2026 ᠣᠨ᠎ᠤ 5 ᠰᠠᠷ᠎ᠠ ᠪᠣᠯ ᠪᠦᠬᠦ᠌ ᠤᠯᠤᠰ᠎ᠤᠨ ᠵᠢᠷᠭᠤᠭᠠᠳᠡᠬᠢ《ᠢᠷᠭᠡᠨ᠎ᠦ ᠬᠠᠤᠯᠢ᠎ᠶ᠋ᠢᠨ ᠪᠢᠴᠢᠭ᠎ᠦᠨ ᠤᠬᠠᠭᠤᠯᠭ᠎ᠠ᠎ᠶ᠋ᠢᠨ ᠰᠠᠷ᠎ᠠ》 ᠪᠣᠯᠤᠨ᠎ᠠ᠃ 5 ᠰᠠᠷ᠎ᠠ᠎ᠶ᠋ᠢᠨ 22 ᠤ᠋ᠨ ᠡᠳᠦᠷ᠂ ᠬᠠᠢᠯᠠᠷ᠎ᠤᠨ ᠬᠢᠯᠢ᠎ᠪᠡᠷ ᠣᠷᠣᠵᠤ ᠭᠠᠷᠬᠤ ᠬᠢᠯᠢ᠎ᠶ᠋ᠢᠨ ᠬᠠᠮᠠᠭᠠᠯᠠᠯᠲᠠ᠎ᠶ᠋ᠢᠨ ᠪᠠᠢᠴᠠᠭᠠᠬᠤ ᠥᠷᠲᠡᠭᠡ ᠬᠠᠮᠢᠶ᠎ᠠ ᠪᠦᠬᠦᠢ ᠰᠠᠯᠠᠭ᠎ᠠ ᠮᠥᠴᠢᠷ᠎ᠲᠡᠶ ᠬᠠᠮᠲᠤᠷᠠᠨ ᠬᠥᠯᠥᠨ ᠪᠣᠢᠷ᠎ᠤᠨ ᠣᠯᠠᠨ ᠤᠯᠤᠰ᠎ᠤᠨ ᠨᠢᠰᠭᠡᠯ᠎ᠦᠨ ᠪᠠᠭᠤᠳᠠᠯ᠎ᠳᠤ ᠢᠷᠭᠡᠨ᠎ᠦ ᠬᠠᠤᠯᠢ᠎ᠶ᠋ᠢᠨ ᠪᠢᠴᠢᠭ᠎ᠦᠨ ᠬᠠᠤᠯᠢ ᠲᠦᠭᠡᠮᠡᠯᠵᠢᠭᠦᠯᠬᠦ᠌ ᠤᠬᠠᠭᠤᠯᠭ᠎ᠠ᠎ᠶ᠋ᠢᠨ ᠠᠵᠢᠯᠯᠠᠭ᠎ᠠ ᠥᠷᠨᠢᠭᠦᠯᠵᠦ᠍᠂ ᠬᠢᠯᠢ᠎ᠪᠡᠷ ᠣᠷᠣᠵᠤ ᠭᠠᠷᠬᠤ ᠠᠶᠠᠨᠴᠢᠳ ᠵᠢᠴᠢ ᠨᠢᠰᠭᠡᠯ᠎ᠦᠨ ᠪᠠᠭᠤᠳᠠᠯ᠎ᠤᠨ ᠠᠵᠢᠯᠲᠠᠳ᠎ᠤᠨ ᠬᠠᠤᠯᠢ᠎ᠪᠠᠷ ᠵᠠᠰᠠᠬᠤ ᠤᠬᠠᠮᠰᠠᠷ᠎ᠢ ᠤᠯᠠᠮ ᠨᠢᠭᠡ ᠠᠯᠬᠤᠮ ᠴᠢᠩᠭᠠᠷᠠᠭᠤᠯᠪᠠ᠃
ᠠᠵᠢᠯᠯᠠᠭ᠎ᠠ᠎ᠶ᠋ᠢᠨ ᠲᠤᠬᠠᠶ᠎ᠶ᠋ᠢᠨ ᠲᠠᠯᠠᠪᠠᠶ᠎ᠳᠤ᠂ ᠠᠵᠢᠯᠲᠠᠳ ᠬᠢᠯᠢ᠎ᠶ᠋ᠢᠨ ᠪᠣᠭᠣᠮᠲᠠ᠎ᠶ᠋ᠢᠨ ᠠᠵᠢᠯ᠎ᠤᠨ ᠪᠣᠳᠠᠲᠤ ᠪᠠᠢᠳᠠᠯ᠎ᠲᠠᠶ ᠨᠢᠭ᠍ᠲᠠ ᠤᠶᠠᠯᠳᠤᠭᠤᠯᠵᠤ᠂ ᠤᠬᠠᠭᠤᠯᠭ᠎ᠠ᠎ᠶ᠋ᠢᠨ ᠰᠠᠮᠪᠠᠷ᠎ᠠ ᠭᠠᠷᠭᠠᠬᠤ᠂ ᠤᠬᠠᠭᠤᠯᠭ᠎ᠠ᠎ᠶ᠋ᠢᠨ ᠭᠠᠷ ᠳᠡᠪᠲᠡᠷ ᠲᠠᠷᠬᠠᠭᠠᠬᠤ᠂ ᠲᠤᠬᠠᠶ᠎ᠶ᠋ᠢᠨ ᠲᠠᠯᠠᠪᠠᠶ᠎ᠳᠤ ᠲᠠᠢᠯᠤᠮᠵᠢ ᠬᠢᠬᠦ᠌ ᠵᠡᠷᠭᠡ ᠣᠯᠠᠨ ᠵᠦᠶ᠋ᠯ᠎ᠦᠨ ᠬᠡᠯᠪᠡᠷᠢ᠎ᠪᠡᠷ ᠳᠠᠮᠵᠢᠭᠤᠯᠤᠨ᠂ ᠬᠢᠯᠢ᠎ᠪᠡᠷ ᠣᠷᠣᠵᠤ ᠭᠠᠷᠬᠤ ᠠᠶᠠᠨᠴᠢᠳ ᠪᠣᠯᠤᠨ ᠨᠢᠰᠭᠡᠯ᠎ᠦᠨ ᠪᠠᠭᠤᠳᠠᠯ᠎ᠤᠨ ᠠᠵᠢᠯᠲᠠᠳ᠎ᠲᠤ ᠢᠷᠭᠡᠨ᠎ᠦ ᠬᠠᠤᠯᠢ᠎ᠶ᠋ᠢᠨ ᠪᠢᠴᠢᠭ᠎ᠲᠡᠬᠢ ᠬᠢᠯᠢ᠎ᠪᠡᠷ ᠣᠷᠣᠵᠤ ᠭᠠᠷᠬᠤ ᠬᠠᠮᠢᠶᠠᠷᠤᠯᠲᠠ᠂ ᠭᠠᠳᠠᠭᠠᠳᠤ᠎ᠳᠤ ᠬᠣᠯᠪᠣᠭ᠍ᠳᠠᠬᠤ ᠬᠠᠤᠯᠢ ᠴᠠᠭᠠᠵᠠ᠎ᠶ᠋ᠢᠨ ᠶᠡᠷᠦ᠍᠎ᠶ᠋ᠢᠨ ᠮᠡᠳᠡᠯᠭᠡ ᠵᠡᠷᠭᠡ᠎ᠲᠡᠶ ᠬᠣᠯᠪᠣᠭ᠍ᠳᠠᠬᠤ ᠬᠠᠤᠯᠢ ᠴᠠᠭᠠᠵᠠ᠎ᠶ᠋ᠢᠨ ᠮᠡᠳᠡᠯᠭᠡ᠎ᠶ᠋ᠢ ᠲᠦᠭᠡᠮᠡᠯᠵᠢᠭᠦᠯᠪᠡ᠃ ᠣᠯᠠᠨ ᠲᠦᠮᠡᠨ᠎ᠦ ᠠᠩᠬᠠᠷᠴᠤ᠌ ᠪᠠᠢᠭ᠎ᠠ ᠭᠡᠷ᠎ᠡ᠎ᠶ᠋ᠢᠨ ᠵᠠᠭᠤᠷᠠᠯᠳᠤᠭᠠᠨ᠂ ᠬᠤᠪᠢ ᠬᠥᠮᠦᠨ᠎ᠦ ᠮᠡᠳᠡᠭᠡ ᠵᠠᠩᠭᠢ᠎ᠶ᠋ᠢᠨ ᠬᠠᠮᠠᠭᠠᠯᠠᠯᠲᠠ ᠵᠢᠴᠢ ᠬᠢᠯᠢ᠎ᠶ᠋ᠢᠨ ᠪᠣᠭᠣᠮᠲᠠ᠎ᠶ᠋ᠢᠨ ᠬᠠᠮᠢᠶ᠎ᠠ ᠪᠥᠬᠥᠶ ᠬᠠᠤᠯᠢ ᠴᠠᠭᠠᠵᠠ᠎ᠶ᠋ᠢᠨ ᠲᠣᠭ᠍ᠲᠠᠭᠠᠯ ᠵᠡᠷᠭᠡ ᠠᠭᠤᠯᠭ᠎ᠠ᠎ᠳᠤ ᠴᠢᠭ᠌ᠯᠡᠭᠦᠯᠦᠨ᠂ ᠠᠵᠢᠯᠲᠠᠳ ᠨᠠᠷᠢᠨ ᠲᠠᠢᠯᠤᠮᠵᠢ ᠬᠢᠵᠦ᠍᠂ ᠣᠯᠠᠨ᠎ᠢ ᠤᠬᠠᠮᠰᠠᠷ᠎ᠠᠴᠠ᠎ᠪᠠᠨ ᠬᠠᠤᠯᠢ᠎ᠶ᠋ᠢ ᠬᠦᠨᠳᠦᠳᠭᠡᠨ ᠬᠠᠤᠯᠢ᠎ᠶ᠋ᠢ ᠰᠤᠷᠤᠯᠴᠠᠵᠤ ᠬᠠᠤᠯᠢ᠎ᠶ᠋ᠢ ᠰᠠᠬᠢᠨ ᠬᠠᠤᠯᠢ᠎ᠶ᠋ᠢ ᠬᠡᠷᠡᠭ᠌ᠯᠡᠵᠦ᠂ ᠲᠣᠰ ᠪᠡᠶ᠎ᠡ᠎ᠶ᠋ᠢᠨ ᠬᠠᠤᠯᠢ ᠶᠣᠰᠣᠨ᠎ᠤ ᠡᠷᠬᠡ ᠠᠱᠢᠭ᠎ᠢᠶᠠᠨ ᠬᠠᠮᠠᠭᠠᠯᠠᠬᠤ ᠵᠢ ᠬᠥᠲᠥᠯᠦᠨ ᠵᠢᠯᠣᠭᠣᠳᠪᠠ᠃
ᠬᠠᠢᠯᠠᠷ᠎ᠤᠨ ᠬᠢᠯᠢ᠎ᠪᠡᠷ ᠣᠷᠣᠵᠤ ᠭᠠᠷᠬᠤ ᠬᠢᠯᠢ᠎ᠶ᠋ᠢᠨ ᠬᠠᠮᠠᠭᠠᠯᠠᠯᠲᠠ᠎ᠶ᠋ᠢᠨ ᠪᠠᠢᠴᠠᠭᠠᠬᠤ ᠥᠷᠲᠡᠭᠡ ᠨᠢ ᠪᠣᠭᠣᠮᠲᠠ᠎ᠶ᠋ᠢᠨ ᠬᠠᠮᠲᠤᠷᠠᠨ ᠪᠠᠢᠴᠠᠭᠠᠬᠤ ᠨᠢᠭᠡᠴᠢ᠎ᠯᠦᠭᠡ᠎ᠶ᠋ᠢᠨ ᠬᠠᠮᠵᠢᠯᠴᠠᠭ᠎ᠠ᠎ᠪᠠᠨ ᠦᠷᠭᠦᠯᠵᠢᠯᠡᠨ ᠭᠦᠨᠵᠡᠭᠡᠢᠷᠡᠭᠦᠯᠵᠦ᠍᠂ ᠬᠠᠤᠯᠢ ᠲᠦᠭᠡᠮᠡᠯᠵᠢᠭᠦᠯᠬᠦ᠌ ᠤᠬᠠᠭᠤᠯᠭ᠎ᠠ᠎ᠶ᠋ᠢᠨ ᠠᠵᠢᠯᠯᠠᠭ᠎ᠠ᠎ᠶ᠋ᠢ ᠪᠠᠢᠩᠭᠤ ᠥᠷᠨᠢᠭᠦᠯᠦᠨ᠂ ᠬᠠᠤᠯᠢ᠎ᠪᠠᠷ ᠵᠠᠰᠠᠬᠤ ᠬᠦᠴᠦᠨ᠎ᠢᠶᠡᠷ ᠪᠣᠭᠣᠮᠲᠠ᠎ᠶ᠋ᠢᠨ ᠠᠮᠤᠷ ᠲᠦᠪᠱᠢᠨ ᠲᠣᠭ᠍ᠲᠠᠭᠤᠨ ᠪᠠᠢᠳᠠᠯ᠎ᠢ ᠬᠠᠮᠠᠭᠠᠯᠠᠵᠤ᠂ ᠪᠣᠭᠣᠮᠲᠠ᠎ᠶ᠋ᠢᠨ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠢ ᠱᠢᠯᠢᠳᠡᠭ᠌ᠵᠢᠭᠦᠯᠬᠦ᠌᠎ᠳᠦ ᠬᠦᠴᠦᠨ ᠨᠡᠮᠡᠷᠢᠯᠡᠨ᠎ᠡ᠃