— ᠪᠠᠭᠠᠷᠢᠨ ᠪᠠᠷᠠᠭᠤᠨ ᠬᠤᠰᠢᠭᠤ ᠵᠢᠨ ᠬᠡᠷ ᠪᠦᠯᠢ ᠵᠢᠨ ᠮᠠᠯᠵᠢᠯ᠎ᠦᠨ ᠲᠠᠯᠠᠪᠠᠢ ᠵᠢᠨ ᠪᠠᠢᠭᠤᠯᠤᠯᠳᠠ ᠵᠢ ᠲᠡᠮᠳᠡᠭᠯᠡᠪᠡ
ᠲᠦᠷᠦᠬᠦᠬᠡᠨ ᠰᠤᠷᠪᠤᠯᠵᠢᠯᠠᠭᠴᠢ ᠪᠠᠭᠠᠷᠢᠨ ᠪᠠᠷᠠᠭᠤᠨ ᠬᠤᠱᠢᠭᠤᠨ᠎ᠤ ᠳ᠋ᠠᠪᠠᠨ ᠪᠠᠯᠭᠠᠰᠤᠨ᠎ᠤ ᠬᠣᠷᠣᠭᠠᠴᠢᠨ ᠭᠠᠴᠠᠭᠠᠨ᠎ᠤ ᠦᠢᠯᠡᠰ ᠬᠡᠷ ᠪᠦᠯᠢ᠎ᠶ᠋ᠢᠨ ᠮᠠᠯᠵᠢᠯ᠎ᠤᠨ ᠲᠠᠯᠠᠪᠠᠶ᠎ᠳᠤ ᠬᠦᠷᠬᠦ ᠳ᠋ᠤ᠂ ᠮᠠᠯᠵᠢᠯ ᠤ᠋ᠨ ᠲᠠᠯᠠᠪᠠᠢ ᠵᠢᠨ ᠡᠵᠡᠨ ᠡᠷᠳᠡᠨᠢᠰᠠᠩ ᠰᠠᠭᠠᠯᠢ ᠵᠢᠨ ᠦᠨᠢᠶᠡᠨ ᠳ᠋ᠡᠭᠡᠨ ᠲᠡᠵᠢᠭᠡᠯ ᠡᠪᠡᠰᠦ ᠥᠭ᠌ᠴᠦ ᠶᠠᠭᠠᠷᠠᠬᠤ ᠪᠡᠷ ᠭᠡᠷᠭᠡᠢ ᠰᠠᠷᠠᠨᠬᠡᠷᠡᠯ ᠨᠢ ᠴᠤ ᠡᠭᠡᠳᠡᠭ᠌ᠰᠡᠨ ᠰᠦ᠎ᠪᠠᠨ ᠲᠣᠭᠤᠭᠠᠨ᠎ᠳᠠᠭᠠᠨ ᠬᠢᠵᠦ᠍᠂ ᠮᠠᠱᠢᠨ ᠬᠦᠩᠭᠢᠨᠡᠨ ᠠᠵᠢᠯᠯᠠᠬᠤ ᠵᠢᠨ ᠵᠠᠭᠤᠷ᠎ᠠ ᠤᠯᠠᠮᠵᠢᠯᠠᠯᠲᠤ ᠣᠶᠤᠨ ᠤᠬᠠᠭᠠᠨ ᠪᠠ ᠣᠲᠣ ᠦᠶ᠎ᠡ᠎ᠶ᠋ᠢᠨ ᠮᠡᠷᠭᠡᠵᠢᠯ ᠢ᠋ ᠰᠢᠨᠭᠭᠡᠭᠡᠭᠰᠡᠨ ᠴᠠᠭᠠᠨ ᠢᠳᠡᠭᠡᠨ ᠢ᠋ ᠪᠤᠯᠪᠠᠰᠤᠷᠠᠭᠤᠯᠤᠨ ᠭᠠᠷᠭᠠᠨ᠎ᠠ᠃
《2021 ᠣᠨ᠎ᠳᠤ ᠪᠢᠳᠡ ᠮᠠᠯᠵᠢᠯ᠎ᠤᠨ ᠲᠠᠯᠠᠪᠠᠢ ᠡᠷᠬᠢᠯᠡᠬᠦ᠌᠎ᠪᠠᠷ ᠲᠣᠭ᠍ᠲᠠᠭ᠍ᠤ ᠦᠶ᠎ᠡ᠎ᠳᠤ᠂ ᠬᠤᠶᠠᠷᠬᠠᠨ ᠦᠬᠡᠷ ᠲᠠᠢ ᠪᠠᠢᠵᠠᠢ᠂ ᠬᠡᠰᠡᠨᠴᠤ ᠡᠢᠮᠦ᠍ ᠰᠠᠢᠨ ᠨᠤᠲᠤᠭ ᠪᠡᠯᠴᠢᠬᠡᠷ᠎ᠲᠠᠢ᠂ ᠡᠢᠮᠦ᠍ ᠰᠠᠢᠨ ᠤᠷ᠎ᠠ ᠮᠡᠷᠭᠡᠵᠢᠯ ᠲᠠᠢ ᠪᠣᠯᠬᠣᠷ ᠶᠠᠭᠠᠬᠢᠭᠰᠠᠨ ᠴᠤ᠌ ᠲᠠᠯᠠᠭᠠᠷ ᠥᠨᠭᠭᠡᠷᠡᠭᠦᠯᠵᠦ ᠪᠣᠯᠬᠤ ᠦᠭᠡᠢ ᠭᠡᠵᠦ ᠪᠣᠳᠣᠵᠤ ᠪᠠᠢᠵᠠᠢ᠃ ᠲᠦᠷᠦ᠍᠎ᠶ᠋ᠢᠨ ᠪᠤᠳᠤᠯᠭ᠎ᠠ᠎ᠶ᠋ᠢᠨ ᠳᠡᠮᠵᠢᠯᠭᠡ ᠳᠣᠣᠷ᠎ᠠ ᠪᠢᠳᠡ ᠪᠣᠯᠪᠠᠰᠤᠷᠠᠭᠤᠯᠬᠤ ᠲᠠᠰᠤᠭ ᠪᠠᠢᠭᠤᠯᠵᠤ᠂ ᠥᠪᠡᠷ᠎ᠢᠶᠠᠨ ᠪᠡᠯᠡ ᠮᠥᠩᠭᠦ᠌ ᠴᠤᠭ᠍ᠯᠠᠭᠤᠯᠤᠨ ᠲᠥᠬᠦᠭᠡᠷᠦᠮᠵᠢ ᠬᠡᠷᠡᠭᠰᠡᠯ ᠬᠤᠳᠠᠯᠳᠤᠨ ᠠᠪᠴᠤ᠌᠂ ᠤᠳᠤ 20 ᠭᠠᠷᠤᠢ ᠦᠨᠢᠶ᠎ᠡ ᠲᠠᠢ ᠪᠣᠯᠵᠠᠢ》 ᠭᠡᠵᠦ ᠰᠠᠷᠠᠨᠭᠡᠷᠡᠯ ᠦᠢᠯᠡᠰ ᠪᠤᠰᠭᠠᠭ᠍ᠰᠠᠨ ᠠᠨᠭᠬᠠᠨ᠎ᠤ ᠦᠶ᠎ᠡ᠎ᠪᠠᠨ ᠡᠷᠭᠢᠴᠡᠭᠦᠯᠵᠦ ᠰᠡᠳᠬᠢᠯ ᠳᠣᠭᠳᠤᠯᠤᠨ ᠶᠠᠷᠢᠨ᠎ᠠ᠃ ᠣᠳᠣᠬᠠᠨ᠎ᠳᠤ᠂ ᠮᠠᠯᠵᠢᠯ᠎ᠤᠨ ᠲᠠᠯᠠᠪᠠᠶ᠎ᠶ᠋ᠢᠨ ᠡᠳᠦᠷ ᠪᠦᠷᠢ᠎ᠶ᠋ᠢᠨ ᠳᠤᠮᠳᠠᠴᠢ ᠰᠦ ᠵᠢᠨ ᠭᠠᠷᠤᠯᠲᠠ ᠪᠠᠷᠤᠭ 160 ᠺᠢᠯᠣᠭ᠌ᠷᠠᠮ᠎ᠳᠦ ᠬᠦᠷᠴᠦ᠍᠂ ᠨᠢᠳᠤᠨᠤᠨ᠎ᠤ ᠵᠢᠯ᠎ᠤᠨ ᠣᠷᠣᠯᠭ᠎ᠠ ᠨᠢ 8 ᠲᠦᠮᠡ ᠭᠠᠷᠤᠶ ᠲᠥᠭᠦᠷᠢᠭ᠎ᠲᠤ ᠬᠦᠷᠴᠡᠢ᠃ ᠲᠡᠳᠡᠨ᠎ᠤ ᠡᠨᠡ ᠬᠦ᠌ ᠠᠮᠵᠢᠯᠲᠠ ᠪᠦᠲᠦᠮᠵᠢ᠎ᠨᠢ ᠵᠢᠱ᠌ᠢᠶ᠎ᠡ ᠦᠵᠡᠭᠦᠯᠬᠦ᠌ ᠦᠢᠯᠡᠳᠦᠯ ᠦᠵᠡᠭᠦᠯᠵᠦ᠂ ᠡᠷᠬᠢᠨ ᠲᠣᠭᠤᠷᠢᠨ᠎ᠤ ᠮᠠᠯᠴᠢᠨ ᠲᠠᠷᠢᠶᠠᠴᠢᠨ ᠰᠠᠨᠠᠭᠠᠴᠢᠯᠠᠭ᠎ᠠ ᠡᠴᠠ᠎ᠪᠠᠨ ᠲᠡᠳᠡᠨ᠎ᠤ ᠬᠢᠨ ᠳ᠋ᠤ ᠬᠦᠷᠴᠦ᠍ ᠤᠷ᠎ᠠ ᠮᠡᠷᠭᠡᠵᠢᠯ ᠰᠤᠷᠴᠤ᠌᠂ ᠱᠢᠨ᠎ᠡ ᠵᠠᠭᠤᠴᠢᠯᠠᠭᠤᠷ᠎ᠤᠨ ᠲᠠᠪᠴᠠᠩ᠎ᠳᠤ ᠲᠦᠱᠢᠭ᠌ᠯᠡᠨ ᠪᠣᠷᠣᠯᠠᠭᠤᠯᠭ᠎ᠠ᠎ᠶ᠋ᠢᠨ ᠠᠷᠭ᠎ᠠ ᠵᠠᠮ᠎ᠢᠶᠠᠨ ᠥᠷᠭᠡᠳᠭᠡᠵᠦ᠍᠂ ᠣᠷᠣᠯᠭ᠎ᠠ᠎ᠪᠡᠨ ᠲᠣᠭ᠍ᠲᠠᠭᠤᠨ᠎ᠢᠶᠠᠷ ᠨᠡᠮᠡᠭᠳᠡᠭᠦᠯᠵᠡᠢ᠃
