ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠠᠤᠯᠢᠴᠢ᠎ᠶᠢᠨ ᠶᠡᠬᠡ ᠬᠢᠴᠢᠶᠡᠯ᠎ᠦᠨ ᠲᠠᠩᠬᠢᠮ ᠶᠠᠪᠤᠬᠲᠠᠪᠠ
2026-05-29 16:56:23
ᠵᠣᠬᠢᠶᠠᠭ᠍ᠴᠢ᠄
ᠬᠠᠨ ᠯᠢᠩ ᠯᠢᠩ
ᠣᠩᠱᠢᠭ᠍ᠰᠠᠨ ᠣᠳᠠᠭ᠎ᠠ᠄
★★★☆☆

ᠣᠢᠷ᠎ᠠ᠎ᠳᠤ᠂ ᠥᠪᠡᠷᠲᠡᠭᠡᠨ ᠵᠠᠰᠠᠬᠤ ᠣᠷᠣᠨ ᠎ᠤ ᠬᠠᠤᠯᠢᠴᠢ ᠵᠢᠨ  ᠨᠡᠢᠭᠡᠮᠯᠢᠭ 2026 ᠣᠨ᠎ᠤ ᠭᠤᠷᠪᠠᠳᠤᠭᠠᠷ ᠬᠤᠭᠤᠴᠠᠭᠠᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠠᠤᠯᠢᠴᠢ᠎ᠶᠢᠨ ᠶᠡᠬᠡ ᠬᠢᠴᠢᠶᠡᠯ᠎ᠦᠨ ᠲᠠᠩᠬᠢᠮ᠎ᠢ ᠵᠣᠬᠢᠶᠠᠨ ᠪᠠᠢᠭᠤᠯᠪᠠ᠃ ᠲᠣᠰ ᠬᠤᠭᠤᠴᠠᠭᠠᠨ᠎ᠤ ᠶᠡᠬᠡ ᠬᠢᠴᠢᠶᠡᠯ᠎ᠦᠨ ᠲᠠᠩᠬᠢᠮ᠎ᠢ ᠤᠯᠠᠭᠠᠨᠬᠠᠳᠠ ᠬᠣᠲᠠ᠎ᠶᠢᠨ ᠬᠠᠤᠯᠢᠴᠢ᠎ᠶᠢᠨ ᠨᠡᠢᠭᠡᠮᠯᠢᠭ᠎ᠡᠴᠡ ᠳᠠᠭᠠᠭᠠᠴᠢᠯᠠᠨ ᠡᠷᠭᠢᠯᠡᠵᠦ᠂ 《ᠡᠷᠡᠭᠦᠦ᠎ᠶᠢᠨ ᠵᠠᠷᠭᠤ᠎ᠶᠢᠨ ᠳᠤᠮᠳᠠᠬᠢ ᠭᠡᠷᠡᠴᠢᠯᠡᠯ》 ᠭᠡᠬᠦ ᠭᠣᠣᠯ ᠰᠡᠳᠦᠪ᠎ᠢᠶᠡᠷ ᠬᠢᠴᠢᠶᠡᠯ ᠣᠷᠣᠪᠠ᠃ 


