ᠮᠠᠨ᠎ᠤ ᠤᠷᠤᠨ 《ᠥᠪᠥᠷ ᠮᠣᠩᠭᠣᠯ᠎ᠤᠨ ᠪᠡᠭᠡᠵᠢᠩ ᠲᠢᠶᠠᠨᠵᠢᠨ ᠾᠸᠪᠸᠢ ᠵᠢᠨ ᠬᠠᠮᠵᠢᠯᠴᠠᠨ ᠬᠥᠭ᠌ᠵᠢᠬᠦ᠌᠎ᠳᠦ ᠭᠦᠨᠵᠡᠭᠡᠢ ᠠᠭᠤᠰᠤᠯᠴᠠᠬᠤ 2026 ᠣᠨ᠎ᠤ ᠭᠣᠣᠯᠳᠠᠯᠭ᠎ᠠ᠎ᠲᠠᠶ ᠠᠵᠢᠯ᠎ᠤᠨ ᠲᠤᠬᠢᠷᠠᠭᠤᠯᠤᠯᠳᠠ》 ᠵᠢ ᠳᠠᠷᠤᠮᠠᠯᠯᠠᠨ ᠲᠠᠷᠬᠠᠭᠠᠪᠠ
2026-05-29 10:14:10
ᠵᠣᠬᠢᠶᠠᠭ᠍ᠴᠢ᠄
ᠳᠡᠯᠭᠡᠷᠬᠦᠦ
ᠣᠩᠱᠢᠭ᠍ᠰᠠᠨ ᠣᠳᠠᠭ᠎ᠠ᠄
★★★☆☆

ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶ᠋ᠢᠨ 《1571》 ᠠᠵᠢᠯ᠎ᠤᠨ ᠪᠠᠢᠷᠢᠯᠠᠭᠤᠯᠤᠯᠲᠠ᠎ᠶ᠋ᠢ ᠭᠦᠨᠵᠡᠭᠡᠶ ᠲᠤᠭᠤᠰᠢᠯᠠᠭᠤᠯᠤᠨ ᠨᠠᠢᠳᠠᠪᠤᠷᠢᠵᠢᠭᠤᠯᠬᠤ᠎ᠶ᠋ᠢᠨ ᠲᠦᠯᠦᠬᠡ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ᠎ᠤ 《ᠪᠡᠭᠡᠵᠢᠩ ᠲᠢᠶᠠᠨᠵᠢᠨ ᠾᠧᠪᠧᠶ ᠵᠡᠷᠭᠡ ᠣᠷᠣᠨ ᠪᠦᠰᠡ᠎ᠶ᠋ᠢᠨ ᠰᠣᠯᠢᠯᠴᠠᠭ᠎ᠠ ᠬᠠᠮᠲᠤᠷᠠᠯᠴᠠᠭ᠎ᠠ᠎ᠶ᠋ᠢ ᠤᠯᠠᠮ ᠨᠢᠭᠡ ᠠᠯᠬᠤᠮ ᠭᠦᠨᠵᠡᠭᠡᠢᠷᠡᠭᠦᠯᠬᠦ᠌》 ᠠᠵᠢᠯ᠎ᠤᠨ ᠪᠠᠢᠷᠢᠯᠠᠭᠤᠯᠤᠯᠲᠠ ᠶᠣᠰᠣᠭᠠᠷ᠂ ᠲᠦᠷᠦᠬᠦᠭᠡᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠳᠤ ᠮᠡᠳᠡᠭᠦᠯᠦᠨ ᠵᠥᠪᠱᠢᠶᠡᠷᠡᠭᠦᠯᠦᠭᠡᠳ᠂ ᠦᠪᠡᠷᠲᠡᠬᠡᠨ ᠵᠠᠰᠠᠬᠤ ᠤᠷᠤᠨ᠎ᠤ ᠬᠦᠭᠵᠢᠬᠦᠯᠦᠯᠳᠡ ᠪᠡ ᠦᠭᠡᠷᠡᠴᠢᠯᠡᠯᠳᠡ᠎ᠶᠢᠨ ᠵᠦᠪᠯᠡᠯ᠎ᠦᠨ 《ᠥᠪᠥᠷ ᠮᠣᠩᠭᠣᠯ᠎ᠤᠨ ᠪᠡᠭᠡᠵᠢᠩ ᠲᠢᠶᠠᠨᠵᠢᠨ ᠾᠧᠪᠧᠶ᠎ᠶ᠋ᠢᠨ ᠬᠠᠮᠵᠢᠯᠴᠠᠨ ᠬᠥᠭ᠌ᠵᠢᠬᠦ᠌᠎ᠳᠦ ᠭᠦᠨᠵᠡᠭᠡᠶ ᠠᠭᠤᠰᠤᠯᠴᠠᠬᠤ 2026 ᠣᠨ᠎ᠤ ᠭᠤᠤᠯᠳᠠᠯᠭ᠎ᠠ᠎ᠲᠠᠶ ᠠᠵᠢᠯ᠎ᠤᠨ ᠲᠣᠬᠢᠷᠠᠭᠤᠯᠤᠯᠲᠠ》 (ᠳᠣᠷᠣᠭ᠍ᠰᠢ 《ᠭᠤᠤᠯᠳᠠᠯᠭ᠎ᠠ᠎ᠲᠠᠶ ᠠᠵᠢᠯ᠎ᠤᠨ ᠲᠣᠬᠢᠷᠠᠭᠤᠯᠤᠯᠲᠠ》 ᠭᠡᠵᠦ᠍ ᠲᠣᠪᠴᠢᠯᠠᠨ᠎ᠠ) ᠶ᠋ᠢ ᠳᠠᠷᠤᠮᠠᠯᠯᠠᠨ ᠲᠠᠷᠬᠠᠭᠠᠵᠠᠢ᠃

《ᠭᠤᠤᠯᠳᠠᠯᠭ᠎ᠠ᠎ᠲᠠᠶ ᠠᠵᠢᠯ᠎ᠤᠨ ᠲᠣᠬᠢᠷᠠᠭᠤᠯᠤᠯᠲᠠ》 ᠳ᠋ᠦ 《ᠳᠠᠪᠠᠭᠤᠯᠢᠭ᠎ᠢᠶᠠᠨ ᠬᠠᠷᠢᠯᠴᠠᠨ ᠨᠥᠬᠥᠪᠥᠷᠢᠯᠡᠵᠦ᠂ ᠬᠠᠷᠢᠯᠴᠠᠨ ᠠᠱᠢᠭ᠍ᠲᠠᠶ ᠬᠠᠮᠲᠤ ᠪᠠᠷ ᠠᠱᠢᠭ ᠬᠦᠷᠲᠡᠬᠦ᠌》 ᠵᠠᠷᠴᠢᠮ ᠶᠤᠰᠤᠭᠠᠷ᠂ ᠠᠮᠢ ᠠᠬᠤᠶ᠎ᠶ᠋ᠢᠨ ᠵᠠᠰᠠᠯᠲᠠ᠂ ᠮᠠᠯ᠎ᠤᠨ ᠠᠱᠢᠭ ᠱᠢᠮ᠎ᠡ ᠲᠠᠷᠢᠶᠠᠯᠠᠩ᠎ᠤᠨ ᠪᠦᠲᠦᠭᠡᠭ᠌ᠳᠡᠬᠦᠨ᠂ ᠪᠤᠬᠢᠷᠳᠤᠯ ᠦᠬᠡᠢ ᠡᠨᠧᠷᠭᠢ᠂ ᠭᠠᠳᠠᠭᠠᠳᠤ ᠨᠡᠭᠡᠭᠡᠯᠳᠡ᠂ ᠤᠳᠦ ᠦᠶ᠎ᠡ᠎ᠶ᠋ᠢᠨ ᠠᠵᠤ ᠦᠢᠯᠡᠰ᠂ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠱᠢᠨ᠎ᠡ ᠡᠭᠦᠳᠦᠯᠲᠡ᠂ ᠪᠤᠬᠢᠷᠳᠤᠯ ᠦᠬᠡᠢ ᠪᠤᠳᠤᠯᠳᠡ᠎ᠶᠢᠨ ᠬᠦᠴᠦᠨ᠂ ᠮᠥᠩᠭᠥᠨ ᠭᠦᠢᠯᠭᠡᠭᠡᠨ᠂ ᠤᠯᠡᠨ ᠨᠡᠢᠲᠡ᠎ᠶ᠋ᠢᠨ ᠦᠢᠯᠡᠴᠢᠯᠡᠭᠡ᠂ ᠰᠠᠭᠤᠷᠢ ᠲᠥᠬᠥᠭᠡᠷᠦᠮᠵᠢ᠎ᠶ᠋ᠢᠨ ᠪᠦᠲᠦᠭᠡᠨ ᠪᠠᠢᠭᠤᠯᠤᠯᠲᠠ᠂ ᠰᠣᠶᠣᠯ ᠵᠢᠭᠤᠯᠴᠢᠯᠠᠯ᠂ ᠨᠡᠢᠭᠡᠮ᠎ᠦᠨ ᠦᠢᠯᠡᠰ᠂ ᠬᠣᠲᠠ᠎ᠶ᠋ᠢᠨ ᠬᠠᠮᠢᠶᠠᠷᠤᠯᠲᠠ ᠵᠡᠷᠭᠡ 13 ᠬᠦᠷᠢᠶ᠎ᠡ ᠴᠠᠷᠠᠭ᠎ᠠ᠎ᠶᠢᠨ ᠲᠣᠭᠣᠷᠢᠨ᠎ᠳᠤ ᠤᠯᠠᠭᠠᠨᠴᠠᠪ᠎ᠤᠨ ᠵᠢᠡᠭ ᠳ᠋ᠠ 150 ᠲᠦᠮᠡᠨ ᠺᠢᠯᠦᠸᠠᠲ᠎ᠤᠨ 《ᠰᠠᠯᠬᠢᠨ ᠬᠦᠴᠦᠨ᠎ᠤ ᠴᠠᠬᠢᠯᠭᠠᠨ ᠭᠡᠷᠡᠯᠴᠢ ᠴᠡᠨᠡᠭ᠎ᠢ ᠨᠢᠭᠡ ᠴᠤᠭᠴᠠᠵᠢᠭᠤᠯᠤᠨ ᠬᠠᠳᠠᠭᠠᠯᠠᠬᠤ ᠲᠣᠮᠣ ᠬᠡᠯᠪᠡᠷᠢ᠎ᠶ᠋ᠢᠨ ᠰᠠᠯᠬᠢᠨ ᠬᠦᠴᠦᠨ᠎ᠦ ᠴᠠᠬᠢᠯᠭᠠᠨ ᠭᠡᠷᠡᠯᠴᠢ ᠴᠡᠨᠡᠭ᠎ᠦᠨ ᠰᠠᠭᠤᠷᠢᠨ᠎ᠤ ᠲᠥᠷᠥᠯ ᠵᠦᠢᠯ᠎ᠢ ᠠᠬᠢᠭᠤᠯᠬᠤ》᠂ 《ᠱᠢᠶᠦ᠋ᠩ ᠠᠨ ᠱᠢᠨ᠎ᠡ ᠲᠣᠭᠣᠷᠢᠭ᠎ᠤᠨ 〈ᠮᠧᠩ ᠺᠧ ᠵᠢᠦᠢ〉 ᠲᠠᠪᠴᠠᠩ ᠢ᠋ ᠪᠠᠢᠭᠤᠯᠬᠤ》᠂ 《〈ᠪᠡᠭᠡᠵᠢᠩ᠎ᠦᠨ ᠲᠤᠭ᠎ᠠ ᠵᠢ ᠦᠪᠦᠷ ᠮᠤᠡᠭᠭᠤᠯ ᠳ᠋ᠦ ᠪᠤᠳᠤᠬᠤ〉 ᠢᠨᠵᠧᠨᠧᠷᠢᠩ᠎ᠢ ᠬᠡᠷᠡᠭ᠌ᠵᠢᠭᠦᠯᠤᠨ᠂ ᠪᠡᠭᠡᠵᠢᠩ ᠲᠢᠶᠠᠨᠵᠢᠨ ᠾᠸᠪᠸᠢ ᠵᠢᠨ ᠪᠤᠳᠤᠯᠳᠡ᠎ᠶᠢᠨ ᠬᠦᠴᠦᠨ᠎ᠤ ᠪᠠᠲᠤᠯᠠᠭ᠎ᠠ ᠪᠠ ᠲᠣᠭ᠎ᠠ ᠪᠠᠷᠢᠮᠲᠠ᠎ᠶ᠋ᠢᠨ ᠪᠡᠯᠡᠳᠭᠡᠯ ᠰᠠᠭᠤᠷᠢᠨ᠎ᠢ ᠪᠠᠢᠭᠤᠯᠬᠤ》 ᠵᠡᠷᠭᠡ 45 ᠵᠦᠢᠯ᠎ᠦᠨ ᠴᠢᠬᠤᠯᠠ ᠶᠡᠬᠡ ᠬᠠᠮᠲᠤᠷᠠᠯᠴᠠᠭᠠᠨ᠎ᠤ ᠵᠦᠢᠯᠡᠰ ᠪᠠ ᠭᠣᠣᠯᠳᠠᠯᠭ᠎ᠠ᠎ᠲᠠᠶ ᠬᠠᠮᠲᠤᠷᠠᠨ ᠠᠵᠢᠯᠯᠠᠬᠤ ᠲᠦᠷᠦᠯ ᠵᠦᠢᠯ᠎ᠢ ᠳᠤᠷᠠᠳᠴᠠᠢ᠃

ᠦᠪᠡᠷᠲᠡᠬᠡᠨ ᠵᠠᠰᠠᠬᠤ ᠤᠷᠤᠨ᠎ᠤ ᠬᠦᠭᠵᠢᠬᠦᠯᠦᠯᠳᠡ ᠪᠡ ᠦᠭᠡᠷᠡᠴᠢᠯᠡᠯᠳᠡ᠎ᠶᠢᠨ ᠵᠦᠪᠯᠡᠯ᠎ᠦᠨ ᠬᠢᠨ ᠪᠡᠭᠡᠵᠢᠩ ᠥᠪᠥᠷ ᠮᠣᠩᠭᠣᠯ᠎ᠤᠨ ᠪᠥᠬᠥ᠌ ᠲᠠᠯ᠎ᠠ᠎ᠶ᠋ᠢᠨ ᠬᠠᠮᠲᠤᠷᠠᠯᠴᠠᠭᠠᠨ᠎ᠤ ᠠᠯᠪᠠᠨ ᠬᠡᠷ᠎ᠦᠨ ᠡᠭᠦᠷᠭᠡ ᠴᠢᠳᠠᠪᠬᠢ ᠪᠠᠨ ᠦᠷᠭᠦᠯᠵᠢᠯᠡᠨ ᠪᠠᠳᠠᠷᠠᠭᠤᠯᠵᠤ᠂ ᠦᠪᠦᠷ ᠮᠤᠡᠭᠭᠤᠯ᠎ᠤᠨ ᠪᠡᠭᠡᠵᠢᠩ ᠲᠢᠶᠠᠨᠵᠢᠨ ᠾᠧᠪᠧᠶ᠎ᠶ᠋ᠢᠨ ᠬᠠᠮᠵᠢᠯᠴᠠᠨ ᠬᠥᠭ᠌ᠵᠢᠬᠦ᠌ ᠳ᠋ᠦ᠍  ᠨᠠᠩ  ᠰᠠᠢᠲᠤᠷ  ᠠᠭᠤᠰᠤᠯᠴᠠᠬᠤ᠎ᠶ᠋ᠢ ᠠᠬᠢᠭᠤᠯᠵᠤ᠂ ᠱᠢᠨ᠎ᠡ  ᠬᠡᠯᠪᠡᠷᠢ᠎ᠶ᠋ᠢᠨ ᠨᠥᠭᠡᠴᠡ ᠡᠨᠧᠷᠭᠢ᠂ ᠪᠤᠬᠢᠷᠳᠤᠯ ᠦᠬᠡᠢ ᠤᠰᠤᠲᠥ᠋ᠷᠥᠭ᠌ᠴᠢ  ᠪᠤᠬᠢᠷᠳᠤᠯ ᠦᠬᠡᠢ ᠱᠢᠪᠲᠦᠷ᠂ ᠪᠣᠬᠢᠷᠲᠤᠯ ᠥᠬᠡᠶ ᠪᠤᠳᠤᠯᠳᠡ᠎ᠶᠢᠨ ᠬᠦᠴᠦᠨ᠂ ᠡᠯᠡᠰᠦᠷᠬᠡᠭ᠌ᠵᠢᠯ᠎ᠢ ᠰᠡᠷᠭᠡᠢᠯᠡᠨ ᠡᠯᠡᠰᠦ ᠵᠢ ᠵᠠᠰᠠᠬᠤ᠂ ᠣᠲᠣ ᠦᠶ᠎ᠡ᠎ᠶ᠋ᠢᠨ ᠮᠠᠯ ᠠᠵᠤ ᠠᠬᠤᠶ ᠲᠠᠷᠢᠶᠠᠯᠠᠩ ᠵᠡᠷᠭᠡ ᠬᠦᠷᠢᠶᠡᠨ᠎ᠳᠦ ᠨᠢᠭᠡ ᠪᠦᠯᠦᠭ ᠱᠢᠨ᠎ᠡ ᠦᠷ᠎ᠡ ᠪᠦᠲᠦᠭᠡᠯ ᠭᠠᠷᠭᠠᠬᠤ᠎ᠪᠠᠷ ᠴᠢᠷᠮᠠᠢᠵᠦ ᠪᠤᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号