ᠪᠠᠭᠠᠷᠢᠨ ᠪᠠᠷᠠᠭᠤᠨ ᠬᠤᠱᠢᠭᠤᠨ᠎ᠳᠤ᠂ ᠦᠢᠯᠡᠰ ᠬᠡᠷ ᠪᠦᠯᠢ᠎ᠶ᠋ᠢᠨ ᠮᠠᠯᠵᠢᠯ᠎ᠤᠨ ᠲᠠᠯᠠᠪᠠᠶ ᠵᠢ ᠪᠠᠭᠲᠠᠭᠠᠭᠰᠠᠨ ᠮᠠᠰᠢ ᠣᠯᠠᠨ ᠭᠡᠷ ᠪᠦᠯᠢ ᠵᠢᠨ ᠮᠠᠯᠵᠢᠯ ᠤ᠋ᠨ ᠲᠠᠯᠠᠪᠠᠢ ᠵᠢᠨ ᠬᠥᠭᠵᠢᠯᠲᠡ ᠨᠢ ᠮᠠᠯᠴᠢᠨ ᠲᠠᠷᠢᠶᠠᠴᠢᠨ᠎ᠤ ᠤᠯᠠᠮᠵᠢᠯᠠᠯᠲᠤ ᠴᠠᠭᠠᠨ ᠢᠳᠡᠭᠡᠨ᠎ᠤ ᠠᠵᠤ ᠦᠢᠯᠡᠰ᠎ᠢ ᠬᠥᠭ᠌ᠵᠢᠭᠦᠯᠬᠦ᠌ ᠱᠢᠨ᠎ᠡ ᠬᠦᠰᠡᠯ ᠡᠷᠡᠮᠡᠯᠵᠡᠯ᠎ᠢ ᠠᠴᠢᠶᠠᠯᠠᠵᠤ ᠪᠠᠢᠳᠠᠭ᠃ ᠲᠤᠬᠠᠶ᠎ᠶ᠋ᠢᠨ ᠭᠠᠵᠠᠷ᠎ᠤᠨ ᠵᠠᠰᠠᠭ᠎ᠤᠨ ᠣᠷᠳᠣᠨ ᠬᠠᠨᠳᠤᠰᠢᠳᠤᠨᠢ ᠲᠣᠬᠢᠷᠠᠭᠤᠯᠤᠨ ᠵᠢᠯᠣᠭᠤᠳᠴᠤ᠌᠂ ᠲᠠᠷᠠᠬᠠᠶ ᠪᠤᠲᠠᠷᠬᠠᠶ ᠡᠵᠡᠨᠭᠨᠡᠵᠦ ᠪᠠᠢᠭᠰᠠᠨ ᠢ᠋ ᠬᠠᠮᠲᠤ ᠪᠡᠷ ᠬᠥᠭᠵᠢᠬᠦ ᠠᠵᠤ ᠦᠢᠯᠡᠰ᠎ᠤᠨ ᠨᠡᠢᠯᠡᠮᠡᠯ ᠬᠦᠴᠦᠨ ᠪᠣᠯᠭᠠᠨ ᠬᠤᠪᠢᠷᠠᠭᠤᠯᠵᠤ᠂ ᠨᠢᠭᠡ ᠲᠠᠯ᠎ᠠ᠎ᠪᠠᠷ ᠵᠢᠱ᠌ᠢᠶ᠎ᠡ ᠦᠵᠡᠭᠦᠯᠬᠦ᠌ ᠡᠷᠦᠬᠡ᠎ᠵᠢᠨ ᠠᠷᠭ᠎ᠠ ᠬᠡᠮᠵᠢᠶ᠎ᠠ ᠪᠠ ᠲᠤᠷᠰᠢᠯᠭ᠎ᠠ ᠪᠡᠷ ᠳᠠᠮᠵᠢᠭᠤᠯᠤᠨ᠂ ᠣᠯᠠᠨ ᠲᠦᠮᠡᠨ᠎ᠤ 《ᠬᠢᠬᠦ᠌ ᠵᠣᠷᠢᠭ ᠦᠭᠡᠢ ᠪᠠᠢᠬᠤ》 ᠡᠷᠡᠭᠡᠯᠵᠡᠭᠡ᠎ᠶ᠋ᠢ ᠠᠷᠢᠯᠭᠠᠵᠤ᠂ ᠨᠥᠭᠦᠭᠡ ᠲᠠᠯ᠎ᠠ᠎ᠪᠠᠷ ᠲᠥᠷᠥ᠎ᠶ᠋ᠢᠨ ᠪᠣᠳᠣᠯᠭ᠎ᠠ᠂ ᠮᠡᠷᠭᠡᠵᠢᠯ᠂ ᠲᠥᠬᠦᠭᠡᠷᠦᠮᠵᠢ ᠵᠡᠷᠭᠡ ᠲᠠᠯ᠎ᠡ᠎ᠠᠴᠠ ᠭᠠᠷᠳᠠᠵᠤ᠂ ᠰᠠᠨᠠᠭ᠎ᠠ ᠵᠣᠷᠢᠯᠲᠠ ᠨᠢᠭᠡᠲᠡᠢ ᠮᠠᠯᠴᠢᠨ ᠲᠠᠷᠢᠶᠠᠴᠢᠨ᠎ᠢ ᠵᠢᠯᠤᠭᠤᠤᠡᠴᠤ 《ᠶᠠᠭᠠᠬᠢᠵᠤ ᠬᠢᠬᠦ᠌》 ᠠᠩᠬᠠᠨ᠎ᠤ ᠠᠯᠬᠤᠮ᠎ᠢ ᠵᠣᠷᠢᠭᠲᠠᠢ ᠠᠯᠬᠤᠪᠠ᠃ ᠨᠢᠭᠡ ᠦᠬᠡᠷ᠎ᠠᠴᠠ ᠨᠢᠭᠡ ᠰᠦᠷᠦᠭ ᠦᠬᠡᠷ ᠬᠦᠷᠲᠡᠯ᠎ᠡ᠂ ᠨᠢᠭᠡ ᠲᠣᠭᠤᠭ᠎ᠠ᠎ᠠᠴᠠ ᠨᠢᠭᠡ ᠦᠢᠯᠡᠳᠪᠦᠷᠢ᠎ᠶ᠋ᠢᠨ ᠲᠠᠰᠤᠭ ᠬᠦᠷᠲᠡᠯ᠎ᠡ᠂ ᠤᠯᠠᠮᠡᠴᠠ ᠤᠯᠠᠨ ᠠᠢᠯ ᠡᠷᠦᠬᠡ ᠵᠢᠨ ᠬᠢᠨ ᠡᠪᠦᠭᠡ ᠳᠡᠭᠡᠳᠦᠰ ᠡᠴᠠ᠎ᠪᠠᠨ ᠤᠯᠠᠮᠵᠢᠯᠠᠵᠤ ᠥᠪᠯᠡᠭᠰᠡᠨ ᠤᠷ᠎ᠠ ᠮᠡᠷᠭᠡᠵᠢᠯ᠎ᠵᠢᠡᠷ ᠵᠢᠡᠨ ᠤᠷᠤᠯᠭ᠎ᠠ ᠪᠡᠨ ᠨᠡᠮᠡᠭᠳᠡᠭᠦᠯᠵᠦ ᠠᠮᠢᠳᠤᠷᠠᠯ ᠵᠢᠡᠨ ᠥᠭᠡᠳᠡᠯᠡᠭᠦᠯᠵᠦ ᠶᠠᠪᠤᠨ᠎ᠠ᠃
ᠪᠠᠶᠠᠨᠬᠤᠱᠢᠭᠤ ᠪᠠᠯᠭᠠᠰᠤᠨ᠎ᠤ ᠳᠥᠷᠪᠡᠨᠭᠡᠷ ᠲᠣᠰᠭᠤᠨ᠎ᠤ ᠶᠦᠩ ᠴᠧᠨ ᠭᠡᠷ ᠪᠦᠯᠢ᠎ᠶ᠋ᠢᠨ ᠮᠠᠯᠵᠢᠯ᠎ᠤᠨ ᠲᠠᠯᠠᠪᠠᠢ᠎ᠳᠤ᠂ ᠮᠸᠳ᠋ᠡᠭ ᠬᠤᠷᠤᠳ ᠬᠢᠵᠦ ᠥᠷᠥᠮ᠎ᠡ ᠬᠠᠲᠠᠭᠠᠨ᠂ ᠨᠥᠬᠦᠷ ᠨᠢ ᠵᠢᠶᠠᠩ ᠶᠦᠩ ᠴᠧᠨ ᠲᠦᠭᠦᠬᠡᠢ ᠰᠦᠪᠡᠨ ᠪᠦᠷᠢᠳᠬᠡᠨ ᠦᠵᠡᠵᠦ ᠪᠠᠢᠯ᠎ᠠ᠃ 《ᠴᠢᠨᠠᠷ ᠰᠠᠢᠨ ᠴᠠᠭᠠᠨ ᠢᠳᠡᠭᠡᠨ ᠪᠤᠯᠪᠠᠰᠤᠷᠠᠭᠤᠯᠬᠤ ᠳ᠋ᠤ ᠰᠠᠢᠨ ᠰᠦ ᠬᠡᠷᠡᠭᠰᠡᠬᠦ ᠪᠡᠷ ᠪᠠᠷᠠᠬᠤ ᠦᠭᠡᠢ᠂ ᠨᠠᠩ ᠴᠤ᠌ ᠰᠠᠢᠨ ᠤᠷ᠎ᠠ ᠮᠡᠷᠭᠡᠵᠢᠯ ᠳ᠋ᠤ ᠲᠦᠰᠢᠭᠯᠡᠨ᠎ᠡ ᠰᠢᠤ》 ᠭᠡᠵᠦ᠍ ᠮᠸᠳ᠋ᠡᠭ ᠨᠢᠭᠡ ᠲᠠᠯ᠎ᠠ᠎ᠪᠠᠷ ᠬᠤᠷᠤᠳᠵᠢᠡᠨ ᠬᠡᠪ ᠡᠴᠡ ᠨᠢ ᠭᠠᠷᠭᠠᠬᠤ᠎ᠶ᠋ᠢᠨ ᠳᠠᠭᠠᠤ᠄ 《ᠮᠢᠨᠦ᠍ ᠬᠠᠳᠠᠮ ᠡᠵᠢ ᠲᠤᠬᠠᠢ ᠵᠢᠨ ᠦᠶ᠎ᠡ ᠳ᠋ᠤ ᠢᠩᠭᠢᠵᠦ᠍ ᠬᠢᠵᠦ ᠪᠠᠢᠭᠰᠠᠨ ᠶᠤᠮ᠂ ᠢᠰᠭᠡᠬᠦ᠂ ᠪᠣᠯᠭᠤᠬᠤ ᠵᠡᠷᠭᠡ ᠠᠯᠬᠤᠮ ᠪᠦᠷᠢ ᠳ᠋ᠤ ᠨᠠᠷᠢᠨ ᠬᠢᠨᠠᠮᠠᠭᠠᠢ ᠬᠠᠨᠳᠤᠳᠠᠭ᠃ ᠣᠳᠣ ᠱᠢᠨ᠎ᠡ ᠲᠥᠬᠥᠭᠡᠷᠦᠮᠵᠢ ᠨᠡᠮᠡᠭᠰᠡᠨ ᠴᠤ᠌᠂ ᠬᠤᠷᠤᠳ ᠬᠢᠬᠦ ᠳ᠋ᠤ ᠬᠡᠳᠦᠢᠤᠳᠠᠭᠠ ᠨᠤᠬᠤᠯᠠᠵᠤ᠂ ᠬᠡᠳᠦᠢ ᠤᠳᠠᠭᠠᠨ ᠬᠠᠲᠠᠭᠠᠬᠤ ᠵᠢ ᠪᠢ ᠳᠣᠲᠣᠷ᠎ᠠ ᠪᠡᠨ ᠪᠠᠲᠤ ᠴᠡᠭᠡᠵᠢᠯᠡᠵᠦ ᠪᠠᠢᠳᠠᠭ᠃ ᠡᠮᠦᠨᠡᠬᠡᠨ ᠨᠢᠭᠡ ᠭᠠᠳᠠᠨ᠎ᠠ ᠣᠷᠣᠨ᠎ᠤ ᠬᠡᠷᠡᠭᠯᠡᠭᠴᠢ ᠮᠢᠨᠦ᠍ ᠬᠢᠭᠰᠡᠨ ᠥᠷᠥᠮ᠎ᠡ᠎ᠶ᠋ᠢ ᠠᠮᠲᠠᠯᠠᠭᠠᠳ ᠲᠤᠰᠬᠠᠢᠯᠠᠨ ᠤᠲᠠᠰᠤ ᠢᠷᠡᠭᠦᠯᠵᠦ ᠪᠠᠭ᠎ᠠ ᠳ᠋ᠠᠭᠠᠨ ᠢᠳᠡᠵᠦ ᠪᠠᠢᠭᠰᠠᠨ ᠥᠷᠥᠮ᠎ᠡ ᠵᠢᠨ ᠦᠨᠦᠷ ᠠᠮᠲᠠ ᠲᠠᠢ ᠡᠭᠡᠭᠡ ᠠᠳᠠᠯᠢ ᠪᠠᠢᠨ᠎ᠠ ᠬᠡᠵᠤ ᠪᠠᠢᠯ᠎ᠠ᠂ ᠲᠡᠷᠡ ᠬᠦ᠌ ᠮᠦᠴᠡᠡᠴᠨ ᠪᠢ ᠡᠨᠡ ᠬᠦ᠌ ᠤᠷ᠎ᠠ ᠮᠡᠷᠭᠡᠵᠢᠯ᠎ᠢ ᠤᠯᠠᠮᠵᠢᠯᠠᠨ ᠵᠠᠯᠭᠠᠮᠵᠢᠯᠠᠬᠤ ᠶᠣᠰᠣᠲᠠᠢ᠂ ᠬᠡᠴᠢᠨᠡᠨ ᠵᠦᠳᠡᠷᠡᠯᠲᠡᠢ ᠪᠠᠢᠭᠰᠠᠨ ᠴᠤ᠌ ᠪᠠᠷᠢᠮᠲᠠᠯᠠᠬᠤ ᠶᠣᠰᠣᠲᠠᠢ ᠭᠡᠵᠦ᠍ ᠪᠣᠳᠣᠳᠠᠭ ᠪᠣᠯᠵᠠᠢ》 ᠭᠡᠪᠡ᠃ ᠶᠠᠭ ᠡᠨᠡ ᠬᠦ᠌ ᠤᠯᠠᠮᠵᠢᠯᠠᠯᠲᠤ ᠤᠷ᠎ᠠ ᠮᠡᠷᠭᠡᠵᠢᠯ᠎ᠵᠢᠡᠨ ᠪᠠᠲᠤ ᠰᠠᠬᠢᠵᠤ ᠪᠠᠢᠭ᠎ᠠ ᠶᠠᠪᠤᠳᠠᠯ᠎ᠨᠢ ᠮᠸᠳ᠋ᠡᠭᠤᠨᠬᠢᠨᠤ ᠴᠠᠭᠠᠨ ᠢᠳᠡᠭᠡᠨ᠎ᠳᠤ ᠥᠪᠡᠷᠮᠢᠴᠡ 《ᠰᠦᠭ ᠰᠦᠨᠡᠰᠦ》 ᠣᠯᠭᠤᠵᠠᠢ᠃ ᠲᠥᠷᠥ᠎ᠶ᠋ᠢᠨ ᠪᠣᠳᠣᠯᠭ᠎ᠠ᠎ᠶ᠋ᠢᠨ ᠳᠡᠮᠵᠢᠯᠭᠡ ᠳᠣᠤᠷ᠎ᠠ ᠂ ᠲᠡᠳᠡ ᠬᠤᠶᠠᠭᠤᠯᠠ ᠲᠤᠰᠭᠠᠶ ᠵᠦᠢᠯ᠎ᠤᠨ ᠨᠥᠬᠦᠪᠥᠷᠢ ᠵᠢ ᠠᠮᠵᠢᠯᠲᠠ᠎ᠲᠠᠢ ᠭᠤᠶᠤᠴᠢᠯᠠᠵᠤ᠂ ᠣᠳᠣᠬᠢᠴᠢᠯᠠᠭ᠍ᠰᠠᠨ ᠲᠥᠬᠦᠭᠡᠷᠦᠮᠵᠢ ᠣᠷᠣᠭᠤᠯᠤᠨ ᠠᠪᠴᠢᠷᠠᠵᠤ᠂ 《ᠤᠯᠠᠮᠵᠢᠯᠠᠯᠲᠤ ᠤᠷ᠎ᠠ ᠮᠡᠷᠭᠡᠵᠢᠯ》 ᠳ᠋ᠤ 《ᠱᠢᠨ᠎ᠡ ᠵᠢᠭᠦᠷ》 ᠤᠷᠭᠤᠭᠤᠯᠤᠭᠰᠠᠨ ᠰᠢᠭ᠋ ᠪᠣᠯᠵᠠᠢ᠃ ᠡᠳᠦᠭᠡ᠂ ᠲᠡᠳᠡ ᠵᠢᠮᠢᠰ᠎ᠤᠨ ᠠᠮᠲᠠ ᠲᠠᠢ ᠥᠷᠥᠮ᠎ᠡ᠂ ᠱᠢᠬᠢᠷ ᠲᠠᠢ ᠬᠤᠷᠤᠳ ᠵᠡᠷᠭᠡ ᠱᠢᠨ᠎ᠡ ᠪᠦᠲᠦᠭᠡᠭ᠌ᠳᠡᠬᠦᠨ᠎ᠢ ᠲᠠᠰᠤᠷᠠᠯᠲᠠ ᠥᠬᠡᠶ ᠬᠢᠵᠤ᠂ ᠵᠢᠯ᠎ᠤᠨ ᠣᠷᠣᠯᠭ᠎ᠠ ᠨᠢ ᠠᠳᠠᠯ ᠦᠢᠯᠡᠰ ᠴᠣᠭ᠍ᠴᠠᠯᠠᠭ᠍ᠰᠠᠨ ᠠᠨᠭᠬᠠᠨ᠎ᠤ ᠬᠤᠭᠤᠴᠠᠭᠠᠨ ᠤ᠋ ᠬᠢ᠎ᠠᠴᠠ ᠪᠡᠨ 8 - 9 ᠲᠦᠮᠡᠨ ᠲᠥᠭᠦᠷᠢᠭ ᠨᠡᠮᠡᠭ᠌ᠳᠡᠵᠠᠢ᠃ ᠡᠭᠦᠨ᠎ᠤ ᠬᠠᠮᠲᠤ᠌᠂ ᠮᠸᠳᠡᠭ ᠨᠥᠬᠥᠷ ᠲᠠᠢ ᠪᠡᠨ ᠬᠤᠶᠠᠭᠤᠯᠠ ᠪᠠᠰᠠ ᠡᠷᠬᠢᠨ ᠲᠣᠭᠤᠷᠢᠨ᠎ᠤ ᠪᠠᠨ ᠣᠯᠠᠨ ᠰᠠᠭᠠᠯᠢᠴᠢᠳ᠎ᠲᠠᠢ ᠬᠠᠮᠲᠤᠷᠠᠯᠴᠠᠭᠠᠨ᠎ᠤ ᠬᠡᠷ᠎ᠠ ᠲᠣᠭ᠍ᠲᠠᠵᠤ᠂ 《ᠰᠦ᠎ᠶ᠋ᠢᠨ ᠢᠷᠡᠯᠲᠡ᠎ᠶ᠋ᠢᠨ ᠡᠷᠦᠬᠡ + ᠭᠡᠷ ᠪᠦᠯᠢ᠎ᠶ᠋ᠢᠨ ᠮᠠᠯᠵᠢᠯ᠎ᠤᠨ ᠲᠠᠯᠠᠪᠠᠢ + ᠴᠠᠭᠠᠨ ᠢᠳᠡᠭᠡᠨ᠎ᠤ ᠦᠢᠯᠡᠳᠪᠦᠷᠢ》 