ᠬᠦᠬᠡᠬᠤᠳᠠ ᠵᠢᠨ ᠬᠣᠲᠣᠩ ᠠᠷᠠᠳ᠎ᠤᠨ ᠲᠣᠭᠣᠷᠢᠭ ᠵᠠᠯᠠᠭᠤᠴᠤᠳ ᠪᠠᠭᠠᠴᠤᠳ᠎ᠤᠨ ᠬᠠᠤᠯᠢ᠎ᠪᠠᠷ ᠵᠠᠰᠠᠬᠤ ᠤᠬᠠᠭᠤᠯᠭ᠎ᠠ ᠬᠥᠮᠦᠵᠢᠯ᠎ᠢ ᠴᠢᠩᠭᠠᠳᠬᠠᠵᠦ ᠪᠤᠢ
2026-05-29 15:56:10
ᠵᠣᠬᠢᠶᠠᠭ᠍ᠴᠢ᠄
ᠰᠢᠨᠡᠪᠢᠯᠢᠭ
ᠣᠩᠱᠢᠭ᠍ᠰᠠᠨ ᠣᠳᠠᠭ᠎ᠠ᠄
★★★☆☆

ᠤᠢᠷ᠎ᠠ ᠳ᠋ᠸ᠋ ᠬᠦᠬᠡᠬᠤᠳᠠ ᠵᠢᠨ ᠬᠣᠲᠣᠩ ᠠᠷᠠᠳ᠎ᠤᠨ ᠲᠣᠭᠣᠷᠢᠭ᠎ᠤᠨ ᠵᠢᠷᠭᠤᠳᠤᠭᠠᠷ ᠬᠤᠭᠤᠴᠠᠭᠠᠨ᠎ᠤ 《ᠬᠡᠦᠬᠡᠳ ᠵᠢᠡᠨ ᠬᠠᠯᠠᠮᠵᠢᠯᠠᠨ ᠬᠠᠢᠷᠠᠯᠠᠵᠤ᠂ ᠬᠠᠤᠯᠢ ᠲᠦᠭᠡᠮᠡᠯᠵᠢᠭᠦᠯᠬᠦ᠌ ᠠᠵᠢᠯ᠎ᠢ ᠤᠷᠢᠳ᠎ᠢᠶᠠᠷ ᠬᠢᠬᠦ᠌》 ᠵᠠᠯᠠᠭᠤᠴᠤᠳ ᠪᠠᠭᠠᠴᠤᠳ᠎ᠤᠨ ᠬᠠᠤᠯᠢ᠎ᠪᠠᠷ ᠵᠠᠰᠠᠬᠤ ᠤᠬᠠᠭᠤᠯᠭ᠎ᠠ ᠬᠥᠮᠦᠵᠢᠯ᠎ᠦᠨ ᠠᠵᠢᠯᠯᠠᠭ᠎ᠠ᠎ᠶ᠋ᠢᠨ ᠡᠬᠢᠯᠡᠯᠲᠡ᠎ᠶ᠋ᠢᠨ ᠶᠣᠰᠣᠯᠠᠯ ᠬᠣᠲᠣᠩ ᠠᠷᠠᠳ᠎ᠤᠨ ᠲᠣᠭᠣᠷᠢᠭ᠎ᠤᠨ ᠠᠷᠠᠳ᠎ᠤᠨ ᠪᠠᠢᠴᠠᠭᠠᠬᠤ ᠬᠣᠷᠢᠶ᠎ᠠ᠎ᠳᠤ ᠶᠠᠪᠤᠭ᠍ᠳᠠᠪᠠ᠃ ᠬᠣᠲᠣᠩ ᠠᠷᠠᠳ᠎ᠤᠨ ᠲᠣᠭᠣᠷᠢᠭ᠎ᠤᠨ ᠵᠠᠯᠠᠭᠤᠴᠤᠳ ᠪᠠᠭᠠᠴᠤᠳ᠎ᠤᠨ ᠬᠠᠤᠯᠢ᠎ᠪᠠᠷ ᠵᠠᠰᠠᠬᠤ ᠬᠥᠮᠦᠵᠢᠯ ᠦᠶ᠋ᠯᠡᠳᠦᠯᠭᠡ᠎ᠶ᠋ᠢᠨ ᠰᠠᠭᠤᠷᠢᠨ ᠲᠣᠰ ᠪᠠᠢᠴᠠᠭᠠᠬᠤ ᠬᠤᠷᠢᠶᠠᠨ᠎ᠳᠦ ᠵᠢᠩᠬᠢᠨᠢ ᠪᠡᠷ ᠪᠠᠢᠭᠤᠯᠤᠭ᠍ᠳᠠᠪᠠ᠃ 

