ᠥᠪᠥᠷ ᠮᠣᠩᠭᠣᠯ᠎ᠤᠨ ᠤᠷᠠᠯᠢᠭ᠎ᠤᠨ ᠬᠢᠮᠨᠠᠰᠲ᠋ᠢᠺ᠎ᠤᠨ ᠲᠥᠷᠥᠯ ᠵᠦᠶ᠋ᠯ᠎ᠦᠨ ᠤᠷᠤᠯᠳᠤᠭᠠᠨ᠎ᠤ ᠬᠢᠷᠢ ᠲᠦᠪᠱᠢᠨ ᠱᠢᠨ᠎ᠡ ᠱᠢᠪᠲᠤᠯᠤᠯᠲᠠ᠎ᠶ᠋ᠢ ᠪᠡᠶᠡᠯᠡᠭᠦᠯᠵᠡᠢ
2026-05-29 11:04:34
ᠵᠣᠬᠢᠶᠠᠭ᠍ᠴᠢ᠄
ᠴᠸᠨ ᠨᠠᠷᠠᠨᠳᠤᠨᠭᠭᠠᠯᠠᠭ
ᠣᠩᠱᠢᠭ᠍ᠰᠠᠨ ᠣᠳᠠᠭ᠎ᠠ᠄
★★★☆☆

ᠰᠤᠷᠪᠤᠯᠵᠢᠯᠠᠭᠴᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠡᠶ᠎ᠡ᠎ᠶ᠋ᠢᠨ ᠲᠠᠮᠢᠷ᠎ᠤᠨ ᠲᠣᠪᠴᠢᠶ᠎ᠠ ᠡᠴᠡ ᠤᠢᠯᠠᠭᠠᠭᠰᠠᠨ᠎ᠶ᠋ᠢᠡᠷ᠂ ᠤᠢᠷ᠎ᠠ᠎ᠳᠦ ᠶᠠᠪᠤᠭᠳᠠᠭᠰᠠᠨ 2026 ᠣᠨ᠎ᠤ ᠪᠥᠬᠥ᠌ ᠤᠯᠤᠰ᠎ᠤᠨ ᠤᠷᠠᠯᠢᠭ᠎ᠤᠨ ᠬᠢᠮᠨᠠᠰᠲ᠋ᠢᠺ᠎ᠤᠨ ᠮᠠᠩᠯᠠᠶ ᠱᠢᠯᠭᠠᠷᠠᠭᠤᠯᠬᠤ ᠤᠷᠤᠯᠳᠤᠭᠠᠨ ᠳ᠋ᠤ ᠥᠪᠥᠷ ᠮᠣᠩᠭᠣᠯ᠎ᠤᠨ ᠪᠦᠯᠬᠦᠮ ᠤᠯᠠᠨ ᠲᠦᠷᠦᠯ ᠵᠦᠢᠯ᠎ᠦᠨ ᠱᠢᠢᠳᠪᠦᠷᠢᠲᠦ ᠤᠷᠤᠯᠳᠤᠭᠠᠨ᠎ᠳᠤ ᠣᠷᠣᠯᠴᠠᠵᠤ᠂ ᠪᠦᠯᠬᠦᠮ᠎ᠦᠨ ᠵᠢᠷᠭᠤᠳᠤᠭᠠᠷ᠎ᠲᠤ ᠣᠷᠣᠵᠤ᠂ ᠲᠠᠮᠢᠷᠴᠢᠨ ᠭᠦᠸᠧ ᠢ ᠲᠦᠩ ᠪᠡᠶ᠎ᠡ᠎ᠶ᠋ᠢᠨ ᠲᠠᠮᠢᠷ᠎ᠤᠨ ᠶᠣᠰᠣ ᠰᠤᠷᠲᠠᠬᠤᠨ᠎ᠤ ᠬᠡᠪ ᠰᠤᠷᠲᠠᠯ᠎ᠤᠨ ᠱᠠᠩᠨᠠᠯ᠎ᠢ ᠬᠦᠷᠳᠡᠪᠡ᠃

ᠣᠢᠷ᠎ᠠ᠎ᠶ᠋ᠢᠨ ᠵᠢᠯ᠎ᠦᠨ ᠲᠤᠷᠰᠢ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠡᠶ᠎ᠡ᠎ᠶ᠋ᠢᠨ ᠲᠠᠮᠢᠷ᠎ᠤᠨ ᠲᠣᠪᠴᠢᠶ᠎ᠠ ᠤᠷᠤᠯᠳᠤᠭᠠᠨ᠎ᠤ ᠪᠡᠶ᠎ᠡ᠎ᠶ᠋ᠢᠨ ᠲᠠᠮᠢᠷ᠎ᠤᠨ ᠬᠥᠭ᠌ᠵᠢᠯᠲᠡ᠎ᠶ᠋ᠢᠨ ᠱᠢᠨ᠎ᠡ ᠵᠠᠭ᠍ᠪᠤᠷ᠎ᠢ ᠢᠳᠡᠪᠬᠢᠲᠡᠶ ᠰᠦᠪᠡᠭ᠌ᠴᠢᠯᠡᠨ᠂ ᠲᠤᠰᠭᠠᠶ ᠮᠡᠷᠭᠡᠵᠢᠯ᠎ᠦᠨ ᠪᠡᠶ᠎ᠡ᠎ᠶ᠋ᠢᠨ ᠲᠠᠮᠢᠷ᠎ᠤᠨ ᠪᠠᠢᠭᠤᠯᠤᠮᠵᠢ ᠬᠢᠭᠡᠳ ᠨᠡᠢᠭᠡᠮ᠎ᠦᠨ ᠴᠢᠨᠠᠷ ᠰᠠᠢᠲᠠᠶ ᠡᠬᠢ ᠪᠠᠶᠠᠯᠢᠭ᠎ᠢ ᠨᠡᠢᠳᠭᠡᠵᠦ᠂ ᠤᠷᠤᠯᠳᠤᠭᠠᠨ᠎ᠤ ᠶᠠᠪᠤᠳᠠᠯ᠎ᠤᠨ ᠵᠣᠬᠢᠶᠠᠨ ᠪᠠᠢᠭᠤᠯᠤᠯᠲᠠ ᠵᠡᠷᠭᠡ ᠲᠠᠯ᠎ᠠ᠎ᠶ᠋ᠢᠨ ᠳᠠᠪᠠᠭᠤᠯᠢᠭ᠎ᠢ ᠭᠦᠶ᠋ᠴᠡᠳ ᠪᠠᠳᠠᠷᠠᠭᠤᠯᠤᠨ ᠣᠯᠠᠨ ᠡᠱᠢᠵᠢᠭ᠌ᠰᠡᠨ ᠠᠩᠭᠢ ᠡᠷᠭᠢᠯᠡᠵᠦ᠍᠂ 《ᠲᠤᠰᠭᠠᠶ ᠮᠡᠷᠭᠡᠵᠢᠯ᠎ᠢᠶᠡᠷ ᠬᠥᠲᠥᠯᠦᠨ ᠳᠠᠭᠠᠭᠤᠯᠬᠤ᠂ ᠨᠡᠢᠭᠡᠮ᠎ᠢᠶᠡᠷ᠎ᠢᠶᠡᠨ ᠣᠷᠣᠯᠴᠠᠬᠤ᠂ ᠪᠡᠶ᠎ᠡ᠎ᠶ᠋ᠢᠨ ᠲᠠᠮᠢᠷ ᠪᠠ ᠰᠤᠷᠭᠠᠨ ᠬᠥᠮᠦᠵᠢᠯ᠎ᠢ ᠠᠭᠤᠰᠤᠯᠴᠠᠭᠤᠯᠬᠤ》 ᠬᠥᠭ᠌ᠵᠢᠯᠲᠡ᠎ᠶ᠋ᠢᠨ ᠪᠠᠢᠷᠢᠱᠢᠯ᠎ᠢ ᠪᠣᠶ ᠪᠣᠯᠭᠠᠵᠤ᠂ ᠣᠯᠠᠨ ᠡᠱᠢᠵᠢᠭ᠌ᠰᠡᠨ ᠪᠡᠯᠡᠳᠭᠡᠯ ᠴᠢᠳᠠᠪᠤᠷᠢᠲᠠᠨ᠎ᠢ ᠬᠥᠮᠦᠵᠢᠭᠦᠯᠬᠦ᠌ ᠱᠢᠰᠲ᠋ᠧᠮ᠎ᠢ ᠠᠯᠬᠤᠮ ᠠᠯᠬᠤᠮ᠎ᠢᠶᠠᠷ ᠪᠠᠢᠭᠤᠯᠪᠠ᠃ ᠥᠪᠥᠷ ᠮᠣᠩᠭᠣᠯ᠎ᠤᠨ ᠵᠠᠯᠠᠭᠤᠴᠤᠳ ᠪᠠᠭᠠᠴᠤᠳ᠎ᠤᠨ ᠠᠩᠭᠢ ᠲᠤᠰ ᠤᠳᠠᠭ᠎ᠠ ᠤᠷᠤᠯᠳᠤᠭᠠᠨ᠎ᠳᠤ ᠣᠷᠣᠯᠴᠠᠭᠠᠳ ᠢᠷᠠᠭᠤ ᠠᠯᠳᠠᠷ ᠣᠯᠤᠭ᠍ᠰᠠᠨ᠎ᠨᠢ ᠥᠪᠥᠷ ᠮᠣᠩᠭᠣᠯ᠎ᠤᠨ ᠤᠷᠠᠯᠢᠭ᠎ᠤᠨ ᠬᠢᠮᠨᠠᠰᠲ᠋ᠢᠺ᠎ᠤᠨ ᠲᠥᠷᠥᠯ ᠵᠦᠶ᠋ᠯ᠎ᠦᠨ ᠣᠯᠠᠨ ᠵᠢᠯ᠎ᠦᠨ ᠲᠤᠷᠰᠢ ᠥᠭᠡᠷᠡᠴᠢᠯᠡᠯᠲᠡ ᠬᠢᠵᠦ᠍ ᠱᠢᠨ᠎ᠡ᠎ᠶ᠋ᠢ ᠡᠭᠦᠳᠬᠦ᠌᠎ᠶ᠋ᠢ ᠪᠠᠷᠢᠮᠲᠠᠯᠠᠵᠤ᠂ ᠪᠡᠯᠡᠳᠭᠡᠯ ᠴᠢᠳᠠᠪᠤᠷᠢᠲᠠᠨ᠎ᠢ ᠬᠥᠮᠦᠵᠢᠭᠦᠯᠬᠦ ᠲᠠᠯ᠎ᠠ ᠪᠡᠷ ᠱᠠᠲᠤᠴᠢ ᠴᠢᠨᠠᠷᠲᠠᠶ ᠦᠷ᠎ᠡ ᠪᠦᠲᠦᠭᠡᠮᠵᠢ ᠤᠯᠵᠤ᠂ ᠬᠠᠮᠲᠤᠷᠠᠨ ᠠᠩᠭᠢ ᠡᠷᠭᠢᠯᠡᠬᠦ᠌ ᠵᠠᠭ᠍ᠪᠤᠷ᠎ᠤᠨ ᠱᠢᠨᠵᠢᠯᠡᠬᠦ᠌ ᠤᠬᠠᠭᠠᠨᠴᠢ ᠴᠢᠨᠠᠷ ᠪᠠ ᠪᠣᠯᠤᠮᠵᠢᠲᠤ ᠴᠢᠨᠠᠷ᠎ᠢ ᠭᠦᠶ᠋ᠴᠡᠳ ᠱᠢᠯᠭᠠᠨ ᠪᠠᠲᠤᠯᠠᠵᠤ᠂ ᠥᠪᠥᠷ ᠮᠣᠩᠭᠣᠯ᠎ᠤᠨ ᠤᠷᠠᠯᠢᠭ᠎ᠤᠨ ᠬᠢᠮᠨᠠᠰᠲ᠋ᠢᠺ᠎ᠤᠨ ᠲᠥᠷᠥᠯ ᠵᠦᠶ᠋ᠯ᠎ᠦᠨ ᠤᠷᠤᠯᠳᠤᠭᠠᠨ᠎ᠤ ᠬᠢᠷᠢ ᠲᠦᠪᠱᠢᠨ᠎ᠦ ᠱᠢᠨ᠎ᠡ ᠱᠢᠪᠲᠤᠯᠤᠯᠲᠠ᠎ᠶ᠋ᠢ ᠪᠡᠶᠡᠯᠡᠭᠦᠯᠵᠦ᠍᠂ ᠲᠥᠷᠥᠯ ᠵᠦᠶ᠋ᠯ᠎ᠦᠨ ᠠᠯᠤᠰ ᠬᠡᠲᠦ᠍᠎ᠶ᠋ᠢᠨ ᠬᠥᠭ᠌ᠵᠢᠯᠲᠡ ᠵᠢᠴᠢ ᠬᠠᠮᠲᠤᠷᠠᠨ ᠠᠩᠭᠢ ᠡᠷᠭᠢᠯᠡᠬᠦ᠌ ᠵᠠᠭ᠍ᠪᠤᠷ᠎ᠢ ᠭᠦᠨᠵᠡᠭᠡᠢᠷᠡᠭᠦᠯᠦᠨ ᠳᠡᠯᠭᠡᠷᠡᠭᠦᠯᠬᠦ᠌᠎ᠳᠦ ᠪᠠᠲᠤ ᠪᠠᠬᠢ ᠰᠠᠭᠤᠷᠢ᠎ᠶ᠋ᠢ ᠲᠠᠯᠪᠢᠵᠤ ᠥᠭ᠌ᠭᠦᠭ᠌ᠰᠡᠨ ᠪᠠᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号