ᠲᠣᠰ ᠬᠤᠭᠤᠴᠠᠭᠠᠨ᠎ᠤ ᠪᠣᠯᠪᠠᠰᠤᠷᠠᠯ᠎ᠳᠤ ᠪᠡᠭᠡᠵᠢᠩ ᠬᠣᠲᠠ᠎ᠶᠢᠨ ᠱᠠᠩ ᠴᠢᠦᠸᠠᠨ ᠬᠠᠤᠯᠢᠴᠢ᠎ᠶᠢᠨ ᠬᠡᠷᠡᠭ ᠡᠷᠬᠢᠯᠡᠬᠦ ᠭᠠᠵᠠᠷ᠎ᠤᠨ ᠡᠷᠬᠢᠯᠡᠭᠴᠢ ᠭᠣᠸ᠋ ᠸᠸᠨ ᠯᠦᠩ᠎ᠢ ᠤᠷᠢᠵᠤ ᠬᠢᠴᠢᠶᠡᠯ ᠳᠠᠢᠯᠤᠮᠵᠢ ᠬᠢᠯᠭᠡᠪᠡ᠃ ᠭᠣᠸ᠋ ᠸᠸᠨ ᠯᠦᠩ ᠬᠠᠤᠯᠢᠴᠢ 《ᠡᠷᠡᠭᠦᠦ᠎ᠶᠢᠨ ᠵᠠᠷᠭᠤ᠎ᠶᠢᠨ ᠳᠤᠮᠳᠠᠬᠢ ᠭᠡᠷᠡᠴᠢᠯᠡᠯ 》 ᠤ᠋ᠨ ᠭᠣᠣᠯ ᠰᠡᠳᠦᠪ᠎ᠲᠠᠢ ᠨᠢᠭ᠍ᠲᠠ ᠤᠶᠠᠯᠳᠤᠭᠤᠯᠤᠨ᠂ ᠭᠡᠷᠡᠴᠢᠯᠡᠬᠦ ᠡᠲᠡᠭᠡᠳ᠂ ᠭᠡᠷᠡᠴᠢ ᠪᠠᠷᠢᠮᠲᠠ᠎ᠶᠢᠨ ᠳᠦᠷᠢᠮ᠂ ᠭᠡᠷᠡᠴᠢᠯᠡᠬᠦ ᠪᠠᠷᠢᠮᠵᠢᠶ᠎ᠠ᠂ ᠭᠡᠷᠡᠴᠢᠯᠡᠬᠦ ᠬᠠᠷᠢᠭᠤᠴᠠᠯᠭ᠎ᠠ᠂ ᠭᠡᠷᠡᠴᠢᠯᠡᠬᠦ ᠠᠷᠭ᠎ᠠ ᠵᠡᠷᠭᠡ ᠲᠠᠪᠤᠨ ᠶᠡᠬᠡ ᠭᠣᠣᠯ ᠬᠡᠰᠡᠭ᠎ᠦᠨ ᠲᠣᠭᠣᠷᠢᠨ᠎ᠳᠤ ᠰᠢᠰᠲᠧᠮ᠎ᠲᠠᠢ ᠲᠠᠢᠯᠤᠮᠵᠢ ᠬᠢᠪᠡ᠃ ᠲᠡᠷᠡ《ᠪᠥᠬᠥᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠡᠷᠡᠭᠦᠦ᠎ᠶᠢᠨ ᠵᠠᠷᠭᠤ᠎ᠶᠢᠨ ᠬᠠᠤᠯᠢ》ᠵᠢᠴᠢ ᠬᠠᠤᠯᠢ ᠴᠠᠭᠠᠵᠠ ᠢ᠋ᠢᠨ ᠲᠠᠢᠯᠪᠤᠷᠢᠯᠠᠯᠲᠠ᠎ᠶᠢᠨ ᠬᠣᠯᠪᠣᠭᠳᠠᠯ ᠪᠦᠬᠦᠢ ᠲᠣᠭᠲᠠᠭᠠᠯ᠎ᠲᠠᠢ ᠤᠶᠠᠯᠳᠤᠭᠤᠯᠤᠨ᠂ ᠡᠷᠡᠭᠦᠦ᠎ᠶᠢᠨ ᠵᠠᠷᠭᠤ᠎ᠶᠢᠨ ᠳᠤᠮᠳᠠᠬᠢ ᠭᠡᠷᠡᠴᠢᠯᠡᠬᠦ ᠴᠢᠬᠤᠯᠠᠲᠠᠢ 11 ᠲᠥᠷᠥᠯ᠎ᠦᠨ ᠬᠡᠷᠡᠭ᠎ᠦᠨ ᠪᠣᠳᠠᠲᠤ ᠶᠠᠪᠤᠳᠠᠯ᠎ᠢ ᠲᠣᠳᠣᠷᠬᠠᠢᠯᠠᠵᠤ᠂ ᠪᠣᠳᠠᠰ᠎ᠤᠨ ᠭᠡᠷᠡᠴᠢ᠂ ᠪᠢᠴᠢᠭ᠎ᠦᠨ ᠭᠡᠷᠡᠴᠢ᠂ ᠡᠯᠧᠺᠲᠷᠣᠨ ᠲᠣᠭ᠎ᠠ ᠪᠠᠷᠢᠮᠲᠠ ᠵᠡᠷᠭᠡ ᠨᠠᠢ᠍ᠮᠠᠨ ᠶᠡᠬᠡ ᠲᠥᠷᠥᠯ᠎ᠦᠨ ᠭᠡᠷᠡᠴᠢ ᠪᠠᠷᠢᠮᠲᠠ᠎ᠶᠢᠨ ᠲᠣᠮᠢᠶᠠᠯᠠᠯ᠂《ᠭᠤᠷᠪᠠᠨ ᠴᠢᠨᠠᠷ》 (ᠬᠠᠤᠯᠢ ᠶᠣᠰᠣᠴᠢ ᠴᠢᠨᠠᠷ᠂ ᠬᠣᠯᠪᠣᠭᠳᠠᠯᠲᠤ ᠴᠢᠨᠠᠷ᠂ ᠪᠤᠰᠤᠳᠴᠢ ᠴᠢᠨᠠᠷ) ᠵᠢᠴᠢ《ᠬᠣᠶᠠᠷ ᠬᠦᠴᠦᠨ》 (ᠭᠡᠷᠡᠴᠢ ᠪᠠᠷᠢᠮᠲᠠ᠎ᠶᠢᠨ ᠬᠦᠴᠦᠨ᠂ ᠭᠡᠷᠡᠴᠢᠯᠡᠬᠦ ᠬᠦᠴᠦᠨ) ᠤ᠋ ᠭᠣᠣᠯᠳᠠᠯᠭ᠎ᠠ᠎ᠶᠢ ᠨᠠᠷᠢᠨ ᠲᠠᠢᠯᠪᠤᠷᠢᠯᠠᠪᠠ᠃ ᠡᠭᠦᠨ᠎ᠦ ᠵᠡᠷᠭᠡ ᠪᠡᠷ᠂ ᠡᠷᠡᠭᠦᠦ᠎ᠶᠢᠨ ᠵᠠᠷᠭᠤ᠎ᠶᠢᠨ ᠡᠯ᠎ᠡ ᠱᠠᠲᠤᠨ᠎ᠤ ᠵᠦᠷᠢᠶᠡᠴᠢᠯᠡᠭᠰᠡᠨ ᠭᠡᠷᠡᠴᠢᠯᠡᠬᠦ ᠪᠠᠷᠢᠮᠵᠢᠶ᠎ᠠ᠎ᠶᠢ ᠵᠠᠳᠠᠯᠤᠨ ᠰᠢᠨᠵᠢᠯᠡᠵᠦ᠂ 《ᠭᠡᠷᠡᠴᠢ ᠪᠠᠷᠢᠮᠲᠠ ᠨᠢ ᠦᠨᠡᠨ ᠪᠣᠳᠠᠲᠠᠢ᠂ ᠪᠦᠷᠢᠨ ᠭᠦᠢᠴᠡᠳ》 ᠪᠠᠢᠬᠤ ᠭᠤᠷᠪᠠᠨ ᠶᠡᠬᠡ ᠨᠥᠬᠥᠴᠡᠯ ᠪᠣᠯᠣᠨ《ᠵᠦᠢ ᠶᠣᠰᠣᠨ᠎ᠤ ᠰᠡᠵᠢᠭᠯᠡᠯ᠎ᠢ ᠠᠷᠢᠯᠭᠠᠬᠤ》ᠪᠣᠳᠠᠲᠤ ᠶᠠᠪᠤᠳᠠᠯ ᠎ᠤᠨ ᠮᠠᠭᠠᠳᠯᠠᠯᠲᠠ ᠎ᠶᠢ ᠭᠣᠣᠯᠳᠠᠯᠭ᠎ᠠ᠎ᠲᠠᠢ᠎ᠪᠠᠷ ᠲᠠᠢᠯᠪᠤᠷᠢᠯᠠᠪᠠ; ᠠᠯᠪᠠᠨ ᠵᠠᠭᠠᠯᠳᠤᠯᠭ᠎ᠠ᠎ᠶᠢᠨ ᠬᠡᠷᠡᠭ ᠎ᠦᠨ ᠵᠠᠭᠠᠯᠳᠤᠭᠰᠠᠨ ᠲᠠᠯ᠎ᠠ᠎ᠶᠢᠨ ᠭᠡᠷᠡᠴᠢ ᠳᠤᠷᠠᠳᠬᠤ ᠬᠠᠷᠢᠭᠤᠴᠠᠯᠭ᠎ᠠ ᠵᠢᠴᠢ ᠮᠠᠷᠭᠤᠬᠤ ᠲᠠᠯ᠎ᠠ᠎ᠶᠢᠨ ᠬᠢᠵᠠᠭᠠᠷᠲᠤ ᠭᠡᠷᠡᠴᠢ ᠳᠤᠷᠠᠳᠬᠤ ᠣᠨᠴᠠᠭᠠᠶ ᠵᠦᠢᠯ᠎ᠢ ᠲᠣᠳᠣᠷᠬᠠᠢᠯᠠᠵᠤ᠂ ᠬᠡᠷᠡᠭ ᠎ᠦᠨ ᠵᠢᠱ᠌ᠢᠶ᠎ᠡ ᠎ᠶᠢ ᠨᠠᠷᠢᠨ ᠲᠠᠢᠯᠪᠤᠷᠢᠯᠠᠨ ᠭᠡᠷᠡᠴᠢᠯᠡᠬᠦ᠂ ᠵᠦᠢᠴᠢᠯᠡᠨ ᠲᠣᠭᠲᠠᠭᠠᠬᠤ᠂ ᠭᠡᠷᠡᠴᠢ ᠳᠤᠷᠠᠳᠴᠤ ᠲᠤᠯᠭᠠᠨ ᠭᠡᠷᠡᠴᠢᠯᠡᠬᠦ ᠵᠡᠷᠭᠡ ᠲᠠᠪᠤᠨ ᠶᠡᠬᠡ ᠭᠡᠷᠡᠴᠢᠯᠡᠬᠦ ᠠᠷᠭ᠎ᠠ᠎ᠲᠠᠢ ᠤᠶᠠᠯᠳᠤᠭᠤᠯᠤᠨ᠂ ᠬᠠᠤᠯᠢ ᠪᠤᠰᠤ ᠭᠡᠷᠡᠴᠢ ᠪᠠᠷᠢᠮᠲᠠ᠂ ᠬᠤᠳᠠᠯ ᠬᠠᠭᠤᠷᠮᠠᠭ᠎ᠢᠶᠠᠷ ᠭᠡᠷᠡᠴᠢᠯᠡᠬᠦ ᠵᠡᠷᠭᠡ ᠪᠣᠳᠠᠲᠤ ᠶᠠᠪᠤᠳᠠᠯ᠎ᠤᠨ ᠪᠡᠷᠬᠡ ᠠᠰᠠᠭᠤᠳᠠᠯ᠎ᠢ ᠭᠦᠨᠵᠡᠭᠡᠢ ᠲᠠᠢᠯᠪᠤᠷᠢᠯᠠᠵᠤ᠂ ᠪᠣᠯᠪᠠᠰᠤᠷᠠᠯ᠎ᠳᠤ ᠣᠷᠣᠯᠴᠠᠭᠰᠠᠨ ᠬᠠᠤᠯᠢᠴᠢ᠎ᠶᠢᠨ ᠡᠷᠡᠭᠦᠦ᠎ᠶᠢᠨ ᠬᠡᠷᠡᠭ᠎ᠢ ᠰᠢᠢᠳᠪᠦᠷᠢᠯᠡᠬᠦ᠎ᠳᠦ ᠨᠠᠷᠢᠯᠢᠭ᠋ ᠣᠨᠣᠴᠠᠲᠠᠢ᠂ ᠪᠣᠳᠠᠲᠤ ᠠᠵᠢᠯᠯᠠᠭ᠎ᠠ᠎ᠶᠢᠨ ᠵᠢᠯᠣᠭᠣᠳᠤᠮᠵᠢ ᠬᠠᠩᠭᠠᠪᠠ᠃ 

ᠲᠤᠰ ᠤᠳᠠᠭᠠᠨ᠎ᠤ ᠬᠠᠤᠯᠢᠴᠢ᠎ᠶᠢᠨ ᠶᠡᠬᠡ ᠬᠢᠴᠢᠶᠡᠯ᠎ᠦᠨ ᠲᠠᠩᠬᠢᠮ᠎ᠢ ᠡᠷᠭᠢᠯᠡᠭᠰᠡᠨ ᠨᠢ ᠡᠷᠡᠭᠦᠦ᠎ᠶᠢᠨ ᠵᠠᠷᠭᠤ᠎ᠶᠢᠨ ᠭᠡᠷᠡᠴᠢᠯᠡᠯ᠎ᠦᠨ ᠭᠣᠣᠯ ᠳᠦᠷᠢᠮ ᠪᠣᠯᠣᠨ ᠪᠣᠳᠠᠲᠤ ᠶᠠᠪᠤᠳᠠᠯ᠎ᠤᠨ ᠭᠣᠣᠯᠳᠠᠯᠭ᠎ᠠ᠎ᠳᠤ ᠠᠩᠬᠠᠷᠤᠯ᠎ᠢᠶᠠᠨ ᠲᠥᠪᠯᠡᠷᠡᠭᠦᠯᠦᠨ᠂ ᠥᠪᠡᠷᠲᠡᠭᠡᠨ ᠵᠠᠰᠠᠬᠤ ᠣᠷᠣᠨ᠎ᠤ ᠬᠠᠤᠯᠢᠴᠢ᠎ᠶᠢ ᠪᠦᠲᠦᠮᠵᠢᠲᠡᠶ ᠎ᠪᠡᠷ ᠬᠠᠪᠰᠤᠷᠤᠨ ᠡᠷᠡᠭᠦᠦ᠎ᠶᠢᠨ ᠬᠡᠷᠡᠭ᠎ᠦᠨ ᠥᠮᠥᠭᠯᠡᠯ᠎ᠦᠨ ᠲᠤᠬᠠᠢᠯᠠᠭᠰᠠᠨ ᠠᠵᠢᠯ ᠎ᠤᠨ ᠳᠤᠲᠠᠭᠤᠳᠠᠯ ᠎ᠢ  ᠨᠥᠬᠥᠪᠦᠷᠢᠯᠡᠵᠦ᠂ ᠭᠡᠷᠡᠴᠢ ᠪᠠᠷᠢᠮᠲᠠ᠎ᠶᠢ ᠬᠢᠨᠠᠨ ᠪᠠᠢᠴᠠᠭᠠᠬᠤ᠂ ᠭᠡᠷᠡᠴᠢᠯᠡᠬᠦ ᠪᠠᠷᠢᠮᠵᠢᠶ᠎ᠠ᠎ᠶᠢ ᠡᠵᠡᠮᠳᠡᠬᠦ᠂ ᠭᠡᠷᠡᠴᠢᠯᠡᠬᠦ ᠬᠠᠷᠢᠭᠤᠴᠠᠯᠭ᠎ᠠ᠎ᠶᠢ ᠬᠤᠪᠢᠶᠠᠷᠢᠯᠠᠬᠤ ᠵᠡᠷᠭᠡ ᠲᠤᠰᠬᠠᠢ ᠮᠡᠷᠭᠡᠵᠢᠯ᠎ᠦᠨ ᠴᠢᠳᠠᠪᠤᠷᠢ᠎ᠶᠢ ᠳᠡᠭᠡᠭᠰᠢᠯᠡᠭᠦᠯᠵᠦ᠂ ᠪᠥᠬᠥ ᠣᠷᠣᠨ᠎ᠤ ᠬᠠᠤᠯᠢᠴᠢ᠎ᠶᠢᠨ ᠡᠷᠡᠭᠦᠦ᠎ᠶᠢᠨ ᠬᠡᠷᠡᠭ᠎ᠦᠨ ᠥᠮᠥᠭᠯᠡᠯ᠎ᠦᠨ ᠠᠵᠢᠯ ᠡᠷᠭᠢᠯᠡᠬᠦ ᠦᠶ᠋ᠯᠡ ᠠᠵᠢᠯᠯᠠᠭ᠎ᠠ᠎ᠶᠢ ᠵᠢᠷᠤᠮᠵᠢᠭᠤᠯᠬᠤ᠂ ᠠᠵᠢᠯ ᠡᠷᠭᠢᠯᠡᠬᠦ ᠲᠦᠭᠰᠢᠭᠦᠷᠢ᠎ᠶᠢ ᠰᠡᠷᠭᠡᠢᠯᠡᠬᠦ᠂ ᠲᠥᠪ ᠭᠣᠥᠯᠴᠢ᠎ᠪᠠᠷ ᠬᠠᠤᠯᠢ ᠪᠠᠷᠢᠬᠤ᠎ᠶᠢ ᠠᠬᠢᠭᠤᠯᠬᠤ᠎ᠳᠤ ᠪᠠᠲᠤ ᠪᠡᠬᠢ ᠲᠤᠰᠬᠠᠢ ᠮᠡᠷᠭᠡᠵᠢᠯ᠎ᠦᠨ ᠰᠠᠭᠤᠷᠢ᠎ᠶᠢ ᠲᠠᠯᠪᠢᠪᠠ᠃ 


ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号