ᠰᠤᠷᠪᠤᠯᠵᠢᠯᠠᠬᠴᠢ ᠦᠪᠦᠷ ᠮᠤᠨᠭᠭᠤᠯ ᠤ᠋ᠨ ᠴᠠᠬᠢᠯᠭᠠᠨ ᠬᠦᠴᠦᠨ ᠤ᠋ ᠪᠦᠯᠦᠭᠯᠡᠯ ᠡᠴᠡ ᠤᠢᠯᠠᠭᠠᠬᠰᠠᠨ ᠢ᠋ᠶ᠋ᠡᠷ᠂ ᠲᠤᠰ ᠪᠦᠯᠦᠭᠯᠡᠯ ᠤ᠋ᠨ ᠬᠢᠨ ᠣᠢᠷ᠎ᠠ ᠶ᠋ᠢᠨ ᠵᠢᠯ ᠡᠴᠡ ᠨᠠᠭᠠᠰᠢ ᠤᠯᠤᠰ ᠤ᠋ᠨ 《ᠵᠡᠭᠦᠨᠳᠡᠬᠢ ᠲᠤᠭ᠎ᠠ ᠵᠢ ᠪᠠᠷᠠᠭᠤᠨ ᠳ᠋ᠤ ᠪᠤᠳᠤᠬᠤ》 ᠪᠠᠢᠯᠳᠤᠬᠤ ᠪᠣᠳᠣᠯᠭ᠎ᠠ ᠳ᠋ᠤ ᠪᠥᠬᠥ᠌ ᠬᠦᠴᠦᠨ ᠢ᠋ᠶ᠋ᠡᠷ ᠢ᠋ᠶ᠋ᠡᠨ ᠦᠶ᠋ᠯᠡᠴᠢᠯᠡᠵᠦ᠍᠂ ᠬᠣᠷᠢᠨᠭᠡᠷ᠂ ᠤᠯᠠᠭᠠᠨᠴᠠᠪ ᠲᠦ᠍ ᠥᠨᠳᠥᠷ ᠨᠠᠢᠳᠠᠪᠤᠷᠢᠲᠠᠶ ᠴᠠᠬᠢᠯᠭᠠᠨ ᠬᠠᠩᠭᠠᠬᠤ ᠱᠢᠰᠲ᠋ᠧᠮ ᠢ᠋ ᠪᠠᠢᠭᠤᠯᠵᠤ᠂ ᠮᠠᠨ ᠤ᠋ ᠣᠷᠣᠨ ᠤ᠋ ᠪᠣᠬᠢᠷᠲᠤᠯ ᠥᠬᠡᠶ ᠪᠤᠳᠤᠯᠲᠠ ᠶ᠋ᠢᠨ ᠬᠦᠴᠦᠨ ᠤ᠋ ᠠᠵᠤ ᠦᠶ᠋ᠯᠡᠰ ᠤ᠋ᠨ ᠬᠥᠭ᠌ᠵᠢᠯᠲᠡ ᠳ᠋ᠤ ᠪᠠᠲᠤ ᠪᠠᠬᠢ ᠴᠠᠬᠢᠯᠭᠠᠨ ᠬᠦᠴᠦᠨ ᠤ᠋ ᠪᠠᠲᠤᠯᠠᠭ᠎ᠠ ᠬᠠᠩᠭᠠᠪᠠ᠃ ᠬᠤᠢᠰᠢᠳᠠ ᠪᠦᠬᠦ ᠤᠷᠤᠨ ᠤ᠋ ᠪᠤᠳᠤᠯᠲᠠ ᠶ᠋ᠢᠨ ᠬᠦᠴᠦᠨ ᠤ᠋ ᠠᠵᠤ ᠦᠢᠯᠡᠰ ᠤ᠋ᠨ ᠬᠦᠭᠵᠢᠯᠲᠡ ᠳ᠋ᠤ ᠦᠢᠯᠡᠴᠢᠯᠡᠬᠦ ᠵᠢᠨ ᠲᠤᠭᠤᠷᠢᠨ ᠳ᠋ᠤ ᠲᠦᠯᠦᠪᠵᠢᠭᠦᠯᠭᠡ ᠵᠢ ᠴᠢᠨᠭᠭᠠᠳᠬᠠᠬᠤ᠂ ᠴᠠᠬᠢᠯᠭᠠᠨ ᠲᠤᠤᠷ ᠢ᠋ ᠴᠢᠨᠭᠭᠠᠳᠬᠠᠬᠤ᠂ ᠲᠤᠬᠲᠠᠴᠠ ᠵᠢ ᠴᠢᠨᠭᠭᠠᠳᠬᠠᠬᠤ᠂ ᠦᠢᠯᠡᠴᠢᠯᠡᠭᠡ ᠵᠢ ᠴᠢᠨᠭᠭᠠᠳᠬᠠᠬᠤ ᠠᠵᠢᠯ ᠢ᠋ ᠰᠠᠢᠲᠤᠷ ᠬᠢᠵᠦ᠂ ᠪᠤᠳᠤᠯᠲᠠ ᠶ᠋ᠢᠨ ᠬᠦᠴᠦᠨ ᠤ᠋ ᠠᠵᠤ ᠦᠢᠯᠡᠰ ᠤ᠋ᠨ ᠴᠠᠬᠢᠯᠭᠠᠨ ᠬᠡᠷᠡᠭᠯᠡᠬᠦ ᠬᠡᠷᠡᠭᠴᠡᠭᠡ ᠵᠢ ᠪᠠᠲᠤᠯᠠᠬᠤ ᠪᠡᠷ ᠲᠠᠰᠤᠷᠠᠯᠲᠠ ᠦᠭᠡᠢ ᠬᠦᠴᠦᠯᠡᠬᠦ ᠪᠤᠯᠤᠨ᠎ᠠ᠃
ᠲᠦᠯᠦᠪᠵᠢᠭᠦᠯᠭᠡ ᠵᠢ ᠴᠢᠨᠭᠭᠠᠳᠬᠠᠬᠤ ᠲᠠᠯ᠎ᠠ ᠪᠠᠷ᠂ 《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠬᠤᠭᠤᠴᠠᠭᠠᠨ ᠳ᠋ᠤ᠂ ᠬᠣᠷᠢᠨᠭᠡᠷ᠂ ᠤᠯᠠᠭᠠᠨᠴᠠᠪ ᠣᠷᠣᠨ ᠤ᠋ ᠲᠣᠮᠣ ᠳ᠋ᠠᠢᠲ᠋ᠠ ᠶ᠋ᠢᠨ ᠴᠠᠬᠢᠯᠭᠠᠨ ᠬᠠᠩᠭᠠᠬᠤ ᠪᠠᠲᠤᠯᠠᠭ᠎ᠠ ᠶ᠋ᠢᠨ ᠲᠥᠰᠦᠯ ᠤ᠋ᠨ ᠰᠤᠳᠤᠯᠭᠠᠨ ᠢ᠋ ᠨᠠᠢᠷᠠᠭᠤᠯᠤᠨ ᠵᠣᠬᠢᠶᠠᠵᠤ᠂ ᠭᠠᠵᠠᠷ ᠣᠷᠣᠨ ᠤ᠋ ᠪᠤᠳᠤᠯᠲᠠ ᠶ᠋ᠢᠨ ᠬᠦᠴᠦᠨ ᠤ᠋ ᠲᠦᠷᠭᠡᠨ ᠨᠡᠮᠡᠭ᠌ᠳᠡᠯ ᠤ᠋ᠨ ᠪᠠᠢᠳᠠᠯ ᠳᠤᠤᠷᠠᠬᠢ ᠴᠠᠬᠢᠯᠭᠠᠨ ᠬᠠᠩᠭᠠᠬᠤ ᠪᠠᠲᠤᠯᠠᠭ᠎ᠠ ᠵᠢ ᠪᠠᠲᠤᠯᠠᠪᠠ᠃ ᠥᠪᠡᠷᠲᠡᠭᠡᠨ ᠵᠠᠰᠠᠬᠤ ᠣᠷᠣᠨ ᠤ᠋ 《ᠠᠷᠪᠠᠨ ᠲᠠᠪᠤᠳᠤᠭᠠᠷ ᠲᠠᠪᠤᠨ ᠵᠢᠯ》 ᠤ᠋ᠨ ᠲᠥᠯᠥᠪᠵᠢᠭᠦᠯᠭᠡ ᠵᠢ ᠲᠤᠭᠤᠷᠪᠢᠬᠤ ᠬᠤᠭᠤᠴᠠᠭᠠᠨ ᠳ᠋ᠤ᠂ ᠲᠣᠭ᠎ᠠ ᠪᠠᠷᠢᠮᠲᠠ᠂ ᠡᠨᠧᠷᠭᠢ ᠶ᠋ᠢᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠂ ᠬᠦᠷᠢᠶᠡᠯᠡᠩ ᠲᠣᠭᠣᠷᠢᠭ ᠤ᠋ᠨ ᠬᠠᠮᠢᠶᠠᠷᠤᠯᠲᠠ ᠶ᠋ᠢᠨ ᠵᠥᠪᠯᠡᠯ᠂ ᠭᠣᠣᠯᠳᠠᠯᠭ᠎ᠠ ᠲᠠᠢ ᠬᠡᠷᠡᠭ᠌ᠯᠡᠬᠦ᠌ ᠡᠷᠦᠬᠡ ᠳ᠋ᠤ ᠪᠠᠢᠴᠠᠭᠠᠨ ᠰᠤᠳᠤᠯᠤᠯᠲᠠ ᠬᠢᠬᠦ᠌ ᠪᠡᠷ ᠳᠠᠮᠵᠢᠭᠤᠯᠤᠨ᠂ ᠭᠠᠵᠠᠷ ᠣᠷᠣᠨ ᠤ᠋ ᠪᠣᠳᠣᠯᠲᠠ ᠶ᠋ᠢᠨ ᠬᠦᠴᠦᠨ ᠤ᠋ ᠬᠥᠭ᠌ᠵᠢᠯᠲᠡ ᠶ᠋ᠢᠨ ᠬᠠᠨᠳᠤᠰᠢ ᠬᠢᠭᠡᠳ ᠡᠯ᠎ᠡ ᠲᠠᠯ᠎ᠠ ᠶ᠋ᠢᠨ ᠬᠢᠨ ᠤ᠋ ᠬᠦᠰᠡᠯ ᠱᠠᠭᠠᠷᠳᠠᠯᠭ᠎ᠠ ᠵᠢ ᠢᠳᠡᠪᠬᠢᠲᠡᠶ ᠪᠡᠷ ᠰᠤᠳᠤᠯᠵᠤ᠂ ᠲᠤᠰᠭᠠᠶ ᠰᠤᠳᠤᠯᠤᠯ ᠥᠷᠨᠢᠭᠦᠯᠬᠦ᠌ ᠶ᠋ᠢᠨ ᠬᠠᠮᠲᠤ ᠲᠥᠷᠥᠯ ᠵᠦᠢᠯ ᠤ᠋ᠨ ᠲᠦᠯᠦᠪᠵᠢᠭᠦᠯᠭᠡ ᠳ᠋ᠤ ᠤᠷᠤᠭᠤᠯᠬᠤ ᠵᠢ ᠠᠬᠢᠭᠤᠯᠪᠠ᠃
ᠴᠠᠬᠢᠯᠭᠠᠨ ᠲᠤᠤᠷ ᠢ᠋ ᠴᠢᠨᠭᠭᠠᠳᠬᠠᠬᠤ ᠲᠠᠯ᠎ᠠ ᠪᠠᠷ᠂ ᠬᠣᠷᠢᠨᠭᠡᠷ᠂ ᠤᠯᠠᠭᠠᠨᠴᠠᠪ ᠬᠤᠶᠠᠷ ᠭᠠᠵᠠᠷ ᠤ᠋ᠨ ᠴᠠᠬᠢᠯᠭᠠᠨ ᠬᠦᠷᠭᠡᠵᠦ ᠴᠠᠬᠢᠯᠭᠠᠨ ᠬᠤᠪᠢᠰᠬᠠᠬᠤ ᠢᠨᠵᠸᠨ᠋ᠸᠷᠢᠩ ᠤ᠋ᠨ ᠪᠦᠲᠦᠭᠡᠨ ᠪᠠᠢᠭᠤᠯᠤᠯᠲᠠ ᠵᠢ ᠲᠦᠷᠭᠡᠳᠭᠡᠨ ᠠᠬᠢᠭᠤᠯᠬᠤ ᠶ᠋ᠢᠨ ᠬᠠᠮᠲᠤ ᠤᠯᠠᠭᠠᠨᠴᠠᠪ ᠪᠤᠯᠤᠨ ᠬᠦᠬᠡᠬᠤᠲᠠ ᠶ᠋ᠢᠨ ᠳᠤᠲᠤᠭᠠᠳᠤ ᠶ᠋ᠢᠨ 220 ᠺᠢᠯᠤᠸᠤᠯᠲ ᠲᠤᠭᠤᠷᠢᠯ ᠴᠠᠬᠢᠯᠭᠠᠨ ᠲᠤᠤᠷ ᠢ᠋ ᠰᠢᠯᠢᠳᠡᠭᠵᠢᠭᠦᠯᠵᠦ᠂ ᠭᠠᠵᠠᠷ ᠤᠷᠤᠨ ᠤ᠋ ᠴᠠᠬᠢᠯᠭᠠᠨ ᠲᠤᠤᠷ ᠤ᠋ᠨ ᠰᠠᠭᠤᠷᠢ ᠵᠢ ᠪᠡᠬᠢᠵᠢᠭᠦᠯᠬᠦ ᠪᠤᠯᠤᠨ᠎ᠠ᠃
ᠲᠣᠭ᠍ᠲᠠᠴᠠ ᠵᠢ ᠴᠢᠩᠭᠠᠳᠭᠠᠬᠤ ᠲᠠᠯ᠎ᠠ ᠪᠠᠷ᠂ 《ᠪᠤᠬᠢᠷᠲᠤᠯ ᠦᠭᠡᠢ ᠴᠠᠬᠢᠯᠭᠠᠨ + ᠪᠤᠳᠤᠯᠲᠠ ᠶ᠋ᠢᠨ ᠬᠦᠴᠦᠨ》 ᠢ᠋ ᠨᠢᠭᠡ ᠴᠤᠭ᠍ᠴᠠᠵᠢᠭᠤᠯᠤᠭ᠍ᠰᠠᠨ ᠦᠶ᠋ᠯᠡᠴᠢᠯᠡᠭᠡ ᠳ᠋ᠤ ᠱᠢᠨ᠎ᠡ ᠵᠢ ᠡᠭᠦᠳᠴᠦ᠍᠂ ᠴᠠᠬᠢᠯᠭᠠᠨ ᠬᠦᠴᠦᠨ ᠤ᠋ ᠠᠷᠠᠯᠵᠢᠶᠠᠨ ᠤ᠋ ᠲᠣᠭ᠍ᠲᠠᠴᠠ ᠵᠢ ᠲᠡᠭᠦᠯᠳᠡᠷᠵᠢᠭᠦᠯᠦᠨ᠂ ᠨᠡᠭᠦᠷᠡᠰᠦᠳᠦ᠋ᠷᠦᠭᠴᠢ ᠦᠯᠦ ᠭᠠᠳᠠᠬᠰᠢᠯᠠᠭᠤᠯᠬᠤ ᠲᠣᠭ᠎ᠠ ᠪᠠᠷᠢᠮᠲᠠ ᠶ᠋ᠢᠨ ᠬᠦᠷᠢᠶᠡᠯᠡᠩ ᠲᠣᠭᠣᠷᠢᠭ ᠤ᠋ᠨ ᠡᠵᠡᠩᠨᠡᠯᠲᠡ ᠶ᠋ᠢᠨ ᠺᠣᠮᠫᠠᠨᠢ ᠵᠢ ᠲᠦᠷᠦᠭᠦᠯᠡᠨ ᠵᠣᠬᠢᠶᠠᠨ ᠪᠠᠢᠭᠤᠯᠵᠤ᠂ ᠪᠤᠳᠤᠯᠲᠠ ᠶ᠋ᠢᠨ ᠬᠦᠴᠦᠨ ᠤ᠋ ᠠᠵᠢᠯ ᠲᠥᠷᠥᠯ ᠤ᠋ᠨ ᠪᠤᠬᠢᠷᠲᠤᠯ ᠦᠭᠡᠢ ᠴᠠᠬᠢᠯᠭᠠᠨ ᠤ᠋ ᠬᠡᠷᠡᠭ᠌ᠯᠡᠭᠡ ᠶ᠋ᠢᠨ ᠬᠠᠷᠢᠴᠠᠯ ᠢ᠋ 80% ᠡᠴᠡ ᠳᠡᠭᠡᠭ᠌ᠰᠢ ᠲᠣᠭ᠍ᠲᠠᠭᠤᠨ ᠪᠠᠢᠯᠭᠠᠬᠤ ᠵᠢ ᠦᠨᠡᠨ ᠬᠦ᠌ ᠪᠠᠲᠤᠯᠠᠵᠤ᠂ ᠪᠥᠬᠥ᠌ ᠤᠯᠤᠰ ᠤ᠋ᠨ ᠪᠤᠬᠢᠷᠲᠤᠯ ᠦᠭᠡᠢ ᠪᠤᠳᠤᠯᠲᠠ ᠶ᠋ᠢᠨ ᠬᠦᠴᠦᠨ ᠤ᠋ ᠬᠥᠭ᠌ᠵᠢᠯᠲᠡ ᠶ᠋ᠢᠨ ᠬᠡᠪ ᠳᠠᠭᠤᠷᠢᠶᠠᠯ ᠢ᠋ ᠪᠣᠶ ᠪᠣᠯᠭᠠᠨ᠎ᠠ᠃