ᠲᠣᠰ ᠤᠳᠠᠭ᠎ᠠ ᠵᠢᠨ ᠠᠵᠢᠯᠯᠠᠭ᠎ᠠ᠎ᠶ᠋ᠢ ᠬᠣᠲᠣᠩ ᠠᠷᠠᠳ᠎ᠤᠨ ᠲᠣᠭᠣᠷᠢᠭ᠎ᠤᠨ ᠳᠣᠲᠣᠭᠠᠳᠤ᠎ᠶ᠋ᠢ ᠬᠠᠮᠠᠭᠠᠯᠠᠬᠤ ᠬᠤᠪᠢᠶᠠᠷᠢ ᠲᠣᠪᠴᠢᠶ᠎ᠠ᠂ ᠠᠷᠠᠳ᠎ᠤᠨ ᠪᠠᠢᠴᠠᠭᠠᠬᠤ ᠬᠣᠷᠢᠶ᠎ᠠ ᠬᠠᠮᠲᠤᠷᠠᠨ ᠭᠤᠤᠯᠯᠠᠨ ᠡᠷᠭᠢᠯᠡᠵᠦ᠍᠂ ᠵᠠᠯᠠᠭᠤᠴᠤᠳ ᠪᠠᠭᠠᠴᠤᠳ᠎ᠤᠨ ᠬᠠᠤᠯᠢ ᠪᠡᠷ ᠵᠠᠰᠠᠬᠤ ᠬᠡᠪ ᠪᠣᠯᠪᠠᠰᠤᠷᠠᠯ᠎ᠢ ᠳᠡᠭᠡᠭ᠌ᠰᠢᠯᠡᠭᠦᠯᠬᠦ᠌᠎ᠳᠦ ᠠᠩᠬᠠᠷᠤᠯ᠎ᠢᠶᠠᠨ ᠲᠥᠪᠯᠡᠷᠡᠭᠦᠯᠵᠦ᠍᠂ ᠵᠠᠯᠠᠭᠤᠴᠤᠳ ᠪᠠᠭᠠᠴᠤᠳ᠎ᠤᠨ ᠬᠠᠤᠯᠢ ᠪᠡᠷ ᠵᠠᠰᠠᠬᠤ ᠬᠠᠮᠠᠭᠠᠯᠠᠯᠲᠠ᠎ᠶ᠋ᠢᠨ ᠱᠤᠭᠤᠮ᠎ᠢ ᠦᠷᠭᠦᠯᠵᠢᠯᠡᠨ ᠪᠡᠬᠢᠵᠢᠭᠦᠯᠵᠦ᠍᠂ ᠰᠤᠷᠭᠠᠭᠤᠯᠢ᠂ ᠬᠡᠷ ᠪᠦᠯᠢ᠂ ᠨᠡᠢᠭᠡᠮ᠎ᠢᠶᠡᠷ᠎ᠢᠶᠡᠨ ᠬᠠᠮᠵᠢᠯᠴᠠᠨ ᠬᠥᠳᠡᠯᠦᠯᠴᠡᠭ᠌ᠰᠡᠨ ᠵᠠᠯᠠᠭᠤᠴᠤᠳ ᠪᠠᠭᠠᠴᠤᠳ᠎ᠤᠨ ᠬᠠᠤᠯᠢ ᠲᠦᠭᠡᠮᠡᠯᠵᠢᠭᠦᠯᠬᠦ᠌ ᠬᠥᠮᠦᠵᠢᠯ᠎ᠦᠨ ᠠᠵᠢᠯ᠎ᠤᠨ ᠱᠢᠨ᠎ᠡ ᠪᠠᠢᠷᠢᠱᠢᠯ᠎ᠢ ᠬᠦᠴᠦᠯᠡᠨ ᠪᠠᠢᠭᠤᠯᠵᠠᠢ᠃

ᠡᠬᠢᠯᠡᠯᠲᠡ᠎ᠶ᠋ᠢᠨ ᠶᠣᠰᠣᠯᠠᠯ ᠳᠡᠭᠡᠷ᠎ᠡ᠂ ᠬᠣᠲᠣᠩ ᠠᠷᠠᠳ᠎ᠤᠨ ᠲᠣᠭᠣᠷᠢᠭ᠎ᠤᠨ ᠠᠷᠠᠳ᠎ᠤᠨ ᠪᠠᠢᠴᠠᠭᠠᠬᠤ ᠬᠤᠷᠢᠶ᠎ᠠ ᠬᠢᠬᠡᠳ ᠪᠤᠯᠤᠳ ᠲᠡᠮᠤᠷ ᠵᠠᠮ᠎ᠤᠨ ᠬᠣᠶᠠᠳᠤᠭᠠᠷ ᠪᠠᠭ᠎ᠠ ᠰᠤᠷᠭᠠᠭᠤᠯᠢ ᠲᠤᠬᠠᠢ᠎ᠶ᠋ᠢᠨ ᠲᠠᠯᠠᠪᠠᠢ᠎ᠳᠤ 《ᠪᠠᠢᠴᠠᠭᠠᠬᠤ ᠪᠠᠢᠭᠤᠯᠭ᠎ᠠ ᠰᠤᠷᠭᠠᠭᠤᠯᠢ ᠬᠠᠮᠲᠤ᠎ᠪᠠᠷ ᠪᠠᠢᠭᠤᠯᠬᠤ》 ᠵᠥᠪᠯᠡᠯᠴᠡᠭᠡᠷ ᠲᠣᠭ᠍ᠲᠠᠵᠤ᠂ ᠪᠠᠢᠴᠠᠭᠠᠬᠤ ᠪᠠᠢᠭᠤᠯᠭ᠎ᠠ ᠪᠠ ᠰᠤᠷᠭᠠᠭᠤᠯᠢ ᠬᠠᠮᠵᠢᠯᠴᠠᠨ ᠠᠵᠢᠯᠯᠠᠬᠤ᠎ᠶ᠋ᠢ ᠭᠦᠨᠵᠡᠭᠡᠢᠷᠡᠭᠦᠯᠵᠦ᠍᠂ ᠬᠠᠤᠯᠢ ᠪᠡᠷ ᠵᠠᠰᠠᠬᠤ ᠬᠥᠮᠦᠵᠢᠯ᠂ ᠨᠠᠰᠤᠨ᠎ᠳᠤ ᠦᠯᠦ᠍ ᠬᠦᠷᠦᠭ᠌ᠰᠡᠳ᠎ᠦᠨ ᠶᠡᠷᠦᠩᠬᠡᠢᠯᠡᠭ᠌ᠰᠡᠨ ᠬᠠᠮᠠᠭᠠᠯᠠᠯᠲᠠ᠂ ᠰᠤᠷᠭᠠᠭᠤᠯᠢ᠎ᠶ᠋ᠢᠨ ᠬᠦᠷᠢᠶᠡᠨ᠎ᠦ ᠠᠮᠤᠷ ᠲᠦᠪᠱᠢᠨ᠎ᠦ ᠵᠠᠰᠠᠯᠲᠠ ᠵᠡᠷᠭᠡ ᠭᠣᠣᠯᠳᠠᠯᠭ᠎ᠠ᠎ᠲᠠᠶ ᠠᠵᠢᠯ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠡᠬᠢ ᠪᠠᠶᠠᠯᠢᠭ᠎ᠢ ᠬᠠᠮᠲᠤ᠎ᠪᠠᠷ ᠡᠳ᠋ᠯᠡᠬᠦ᠌᠂ ᠳᠠᠪᠠᠭᠤᠯᠢᠭ᠎ᠢᠶᠠᠨ ᠬᠠᠷᠢᠯᠴᠠᠨ ᠨᠥᠬᠥᠪᠥᠷᠢᠯᠡᠬᠦ᠌᠎ᠶ᠋ᠢ ᠪᠡᠶᠡᠯᠡᠭᠦᠯᠵᠦ᠍᠂ ᠠᠮᠤᠷ ᠠᠮᠤᠭᠤᠯᠠᠩᠳᠤ ᠬᠠᠤᠯᠢ ᠪᠡᠷ ᠵᠠᠰᠠᠬᠤ ᠰᠤᠷᠭᠠᠭᠤᠯᠢ᠎ᠶ᠋ᠢᠨ ᠬᠦᠷᠢᠶ᠎ᠡ᠎ᠶ᠋ᠢ ᠭᠠᠷ ᠬᠣᠯᠪᠣᠨ ᠪᠠᠢᠭᠤᠯᠪᠠ᠃ ᠲᠤᠬᠠᠶ᠎ᠶ᠋ᠢᠨ ᠲᠠᠯᠠᠪᠠᠶ᠎ᠳᠤ ᠬᠠᠤᠯᠢ᠎ᠪᠠᠷ ᠵᠠᠰᠠᠬᠤ ᠳᠡᠳ᠋ ᠵᠠᠬᠢᠷᠤᠯ᠎ᠢ ᠤᠷᠢᠨ ᠲᠣᠮᠢᠯᠠᠬᠤ ᠶᠣᠰᠣᠯᠠᠯ᠎ᠢ ᠵᠡᠷᠭᠡ ᠪᠡᠷ ᠶᠠᠪᠤᠬᠳᠠᠭᠤᠯᠵᠤ᠂ ᠬᠠᠤᠯᠢ᠎ᠪᠠᠷ ᠵᠠᠰᠠᠬᠤ ᠳᠡᠳ᠋ ᠵᠠᠬᠢᠷᠤᠯ᠎ᠤᠨ ᠲᠥᠯᠥᠭᠡᠯᠡᠭ᠌ᠴᠢ ᠣᠪᠣᠷ᠎ᠢᠶᠠᠨ ᠢᠯᠡᠳᠭᠡᠵᠦ᠍᠂ ᠠᠵᠢᠯ᠎ᠤᠨ ᠪᠠᠢᠷᠢ᠎ᠶ᠋ᠢᠨ ᠲᠤᠱᠢᠶᠠᠯ ᠬᠠᠷᠢᠭᠤᠴᠠᠯᠭ᠎ᠠ᠎ᠪᠠᠨ ᠦᠨᠡᠨ ᠬᠦ᠌ ᠭᠦᠶ᠋ᠴᠡᠳᠭᠡᠵᠦ᠍᠂ ᠰᠤᠷᠭᠠᠭᠤᠯᠢ᠎ᠶ᠋ᠢᠨ ᠬᠦᠷᠢᠶᠡᠨ᠎ᠦ ᠬᠠᠤᠯᠢ ᠲᠦᠭᠡᠮᠡᠯᠵᠢᠭᠦᠯᠬᠦ᠌᠂ ᠡᠷᠬᠡ ᠠᠱᠢᠭ᠎ᠢ ᠬᠠᠮᠠᠭᠠᠯᠠᠬᠤ ᠠᠵᠢᠯ᠎ᠢ ᠪᠠᠢᠩᠭᠤ ᠥᠷᠨᠢᠭᠦᠯᠵᠦ᠍᠂ ᠵᠠᠯᠠᠭᠤᠴᠤᠳ ᠪᠠᠭᠠᠴᠤᠳ᠎ᠤᠨ ᠡᠷᠡᠭᠦᠯ᠎ᠢᠶᠡᠷ ᠦᠰᠦᠨ ᠪᠣᠢᠵᠢᠬᠤ᠎ᠶ᠋ᠢ ᠪᠥᠬᠥ᠌ ᠬᠦᠴᠦᠨ᠎ᠢᠶᠡᠷ᠎ᠢᠶᠡᠨ ᠬᠠᠮᠠᠭᠠᠯᠠᠨ᠎ᠠ ᠭᠡᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号