ᠥᠪᠥᠷ ᠮᠣᠩᠭᠣᠯ᠎ᠤᠨ 1 ᠪᠦᠲᠦᠭᠡᠯ 《ᠨᠠᠮ᠎ᠤᠨ ᠰᠢᠨ᠎ᠡ ᠡᠭᠦᠲᠦᠯᠲᠡ ᠢ᠋ᠢᠨ ᠤᠨᠤᠯ᠎ᠤᠨ ᠰᠦᠯᠵᠢᠶᠡᠨ᠎ᠦ ᠳᠠᠮᠵᠢᠭᠤᠯᠭ᠎ᠠ᠎ᠶᠢᠨ ᠬᠡᠷᠡᠭ᠎ᠦᠨ ᠵᠢᠱ᠌ᠢᠶ᠎ᠡ 》 ᠳ᠋ᠤ ᠰᠣᠩᠭᠣᠭᠳᠠᠪᠠ
2026-05-29 10:39:34
ᠵᠣᠬᠢᠶᠠᠭ᠍ᠴᠢ᠄
ᠬᠠᠨ ᠯᠢᠩ ᠯᠢᠩ
ᠣᠩᠱᠢᠭ᠍ᠰᠠᠨ ᠣᠳᠠᠭ᠎ᠠ᠄
★★★☆☆

ᠰᠤᠷᠪᠤᠯᠵᠢᠯᠠᠬᠴᠢ ᠦᠪᠦᠷ ᠮᠤᠩᠭᠤᠯ ᠎ᠤᠨ ᠦᠪᠡᠷᠲᠡᠭᠡᠨ ᠵᠠᠰᠬᠠᠤ ᠤᠷᠤᠨ᠎ᠤ ᠤᠶᠤᠨ᠎ᠤ ᠪᠤᠯᠪᠠᠰᠤᠨ᠎ᠤ ᠪᠠᠢᠭᠤᠯᠤᠯᠲᠠ ᠢ᠋ᠢᠨ ᠬᠤᠷᠢᠶ᠎ᠠ ᠢ᠋ᠢᠨ ᠠᠯᠪᠠᠨ ᠬᠡᠷ ᠡᠴᠡ ᠤᠢᠯᠠᠭᠠᠬᠰᠠᠨ ᠢ᠋ᠢᠡᠷ᠂ ᠤᠢᠷ᠎ᠠ ᠎ᠳᠤ ᠬᠤᠷᠠᠯᠳᠤᠬᠰᠠᠨ 2026 ᠣᠨ᠎ᠤ ᠳᠤᠮᠳᠠᠳᠤ ᠤᠯᠤᠰ᠎ᠤᠨ ᠰᠦᠯᠵᠢᠶᠡᠨ᠎ᠦ ᠪᠣᠯᠪᠠᠰᠤᠨ ᠎ᠤ ᠶᠡᠬᠡ ᠬᠤᠷᠠᠯ᠎ᠤᠨ ᠨᠠᠮ᠎ᠤᠨ ᠰᠢᠨ᠎ᠡ ᠡᠭᠦᠲᠦᠯᠲᠡ ᠢ᠋ᠢᠨ ᠤᠨᠤᠯ᠎ᠤᠨ ᠰᠦᠯᠵᠢᠶᠡᠨ᠎ᠦ ᠳᠠᠮᠵᠢᠭᠤᠯᠭ᠎ᠠ᠎ᠶᠢᠨ ᠬᠤᠪᠢᠶᠠᠷᠢ ᠶᠠᠷᠢᠶᠠᠨ᠎ᠤ ᠲᠠᠪᠴᠠᠩ ᠳᠡᠭᠡᠷ᠎ᠡ᠂ ᠨᠠᠮ᠎ᠤᠨ ᠰᠢᠨ᠎ᠡ ᠡᠭᠦᠲᠦᠯᠲᠡ ᠢ᠋ᠢᠨ ᠤᠨᠤᠯ᠎ᠤᠨ ᠰᠦᠯᠵᠢᠶᠡᠨ ᠎ᠦ ᠳᠠᠮᠵᠢᠭᠤᠯᠭ᠎ᠠ᠎ᠶᠢᠨ 40 ᠬᠡᠷᠡᠭ᠎ᠦᠨ ᠵᠢᠱ᠌ᠢᠶ᠎ᠡ᠎ᠶᠢ ᠨᠡᠢᠲᠡᠯᠡᠵᠦ᠂ ᠥᠪᠥᠷ ᠮᠣᠩᠭᠣᠯ ᠎ᠤᠨ ᠥᠪᠡᠷᠲᠡᠭᠡᠨ ᠵᠠᠰᠠᠬᠤ ᠣᠷᠣᠨ᠎ᠤ ᠤᠶᠤᠨ ᠎ᠤ ᠪᠣᠯᠪᠠᠰᠤᠨ᠎ᠤ ᠪᠠᠢᠭᠤᠯᠤᠯᠲᠠ ᠎ᠶᠢᠨ ᠬᠤᠷᠢᠶ᠎ᠠ ᠢ᠋ᠢᠨ ᠠᠯᠪᠠᠨ ᠭᠡᠷ᠎ᠡᠴᠡ ᠲᠠᠨᠢᠯᠴᠠᠭᠤᠯᠤᠭᠰᠠᠨ 《ᠭᠣᠪᠢ ᠨᠤᠳᠤᠭ ᠲᠡᠬᠢ ᠰᠡᠳᠬᠢᠯ᠎ᠳᠦ ᠬᠠᠳᠠᠩᠰᠢᠭ᠍ᠰᠠᠨ ᠨᠣᠭᠣᠭᠠᠨ》 ᠬᠡᠬᠦ ᠬᠠᠮ ᠵᠠᠭᠤᠴᠢᠯᠠᠭᠤᠷ᠎ᠤᠨ ᠪᠦᠲᠦᠭᠡᠯ ᠨᠢ ᠨᠠᠮ᠎ᠤᠨ ᠰᠢᠨ᠎ᠡ ᠡᠭᠦᠲᠦᠯᠲᠡ ᠢ᠋ᠢᠨ ᠤᠨᠤᠯ᠎ᠤᠨ ᠰᠦᠯᠵᠢᠶᠡᠨ᠎ᠦ ᠳᠠᠮᠵᠢᠭᠤᠯᠭ᠎ᠠ᠎ᠶᠢᠨ ᠬᠡᠷᠡᠭ᠎ᠦᠨ ᠵᠢᠱ᠌ᠢᠶ᠎ᠡ᠎ᠳᠦ ᠰᠣᠩᠭᠣᠭᠳᠠᠵᠠᠢ᠃

《ᠭᠣᠪᠢ ᠨᠤᠳᠤᠭ ᠲᠡᠬᠢ ᠰᠡᠳᠬᠢᠯ᠎ᠳᠦ ᠬᠠᠳᠠᠩᠰᠢᠭ᠍ᠰᠠᠨ ᠨᠣᠭᠣᠭᠠᠨ》 ᠬᠡᠬᠦ ᠪᠦᠲᠦᠭᠡᠯ ᠪᠤᠯ ᠦᠢᠯᠡᠳᠦᠯᠭᠡ ᠰᠡᠳᠬᠦᠯ ᠎ᠦᠨ ᠬᠣᠷᠢᠶ᠎ᠠ᠂ ᠥᠪᠥᠷ ᠮᠣᠩᠭᠣᠯ ᠎ᠤᠨ ᠪᠣᠯᠪᠠᠰᠤᠨ᠎ᠤ ᠰᠦᠯᠵᠢᠶ᠎ᠡ᠎ᠶᠢᠨ ᠵᠤᠬᠢᠶᠠᠨ ᠦᠢᠯᠡᠳᠦᠭᠰᠡᠨ ᠴᠢᠬᠤᠯᠠ ᠶᠡᠬᠡ ᠭᠣᠣᠯ ᠰᠡᠳᠦᠪᠲᠦ ᠤᠬᠠᠭᠤᠯᠭ᠎ᠠ᠎ᠶᠢᠨ ᠮᠡᠳᠡᠭᠡᠯᠡᠯ ᠪᠣᠯᠣᠨ᠎ᠠ᠃ ᠪᠦᠲᠦᠭᠡᠯ ᠨᠢ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ ᠢ᠋ ᠪᠠᠲᠦ ᠴᠤᠬᠴᠠᠯᠠᠬᠤ ᠪᠡᠷ ᠭᠤᠤᠯ ᠰᠢᠵᠢᠮ ᠪᠤᠯᠭᠠᠵᠦ᠂ ᠥᠪᠥᠷ ᠮᠣᠩᠭᠣᠯ᠎ᠤᠨ ᠳᠥᠷᠪᠡᠳ ᠬᠣᠰᠢᠭᠤᠨ᠎ᠤ ᠬᠢᠯᠢ ᠬᠢᠵᠠᠭᠠᠷ᠎ᠢ ᠰᠠᠬᠢᠨ ᠬᠠᠮᠠᠭᠠᠯᠠᠵᠦ ᠪᠠᠢᠭ᠎ᠠ ᠮᠠᠯᠴᠢᠳ᠎ᠤᠨ ᠤᠷᠳᠤ ᠬᠤᠭᠤᠴᠠᠭ᠎ᠠ᠎ᠪᠠᠷ ᠰᠢᠨ᠎ᠡ ᠰᠣᠷᠭᠣᠭ ᠢᠳᠡᠰᠢᠨ ᠨᠣᠭᠣᠭ᠎ᠠ ᠣᠯᠵᠤ ᠢᠳᠡᠬᠦ ᠦᠭᠡᠢ ᠪᠠᠢᠭᠰᠠᠨ ᠬᠦᠴᠢᠷ ᠠᠰᠠᠭᠤᠳᠠᠯ᠎ᠢ ᠰᠢᠢᠳᠪᠦᠷᠢᠯᠡᠬᠦ᠎ᠶᠢᠨ ᠲᠥᠯᠥᠭᠡ᠂ 《9·3》 ᠡᠷᠳᠡᠮ ᠰᠢᠨᠵᠢᠯᠡᠭᠡᠨ᠎ᠦ ᠨᠡᠢᠭᠡᠮᠯᠢᠭ᠎ᠦᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠣᠷᠢᠶ᠎ᠠ᠂ ᠤᠯᠠᠭᠠᠨᠴᠠᠪ ᠬᠤᠳᠠ᠎ᠶᠢᠨ ᠨᠠᠮ᠎ᠤᠨ ᠬᠣᠷᠢᠶ᠎ᠠ᠎ᠶᠢᠨ ᠨᠢᠭᠡᠳᠦᠮᠡᠯ ᠹᠷᠣᠨᠲ᠎ᠤᠨ ᠬᠡᠯᠲᠡᠰ᠎ᠡᠴᠡ ᠡᠯ᠎ᠡ ᠲᠠᠯ᠎ᠠ᠎ᠶᠢᠨ ᠡᠬᠢ ᠪᠠᠶᠠᠯᠢᠭ᠋᠎ᠢ ᠨᠡᠢᠳᠬᠡᠵᠦ᠂ ᠰᠢᠨᠵᠢᠯᠡᠬᠦ ᠤᠬᠠᠭᠠᠨ ᠲᠸᠭᠨᠢᠢᠡ᠋ ᠮᠡᠷᠭᠡᠵᠢᠯ᠎ᠦᠨ ᠪᠦᠯᠬᠦᠮ᠎ᠲᠠᠢ ᠬᠠᠮᠲᠤᠷᠠᠨ 《ᠢᠳᠡᠰᠢᠨ ᠨᠣᠭᠣᠭ᠎ᠠ᠎ᠶᠢᠨ ᠠᠵᠢᠯᠯᠠᠭ᠎ᠠ》 ᠶ᠋ᠢ ᠰᠢᠰᠲᠧᠮ᠎ᠲᠠᠢ ᠠᠬᠢᠭᠤᠯᠵᠤ᠂ ᠬᠢᠯᠢ ᠬᠢᠵᠠᠭᠠᠷ᠎ᠢ ᠰᠠᠬᠢᠨ ᠬᠠᠮᠠᠭᠠᠯᠠᠵᠦ ᠪᠠᠢᠭ᠎ᠠ ᠮᠠᠯᠴᠢᠳ᠎ᠤᠨ ᠬᠣᠢᠰᠢᠳᠠ᠎ᠶᠢᠨ ᠵᠣᠪᠠᠨᠢᠯ ᠎ᠢ ᠲᠤᠢᠯᠪᠤᠷᠢᠲᠠᠢ ᠰᠢᠢᠳᠪᠦᠷᠢᠯᠡᠭᠰᠡᠨ  ᠦᠯᠢᠭᠡᠷ᠎ᠢ ᠤᠯᠠᠨ ᠲᠠᠯ᠎ᠠ᠎ᠠᠴᠠ ᠠᠮᠢᠳᠤᠯᠢᠭ᠋ ᠶᠠᠷᠢᠪᠠ᠃

ᠪᠦᠲᠦᠭᠡᠯ ᠨᠢ ᠵᠢᠵᠢᠭ ᠬᠠᠷᠠᠭᠠᠰᠦ ᠪᠡᠷ ᠶᠡᠬᠡ ᠤᠳᠬ᠎ᠠ ᠵᠢ ᠲᠤᠰᠬᠠᠵᠦ᠂ ᠬᠠᠢᠷ᠎ᠠ ᠰᠡᠳᠬᠢᠯᠭᠡ᠎ᠪᠡᠷ ᠬᠥᠮᠥᠰ᠎ᠦᠨ ᠰᠡᠳᠬᠢᠯ ᠢ᠋ ᠬᠥᠳᠡᠯᠭᠡᠵᠦ᠂ ᠦᠨᠳᠦᠰᠦᠲᠡᠨ᠎ᠨᠦᠭᠦᠳ᠎ᠦᠨ ᠬᠥᠪᠡᠭᠦᠳ ᠥᠬᠢᠳ᠎ᠦᠨ ᠠᠨᠠᠷ᠎ᠤᠨ ᠦᠷ᠎ᠡ ᠰᠢᠭ ᠨᠢᠭ᠍ᠲᠠᠷᠠᠨ ᠪᠦᠯᠬᠦᠮᠳᠡᠵᠦ᠂ ᠰᠡᠳᠬᠢᠯ ᠨᠢᠭᠡᠳᠦᠨ ᠬᠢᠯᠢ ᠬᠢᠵᠠᠭᠠᠷ᠎ᠢᠶᠠᠨ ᠬᠠᠮᠠᠭᠠᠯᠠᠵᠤ᠂ ᠰᠠᠢᠨ ᠰᠠᠢᠬᠠᠨ ᠠᠮᠢᠳᠤᠷᠠᠯ  ᠢ᠋ ᠭᠠᠷ ᠬᠣᠯᠪᠣᠨ ᠴᠤᠭᠴᠠᠯᠠᠭᠰᠠᠨ ᠣᠶᠤᠨ ᠰᠠᠨᠠᠭᠠᠨ᠎ᠤ ᠳᠦᠷᠰᠦ ᠪᠠᠢᠳᠠᠯ ᠢ᠋ ᠠᠮᠢᠳᠤᠯᠢᠭ᠋᠎ᠢᠶᠠᠷ ᠢᠯᠡᠷᠡᠭᠦᠯᠪᠡ; ᠰᠢᠨ᠎ᠡ ᠴᠠᠭ ᠦᠶ᠎ᠡ᠎ᠶᠢᠨ ᠥᠪᠥᠷ ᠮᠣᠩᠭᠣᠯ᠎ᠤᠨ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠭᠤᠢᠪᠢᠰᠢ ᠦᠭᠡᠢ ᠪᠡᠷ ᠪᠠᠲᠦ ᠴᠤᠬᠴᠠᠯᠠᠵᠦ᠂ ᠡᠬᠡ ᠤᠯᠤᠰ᠎ᠤᠨ ᠤᠮᠠᠷᠠᠲᠤ ᠬᠢᠯᠢ᠎ᠶᠢᠨ ᠠᠮᠤᠷ ᠲᠦᠪᠰᠢᠨ ᠲᠣᠭᠲᠠᠭᠤᠨ᠎ᠤ ᠬᠠᠯᠬᠠᠪᠴᠢ᠎ᠶᠢ ᠪᠡᠬᠢᠵᠢᠭᠦᠯᠵᠤ᠂ ᠬᠢᠯᠢ ᠬᠢᠵᠠᠭᠠᠷ ᠣᠷᠣᠨ᠎ᠤ ᠴᠡᠴᠡᠭᠯᠡᠯ ᠬᠥᠭᠵᠢᠯ᠎ᠢ ᠠᠬᠢᠭᠤᠯᠵᠤ᠂ ᠦᠨᠳᠦᠰᠦᠲᠡᠨ᠎ᠨᠦᠭᠦᠳ᠎ᠦᠨ ᠤᠯᠠᠨ ᠲᠦᠮᠡᠨ᠎ᠦ ᠬᠠᠮᠲᠤ ᠪᠠᠷ ᠴᠢᠨᠡᠭᠡᠯᠢᠭᠵᠢᠬᠦ᠎ᠶᠢ ᠠᠬᠢᠭᠤᠯᠬᠤ ᠵᠠᠮ ᠳᠡᠭᠡᠷᠡᠬᠢ ᠠᠮᠢᠳᠤᠯᠢᠭ᠋ ᠦᠢᠯᠡᠳᠦᠯᠭᠡ ᠪᠣᠯᠣᠨ ᠯᠠᠪᠳᠠᠭᠤᠨ ᠪᠠᠲᠤᠲᠠᠢ ᠦᠷ᠎ᠡ ᠪᠦᠲᠦᠮᠵᠢ᠎ᠶᠢ ᠢᠯᠡᠷᠡᠭᠦᠯᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号