ᠳᠤᠮᠳᠠᠳᠤ ᠳ᠋ᠸᠨ᠋ᠮᠠᠷᠺ ᠎ᠤᠨ ᠰᠦ ᠵᠢᠨ ᠦᠢᠯᠡᠰ ᠎ᠦᠨ ᠦᠢᠯᠡᠳᠪᠦᠷᠢᠯᠡᠯ ᠎ᠤᠨ ᠦᠷᠬᠦᠯᠵᠢᠯᠡᠬᠦ ᠬᠦᠭᠵᠢᠯᠳᠡ ᠵᠢᠨ ᠬᠤᠳᠠᠯᠳᠤᠭᠠᠨ ᠎ᠤ ᠶᠠᠪᠤᠳᠠᠯ᠎ᠤᠨ ᠰᠣᠯᠢᠯᠴᠠᠭᠠᠨ᠎ᠤ ᠬᠤᠷᠠᠯ ᠬᠥᠬᠡᠬᠣᠲᠠ ᠎ᠳᠤ ᠶᠠᠪᠤᠭᠳᠠᠪᠠ
2026-05-29 10:08:02
ᠵᠣᠬᠢᠶᠠᠭ᠍ᠴᠢ᠄
ᠬᠤᠸᠠᠩ ᠹᠦ ᠰᠢᠸ᠋ ᠯᠢᠩ
ᠣᠩᠱᠢᠭ᠍ᠰᠠᠨ ᠣᠳᠠᠭ᠎ᠠ᠄
★★★☆☆

5 ᠰᠠᠷ᠎ᠠ᠎ᠶᠢᠨ 26᠎ᠤ᠋ ᠡᠳᠦᠷ᠂ ᠳᠤᠮᠳᠠᠳᠤ ᠳ᠋ᠸᠨ᠋ᠮᠠᠷᠺ᠎ᠤᠨ ᠦᠷᠭᠦᠯᠵᠢᠯᠡᠬᠦ ᠰᠦ ᠵᠢᠨ ᠦᠢᠯᠡᠰ᠎ᠦᠨ ᠦᠢᠯᠡᠳᠪᠦᠷᠢᠯᠡᠯ ᠎ᠤᠨ ᠬᠤᠳᠠᠯᠳᠤᠭᠠᠨ ᠎ᠤ ᠶᠠᠪᠤᠳᠠᠯ᠎ᠤᠨ ᠰᠣᠯᠢᠯᠴᠠᠭᠠᠨ᠎ᠤ ᠬᠤᠷᠠᠯ ᠬᠥᠬᠡᠬᠣᠲᠠ᠎ᠳᠤ ᠶᠠᠪᠤᠭᠳᠠᠪᠠ᠃

ᠳᠤᠮᠳᠠᠳᠤ ᠤᠯᠤᠰ᠎ᠲᠤ ᠰᠠᠭᠤᠭ᠎ᠠ ᠳ᠋ᠸᠨ᠋ᠮᠠᠷᠺ ᠸᠠᠩᠲᠤ ᠤᠯᠤᠰ᠎ᠤᠨ ᠡᠯᠴᠢᠨ ᠰᠠᠢᠳ᠎ᠤᠨ ᠶᠠᠮᠤᠨ ᠎ᠤ ᠠᠯᠪᠠᠨ ᠡᠯᠴᠢᠨ ᠎ᠦ ᠲᠤᠰᠢᠶᠠᠯᠳᠤ ᠵᠥᠪᠯᠡᠭᠴᠢ ᠺᠸᠶᠠ ᠠᠪᠠᠬᠠᠢ ᠳ᠋ᠸᠨ᠋ᠮᠠᠷᠺ᠎ᠤᠨ ᠰᠦ ᠵᠢᠨ ᠦᠢᠯᠡᠰ ᠵᠢᠴᠢ ᠢᠳᠡᠭᠡᠨ ᠎ᠦ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ 5 ᠬᠤᠰᠢᠭᠤᠴᠢ ᠠᠵᠤ ᠠᠬᠤᠢᠯᠠᠯ᠎ᠤᠨ ᠲᠥᠯᠥᠭᠡᠯᠡᠭᠴᠢᠳ ᠎ᠦᠨ ᠪᠦᠯᠬᠦᠮ ᠎ᠢ ᠳᠠᠭᠠᠭᠤᠯᠤᠨ ᠬᠥᠬᠡᠬᠣᠲᠠ᠎ᠳᠤ ᠠᠢᠯᠴᠢᠯᠠᠵᠤ᠂ ᠢᠯᠢ᠂ ᠮᠸᠩ ᠨᠢᠦ᠂ ᠰᠠᠢ ᠺᠸ ᠰᠢᠩ᠂ ᠱᠧᠩ ᠮᠦ᠍ ᠳᠡᠭᠡᠳᠦ ᠵᠡᠷᠭᠡ᠎ᠶᠢᠨ ᠰᠢᠨᠵᠢᠯᠡᠬᠦ ᠤᠬᠠᠭᠠᠨ᠂ ᠶᠢᠦ ᠷᠠᠨ ᠮᠠᠯ ᠠᠵᠤ ᠠᠬᠤᠢ ᠵᠡᠷᠭᠡ ᠥᠪᠥᠷ ᠮᠣᠩᠭᠣᠯ ᠎ᠤᠨ 20 ᠰᠢᠬᠠᠮ ᠰᠦ ᠵᠢᠨ ᠠᠵᠤ ᠦᠢᠯᠡᠰ ᠎ᠦᠨ ᠬᠡᠯᠬᠢᠶ᠎ᠡ ᠎ᠶᠢᠨ ᠲᠠᠭᠠᠭᠤᠯᠤᠭᠴᠢ ᠠᠵᠤ ᠠᠬᠤᠢᠯᠠᠯ᠎ᠤᠨ ᠲᠥᠯᠥᠭᠡᠯᠡᠭᠴᠢ᠎ᠲᠠᠢ ᠨᠢᠭᠡ ᠲᠠᠩᠬᠢᠮ᠎ᠳᠤ ᠴᠤᠭᠯᠠᠷᠠᠵᠤ᠂ ᠬᠣᠶᠠᠷ ᠲᠠᠯ᠎ᠠ᠎ᠪᠠᠷ᠎ᠢᠶᠠᠨ ᠪᠣᠬᠢᠷᠲᠤᠯ ᠦᠭᠡᠢ ᠪᠦᠲᠦᠭᠡᠭᠳᠡᠬᠦᠨ᠎ᠢ ᠡᠳ᠋ᠰᠢᠭᠦᠯᠬᠦ᠂ ᠣᠶᠤᠨᠴᠢ ᠰᠢᠯᠭᠠᠨ ᠪᠠᠢᠴᠠᠭᠠᠬᠤ ᠮᠡᠷᠭᠡᠵᠢᠯ᠂ ᠮᠠᠯᠵᠢᠯ᠎ᠤᠨ ᠲᠠᠯᠠᠪᠠᠢ᠎ᠶᠢᠨ ᠨᠠᠷᠢᠯᠢᠭ᠍ᠵᠢᠭᠤᠯᠤᠭᠰᠠᠨ ᠬᠠᠮᠢᠶᠠᠷᠤᠯᠲᠠ ᠵᠢᠴᠢ ᠴᠠᠭᠠᠨ ᠢᠳᠡᠭᠡᠨ᠎ᠦ ᠦᠨᠦᠷ ᠠᠮᠲᠠ᠎ᠶᠢᠨ ᠰᠢᠨ᠎ᠡ᠎ᠶᠢ ᠡᠭᠦᠳᠬᠦ ᠵᠡᠷᠭᠡ ᠵᠥᠪᠯᠡᠬᠦ ᠰᠡᠳᠦᠪ ᠎ᠦᠨ ᠲᠣᠭᠣᠷᠢᠨ᠎ᠳᠤ ᠭᠦᠨᠵᠡᠭᠡᠢ ᠵᠣᠯᠭᠠᠭᠤᠯᠵᠤ᠂ ᠳᠤᠮᠳᠠᠳᠤ ᠳ᠋ᠸᠨ᠋ᠮᠠᠷᠺ᠎ᠤᠨ ᠰᠦ ᠵᠢᠨ ᠦᠢᠯᠡᠰ ᠎ᠦᠨ ᠪᠣᠬᠢᠷᠲᠤᠯ ᠦᠭᠡᠢ ᠦᠷᠭᠦᠯᠵᠢᠯᠡᠬᠦ ᠬᠥᠭᠵᠢᠯᠲᠡ᠎ᠶᠢᠨ ᠶᠡᠬᠡ ᠪᠣᠳᠣᠯᠭ᠎ᠠ᠎ᠶᠢ ᠬᠠᠮᠲᠤ ᠪᠠᠷ ᠵᠥᠪᠳᠡᠯᠴᠡᠪᠡ᠃

ᠺᠸᠶᠠ ᠠᠪᠠᠬᠠᠢ ᠪᠠᠶᠠᠷ᠎ᠤᠨ ᠦᠭᠡ ᠬᠡᠯᠡᠬᠦ᠎ᠳᠡᠭᠡᠨ᠂ ᠳ᠋ᠸᠨ᠋ᠮᠠᠷᠺ᠎ᠤᠨ ᠰᠦ᠎ᠶᠢᠨ ᠦᠢᠯᠡᠰ᠎ᠦᠨ ᠭᠣᠣᠯᠯᠠᠬᠤ ᠥᠷᠢᠰᠦᠯᠳᠦᠬᠦ ᠬᠦᠴᠦᠨ ᠨᠢ ᠪᠦᠬᠦ ᠠᠵᠤ ᠦᠢᠯᠡᠰ᠎ᠦᠨ ᠬᠡᠯᠬᠢᠶ᠎ᠡ᠎ᠶᠢᠨ ᠪᠣᠬᠢᠷᠲᠤᠯ ᠦᠭᠡᠢ ᠲᠡᠢᠰᠢ ᠬᠡᠯᠪᠡᠷᠢ᠎ᠪᠠᠨ ᠬᠤᠪᠢᠷᠠᠭᠤᠯᠤᠭᠰᠠᠨ᠎ᠡᠴᠡ ᠢᠷᠡᠯᠲᠡ᠎ᠲᠠᠢ ᠶᠤᠮ᠃ ᠳ᠋ᠸᠨ᠋ᠮᠠᠷᠺ᠎ᠤᠨ ᠡᠨᠧᠷᠭᠢ᠎ᠶᠢᠨ ᠬᠣᠷᠣᠭᠳᠠᠯ᠎ᠪᠠᠭᠠᠳᠠᠢ ᠡᠳ᠋ᠰᠢᠭᠦᠯᠦᠯᠲᠡ᠂ ᠡᠷᠭᠢᠯᠳᠡᠳᠦ ᠲᠠᠷᠢᠶᠠᠯᠠᠩ ᠵᠢᠴᠢ ᠲᠣᠭᠠᠴᠢᠯᠠᠭᠰᠠᠨ ᠬᠠᠮᠢᠶᠠᠷᠤᠯᠲᠠ᠎ᠶᠢᠨ ᠲᠠᠯ᠎ᠠ᠎ᠶᠢᠨ ᠲᠡᠷᠢᠭᠦᠨ ᠎ᠦ ᠲᠤᠷᠰᠢᠯᠭ᠎ᠠ ᠪᠣᠯᠣᠨ ᠮᠡᠷᠭᠡᠵᠢᠯ᠎ᠦᠨ ᠰᠢᠰᠲᠧᠮ ᠨᠢ ᠳᠤᠮᠳᠠᠳᠤ ᠤᠯᠤᠰ ᠎ᠤᠨ ᠰᠦ ᠎ᠶᠢᠨ ᠦᠢᠯᠡᠰ ᠎ᠦᠨ ᠣᠳᠣᠬᠠᠨ᠎ᠤ ᠠᠬᠢᠭᠤᠯᠵᠤ ᠪᠠᠢᠭ᠎ᠠ ᠪᠦᠬᠦ ᠬᠡᠯᠬᠢᠶ᠎ᠡ᠎ᠶᠢᠨ ᠥᠪᠡᠷ᠎ᠦᠨ ᠦᠷᠳᠡᠭ ᠎ᠢ ᠠᠷᠪᠢᠯᠠᠨ ᠶᠠᠰᠤ ᠴᠢᠨᠠᠷ᠎ᠢ ᠳᠡᠭᠡᠭᠰᠢᠯᠡᠭᠦᠯᠵᠦ ᠦᠷ᠎ᠡ ᠠᠰᠢᠭ᠋᠎ᠢ ᠨᠡᠮᠡᠭᠳᠡᠭᠦᠯᠬᠦ ᠪᠠ ᠪᠣᠬᠢᠷᠲᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠬᠥᠭᠵᠢᠯᠲᠡ᠎ᠶᠢᠨ ᠴᠢᠭᠯᠡᠯ᠎ᠲᠠᠢ ᠳᠡᠭᠡᠳᠦ ᠬᠡᠮᠵᠢᠶ᠎ᠡ᠎ᠪᠡᠷ ᠵᠤᠬᠢᠴᠠᠵᠤ ᠪᠠᠢᠨ᠎ᠠ᠂ ᠳ᠋ᠸᠨ᠋ᠮᠠᠷᠺ᠎ᠤᠨ ᠪᠣᠯᠪᠠᠰᠤᠷᠠᠩᠭᠤᠢ ᠪᠣᠯᠤᠭᠰᠠᠨ ᠪᠣᠬᠢᠷᠲᠤᠯ ᠦᠭᠡᠢ ᠮᠡᠷᠭᠡᠵᠢᠯ᠎ᠦᠨ ᠲᠥᠰᠥᠯ᠎ᠢ ᠬᠥᠬᠡᠬᠣᠲᠠ᠎ᠶᠢᠨ ᠡᠯᠪᠡᠭ ᠪᠠᠶᠠᠯᠢᠭ᠋ ᠠᠵᠤ ᠦᠢᠯᠡᠰ᠎ᠦᠨ ᠬᠡᠷᠡᠭᠯᠡᠯᠲᠡ ᠵᠢᠨ ᠠᠬᠤᠢ ᠪᠠᠢᠳᠠᠯ᠎ᠲᠠᠢ ᠨᠢᠭ᠍ᠲᠠ ᠤᠶᠠᠯᠳᠤᠭᠤᠯᠵᠤ᠂ ᠬᠠᠷᠢᠯᠴᠠᠨ ᠠᠰᠢᠭ᠍ᠲᠠᠢ ᠬᠠᠮᠲᠤ ᠪᠠᠷ ᠠᠰᠢᠭ᠋ ᠬᠦᠷᠳᠡᠬᠦ᠎ᠶᠢ ᠪᠡᠶᠡᠯᠡᠭᠦᠯᠬᠦ᠎ᠶᠢ ᠬᠦᠰᠡᠵᠦ ᠪᠠᠢᠨ᠎ᠠ ᠭᠡᠵᠤ ᠢᠯᠡᠳᠭᠡᠪᠡ᠃