ᠦᠢᠯᠡᠴᠢᠯᠡᠭᠡ ᠵᠢ ᠴᠢᠩᠭᠠᠳᠭᠠᠬᠤ ᠲᠠᠯ᠎ᠠ ᠪᠠᠷ᠂ ᠢᠵᠢ ᠪᠦᠷᠢᠳᠦᠭ᠌ᠰᠡᠨ ᠦᠢᠯᠡᠴᠢᠯᠡᠭᠡᠨ ᠤ᠋ ᠱᠢᠰᠲ᠋ᠧᠮ ᠢ᠋ ᠲᠡᠭᠦᠯᠳᠡᠷᠵᠢᠭᠦᠯᠵᠦ᠍᠂ ᠪᠤᠳᠤᠯᠲᠠ ᠶ᠋ᠢᠨ ᠬᠦᠴᠦᠨ ᠤ᠋ ᠬᠦᠷᠢᠶᠡᠯᠡᠩ ᠲᠣᠭᠣᠷᠢᠭ ᠤ᠋ᠨ ᠡᠷᠭᠢᠨ ᠲᠣᠭᠣᠷᠢᠨ ᠤ᠋ ᠴᠠᠬᠢᠯᠭᠠᠨ ᠤ᠋ ᠲᠣᠣᠷ ᠢ᠋ ᠳᠡᠰ ᠳᠡᠪᠱᠢᠭᠦᠯᠬᠦ᠌ ᠵᠢ ᠠᠬᠢᠭᠤᠯᠵᠤ᠂ ᠴᠠᠬᠢᠯᠭᠠᠨ ᠬᠡᠷᠡᠭ᠌ᠯᠡᠬᠦ᠌ ᠬᠤᠳᠠᠯᠳᠤᠭ᠎ᠠ ᠡᠷᠬᠢᠯᠡᠬᠦ᠌ ᠣᠷᠴᠢᠨ ᠨᠥᠬᠥᠴᠡᠯ ᠢ᠋ ᠱᠢᠯᠢᠳᠡᠭ᠌ᠵᠢᠭᠦᠯᠦᠨᠡ᠃ ᠬᠦᠷᠢᠶᠡᠯᠡᠩ ᠲᠣᠭᠣᠷᠢᠭ ᠤ᠋ᠨ ᠴᠠᠬᠢᠯᠭᠠᠨ ᠬᠦᠴᠦᠨ ᠤ᠋ ᠦᠶ᠋ᠯᠡᠴᠢᠯᠡᠭᠡᠨ ᠤ᠋ ᠥᠷᠲᠡᠭᠡ ᠪᠡᠷ ᠳᠠᠮᠵᠢᠭᠤᠯᠤᠨ᠂ ᠪᠤᠬᠢᠷᠲᠤᠯ ᠦᠭᠡᠢ ᠴᠠᠬᠢᠯᠭᠠᠨ ᠪᠤᠬᠢᠷᠲᠤᠯ ᠦᠭᠡᠢ ᠴᠠᠬᠢᠯᠭᠠᠨ ᠤ᠋ ᠦᠨᠡᠮᠯᠡᠯ ᠤ᠋ᠨ ᠯᠠᠪᠯᠠᠭ᠎ᠠ ᠶ᠋ᠢᠨ ᠦᠶ᠋ᠯᠡᠴᠢᠯᠡᠭᠡ ᠬᠠᠩᠭᠠᠵᠤ᠂ ᠪᠤᠳᠤᠯᠲᠠ ᠶ᠋ᠢᠨ ᠬᠦᠴᠦᠨ ᠤ᠋ ᠠᠵᠤ ᠠᠬᠤᠢᠯᠠᠯ ᠳ᠋ᠤ ᠪᠥᠬᠥ᠌ ᠶᠠᠪᠤᠴᠠ᠂ ᠨᠢᠭᠡ ᠥᠷᠲᠡᠭᠡᠴᠢᠯᠡᠭᠰᠡᠨ ᠴᠠᠬᠢᠯᠭᠠᠨ ᠬᠡᠷᠡᠭ᠌ᠯᠡᠬᠦ᠌ ᠦᠶ᠋ᠯᠡᠴᠢᠯᠡᠭᠡ ᠬᠠᠩᠭᠠᠬᠤ ᠪᠤᠯᠤᠨ᠎ᠠ᠃