ᠸᠠᠩ ᠸᠧᠶ ᠵᠥᠩ ᠪᠥᠬᠥ᠌ ᠣᠷᠣᠨ᠎ᠤ ᠪᠠᠭᠠᠴᠤᠳ᠎ᠤᠨ ᠬᠣᠱᠢᠭᠤᠴᠢ ᠠᠩᠭᠢ᠎ᠶ᠋ᠢᠨ ᠭᠡᠱᠢᠭᠦᠳ᠎ᠲᠦ ᠶᠡᠷᠦᠩᠬᠡᠶ ᠱᠦᠵᠢ ᠰᠢ ᠵᠢᠨ ᠫᠢᠩ᠎ᠦᠨ ᠴᠢᠩ ᠰᠡᠳᠭᠢᠯ᠎ᠦᠨ ᠰᠤᠷᠭᠠᠯ᠎ᠢ ᠪᠠᠲᠤ ᠴᠡᠭᠡᠵᠢᠯᠡᠵᠦ᠍ ᠨᠠᠮ᠎ᠢᠶᠠᠨ ᠬᠠᠢᠷᠠᠯᠠᠵᠤ ᠤᠯᠤᠰ᠎ᠢᠶᠠᠨ ᠬᠠᠢᠷᠠᠯᠠᠵᠤ ᠱᠢᠷᠭᠠᠭᠤ ᠬᠠᠲᠠᠭᠤᠵᠢᠯᠲᠠᠶ ᠰᠠᠢᠳᠤᠷ ᠰᠤᠷᠤᠯᠴᠠᠵᠤ ᠪᠥᠬᠥ᠌ ᠲᠠᠯ᠎ᠠ᠎ᠪᠠᠷ ᠬᠥᠭ᠌ᠵᠢᠬᠰᠡᠨ ᠱᠢᠨ᠎ᠡ ᠡᠷᠢᠨ ᠎ᠤ ᠰᠢᠯᠢᠳᠡᠭ ᠪᠠᠭᠠᠴᠤᠳ ᠪᠣᠯᠬᠤ᠎ᠪᠠᠷ ᠴᠢᠷᠮᠠᠢᠭᠠᠷᠠᠢ ᠭᠡᠰᠡᠨ ᠬᠦᠰᠡᠯ ᠨᠠᠢᠳᠠᠯᠭ᠎ᠠ ᠲᠠᠯᠪᠢᠪᠠ
2026-05-29 09:31:06
ᠵᠣᠬᠢᠶᠠᠭ᠍ᠴᠢ᠄
ᠯᠢ ᠬᠠᠨ
ᠣᠩᠱᠢᠭ᠍ᠰᠠᠨ ᠣᠳᠠᠭ᠎ᠠ᠄
★★★☆☆

5 ᠰᠠᠷ᠎ᠠ᠎ᠶ᠋ᠢᠨ 28 ᠤ᠋ ᠡᠳᠦᠷ᠂ 《6·1》 ᠤ᠋ ᠳᠡᠯᠡᠬᠡᠢ᠎ᠶ᠋ᠢᠨ ᠬᠡᠦᠬᠡᠳ᠎ᠦᠨ ᠪᠠᠶᠠᠷ ᠬᠦᠷᠴᠦ᠍ ᠢᠷᠡᠬᠦ᠌ ᠲᠠᠱᠢᠷᠠᠮ᠎ᠢᠶᠠᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠱᠦᠵᠢ᠂ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠤᠷᠢᠶ᠎ᠠ ᠵᠢᠨ ᠡᠷᠬᠢᠯᠡᠭ᠌ᠴᠢ ᠸᠠᠩ ᠸᠧᠢ ᠵᠦᠩ ᠬᠥᠬᠡᠬᠣᠲᠠ᠎ᠶ᠋ᠢᠨ ᠱᠢᠨ᠎ᠡ ᠬᠤᠳᠠ ᠲᠣᠭᠣᠷᠢᠭ᠎ᠤᠨ ᠱᠧᠩ ᠯᠢ ᠵᠡᠭᠡᠯᠢ ᠪᠠᠭ᠎ᠠ ᠰᠤᠷᠭᠠᠭᠤᠯᠢ᠎ᠳᠤ ᠬᠦᠷᠴᠦ᠍᠂ ᠪᠠᠭᠠᠴᠤᠳ᠎ᠤᠨ ᠬᠣᠱᠢᠭᠤᠴᠢ ᠠᠩᠬᠢ᠎ᠶ᠋ᠢᠨ 《6·1》 ᠤ᠋ ᠳᠡᠯᠡᠬᠡᠢ᠎ᠶ᠋ᠢᠨ ᠬᠡᠦᠬᠡᠳ᠎ᠦᠨ ᠪᠠᠶᠠᠷ᠎ᠢ ᠪᠡᠯᠭᠡᠯᠡᠬᠦ᠌ ᠭᠣᠣᠯ ᠰᠡᠳᠦᠪᠲᠦ ᠠᠵᠢᠯᠯᠠᠭ᠎ᠠ᠎ᠳᠤ ᠣᠷᠣᠯᠴᠠᠪᠠ᠃ ᠲᠡᠷᠡ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠪᠣᠯᠤᠨ ᠵᠠᠰᠠᠭ᠎ᠤᠨ ᠣᠷᠳᠣᠨ᠎ᠤ ᠡᠮᠦᠨ᠎ᠡ᠎ᠡᠴᠡ᠂ ᠪᠥᠬᠥ᠌ ᠣᠷᠣᠨ᠎ᠤ ᠥᠷᠭᠡᠨ ᠣᠯᠠᠨ ᠪᠠᠭᠠᠴᠤᠳ᠎ᠤᠨ ᠬᠣᠱᠢᠭᠤᠴᠢ ᠠᠩᠭᠢ᠎ᠶ᠋ᠢᠨ ᠭᠡᠱᠢᠭᠦᠨ᠂ ᠪᠠᠭᠠᠴᠤᠳ᠎ᠤᠨ ᠬᠣᠱᠢᠭᠤᠴᠢ ᠠᠩᠭᠢ᠎ᠶ᠋ᠢᠨ ᠬᠠᠪᠰᠤᠷᠤᠨ ᠵᠢᠯᠣᠭᠣᠳᠣᠭ᠍ᠴᠢ᠂ ᠪᠠᠭᠠᠴᠤᠳ᠎ᠤᠨ ᠬᠣᠱᠢᠭᠤᠴᠢ ᠠᠩᠭᠢ᠎ᠶ᠋ᠢᠨ ᠠᠵᠢᠯᠲᠠᠳ᠎ᠢ ᠴᠢᠩ ᠰᠡᠳᠭᠢᠯ᠎ᠡᠴᠡ᠎ᠪᠡᠨ ᠲᠣᠬᠣᠨᠢᠭᠤᠯᠵᠤ᠂ ᠪᠥᠬᠥ᠌ ᠣᠷᠣᠨ᠎ᠤ ᠪᠠᠭᠠᠴᠤᠳ ᠬᠡᠦᠬᠡᠳ᠎ᠲᠦ ᠪᠠᠶᠠᠷ᠎ᠤᠨ ᠡᠳᠦᠷ᠎ᠦᠨ ᠮᠡᠨᠳᠦᠴᠢᠯᠡᠯ ᠳᠡᠪᠱᠢᠭᠦᠯᠪᠡ᠃


56242b76-8188-44ef-9c9a-b490dc2b70e0.png


5 ᠰᠠᠷ᠎ᠠ᠎ᠶ᠋ᠢᠨ 28 ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠱᠦᠵᠢ᠂ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠤᠷᠢᠶ᠎ᠠ ᠵᠢᠨ ᠡᠷᠬᠢᠯᠡᠭ᠌ᠴᠢ ᠸᠠᠩ ᠸᠧᠢ ᠵᠦᠩ ᠬᠥᠬᠡᠬᠣᠲᠠ᠎ᠶ᠋ᠢᠨ ᠱᠢᠨ᠎ᠡ ᠬᠤᠳᠠ ᠲᠣᠭᠣᠷᠢᠭ᠎ᠤᠨ ᠱᠧᠩ ᠯᠢ ᠵᠡᠭᠡᠯᠢ ᠪᠠᠭ᠎ᠠ ᠰᠤᠷᠭᠠᠭᠤᠯᠢ᠎ᠳᠤ 《ᠠᠨᠠᠷ᠎ᠤᠨ ᠴᠡᠴᠡᠭ ᠳᠡᠯᠭᠡᠷᠡᠵᠦ᠍ ᠰᠡᠳᠭᠢᠯ ᠨᠢᠭᠡᠲᠦᠨ ᠨᠢᠭᠲᠠᠷᠠᠨ ᠪᠦᠯᠬᠦᠮᠳᠡᠶ᠎ᠡ》 ᠭᠣᠣᠯ ᠰᠡᠳᠦᠪᠲᠦ ᠳᠤᠮᠳᠠ ᠠᠩᠬᠢ᠎ᠶ᠋ᠢᠨ ᠬᠤᠷᠠᠯ᠎ᠳᠤ ᠣᠷᠣᠯᠴᠠᠪᠠ᠃      

     ᠰᠤᠷᠪᠤᠯᠵᠢᠯᠠᠭᠴᠢ ᠮᠠ ᠵᠢᠶᠠᠨ ᠪᠢᠩ  ᠰᠡᠭᠦᠳᠡᠷᠯᠡᠪᠡ


ᠸᠠᠩ ᠸᠧᠶ ᠵᠥᠩ ᠱᠧᠩ ᠯᠢ ᠵᠡᠭᠡᠯᠢ ᠪᠠᠭ᠎ᠠ ᠰᠤᠷᠭᠠᠭᠤᠯᠢ᠎ᠶ᠋ᠢᠨ ᠬᠦᠷᠢᠶᠡᠨ᠎ᠳᠦ ᠣᠷᠣᠵᠤ᠂ ᠤᠯᠠᠭᠠᠨ ᠪᠦᠴᠡ ᠵᠡᠭᠦᠵᠦ᠍᠂ ᠰᠤᠷᠭᠠᠭᠤᠯᠢ᠎ᠶ᠋ᠢᠨ ᠬᠦᠷᠢᠶᠡᠨ᠎ᠦ ᠰᠣᠶᠣᠯ᠎ᠤᠨ ᠬᠡᠷᠡᠮ᠂ ᠪᠠᠭ᠍ᠰᠢ ᠰᠤᠷᠤᠭ᠍ᠴᠢᠳ᠎ᠤᠨ ᠬᠠᠮᠲᠤ᠎ᠪᠠᠷ ᠡᠭᠦᠳᠦᠨ ᠪᠦᠲᠦᠭᠡᠭᠰᠡᠨ ᠤᠯᠠᠭᠠᠨ ᠪᠦᠴᠡᠳᠡᠳ᠎ᠤᠨ ᠤᠷᠠᠯᠢᠭ᠎ᠤᠨ ᠨᠠᠢᠷ᠎ᠤᠨ ᠪᠦᠲᠦᠭᠡᠯ ᠪᠠ ᠰᠤᠷᠭᠠᠭᠤᠯᠢ᠎ᠶ᠋ᠢᠨ ᠬᠦᠷᠢᠶᠡᠨ᠎ᠦ ᠬᠥᠯ ᠪᠥᠮᠪᠥᠭᠡ᠎ᠶ᠋ᠢᠨ ᠲᠡᠮᠡᠴᠡᠭᠡᠨ᠎ᠢ ᠰᠣᠨᠢᠷᠬᠠᠵᠤ᠂ ᠪᠠᠭ᠎ᠠ ᠰᠤᠷᠭᠠᠭᠤᠯᠢ᠎ᠶ᠋ᠢᠨ ᠰᠤᠷᠤᠭ᠍ᠴᠢᠳ᠎ᠤᠨ ᠪᠣᠳᠠᠰ᠎ᠤᠨ ᠪᠤᠰᠤ ᠰᠣᠶᠣᠯ᠎ᠤᠨ ᠥᠪ᠎ᠦᠨ ᠨᠡᠢᠭᠡᠮᠯᠢᠭ᠎ᠦᠨ ᠵᠣᠬᠢᠶᠠᠨ ᠪᠦᠲᠦᠭᠡᠭ᠌ᠰᠡᠨ ᠪᠤᠳᠤᠬᠤ ᠤᠷᠠᠯᠠᠯ᠂ ᠴᠠᠭᠠᠰᠤᠨ ᠭᠦᠷᠦᠮᠡᠯ᠂ ᠭᠤᠯᠢᠷ᠎ᠤᠨ᠎ᠱᠤᠭᠤᠮᠠᠯ ᠵᠡᠷᠭᠡ ᠪᠦᠲᠦᠭᠡᠯ᠎ᠢ ᠲᠣᠭᠣᠷᠢᠨ ᠦᠵᠡᠵᠦ᠍᠂ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠨᠡᠢᠭᠡᠮᠯᠢᠭ᠎ᠦᠨ ᠥᠷᠨᠢᠭᠦᠯᠦᠭ᠌ᠰᠡᠨ ᠤᠰᠤᠨ ᠲᠡᠢᠷᠦᠯᠲᠦ ᠰᠤᠮᠤ᠂ ᠨᠢᠰᠭᠡᠯ᠎ᠦᠨ ᠵᠠᠭ᠍ᠪᠤᠷ᠂ ᠮᠠᠱᠢᠨ ᠬᠥᠮᠦᠨ ᠦᠶ᠋ᠯᠡᠳᠬᠦ᠌ ᠵᠡᠷᠭᠡ ᠠᠵᠢᠯᠯᠠᠭ᠎ᠠ᠎ᠶ᠋ᠢ ᠲᠣᠭᠣᠷᠢᠨ ᠦᠵᠡᠬᠦ᠌᠎ᠶ᠋ᠢᠨ ᠬᠠᠮᠲᠤ ᠬᠡᠦᠬᠡᠳ᠎ᠦᠳ᠎ᠲᠡᠶ ᠪᠠᠢᠨ ᠪᠠᠢᠨ ᠰᠠᠨᠠᠯ᠎ᠢᠶᠠᠨ ᠰᠣᠯᠢᠯᠴᠠᠵᠤ᠂ ᠰᠤᠷᠤᠯᠴᠠᠯᠭ᠎ᠠ ᠠᠮᠢᠳᠤᠷᠠᠯ᠂ ᠳᠤᠷ᠎ᠠ ᠰᠣᠨᠢᠷᠬᠠᠯ᠂ ᠪᠡᠶ᠎ᠡ᠎ᠶ᠋ᠢᠨ ᠲᠠᠮᠢᠷ᠎ᠤᠨ ᠪᠣᠯᠪᠠᠰᠤᠷᠠᠯ᠂ ᠬᠥᠳᠡᠯᠮᠦᠷᠢ᠎ᠶ᠋ᠢᠨ ᠦᠶ᠋ᠯᠡᠳᠦᠯᠭᠡ᠂ ᠲᠣᠭᠣᠷᠢᠨ ᠦᠵᠡᠵᠦ᠍ ᠰᠤᠳᠤᠯᠤᠨ ᠰᠤᠷᠤᠯᠴᠠᠬᠤ ᠵᠡᠷᠭᠡ ᠪᠠᠢᠳᠠᠯ᠎ᠢ ᠯᠠᠪᠯᠠᠨ ᠠᠰᠠᠭᠤᠪᠠ᠃ ᠰᠤᠷᠭᠠᠭᠤᠯᠢ᠎ᠶ᠋ᠢᠨ

ᠠᠵᠢᠯᠯᠠᠭ᠎ᠠ ᠭᠣᠢᠳᠠ ᠰᠠᠢᠬᠠᠨ ᠶᠠᠪᠤᠭᠳᠠᠵᠤ᠂ ᠬᠡᠦᠬᠡᠳ᠎ᠦᠳ ᠦᠭᠡᠳᠡᠷᠭᠡᠭ ᠬᠡᠢᠮᠦᠷᠢᠯᠢᠭ ᠪᠠᠢᠬᠤ᠎ᠶ᠋ᠢ ᠦᠵᠡᠭᠡᠳ᠂ ᠸᠠᠩ ᠸᠧᠢ ᠵᠦᠩ ᠮᠠᠰᠢ ᠪᠠᠶᠠᠷᠯᠠᠪᠠ᠃ ᠲᠡᠷᠡ ᠬᠡᠦᠬᠡᠳ᠎ᠦᠳ᠎ᠢ ᠠᠯᠤᠰ ᠬᠡᠲᠦ᠍᠎ᠶ᠋ᠢᠨ ᠬᠦᠰᠡᠯ ᠵᠣᠷᠢᠯᠲᠠ᠎ᠲᠠᠶ ᠪᠠᠢᠵᠤ᠂ ᠬᠢᠴᠢᠶᠡᠯ ᠳᠡᠭᠡᠷ᠎ᠡ ᠱᠢᠷᠭᠠᠭᠤ ᠬᠠᠲᠠᠭᠤᠵᠢᠯᠲᠠᠶ ᠰᠤᠷᠤᠯᠴᠠᠵᠤ᠂ ᠦᠶ᠋ᠯᠡᠳᠦᠯᠭᠡ᠎ᠶ᠋ᠢᠨ ᠳᠤᠮᠳᠠ ᠵᠣᠷᠢᠭ᠍ᠲᠠᠶ᠎ᠪᠠᠷ ᠰᠦᠪᠡᠭ᠌ᠴᠢᠯᠡᠵᠦ᠍᠂ ᠪᠡᠶ᠎ᠡ᠎ᠪᠡᠨ ᠢᠯᠡᠭᠦᠬᠡᠨ ᠪᠣᠯᠪᠠᠰᠤᠷᠠᠭᠤᠯᠵᠤ᠂ ᠡᠷᠴᠢ ᠵᠣᠷᠢᠭ᠎ᠢᠶᠠᠨ ᠢᠯᠡᠭᠦᠬᠡᠨ ᠳᠠᠪᠲᠠᠨ ᠪᠣᠯᠪᠠᠰᠤᠷᠠᠭᠤᠯᠵᠤ᠂ ᠬᠠᠮᠲᠤ᠎ᠶ᠋ᠢᠨ ᠠᠵᠢᠯᠯᠠᠭ᠎ᠠ᠎ᠳᠤ ᠢᠯᠡᠭᠦᠬᠡᠨ ᠣᠷᠣᠯᠴᠠᠵᠤ᠂ ᠦᠶ᠋ᠯᠡᠳᠪᠦᠷᠢ᠎ᠶ᠋ᠢᠨ ᠡᠮᠦᠨ᠎ᠡ ᠹᠷᠣᠨᠲ ᠪᠠ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠠᠵᠤ ᠠᠬᠤᠢᠯᠠᠯ᠎ᠳᠤ ᠢᠯᠡᠭᠦᠬᠡᠨ ᠬᠦᠷᠴᠦ᠍ ᠰᠤᠳᠤᠯᠤᠨ ᠰᠤᠷᠤᠯᠴᠠᠵᠤ᠂ ᠮᠣᠩᠭᠣᠯ ᠮᠣᠷᠢ ᠱᠢᠭ᠋ 《ᠵᠤᠪᠠᠯ ᠵᠦᠳᠡᠭᠦᠷᠢ᠎ᠶᠢ ᠲᠡᠰᠪᠤᠷᠢᠯᠡᠨ᠂ ᠴᠤᠴᠠᠯᠲᠠ ᠥᠬᠡᠶ ᠤᠷᠤᠭ᠍ᠰᠢᠯᠠᠵᠤ᠂ ᠵᠤᠷᠢᠭᠰᠠᠨ᠎ᠳᠠᠭᠠᠨ ᠵᠠᠪᠠᠯ ᠬᠥᠷᠴᠦ》᠂ ᠢᠷᠡᠭᠡᠳᠦᠶ᠎ᠳᠦ ᠲᠤᠯᠭᠠᠭᠤᠷᠢ ᠬᠦᠴᠦᠨ ᠪᠣᠯᠤᠭᠠᠷᠠᠢ ᠭᠡᠵᠦ᠍ ᠵᠣᠷᠢᠭ᠍ᠵᠢᠭᠤᠯᠪᠠ᠃

ᠳᠠᠷᠠᠭ᠎ᠠ ᠨᠢ᠂ ᠸᠠᠩ ᠸᠧᠢ ᠵᠦᠩ 《ᠠᠨᠠᠷ᠎ᠤᠨ ᠴᠡᠴᠡᠭ ᠳᠡᠯᠭᠡᠷᠡᠵᠦ᠍ ᠰᠡᠳᠭᠢᠯ ᠨᠢᠭᠡᠲᠦᠨ ᠨᠢᠭᠲᠠᠷᠠᠨ ᠪᠦᠯᠬᠦᠮᠳᠡᠶ᠎ᠡ》 ᠭᠣᠣᠯ ᠰᠡᠳᠦᠪᠲᠦ ᠳᠤᠮᠳᠠ ᠠᠩᠬᠢ᠎ᠶ᠋ᠢᠨ ᠬᠤᠷᠠᠯ᠎ᠳᠤ ᠣᠷᠣᠯᠴᠠᠪᠠ᠃ ᠪᠠᠭᠠᠴᠤᠳ᠎ᠤᠨ ᠬᠣᠱᠢᠭᠤᠴᠢ ᠠᠩᠭᠢ᠎ᠶ᠋ᠢᠨ ᠭᠡᠱᠢᠭᠦᠳ ᠦᠵᠡᠭ᠌ᠳᠡᠯᠲᠦ ᠵᠦᠴᠦᠭᠡ 《ᠲᠠᠯ᠎ᠠ ᠨᠤᠲᠤᠭ᠎ᠤᠨ ᠪᠢᠴᠢᠬᠠᠨ ᠪᠠᠭᠠᠲᠤᠷ ᠡᠭᠡᠴᠢ ᠥᠬᠢᠨ ᠳᠡᠭᠦᠦ》 ᠶ᠋ᠢ ᠲᠣᠭ᠍ᠯᠠᠵᠤ᠂ ᠱᠢᠯᠦᠭ 《ᠠᠨᠠᠷ᠎ᠤᠨ ᠴᠡᠴᠡᠭ ᠳᠡᠯᠭᠡᠷᠡᠵᠦ᠍  ᠰᠡᠳᠭᠢᠯ ᠨᠢᠭᠡᠲᠦᠨ ᠨᠢᠭᠲᠠᠷᠠᠨ ᠪᠦᠯᠬᠦᠮᠳᠡᠨ᠎ᠠ》᠂ ᠨᠠᠢᠷᠠᠯ ᠳᠠᠭᠤᠤ《ᠪᠠᠭᠠᠴᠤᠳ᠎ᠤᠨ ᠬᠦᠰᠡᠯ ᠵᠣᠷᠢᠯᠲᠠ》 ᠶ᠋ᠢ ᠲᠤᠭᠯᠠᠵᠤ᠂ ᠣᠷᠣᠯᠴᠠᠵᠤ ᠦᠩᠭᠡᠷᠡᠭᠰᠡᠨ ᠠᠭᠠᠷ᠎ᠤᠨ ᠠᠶᠠᠯᠠᠯ᠎ᠤᠨ ᠬᠦᠰᠡᠯ ᠵᠡᠭᠦᠳᠦ᠍᠎ᠪᠡᠨ ᠲᠡᠷᠭᠡᠯᠱᠢᠭᠦᠯᠬᠦ᠌᠂ ᠭᠠᠷ ᠭᠠᠷ᠎ᠢᠶᠠᠨ ᠬᠣᠯᠪᠣᠯᠴᠠᠨ ᠬᠠᠪᠰᠤᠷᠤᠯᠴᠠᠭ᠎ᠠ ᠪᠠᠢᠭᠤᠯᠬᠤ᠂ ᠪᠠᠭᠠᠴᠤᠳ᠎ᠤᠨ ᠴᠡᠷᠢᠭ᠎ᠦᠨ ᠰᠤᠷᠭᠠᠭᠤᠯᠢ᠎ᠶ᠋ᠢᠨ 《ᠬᠢᠯᠢ᠎ᠶ᠋ᠢᠨ ᠪᠣᠭᠣᠮᠲᠠ᠎ᠪᠠᠷ ᠥᠩᠭᠡᠷᠡᠬᠦ᠌》 ᠵᠡᠷᠭᠡ ᠠᠵᠢᠯᠯᠠᠭ᠎ᠠ᠎ᠶ᠋ᠢᠨ ᠲᠣᠭᠣᠷᠢᠨ᠎ᠳᠤ ᠣᠯᠤᠯᠲᠠ ᠲᠥᠷᠥᠭ᠌ᠳᠡᠯ᠎ᠢᠶᠡᠨ ᠰᠣᠯᠢᠯᠴᠠᠨ ᠬᠤᠪᠢᠶᠠᠯᠴᠠᠵᠤ᠂ ᠳᠤᠮᠳᠠ ᠠᠩᠭᠢ᠎ᠶ᠋ᠢᠨ ᠬᠠᠪᠰᠤᠷᠤᠨ ᠵᠢᠯᠣᠭᠣᠳᠣᠭ᠍ᠴᠢ ᠪᠠᠭ᠍ᠰᠢ ᠦᠨᠡᠯᠡᠯᠲᠡ ᠬᠢᠪᠠ᠃ ᠸᠠᠩ ᠸᠧᠢ ᠵᠦᠩ ᠬᠡᠦᠬᠡᠳ᠎ᠦᠳ᠎ᠦᠨ ᠭᠣᠢᠳᠠ ᠰᠠᠢᠬᠠᠨ ᠦᠵᠡᠭᠦᠯᠭᠡ᠎ᠶ᠋ᠢ ᠮᠠᠭ᠍ᠲᠠᠨ ᠰᠠᠢᠱᠢᠶᠠᠵᠤ᠂ ᠰᠤᠷᠤᠭ᠍ᠴᠢᠳ᠎ᠤᠨ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠪᠢᠴᠢᠬᠠᠨ ᠵᠢᠱ᠌ᠢᠶᠡᠴᠢ ᠪᠤᠯᠵᠤ᠂ ᠠᠨᠠᠷ᠎ᠤᠨ ᠦᠷ᠎ᠡ ᠱᠢᠭ ᠨᠢᠭ᠍ᠲᠠᠷᠠᠨ ᠪᠦᠯᠬᠦᠮᠳᠡᠵᠦ᠍᠂ 《ᠳᠤᠮᠳᠠᠳᠤ᠎ᠶ᠋ᠢᠨ ᠦᠨᠳᠦᠰᠦᠲᠡᠨ ᠨᠢᠭᠡ ᠭᠡᠷ᠎ᠪᠦᠯᠢ ᠵᠢᠨ ᠬᠢᠨ ᠮᠡᠳᠦ ᠳᠣᠲᠣᠨᠣᠰᠤᠭ ᠪᠠᠢᠵᠤ᠂ ᠰᠡᠳᠭᠢᠯ ᠨᠢᠭᠡᠳᠦᠨ ᠳᠤᠮᠳᠠᠳᠤ᠎ᠶ᠋ᠢᠨ ᠵᠡᠭᠦᠳᠦ᠍᠎ᠶ᠋ᠢ ᠬᠠᠮᠲᠤ᠎ᠪᠠᠷ ᠲᠡᠷᠭᠡᠯᠱᠢᠭᠦᠯᠬᠦ᠌》 ᠦᠷ᠎ᠡ᠎ᠶ᠋ᠢ ᠰᠡᠳᠭᠢᠯ ᠵᠢᠷᠦᠬᠡᠨ᠎ᠳᠡᠭᠡᠨ ᠬᠠᠳᠠᠩᠱᠢᠭᠤᠯᠬᠤ᠎ᠶ᠋ᠢ ᠬᠦᠰᠡᠪᠡ᠃

ᠭᠤᠤᠯ ᠰᠡᠳᠦᠪᠲᠦ ᠳᠤᠮᠳᠠ ᠠᠩᠭᠢ᠎ᠶ᠋ᠢᠨ ᠬᠤᠷᠠᠯ ᠲᠡᠭᠦᠰᠦᠭ᠌ᠰᠡᠨ᠎ᠦ ᠳᠠᠷᠠᠭ᠎ᠠ᠂ ᠸᠠᠩ ᠸᠧᠶ ᠵᠥᠩ ᠪᠠᠭᠠᠴᠤᠳ᠎ᠤᠨ ᠬᠣᠱᠢᠭᠤᠴᠢ ᠠᠩᠭᠢ᠎ᠶ᠋ᠢᠨ ᠭᠡᠱᠢᠭᠦᠳ᠎ᠲᠦ ᠪᠠᠶᠠᠷ᠎ᠤᠨ ᠡᠳᠦᠷ᠎ᠦᠨ ᠪᠡᠯᠡᠭ ᠬᠦᠷᠭᠡᠵᠦ᠍᠂ ᠪᠥᠬᠥ᠌ ᠣᠷᠣᠨ᠎ᠤ ᠥᠷᠭᠡᠨ ᠣᠯᠠᠨ ᠪᠠᠭᠠᠴᠤᠳ᠎ᠤᠨ ᠬᠣᠱᠢᠭᠤᠴᠢ ᠠᠩᠭᠢ᠎ᠶ᠋ᠢᠨ ᠭᠡᠱᠢᠬᠦᠨ ᠎ᠳᠤ  ᠶᠡᠷᠦᠩᠬᠡᠶ ᠱᠦᠵᠢ ᠰᠢ ᠵᠢᠨ ᠫᠢᠩ᠎ᠦᠨ ᠴᠢᠩ ᠰᠡᠳᠭᠢᠯ᠎ᠦᠨ ᠰᠤᠷᠭᠠᠯ᠎ᠢ ᠪᠠᠲᠤ ᠴᠡᠭᠡᠵᠢᠯᠡᠵᠦ᠍᠂ ᠪᠠᠭ᠎ᠠ᠎ᠡᠴᠡ᠎ᠪᠠᠨ ᠬᠦᠰᠡᠯ ᠵᠣᠷᠢᠯᠲᠠ᠎ᠲᠠᠶ᠂ ᠬᠦᠰᠡᠯ ᠵᠡᠭᠦᠳᠦ᠍᠎ᠲᠡᠶ᠂ ᠰᠤᠷᠤᠯᠴᠠᠬᠤ ᠳᠤᠷᠠᠲᠠᠶ᠂ ᠬᠥᠳᠡᠯᠮᠦᠷᠢᠯᠡᠬᠦ ᠳᠤᠷᠠᠲᠠᠶ᠂ ᠠᠴᠢ᠎ᠳᠤ ᠲᠠᠯᠠᠷᠬᠠᠬᠤ ᠵᠢ ᠮᠡᠳᠡᠵᠦ᠂ ᠨᠥᠬᠥᠷᠯᠡᠯ᠎ᠢ ᠣᠢᠯᠠᠭᠠᠵᠤ᠂ ᠵᠣᠷᠢᠭ᠍ᠲᠠᠶ᠎ᠪᠠᠷ ᠱᠢᠨ᠎ᠡ᠎ᠶ᠋ᠢ ᠡᠭᠦᠳᠴᠦ᠂ ᠵᠣᠷᠢᠭ᠍ᠲᠠᠶ᠎ᠪᠠᠷ ᠲᠡᠮᠡᠴᠡᠵᠦ᠂ ᠨᠠᠮ᠎ᠢᠶᠠᠨ ᠬᠠᠢᠷᠠᠯᠠᠵᠤ ᠤᠯᠤᠰ᠎ᠢᠶᠠᠨ ᠬᠠᠢᠷᠠᠯᠠᠵᠤ᠂ ᠱᠢᠷᠭᠠᠭᠤ ᠬᠠᠲᠠᠭᠤᠵᠢᠯᠲᠠᠶ ᠰᠠᠢᠳᠤᠷ ᠰᠤᠷᠤᠯᠴᠠᠵᠤ᠂ ᠪᠥᠬᠥ᠌ ᠲᠠᠯ᠎ᠠ᠎ᠪᠠᠷ ᠬᠥᠭ᠌ᠵᠢᠭᠰᠡᠨ ᠱᠢᠨ᠎ᠡ ᠡᠷᠢᠨ᠎ᠤ ᠰᠢᠯᠢᠳᠡᠭ ᠪᠠᠭᠠᠴᠤᠳ ᠪᠣᠯᠬᠤ᠎ᠪᠠᠷ ᠴᠢᠷᠮᠠᠢᠵᠤ᠂ ᠡᠪ ᠬᠠᠮᠲᠤ ᠶᠤᠰᠤᠨ᠎ᠤ ᠦᠢᠯᠡᠰ᠎ᠤᠨ ᠵᠠᠯᠭᠠᠮᠵᠢᠯᠠᠭᠴᠢ ᠪᠤᠯᠬᠤ ᠬᠡᠷᠡᠭ᠌ᠲᠡᠶ ᠭᠡᠵᠦ᠍ ᠵᠠᠬᠢᠪᠠ᠃