ᠬᠤᠷᠠᠯ ᠳᠡᠭᠡᠷ᠎ᠡ᠂ ᠳ᠋ᠸᠨ᠋ᠮᠠᠷᠺ ᠎ᠤᠨ ᠲᠠᠷᠢᠶᠠᠯᠠᠩ ᠪᠣᠯᠣᠨ ᠢᠳᠡᠭᠡᠨ᠎ᠦ ᠵᠦᠢᠯᠡᠰ᠎ᠤᠨ ᠵᠥᠪᠯᠡᠯ᠎ᠦᠨ ᠳᠡᠭᠡᠳᠦ ᠵᠡᠷᠭᠡ᠎ᠶᠢᠨ ᠵᠥᠪᠯᠡᠭᠴᠢ ᠮᠠ ᠭᠦᠸᠧ ᠬᠣᠩ ᠳ᠋ᠸᠨ᠋ᠮᠠᠷᠺ᠎ᠤᠨ ᠰᠦ᠎ᠶᠢᠨ ᠦᠢᠯᠡᠰ᠎ᠦᠨ ᠳᠡᠯᠡᠬᠡᠢ᠎ᠶᠢᠨ ᠲᠡᠷᠢᠭᠦᠨ ᠎ᠦ ᠦᠢᠯᠡᠳᠦᠯᠭᠡ ᠎ᠶᠢ ᠰᠢᠰᠲᠧᠮ᠎ᠲᠠᠢ ᠲᠠᠨᠢᠯᠴᠠᠭᠤᠯᠪᠠ᠃ ᠳᠠᠷᠠᠭ᠎ᠠ᠎ᠨᠢ᠂ ᠹᠣᠰ ᠵᠡᠷᠭᠡ ᠳ᠋ᠸᠨ᠋ᠮᠠᠷᠺ ᠤ᠋ᠨ 5 ᠠᠵᠤ ᠠᠬᠤᠢᠯᠠᠯ᠎ᠤᠨ ᠲᠥᠯᠥᠭᠡᠯᠡᠭᠴᠢ ᠰᠦᠯᠵᠢᠶᠡᠨ ᠳᠡᠭᠡᠷᠡᠬᠢ ᠵᠠᠳᠠᠯᠤᠯᠲᠠ ᠬᠡᠮᠵᠢᠯᠲᠡ᠂ ᠴᠠᠭᠠᠨ ᠢᠳᠡᠭᠡᠨ᠎ᠦ  ᠮᠡᠷᠭᠡᠰᠢᠯ ᠲᠣᠨᠣᠭᠯᠠᠯ ᠵᠢᠴᠢ ᠴᠢᠳᠠᠮᠵᠢ᠎ᠶᠢᠨ ᠴᠢᠨᠠᠷᠲᠠᠢ ᠰᠦ ᠵᠢᠨ ᠲᠦᠭᠦᠬᠡᠢ ᠮᠠᠲᠧᠷᠢᠶᠠᠯ ᠵᠡᠷᠭᠡ ᠬᠦᠷᠢᠶᠡᠨ᠎ᠳᠡᠬᠢ ᠤᠷᠤᠢᠯᠠᠭᠰᠠᠨ ᠮᠡᠷᠭᠡᠵᠢᠯ ᠵᠢᠡᠨ ᠲᠠᠰ ᠳᠠᠷᠠᠭᠠᠯᠠᠨ ᠳᠡᠯᠭᠡᠨ ᠦᠵᠡᠭᠦᠯᠪᠡ᠃ ᠢᠯᠢ᠂ ᠮᠸᠩ ᠨᠢᠦ ᠵᠢᠴᠢ ᠰᠠᠢ ᠺᠸ ᠰᠢᠩ᠂ ᠮᠸᠩ ᠼᠤᠤ ᠵᠡᠷᠭᠡ ᠥᠪᠥᠷ ᠮᠣᠩᠭᠣᠯ᠎ᠤᠨ ᠲᠠᠭᠠᠭᠤᠯᠤᠭᠴᠢ ᠠᠵᠤ ᠠᠬᠤᠢᠯᠠᠯ᠎ᠤᠨ ᠲᠥᠯᠥᠭᠡᠯᠡᠭᠴᠢ  ᠦᠭᠡ ᠬᠡᠯᠡᠵᠤ᠂ ᠣᠷᠣᠨ ᠎ᠤ ᠲᠥᠪ᠎ᠦᠨ ᠰᠦ᠎ᠶᠢᠨ ᠦᠢᠯᠡᠰ᠎ᠦᠨ ᠣᠶᠤᠨᠴᠢ ᠦᠢᠯᠡᠳᠬᠡᠯ᠂ ᠰᠠᠢᠨ ᠡᠭᠦᠯᠳᠡᠷ᠎ᠢ ᠦᠷᠡᠵᠢᠭᠦᠯᠦᠨ ᠪᠣᠢᠵᠢᠭᠤᠯᠬᠤ ᠵᠢᠴᠢ ᠠᠮᠢ ᠠᠬᠤᠢ᠎ᠶᠢ ᠰᠡᠷᠭᠦᠭᠡᠬᠦ ᠵᠡᠷᠭᠡ ᠬᠦᠷᠢᠶᠡᠨ᠎ᠳᠡᠬᠢ ᠰᠢᠨ᠎ᠡ᠎ᠶᠢ ᠡᠭᠦᠳᠬᠦ ᠪᠣᠳᠠᠲᠤ ᠬᠦᠴᠦᠨ ᠪᠣᠯᠣᠨ ᠨᠡᠭᠡᠭᠡᠯᠲᠡᠲᠤ  ᠪᠠᠢᠳᠠᠯ᠎ᠢ ᠪᠦᠬᠦ ᠲᠠᠯ᠎ᠠ᠎ᠪᠠᠷ ᠳᠡᠯᠭᠡᠨ ᠦᠵᠡᠭᠦᠯᠪᠡ᠃

ᠬᠥᠬᠡᠬᠣᠲᠠ᠎ᠶᠢᠨ ᠭᠠᠳᠠᠭᠠᠳᠤ ᠶᠠᠪᠤᠳᠠᠯ᠎ᠤᠨ ᠠᠯᠪᠠᠨ ᠭᠡᠷ᠂ ᠲᠠᠷᠢᠶᠠᠯᠠᠩ ᠮᠠᠯ ᠠᠵᠤ ᠠᠬᠤᠢ᠎ᠶᠢᠨ ᠲᠣᠪᠴᠢᠶ᠎ᠠ᠎ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ᠂ ᠡᠨᠡ ᠵᠢᠯ ᠳᠤᠮᠳᠠᠳᠤ ᠤᠯᠤᠰ(ᠥᠪᠥᠷ ᠮᠣᠩᠭᠣᠯ) ᠤ᠋ᠨ ᠴᠢᠯᠦᠭᠡᠲᠦ ᠠᠷᠠᠯᠵᠢᠶᠠᠨ᠎ᠤ ᠲᠤᠷᠰᠢᠯᠲᠠ᠎ᠶᠢᠨ ᠣᠷᠣᠨ ᠵᠢᠩᠬᠢᠨᠢ᠎ᠪᠡᠷ ᠵᠥᠪᠰᠢᠶᠡᠷᠡᠭᠳᠡᠭᠰᠡᠨ᠎ᠦ ᠳᠠᠷᠠᠭ᠎ᠠ᠂ ᠭᠣᠣᠯᠯᠠᠬᠤ ᠬᠡᠰᠡᠭ ᠪᠣᠯᠤᠭᠰᠠᠨ 《ᠳᠤᠮᠳᠠᠳᠤ ᠤᠯᠤᠰ᠎ᠤᠨ ᠰᠦ ᠵᠢᠨ ᠬᠣᠲᠠ》 ᠬᠥᠬᠡᠬᠣᠲᠠ ᠨᠢ ᠣᠲᠣ᠌ ᠶᠠᠭ ᠰᠦ ᠵᠢᠨ ᠦᠢᠯᠡᠰ ᠵᠡᠷᠭᠡ ᠳᠠᠪᠠᠭᠤᠯᠢᠭ᠋ ᠠᠵᠤ ᠦᠢᠯᠡᠰ᠎ᠦᠨ ᠥᠨᠳᠥᠷ ᠲᠦᠪᠰᠢᠨ᠎ᠢᠶᠡᠷ ᠭᠠᠳᠠᠭ᠍ᠰᠢ ᠨᠡᠭᠡᠭᠡᠯᠲᠡ ᠬᠢᠬᠦ᠎ᠶᠢ ᠪᠥᠬᠥ ᠬᠦᠴᠦᠨ᠎ᠢᠶᠡᠷ᠎ᠢᠶᠡᠨ ᠠᠬᠢᠭᠤᠯᠵᠤ᠂ ᠮᠢᠩᠭᠠᠨ ᠳ᠋ᠦᠩᠰᠢᠭᠤᠷ ᠲᠠᠰ᠎ᠤᠨ ᠰᠦ ᠵᠢᠨ ᠠᠵᠤ ᠦᠢᠯᠡᠰ᠎ᠦᠨ ᠪᠦᠯᠦᠭᠵᠢᠯ ᠨᠢ ᠴᠢᠯᠦᠭᠡᠲᠦ ᠠᠷᠠᠯᠵᠢᠶᠠᠨ᠎ᠤ ᠲᠤᠷᠰᠢᠯᠲᠠ᠎ᠶᠢᠨ ᠣᠷᠣᠨ᠎ᠤ ᠲᠥᠷᠥ᠎ᠶᠢᠨ ᠪᠣᠳᠣᠯᠭ᠎ᠠ᠎ᠶᠢ ᠠᠰᠢᠭ᠍ᠯᠠᠵᠤ᠂ 《ᠳᠡᠯᠡᠬᠡᠢ᠎ᠶᠢᠨ ᠰᠦ ᠵᠢᠨ ᠬᠣᠲᠠ》 ᠳᠠᠢᠰᠢ ᠲᠦᠷᠭᠡᠨ ᠤᠷᠤᠭᠰᠢᠯᠠᠵᠤ ᠪᠠᠢᠨ᠎ᠠ᠃ ᠲᠤᠰ ᠤᠳᠠᠭ᠎ᠠ᠎ᠶᠢᠨ ᠰᠣᠯᠢᠯᠴᠠᠭᠠᠨ ᠎ᠤ ᠬᠤᠷᠠᠯ᠎ᠢᠶᠠᠷ ᠠᠵᠠ ᠲᠣᠬᠢᠶᠠᠯ ᠪᠣᠯᠭᠠᠵᠤ᠂ ᠬᠣᠶᠠᠷ ᠲᠠᠯ᠎ᠠ᠎ᠶᠢᠨ ᠬᠠᠮᠲᠤᠷᠠᠯᠴᠠᠭ᠎ᠠ ᠎ᠶᠢ ᠮᠡᠷᠭᠡᠵᠢᠯ ᠎ᠦᠨ ᠶᠠᠷᠢᠯᠴᠠᠭ᠎ᠠ ᠎ᠡᠴᠡ ᠲᠦᠷᠦᠯ ᠵᠦᠢᠯ᠎ᠢ ᠨᠠᠢᠳᠠᠪᠤᠷᠢᠵᠢᠭᠤᠯᠬᠤ᠎ᠲᠡᠢᠰᠢ ᠠᠬᠢᠭᠤᠯᠵᠤ᠂ ᠣᠷᠣᠨ ᠪᠦᠰᠡ᠎ᠶᠢᠨ ᠰᠦ᠎ᠶᠢᠨ ᠦᠢᠯᠡᠰ᠎ᠦᠨ ᠴᠢᠨᠠᠷ ᠰᠠᠢᠲᠠᠢ ᠬᠥᠭᠵᠢᠯᠲᠡ ᠎ᠳᠦ ᠰᠢᠨ᠎ᠡ ᠬᠥᠳᠡᠯᠭᠡᠬᠦ ᠬᠦᠴᠦᠨ ᠨᠡᠮᠡᠷᠢᠯᠡᠬᠦ᠎ᠶᠢ ᠬᠦᠰᠡᠵᠦ ᠪᠠᠢᠨ᠎ᠠ ᠭᠡᠵᠦ ᠢᠯᠡᠳᠬᠡᠪᠡ᠃

