ᠮᠠᠨ᠎ᠤ ᠣᠷᠣᠨ᠎ᠤ ᠬᠢᠯᠢ᠎ᠶ᠋ᠢᠨ ᠪᠡᠬᠢᠯᠡᠯᠲᠡ ᠡᠷᠦᠬᠡ᠎ᠶ᠋ᠢᠨ ᠬᠢᠯᠢ ᠬᠢᠵᠠᠭᠠᠷ᠎ᠢ ᠲᠣᠭ᠍ᠲᠠᠪᠤᠷᠢᠵᠢᠭᠤᠯᠵᠤ ᠬᠢᠯᠢ ᠬᠢᠵᠠᠭᠠᠷ᠎ᠢ ᠪᠡᠬᠢᠵᠢᠭᠦᠯᠬᠦ᠌ ᠦᠷ᠎ᠡ ᠪᠦᠲᠦᠮᠵᠢ᠎ᠶ᠋ᠢ ᠳᠡᠭᠡᠭ᠌ᠰᠢᠯᠡᠭᠦᠯᠬᠦ᠌᠎ᠳᠦ ᠠᠩᠬᠠᠷᠤᠯ᠎ᠢᠶᠠᠨ ᠲᠥᠪᠯᠡᠷᠡᠭᠦᠯᠵᠦ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶ᠋ᠢᠨ ᠵᠥᠪᠯᠡᠯᠭᠡᠨ ᠲᠤᠰᠭᠠᠶ ᠰᠡᠳᠦᠪᠲᠦ ᠵᠥᠪᠯᠡᠬᠦ᠌ ᠬᠤᠷᠠᠯ ᠬᠤᠷᠠᠯᠳᠤᠭᠤᠯᠪᠠ
2026-05-29 09:43:58
ᠵᠣᠬᠢᠶᠠᠭ᠍ᠴᠢ᠄
ᠪᠠᠢ ᠳ᠋ᠠᠨ
ᠣᠩᠱᠢᠭ᠍ᠰᠠᠨ ᠣᠳᠠᠭ᠎ᠠ᠄
★★★☆☆

ᠵᠠᠩ ᠶᠠᠨ ᠺᠦᠨ ᠶᠠᠷᠢᠶ᠎ᠠ ᠲᠠᠯᠪᠢᠪᠠ


5 ᠰᠠᠷ᠎ᠠ᠎ᠶ᠋ᠢᠨ 28 ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠤᠯᠤᠰ ᠲᠦᠷᠦ᠍᠎ᠶ᠋ᠢᠨ ᠵᠥᠪᠯᠡᠯᠭᠡᠨ 《ᠮᠠᠨ᠎ᠤ ᠣᠷᠣᠨ᠎ᠤ ᠬᠢᠯᠢ᠎ᠶ᠋ᠢᠨ ᠪᠡᠬᠢᠯᠡᠯᠲᠡ ᠡᠷᠦᠭᠡ᠎ᠶ᠋ᠢᠨ ᠬᠢᠯᠢ ᠬᠢᠵᠠᠭᠠᠷ᠎ᠢ ᠲᠣᠭ᠍ᠲᠠᠪᠤᠷᠢᠵᠢᠭᠤᠯᠵᠤ ᠬᠢᠯᠢ ᠬᠢᠵᠠᠭᠠᠷ᠎ᠢ ᠪᠡᠬᠢᠵᠢᠭᠦᠯᠬᠦ᠌ ᠦᠷ᠎ᠡ ᠪᠦᠲᠦᠮᠵᠢ᠎ᠶ᠋ᠢ ᠳᠡᠭᠡᠭ᠌ᠰᠢᠯᠡᠭᠦᠯᠵᠦ ᠡᠬᠡ ᠤᠯᠤᠰ᠎ᠤᠨ ᠤᠮᠠᠷᠠᠲᠤ ᠵᠢᠨ ᠠᠮᠤᠷ ᠲᠦᠪᠰᠢᠨ ᠲᠤᠭᠲᠠᠭᠤᠨ᠎ᠤ ᠬᠠᠯᠬᠠᠪᠴᠢ ᠵᠢ ᠪᠠᠲᠤ ᠴᠤᠭᠴᠠᠯᠠᠬᠤ》 ᠲᠤᠰᠭᠠᠢ ᠰᠡᠳᠦᠪᠲᠦ ᠵᠥᠪᠯᠡᠬᠦ᠌ ᠬᠤᠷᠠᠯ ᠬᠤᠷᠠᠯᠳᠤᠭᠤᠯᠪᠠ᠃

ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶ᠋ᠢᠨ ᠵᠥᠪᠯᠡᠯᠭᠡᠨ᠎ᠦ ᠲᠡᠷᠢᠭᠦᠯᠡᠭ᠌ᠴᠢ ᠵᠠᠩ ᠶᠠᠨ ᠺᠦᠨ ᠶᠠᠷᠢᠶ᠎ᠠ ᠲᠠᠯᠪᠢᠵᠤ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠳᠡᠳ᠋ ᠲᠡᠷᠢᠭᠦᠯᠡᠭ᠌ᠴᠢ ᠵᠧᠩ ᠭᠤᠸᠠᠩ ᠵᠣᠣ ᠪᠠᠢᠳᠠᠯ᠎ᠢ ᠮᠡᠳᠡᠭ᠌ᠳᠡᠵᠦ᠍᠂ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶ᠋ᠢᠨ ᠵᠥᠪᠯᠡᠯᠭᠡᠨ᠎ᠦ ᠳᠡᠳ᠋ ᠲᠡᠷᠢᠭᠦᠯᠡᠭ᠌ᠴᠢ᠎ᠶ᠋ᠢᠨ ᠵᠤᠸᠠᠩ ᠬᠤᠷᠠᠯ᠎ᠢ ᠡᠷᠭᠢᠯᠡᠵᠦ᠍᠂ ᠨᠠᠷᠢᠨ ᠪᠢᠴᠢᠭ᠎ᠦᠨ ᠳᠠᠷᠤᠭ᠎ᠠ ᠶᠠᠩ ᠯᠢ ᠮᠢᠨ ᠬᠤᠷᠠᠯ᠎ᠳᠤ ᠣᠷᠣᠯᠴᠠᠵᠠᠶ᠃

ᠬᠤᠷᠠᠯ ᠳᠡᠭᠡᠷ᠎ᠡ᠂ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶ᠋ᠢᠨ ᠵᠥᠪᠯᠡᠯᠭᠡᠨ᠎ᠦ ᠨᠡᠢᠭᠡᠮ ᠪᠠ ᠬᠠᠤᠯᠢ ᠲᠦᠷᠢᠮ᠎ᠦᠨ ᠵᠥᠪᠯᠡᠯ᠎ᠦᠨ ᠬᠠᠷᠢᠭᠤᠴᠠᠯᠭᠠᠲᠠᠨ ᠨᠥᠬᠥᠳ ᠪᠠᠢᠴᠠᠭᠠᠨ ᠰᠤᠳᠤᠯᠤᠯᠲᠠ ᠬᠢᠭ᠌ᠰᠡᠨ ᠪᠠᠢᠳᠠᠯ᠎ᠤᠨ ᠲᠣᠳᠣᠷᠬᠠᠢᠯᠠᠯᠲᠠ ᠬᠢᠵᠦ᠍᠂ ᠥᠪᠡᠷᠲᠡᠭᠡᠨ ᠵᠠᠰᠠᠬᠤ ᠣᠷᠣᠨ᠎ᠤ ᠬᠥᠭ᠌ᠵᠢᠭᠦᠯᠦᠯᠲᠡ ᠪᠠ ᠥᠭᠡᠷᠡᠴᠢᠯᠡᠯᠲᠡ᠎ᠶ᠋ᠢᠨ ᠵᠥᠪᠯᠡᠯ᠂ ᠬᠥᠮᠦᠨ᠎ᠦ ᠬᠦᠴᠦᠨ᠎ᠦ ᠡᠬᠢ ᠪᠠᠶᠠᠯᠢᠭ ᠪᠠ ᠨᠡᠢᠭᠡᠮ᠎ᠦᠨ ᠪᠠᠲᠤᠯᠠᠭ᠎ᠠ᠎ᠶ᠋ᠢᠨ ᠲᠢᠩᠬᠢᠮ᠂ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠭᠣᠨ ᠮᠠᠯᠵᠢᠬᠤ ᠣᠷᠣᠨ᠎ᠤ ᠲᠢᠩᠬᠢᠮ ᠪᠣᠯᠤᠨ ᠬᠢᠯᠢ᠎ᠶ᠋ᠢᠨ ᠬᠠᠮᠢᠶᠠᠷᠤᠯᠲᠠ᠎ᠶ᠋ᠢᠨ ᠬᠣᠯᠪᠣᠭ᠍ᠳᠠᠯ ᠪᠥᠬᠥᠶ ᠨᠢᠭᠡᠴᠢ ᠵᠢᠴᠢ ᠬᠢᠯᠢ᠎ᠶ᠋ᠢᠨ ᠪᠡᠬᠢᠯᠡᠯᠲᠡ ᠡᠷᠦᠬᠡ᠂ ᠬᠢᠯᠢ ᠬᠠᠮᠠᠭᠠᠯᠠᠭ᠍ᠴᠢ᠎ᠶ᠋ᠢᠨ ᠲᠥᠯᠥᠭᠡᠯᠡᠭ᠌ᠴᠢ ᠰᠠᠨᠠᠯ᠎ᠢᠶᠠᠨ ᠰᠣᠯᠢᠯᠴᠠᠬᠤ ᠦᠭᠡ ᠬᠡᠯᠡᠬᠦ᠎ᠶ᠋ᠢᠨ ᠬᠠᠮᠲᠤ ᠬᠠᠷᠢᠯᠴᠠᠨ ᠵᠥᠪᠯᠡᠯᠭᠡ ᠬᠢᠪᠠ᠃

ᠬᠤᠷᠠᠯ᠎ᠡᠴᠡ᠂ ᠲᠦᠷᠦ᠍᠎ᠶ᠋ᠢᠨ ᠪᠤᠳᠤᠯᠭ᠎ᠠ᠎ᠶ᠋ᠢᠨ ᠨᠠᠢᠳᠠᠪᠤᠷᠢᠵᠢᠭᠤᠯᠤᠯᠲᠠ᠎ᠶ᠋ᠢ ᠴᠢᠩᠭ᠎ᠠ ᠠᠩᠬᠠᠷᠴᠤ᠌ ᠬᠢᠯᠢ ᠬᠢᠵᠠᠭᠠᠷ᠎ᠢ ᠪᠡᠬᠢᠵᠢᠭᠦᠯᠬᠦ᠌ ᠦᠨᠳᠦᠰᠦ ᠰᠠᠭᠤᠷᠢ᠎ᠶ᠋ᠢ ᠪᠡᠬᠢᠵᠢᠭᠦᠯᠵᠦ᠍᠂ ᠤᠨᠴᠠᠯᠢᠬ᠍ᠳᠤ ᠠᠵᠤ ᠦᠢᠯᠡᠰ᠎ᠲᠦ ᠬᠦᠴᠦ᠍᠎ᠪᠡᠨ ᠲᠥᠪᠯᠡᠷᠡᠭᠦᠯᠦᠨ ᠬᠢᠯᠢ ᠬᠢᠵᠠᠭᠠᠷ᠎ᠢ ᠬᠥᠭ᠌ᠵᠢᠭᠦᠯᠦᠨ ᠮᠠᠨᠳᠤᠭᠤᠯᠬᠤ ᠬᠥᠳᠡᠯᠭᠡᠬᠦ᠌ ᠡᠨᠧᠷᠭᠢ᠎ᠶ᠋ᠢ ᠬᠥᠭ᠌ᠵᠢᠭᠡᠵᠦ᠍᠂ ᠠᠮᠢ ᠠᠬᠤᠢ᠎ᠶ᠋ᠢᠨ ᠬᠠᠮᠠᠭᠠᠯᠠᠯᠲᠠ᠎ᠶ᠋ᠢ ᠴᠢᠩᠭᠠᠳᠭᠠᠵᠤ ᠬᠢᠯᠢ ᠬᠢᠵᠠᠭᠠᠷ᠎ᠢ ᠬᠠᠮᠠᠭᠠᠯᠠᠬᠤ ᠬᠠᠯᠬᠠᠪᠴᠢ᠎ᠶ᠋ᠢ ᠪᠡᠬᠢᠵᠢᠭᠦᠯᠵᠦ᠍᠂ ᠠᠷᠠᠳ᠎ᠲᠤ ᠬᠠᠷᠠᠭᠠᠯᠵᠠᠯ ᠦᠵᠡᠭᠦᠯᠬᠦ ᠠᠷᠠᠳ᠎ᠲᠤ ᠠᠱᠢᠭ ᠬᠦᠷᠲᠡᠭᠡᠬᠦ᠌᠎ᠶ᠋ᠢ ᠠᠬᠢᠭᠤᠯᠵᠤ᠂ ᠬᠢᠯᠢ ᠬᠢᠵᠠᠭᠠᠷ᠎ᠢ ᠠᠮᠤᠷᠵᠢᠭᠤᠯᠬᠤ ᠰᠠᠭᠤᠷᠢ᠎ᠶ᠋ᠢ ᠪᠡᠬᠢᠵᠢᠭᠦᠯᠬᠦ᠌ ᠬᠡᠷᠡᠭ᠌ᠲᠡᠢ᠃ ᠪᠥᠬᠥ᠌ ᠣᠷᠣᠨ᠎ᠤ ᠡᠯ᠎ᠡ ᠱᠠᠲᠤᠨ᠎ᠤ ᠤᠯᠤᠰ ᠲᠥᠷᠥ᠎ᠶ᠋ᠢᠨ ᠵᠥᠪᠯᠡᠯᠭᠡᠨ᠎ᠦ᠎ᠬᠢᠨ ᠬᠠᠮᠲᠤ᠎ᠪᠠᠷ ᠣᠷᠣᠯᠴᠠᠵᠤ᠂ ᠬᠣᠯᠪᠣᠭᠠᠯᠠᠨ ᠬᠥᠳᠡᠯᠦᠯᠴᠡᠨ ᠬᠦᠴᠦᠯᠡᠵᠦ᠍᠂ ᠨᠡᠢᠭᠡᠮ᠎ᠦᠨ ᠡᠯ᠎ᠡ ᠡᠲᠡᠭᠡᠳ᠎ᠦᠨ ᠬᠦᠴᠦᠨ᠎ᠢ ᠥᠷᠭᠡᠨ᠎ᠢᠶᠡᠷ ᠨᠢᠭ᠍ᠲᠠᠷᠠᠭᠤᠯᠵᠤ᠂ ᠬᠢᠯᠢ ᠬᠢᠵᠠᠭᠠᠷ᠎ᠤᠨ ᠵᠠᠰᠠᠯᠲᠠ᠎ᠶ᠋ᠢᠨ ᠦᠨᠳᠦᠰᠦ ᠰᠠᠭᠤᠷᠢ᠎ᠶ᠋ᠢ ᠪᠡᠬᠢᠵᠢᠭᠦᠯᠵᠦ᠍᠂ ᠬᠢᠯᠢ ᠬᠢᠵᠠᠭᠠᠷ᠎ᠢ ᠬᠥᠭ᠌ᠵᠢᠭᠦᠯᠦᠨ ᠮᠠᠨᠳᠤᠭᠤᠯᠬᠤ ᠬᠥᠭ᠌ᠵᠢᠯᠲᠡ᠎ᠶ᠋ᠢᠨ ᠬᠠᠮᠲᠤᠷᠠᠯ ᠬᠦᠴᠦᠨ᠎ᠢ ᠪᠤᠵᠠᠭᠠᠢᠷᠠᠭᠤᠯᠵᠤ᠂ ᠬᠢᠯᠢ ᠬᠢᠵᠠᠭᠠᠷ᠎ᠢ ᠲᠣᠭ᠍ᠲᠠᠪᠤᠷᠢᠵᠢᠭᠤᠯᠵᠤ ᠬᠢᠯᠢ ᠬᠢᠵᠠᠭᠠᠷ᠎ᠢ ᠪᠡᠬᠢᠵᠢᠭᠦᠯᠬᠦ᠌ ᠪᠦᠬᠦᠯᠢ ᠴᠣᠭ᠍ᠴᠠ᠎ᠶ᠋ᠢᠨ ᠦᠷ᠎ᠡ ᠪᠦᠲᠦᠮᠵᠢ᠎ᠶ᠋ᠢ ᠳᠡᠭᠡᠭ᠌ᠰᠢᠯᠡᠭᠦᠯᠬᠦ᠌ ᠬᠡᠷᠡᠭ᠌ᠲᠡᠶ ᠭᠡᠵᠦ ᠲᠤᠷᠠᠳᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号