ᠵᠢᠨ ᠬᠤᠯᠪᠣᠭᠠᠯᠠᠨ ᠬᠥᠳᠡᠯᠦᠯᠴᠡᠬᠦ᠌ ᠵᠠᠭ᠍ᠪᠤᠷ᠎ᠢ ᠪᠠᠢᠭᠤᠯᠵᠤ ᠂ ᠡᠷᠬᠢᠨ ᠲᠣᠭᠤᠷᠢᠨ᠎ᠤ ᠮᠠᠯᠴᠢᠨ ᠡᠷᠦᠬᠡ᠎ᠶ᠋ᠢ ᠳᠠᠢᠴᠢᠯᠠᠨ ᠬᠠᠮᠲᠤ᠎ᠪᠠᠷ ᠣᠷᠣᠯᠭ᠎ᠠ᠎ᠪᠡᠨ ᠨᠡᠮᠡᠭ᠌ᠳᠡᠭᠦᠯᠪᠡ᠃
ᠪᠠᠭᠠᠷᠢᠨ ᠪᠠᠷᠠᠭᠤᠨ ᠬᠤᠱᠢᠭᠤ ᠰᠠᠭᠠᠯᠢ᠎ᠶ᠋ᠢᠨ ᠠᠵᠤ ᠦᠶ᠋ᠯᠡᠰ᠎ᠢ᠋ ᠬᠥᠳᠡᠭᠡ ᠲᠣᠰᠭᠤᠨ᠎ᠢ ᠬᠥᠭ᠌ᠵᠢᠭᠦᠯᠦᠨ ᠮᠠᠨᠳᠤᠭᠤᠯᠬᠤ᠎ᠶ᠋ᠢ ᠠᠬᠢᠭᠤᠯᠬᠤ᠂ ᠮᠠᠯᠴᠢᠨ ᠲᠠᠷᠢᠶᠠᠴᠢᠨ᠎ᠤ ᠣᠷᠣᠯᠭ᠎ᠠ᠎ᠶ᠋ᠢ ᠨᠡᠮᠡᠭ᠌ᠳᠡᠭᠦᠯᠬᠦ᠌᠎ᠶ᠋ᠢ ᠠᠬᠢᠭᠤᠯᠬᠤ ᠤᠨᠴᠠᠯᠢᠬ᠍ᠳᠤ ᠭᠤᠤᠯᠯᠠᠬᠤ ᠠᠵᠤ ᠦᠶ᠋ᠯᠡᠰ ᠪᠣᠯᠭᠠᠨ ᠠᠳᠭᠤᠬᠤ᠎ᠶ᠋ᠢ ᠪᠠᠷᠢᠮᠲᠠᠯᠠᠵᠤ᠂ ᠬᠡᠷ ᠪᠦᠯᠢ᠎ᠶ᠋ᠢᠨ ᠮᠠᠯᠵᠢᠯ᠎ᠤᠨ ᠲᠠᠯᠠᠪᠠᠶ᠎ᠶ᠋ᠢᠨ ᠡᠳ᠋ᠱᠢᠭᠦᠯᠬᠦ᠌ ᠦᠶ᠋ᠯᠡᠳᠪᠦᠷᠢ᠎ᠶ᠋ᠢᠨ ᠲᠠᠰᠤᠭ᠎ᠢ ᠲᠠᠰ ᠳᠡᠪᠱᠢᠭᠦᠯᠦᠨ ᠥᠭᠡᠷᠡᠴᠢᠯᠡᠬᠦ᠌᠎ᠶ᠋ᠢ ᠳᠡᠮᠵᠢᠵᠦ᠍᠂ ᠤᠶᠤᠨᠴᠢᠯᠠᠭ᠍ᠰᠠᠨ ᠲᠥᠬᠦᠭᠡᠷᠦᠮᠵᠢ ᠬᠡᠷᠡᠭᠰᠡᠯ ᠳᠣᠭᠢᠷᠠᠭᠤᠯᠬᠤ᠎ᠶ᠋ᠢᠨ ᠬᠠᠮᠲᠤ 《ᠲᠤᠰᠭᠠᠶ ᠮᠡᠷᠭᠡᠵᠢᠯᠲᠡᠨ ᠤ᠋ ᠪᠦᠯᠬᠦᠮ + ᠮᠡᠷᠭᠡᠵᠢᠯ᠎ᠤᠨ ᠠᠵᠢᠯᠲᠠᠨ + ᠣᠷᠣᠨ ᠨᠤᠲᠤᠭ᠎ᠤᠨ ᠴᠢᠳᠠᠪᠤᠷᠢᠲᠠᠨ》 ᠭᠡᠬᠦ᠌ ᠭᠤᠷᠪᠠᠨ ᠱᠠᠲᠤᠨ᠎ᠤ ᠦᠶ᠋ᠯᠡᠴᠢᠯᠡᠭᠡᠨ᠎ᠤ ᠱᠢᠰᠲ᠋ᠧᠮ᠎ᠢ ᠪᠠᠢᠭᠤᠯᠵᠤ᠂ ᠲᠡᠵᠢᠭᠡᠨ ᠦᠷᠡᠵᠢᠭᠦᠯᠬᠦ᠂ ᠡᠳ᠋ᠱᠢᠭᠦᠯᠦᠨ ᠪᠣᠯᠪᠠᠰᠤᠷᠠᠭᠤᠯᠬᠤ᠎ᠠᠴᠠ ᠪᠣᠷᠣᠯᠠᠭᠤᠯᠬᠤ ᠪᠥᠬᠦ᠌ ᠬᠡᠯᠬᠢᠶ᠎ᠡ᠎ᠳᠤ ᠬᠦᠷᠲᠡᠯ᠎ᠡ ᠨᠠᠷᠢᠯᠢᠭ ᠣᠨᠣᠪᠴᠢᠲᠠᠶ ᠵᠢᠭᠠᠨ ᠵᠢᠯᠣᠭᠤᠳᠴᠠᠢ᠃ ᠪᠠᠭ᠎ᠠ ᠮᠥᠷᠲᠡᠭᠡᠨ ᠨᠠᠷᠢᠯᠢᠭ᠂ ᠪᠠᠭ᠎ᠠ ᠮᠥᠷᠲᠡᠭᠡᠨ ᠱᠢᠯᠢᠳᠡᠭ ᠨᠢᠭᠡ ᠪᠦᠯᠦᠭ ᠭᠡᠷ ᠪᠦᠯᠢ᠎ᠶ᠋ᠢᠨ ᠮᠠᠯᠵᠢᠯ᠎ᠤᠨ ᠲᠠᠯᠠᠪᠠᠢ᠎ᠨᠢ ᠲᠥᠷᠥ᠎ᠶ᠋ᠢᠨ ᠪᠣᠳᠣᠯᠭ᠎ᠠ᠎ᠶ᠋ᠢᠨ ᠳᠡᠮᠵᠢᠯᠭᠡ ᠳᠣᠣᠷ᠎ᠠ ᠲᠦᠷᠭᠡᠨ᠎ᠢᠶᠠᠷ ᠬᠥᠭᠵᠢᠵᠦ᠂ ᠲᠠᠯ᠎ᠠ ᠨᠤᠲᠤᠭ᠎ᠤᠨ ᠰᠦ ᠰᠠᠭᠠᠯᠢ᠎ᠶ᠋ᠢᠨ ᠠᠵᠤ ᠦᠢᠯᠡᠰ᠎ᠢ ᠬᠥᠭ᠌ᠵᠢᠭᠦᠯᠦᠨ ᠮᠠᠨᠳᠤᠭᠤᠯᠬᠤ ᠬᠠᠮᠤᠭ᠎ᠤᠨ ᠬᠦᠭ᠌ᠵᠢᠶᠡᠨᠲᠡᠢ 《ᠡᠰ》 ᠪᠣᠯᠤᠭ᠍ᠰᠠᠨ ᠪᠠᠢᠨ᠎ᠠ᠃
ᠪᠠᠭᠠᠷᠢᠨ ᠪᠠᠷᠠᠭᠤᠨ ᠬᠤᠱᠢᠭᠤ ᠲᠥᠷᠥ᠎ᠶ᠋ᠢᠨ ᠪᠣᠳᠣᠯᠭ᠎ᠠ᠎ᠶ᠋ᠢᠨ ᠵᠢᠯᠣᠭᠤᠳᠣᠯᠭ᠎ᠠ ᠪᠠ ᠮᠡᠷᠭᠡᠵᠢᠯ᠎ᠤᠨ ᠲᠡᠮᠵᠢᠯᠬᠡ ᠶ᠋ᠢ ᠦᠷᠭᠦᠯᠵᠢᠯᠡᠨ ᠴᠢᠩᠭᠠᠳᠭᠠᠵᠤ᠂ ᠨᠠᠩ ᠣᠯᠠᠨ ᠮᠠᠯᠴᠢᠨ ᠲᠠᠷᠢᠶᠠᠴᠢᠨ᠎ᠢ ᠰᠠᠭᠠᠯᠢ᠎ᠶ᠋ᠢᠨ ᠠᠵᠤ ᠦᠶ᠋ᠯᠡᠰ᠎ᠤᠨ ᠳᠤᠮᠳᠠ ᠣᠷᠣᠨ ᠪᠠᠢᠷᠢ᠎ᠪᠠᠨ ᠣᠨᠣᠪᠴᠢᠲᠠᠶ ᠣᠯᠵᠤ᠂ ᠣᠷᠣᠯᠭ᠎ᠠ ᠪᠡᠨ ᠨᠡᠮᠡᠭᠳᠡᠭᠦᠯᠬᠦ ᠵᠢ ᠠᠬᠢᠭᠤᠯᠵᠤ᠂ 《ᠲᠠᠯ᠎ᠠ ᠨᠤᠲᠤᠭ᠎ᠤᠨ ᠰᠦ᠎ᠶ᠋ᠢᠨ ᠠᠩᠬᠢᠯᠤᠮ᠎ᠠ ᠦᠨᠦᠷ》 ᠢ᠋ ᠦᠨᠡᠨ ᠬᠦ᠌ ᠬᠥᠳᠡᠭᠡ ᠲᠣᠰᠭᠤᠨ᠎ᠢ ᠬᠥᠭ᠌ᠵᠢᠭᠦᠯᠦᠨ ᠮᠠᠨᠳᠤᠭᠤᠯᠬᠤ ᠨᠡᠷᠡᠲᠦ ᠲᠡᠮᠳᠡᠭᠲᠦ ᠪᠣᠯᠭᠠᠨ ᠬᠤᠪᠢᠷᠠᠭᠤᠯᠵᠤ ᠪᠤᠢ᠃