ᠬᠤᠷᠠᠯ ᠎ᠤᠨ ᠳᠠᠷᠠᠭ᠎ᠠ᠂ ᠳ᠋ᠸᠨ᠋ᠮᠠᠷᠺ ᠎ᠤᠨ ᠲᠥᠯᠥᠭᠡᠯᠡᠭᠴᠢᠳ᠎ᠦᠨ ᠪᠦᠯᠬᠦᠮ ᠪᠠᠰᠠ ᠬᠥᠬᠡᠬᠣᠲᠠ᠎ᠶᠢᠨ ᠬᠡᠰᠡᠭ ᠲᠠᠭᠠᠭᠤᠯᠤᠭᠴᠢ ᠰᠦ ᠎ᠶᠢᠨ ᠠᠵᠤ ᠠᠬᠤᠢᠯᠠᠯ᠎ᠢ ᠲᠤᠬᠠᠢ᠎ᠶᠢᠨ ᠭᠠᠵᠠᠷ ᠲᠤᠨᠢ ᠰᠢᠨᠵᠢᠯᠡᠨ ᠪᠠᠢᠴᠠᠭᠠᠵᠤ᠂ ᠬᠤᠷᠠᠯ ᠎ᠤᠨ ᠲᠠᠯᠠᠪᠠᠶ ᠎ᠶᠢᠨ ᠬᠠᠮᠲᠤ᠎ᠶᠢᠨ ᠲᠠᠨᠢᠯᠲᠠ᠎ᠶᠢ ᠦᠢᠯᠡᠳᠪᠦᠷᠢᠯᠡᠯ᠎ᠦᠨ ᠡᠮᠦᠨ᠎ᠡ ᠹᠷᠣᠨᠲ ᠬᠦᠷᠲᠡᠯ᠎ᠡ ᠥᠷᠭᠡᠳᠬᠡᠵᠦ᠂ ᠪᠣᠬᠢᠷᠲᠤᠯ ᠦᠭᠡᠢ᠎ᠲᠡᠢᠰᠢ ᠬᠡᠯᠪᠡᠷᠢ᠎ᠪᠡᠨ ᠬᠤᠪᠢᠷᠠᠭᠤᠯᠬᠤ᠂ ᠣᠶᠤᠨᠴᠢ ᠦᠢᠯᠡᠳᠬᠡᠯ ᠵᠡᠷᠭᠡ ᠵᠠᠩᠭᠢᠯᠠᠭ᠎ᠠ᠎ᠶᠢᠨ ᠬᠦᠷᠢᠶᠡᠨ᠎ᠦ ᠲᠣᠭᠣᠷᠢᠨ᠎ᠳᠤ ᠲᠥᠷᠥᠯ ᠵᠦᠢᠯ᠎ᠦᠨ ᠬᠠᠮᠲᠤᠷᠠᠯᠴᠠᠭ᠎ᠠ᠎ᠪᠠᠨ ᠭᠦᠨᠵᠡᠭᠡᠢᠷᠡᠭᠦᠯᠵᠦ᠂ ᠶᠠᠷᠢᠯᠴᠠᠭᠠᠨ᠎ᠤ ᠦᠷ᠎ᠡ ᠪᠦᠲᠦᠭᠡᠯ᠎ᠢ ᠠᠯᠢ ᠲᠦᠷᠭᠡᠨ᠎ᠢᠶᠡᠷ ᠨᠠᠢᠳᠠᠪᠤᠷᠢᠵᠢᠭᠤᠯᠵᠤ ᠪᠣᠯᠬᠤ ᠲᠤᠷᠰᠢᠯᠲᠠ᠎ᠶᠢᠨ ᠲᠥᠷᠥᠯ ᠵᠦᠢᠯ ᠪᠣᠯᠭᠠᠨ ᠤᠨᠳᠤᠤᠰᠢᠭᠤᠯᠬᠤ᠎ᠶᠢ ᠠᠬᠢᠭᠤᠯᠬᠤ ᠪᠤᠯᠤᠨ᠎ᠠ᠃

ᠣᠷᠴᠢᠭᠤᠯᠤᠭ᠍ᠴᠢ᠄ᠰᠠᠢᠨ᠎ᠠ
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号