ᠲᠦᠷᠦᠭᠦᠭᠡᠨ᠂ ᠥᠪᠥᠷ ᠮᠣᠩᠭᠣᠯ᠎ᠤᠨ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠨᠡᠢᠭᠡᠮᠯᠢᠭ ᠡᠴᠡ ᠪᠠᠢᠭᠤᠯᠭ᠎ᠠ ᠵᠢᠴᠢ ᠱᠢᠭᠤᠳ ᠬᠠᠷᠢᠶ᠎ᠠ ᠠᠵᠢᠯ ᠦᠶ᠋ᠯᠡᠰ᠎ᠦᠨ ᠨᠢᠭᠡᠴᠢ᠎ᠶ᠋ᠢᠨ ᠨᠠᠮ᠎ᠤᠨ ᠭᠡᠱᠢᠭᠦᠨ᠂ ᠺᠠᠳ᠋ᠷᠴᠤᠳ᠎ᠢ ᠵᠣᠬᠢᠶᠠᠨ ᠪᠠᠢᠭᠤᠯᠵᠤ ᠬᠥᠬᠡᠬᠣᠲᠠ᠎ᠶ᠋ᠢᠨ ᠬᠣᠶᠠᠳᠤᠭᠠᠷ ᠭᠢᠨᠳᠠᠨ᠎ᠳᠤ ᠬᠦᠷᠴᠦ᠍ 《ᠬᠠᠤᠯᠢ ᠴᠠᠭᠠᠵᠠ᠎ᠶ᠋ᠢ ᠰᠠᠬᠢᠵᠤ ᠬᠣᠷᠢᠭ᠎ᠠ ᠱᠤᠭᠤᠮ᠎ᠢ ᠰᠠᠬᠢᠬᠤ》 ᠪᠠᠷ ᠭᠤᠤᠯ ᠰᠡᠳᠦᠪ ᠪᠣᠯᠭᠠᠭ᠍ᠰᠠᠨ ᠠᠷᠢᠭᠤᠨ ᠴᠢᠬᠡᠴᠢ᠎ᠪᠡᠷ ᠵᠠᠰᠠᠭ ᠪᠠᠷᠢᠬᠤ ᠰᠡᠷᠡᠮᠵᠢᠯᠡᠭᠦᠯᠦᠯ᠎ᠦᠨ ᠬᠥᠮᠦᠵᠢᠯ᠎ᠦᠨ ᠠᠵᠢᠯᠯᠠᠭ᠎ᠠ ᠥᠷᠨᠢᠭᠦᠯᠪᠡ᠃
ᠠᠵᠢᠯᠯᠠᠭ᠎ᠠ᠎ᠶ᠋ᠢᠨ ᠳᠤᠮᠳᠠ᠂ ᠪᠥᠬᠥ᠌ ᠨᠠᠮ ᠤᠨ ᠭᠡᠱᠢᠭᠦᠨ᠂ ᠺᠠᠳ᠋ᠷᠴᠤᠳ ᠭᠢᠨᠳᠠᠨ᠎ᠤ ᠠᠵᠢᠯᠲᠠᠨ᠎ᠤ ᠵᠢᠯᠣᠭᠣᠳᠣᠯᠭ᠎ᠠ ᠳᠤᠤᠷ᠎ᠠ ᠂ ᠡᠷᠡᠭᠦᠦ ᠱᠢᠳᠭᠡᠯ ᠭᠦᠶ᠋ᠴᠡᠳᠭᠡᠵᠦ᠍ ᠪᠠᠢᠭ᠎ᠠ ᠬᠥᠮᠦᠰ᠎ᠦᠨ ᠡᠳᠦᠷ ᠲᠤᠲᠤᠮ᠎ᠤᠨ ᠠᠵᠢᠯᠯᠠᠭᠠᠨ᠎ᠤ ᠲᠠᠯᠠᠪᠤᠷ ᠵᠢᠴᠢ ᠰᠡᠷᠡᠮᠵᠢᠯᠡᠭᠦᠯᠬᠦ᠌ ᠬᠥᠮᠦᠵᠢᠯ᠎ᠦᠨ ᠦᠵᠡᠭᠦᠯᠭᠡ᠎ᠶ᠋ᠢᠨ ᠰᠠᠮᠪᠠᠷ᠎ᠠ᠎ᠶ᠋ᠢ ᠲᠤᠬᠠᠶ᠎ᠶ᠋ᠢᠨ ᠭᠠᠵᠠᠷ᠎ᠲᠤᠨᠢ ᠲᠣᠭᠣᠷᠢᠨ ᠦᠵᠡᠵᠦ᠍᠂ ᠰᠡᠷᠡᠮᠵᠢᠯᠡᠭᠦᠯᠬᠦ᠌ ᠬᠥᠮᠦᠵᠢᠯ᠎ᠦᠨ ᠹᠢᠯᠢᠮ᠎ᠢ ᠲᠥᠪᠯᠡᠷᠡᠭᠦᠯᠦᠨ ᠦᠵᠡᠵᠦ᠍᠂ ᠡᠷᠬᠡ ᠲᠤᠱᠢᠶᠠᠯ᠎ᠢᠶᠠᠨ ᠠᠱᠢᠭ᠍ᠯᠠᠨ ᠶᠠᠯ᠎ᠠ ᠬᠢᠭᠰᠡᠨ ᠬᠦᠮᠤᠰ ᠡᠴᠡ ᠦᠪᠡᠷ᠎ᠦᠨ ᠦᠨᠭᠭᠡᠷᠡᠯᠳᠠ ᠪᠠᠨ ᠬᠡᠮᠰᠢᠨ ᠲᠤᠭᠠᠴᠠᠬᠰᠠᠨᠢ ᠨᠢᠳᠤ ᠪᠡᠷ᠎ᠢᠶᠡᠨ ᠦᠵᠡᠵᠤ ᠴᠢᠭ᠎ᠢ ᠪᠡᠷ᠎ᠢᠶᠡᠨ ᠰᠤᠨᠤᠰᠪᠠ᠃ ᠦᠨᠡᠨ ᠪᠣᠳᠠᠲᠠᠢ ᠠᠬᠤᠢ ᠪᠠᠢᠳᠠᠯ᠂ ᠠᠮᠢᠳᠤ ᠪᠣᠳᠠᠲᠠᠢ ᠬᠡᠷᠡᠭ᠎ᠦᠨ ᠵᠢᠱ᠌ᠢᠢ᠎ᠡ ᠪᠣᠯᠤᠨ ᠡᠷᠡᠭᠦᠦ ᠭᠦᠢᠴᠡᠳᠭᠡᠵᠦ᠍ ᠪᠠᠢᠭ᠎ᠠ ᠬᠥᠮᠦᠰ᠎ᠦᠨ ᠭᠡᠮᠱᠢᠨ ᠤᠬᠠᠭᠠᠷᠠᠭ᠍ᠰᠠᠨ ᠦᠭᠡ ᠶᠠᠷᠢᠶ᠎ᠠ ᠨᠢ ᠠᠵᠢᠯᠯᠠᠭ᠎ᠠ᠎ᠳᠤ ᠣᠷᠣᠯᠴᠠᠭ᠍ᠰᠠᠨ ᠨᠠᠮ᠎ᠤᠨ ᠭᠡᠱᠢᠭᠦᠨ ᠪᠠ ᠺᠠᠳ᠋ᠷᠴᠤᠳ᠎ᠲᠤ ᠬᠠᠷᠠᠰᠠᠯᠳᠦ ᠰᠤᠷᠭᠠᠮᠵᠢ᠎ᠶ᠋ᠢ ᠭᠦᠨᠵᠡᠭᠡᠢ ᠲᠠᠨᠢᠭᠤᠯᠵᠤ᠂ ᠨᠠᠮ᠎ᠤᠨ ᠭᠡᠱᠢᠭᠦᠨ᠂ ᠺᠠᠳ᠋ᠷ᠎ᠢ ᠬᠦᠳᠦᠯᠦᠨ ᠵᠢᠯᠣᠭᠣᠳᠴᠤ᠌ ᠪᠠᠢᠭᠠᠳ ᠰᠡᠷᠡᠮᠵᠢᠯᠡᠭᠦᠯᠬᠦ᠌ ᠬᠥᠮᠦᠵᠢᠯ᠎ᠡᠴᠡ ᠱᠢᠩᠭᠡᠭᠡᠨ ᠠᠪᠤᠭ᠍ᠰᠠᠨ ᠰᠤᠷᠭᠠᠮᠵᠢ ᠶ᠋ᠢ ᠲᠦᠷᠢᠮ ᠲᠣᠭ᠍ᠲᠠᠭᠠᠯ᠎ᠢ ᠵᠢᠷᠤᠮᠯᠠᠨ ᠰᠠᠬᠢᠯᠭ᠎ᠠ ᠪᠠᠲᠤ᠎ᠶ᠋ᠢ ᠰᠠᠬᠢᠬᠤ ᠠᠵᠢᠯᠯᠠᠭᠠᠨ ᠤ ᠤᠬᠠᠮᠰᠠᠷ ᠪᠣᠯᠭᠠᠨ ᠬᠤᠪᠢᠷᠠᠭᠤᠯᠪᠠ᠃
2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ
ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ
ᠬᠠᠷᠢᠯᠴᠠᠬᠤ ᠤᠲᠠᠰᠤ᠄0471-6635435
ᠢᠮᠧᠯ᠄mgyxww@163.com 蒙ICP备10000005号