠᠵᠤ ᠠᠬᠤᠢᠯᠠᠯ + ᠬᠣᠷᠰᠢᠶ᠎ᠠ + ᠳᠠᠷᠢᠶᠠᠯᠠᠬᠤ ᠡᠷᠦᠬᠡ》᠎ᠶ᠋ᠢᠨ ᠵᠠᠭᠪᠤᠷ᠎ᠢᠶᠠᠷ᠂ ᠬᠡᠪᠴᠢᠶᠡᠵᠢᠭᠦᠯᠦᠭᠰᠡᠨ᠂ ᠪᠠᠷᠢᠮᠵᠢᠶᠠᠵᠢᠭᠤᠯᠤᠭᠰᠠᠨ ᠲᠠᠷᠢᠮᠠᠯ᠎ᠢ ᠲᠦᠯᠬᠢᠨ ᠠᠬᠢᠭᠤᠯᠵᠤ᠂ ᠵᠢᠯ᠎ᠳᠦ ᠲᠥᠮᠥᠰᠥ᠎ᠶᠢ 50 ᠲᠦᠮᠡᠨ ᠲᠣᠨ᠂ ᠬᠦᠢᠲᠡᠨ ᠰᠡᠷᠢᠭᠦᠨ ᠢᠳᠡᠰᠢᠨ ᠨᠣᠭᠣᠭ᠎ᠠ ᠵᠢ 20 ᠲᠦᠮᠡᠨ ᠲᠣᠨ᠂ ᠨᠣᠬᠠᠢ᠎ᠶᠢᠨ ᠬᠣᠰᠢᠭᠤ ᠵᠢ 3 ᠲᠦᠮᠡᠨ ᠲᠣᠨ ᠳᠠᠷᠢᠵᠦ ᠦᠢᠯᠡᠳᠪᠤᠷᠢᠯᠡᠵᠦ ᠪᠠᠢᠳᠠᠭ᠃

ᠳᠤᠰ ᠬᠣᠰᠢᠭᠤ 《ᠰᠡᠷᠢᠬᠦᠨ ᠳᠠᠭᠠᠯᠠᠮᠵᠢ》 ᠪᠡᠷ ᠣᠨᠴᠠᠯᠢᠭ᠋᠎ᠢᠶᠠᠨ ᠪᠣᠯᠭᠠᠵᠤ᠂ 《ᠪᠣᠬᠢᠷᠲᠤᠯ ᠦᠭᠡᠢ》 ᠪᠡᠷ ᠰᠠᠭᠤᠷᠢ ᠥᠩᠭᠡ ᠪᠣᠯᠭᠠᠵᠤ᠂ 《ᠵᠠᠮ ᠬᠠᠷᠢᠯᠴᠠᠭ᠎ᠠ》 ᠪᠠᠷ ᠲᠤᠯᠭᠠᠭᠤᠷᠢᠯᠠᠭᠤᠯᠵᠤ᠂ ᠣᠨᠴᠠᠯᠢᠭ᠍ᠲᠤ ᠲᠠᠷᠢᠮᠠᠯ᠎ᠢ ᠠᠷᠠᠳ᠎ᠢ ᠪᠠᠶᠠᠵᠢᠭᠤᠯᠵᠤ ᠬᠣᠰᠢᠭᠤ᠎ᠪᠠᠨ ᠬᠦᠴᠦᠷᠬᠡᠭᠵᠢᠭᠦᠯᠬᠦ ᠲᠤᠯᠭᠠᠭᠤᠷᠢ ᠠᠵᠤ ᠦᠢᠯᠡᠰ ᠪᠣᠯᠭᠠᠪᠠ᠃ ᠢᠷᠡᠭᠡᠳᠦᠢ᠎ᠳᠦ᠂ ᠣᠷᠣᠨ ᠪᠠᠢᠷᠢ ᠪᠣᠯᠣᠨ ᠡᠬᠢ ᠪᠠᠶᠠᠯᠢᠭ᠋᠎ᠤᠨ ᠳᠠᠪᠠᠭᠤᠯᠢᠭ᠋᠎ᠢ ᠦᠷᠭᠦᠯᠵᠢᠯᠡᠨ ᠪᠠᠳᠠᠷᠠᠭᠤᠯᠵᠤ᠂ ᠠᠵᠤ ᠦᠢᠯᠡᠰ᠎ᠦᠨ ᠬᠡᠯᠬᠢᠶ᠎ᠡ᠎ᠶᠢᠨ ᠠᠭᠤᠰᠤᠯᠴᠠᠯ᠎ᠢ ᠭᠦᠨᠵᠡᠭᠡᠢᠷᠡᠭᠦᠯᠪᠡᠯ ᠯᠠᠪᠳᠠᠶ᠎ᠠ ᠳᠠᠷᠢᠶᠠᠯᠠᠩ ᠠᠵᠤ ᠠᠬᠤᠢ ᠬᠦᠴᠦᠷᠬᠡᠭᠵᠢᠭᠰᠡᠨ᠂ ᠬᠥᠳᠡᠭᠡ ᠲᠣᠰᠬᠣᠨ ᠭᠤᠶᠤᠵᠢᠭᠰᠠᠨ᠂ ᠮᠠᠯᠴᠢᠨ ᠲᠠᠷᠢᠶᠠᠴᠢᠨ ᠪᠠᠶᠠᠵᠢᠭ᠍ᠰᠠᠨ ᠴᠢᠨᠡᠬᠡᠯᠢᠭᠵᠢᠭᠰᠡᠨ ᠬᠥᠭᠵᠢᠯ ᠮᠠᠨᠳᠤᠯ᠎ᠤᠨ ᠢᠷᠠᠭᠤ ᠬᠠᠭᠤᠳᠠᠰᠤ᠎ᠶᠢ ᠵᠢᠷᠤᠭᠯᠠᠬᠤ ᠪᠣᠯᠣᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号