ᠸᠠᠩ ᠸᠧᠢ ᠵᠦᠩ᠂ ᠪᠠᠭᠠᠴᠤᠳ ᠬᠡᠦᠬᠡᠳ ᠪᠣᠯ ᠡᠬᠡ ᠤᠯᠤᠰ᠎ᠤᠨ ᠢᠷᠡᠭᠡᠳᠦᠢ᠂ ᠳᠤᠮᠳᠠᠳᠤ᠎ᠶ᠋ᠢᠨ ᠦᠨᠳᠦᠰᠦᠲᠡᠨ᠎ᠦ ᠬᠦᠰᠡᠯ ᠡᠷᠡᠮᠡᠯᠵᠡᠯ ᠮᠥᠨ᠂ ᠥᠪᠥᠷ ᠮᠣᠩᠭᠣᠯ᠎ᠤᠨ ᠣᠳᠣᠬᠢᠴᠢᠯᠠᠯᠲᠠ᠎ᠶ᠋ᠢᠨ ᠪᠦᠲᠦᠭᠡᠨ ᠪᠠᠢᠭᠤᠯᠤᠯᠲᠠ᠎ᠶ᠋ᠢᠨ ᠢᠷᠡᠭᠡᠳᠦᠢ᠎ᠶ᠋ᠢᠨ ᠪᠡᠯᠡᠳᠭᠡᠯ ᠬᠦᠴᠦᠨ ᠮᠥᠨ᠃ ᠪᠥᠬᠥ᠌ ᠣᠷᠣᠨ᠎ᠤ ᠡᠯ᠎ᠡ ᠱᠠᠲᠤᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ ᠪᠣᠯᠤᠨ ᠬᠣᠯᠪᠣᠭ᠍ᠳᠠᠯ ᠪᠥᠬᠥᠶ ᠲᠠᠯ᠎ᠠ᠎ᠶ᠋ᠢᠨ᠎ᠬᠢᠨ ᠬᠡᠬᠦᠳᠡᠭ ᠳᠦᠭᠦᠷᠡᠩ ᠬᠠᠯᠠᠭᠤᠨ ᠰᠡᠳᠭᠢᠯᠭᠡ᠎ᠪᠡᠷ ᠪᠠᠭᠠᠴᠤᠳ ᠬᠡᠦᠬᠡᠳ᠎ᠢ ᠬᠠᠢᠷᠠᠯᠠᠨ ᠬᠠᠯᠠᠮᠵᠢᠯᠠᠵᠤ᠂ 《ᠨᠠᠬᠢᠶ᠎ᠠ ᠴᠤᠮᠤᠷᠯᠢᠭ》 ᠢ᠋ ᠬᠠᠮᠲᠤ᠎ᠪᠠᠷ ᠰᠠᠢᠲᠤᠷ ᠪᠤᠢᠵᠢᠭᠤᠯᠵᠤ᠂ ᠤᠯᠠᠭᠠᠨ ᠪᠦᠴᠡᠲᠡᠨ᠎ᠢ ᠱᠢᠨ᠎ᠡ ᠴᠠᠭ ᠦᠶ᠎ᠡ᠎ᠳᠦ ᠨᠠᠩ ᠴᠤᠪᠤᠭᠤ ᠰᠡᠷᠭᠦᠯᠡᠩ ᠪᠣᠯᠭᠠᠬᠤ ᠬᠡᠷᠡᠭ᠌ᠲᠡᠶ᠃

ᠢᠦᠶ ᠬᠣᠶ ᠸᠸᠨ᠂ ᠢᠦᠶ ᠯᠢ ᠱᠢᠨ ᠣᠷᠣᠯᠴᠠᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号