ᠤᠢᠷ᠎ᠠ ᠵᠢᠨ ᠡᠳᠦᠷ᠂ ᠬᠥᠬᠡᠬᠣᠲᠠ᠎ᠶ᠋ᠢᠨ ᠠᠷᠠᠳ᠎ᠤᠨ ᠪᠠᠢᠴᠠᠭᠠᠬᠤ ᠬᠣᠷᠢᠶ᠎ᠠ ᠢᠦᠢᠴᠢᠤᠸᠠᠨ ᠲᠣᠭᠣᠷᠢᠭ᠎ᠤᠨ ᠠᠷᠠᠳ᠎ᠤᠨ ᠪᠠᠢᠴᠠᠭᠠᠬᠤ ᠬᠣᠷᠢᠶ᠎ᠠ᠎ᠲᠠᠶ ᠬᠠᠮᠲᠤᠷᠠᠨ᠂ ᠶᠡᠬᠡ ᠵᠤᠤ ᠠᠭᠤᠳᠠᠮ ᠲᠠᠯᠠᠪᠠᠢ᠎ᠳᠤ 《ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢ ᠠᠬᠢᠭᠤᠯᠬᠤ ᠬᠠᠤᠯᠢ᠎ᠶ᠋ᠢ ᠪᠦᠬᠦ᠌ ᠲᠠᠯ᠎ᠠ᠎ᠪᠠᠷ ᠰᠤᠷᠤᠯᠴᠠᠵᠤ ᠤᠬᠠᠭᠤᠯᠤᠨ ᠲᠤᠭᠤᠱᠢᠯᠠᠭᠤᠯᠵᠤ᠂ ᠦᠷᠭᠦᠯᠵᠢᠯᠡᠨ ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠢ ᠰᠠᠢᠲᠤᠷ ᠪᠠᠢᠭᠤᠯᠬᠤ 》 ᠪᠠᠷ ᠭᠤᠤᠯ ᠰᠡᠳᠦᠪ ᠪᠣᠯᠭᠠᠭ᠍ᠰᠠᠨ ᠲᠥᠪᠯᠡᠷᠡᠩᠭᠦᠶ ᠬᠠᠤᠯᠢ᠎ᠪᠠᠷ ᠵᠠᠰᠠᠬᠤ ᠤᠬᠠᠭᠤᠯᠭ᠎ᠠ᠎ᠶ᠋ᠢᠨ ᠠᠵᠢᠯᠯᠠᠭ᠎ᠠ ᠵᠢ ᠶᠠᠪᠤᠬᠳᠠᠭᠤᠯᠵᠤ᠂ ᠦᠨᠳᠦᠰᠦᠲᠡᠨ᠎ᠦ ᠲᠥᠷᠥ᠎ᠶ᠋ᠢᠨ ᠪᠣᠳᠣᠯᠭ᠎ᠠ᠂ ᠬᠠᠤᠯᠢ ᠴᠠᠭᠠᠵᠠ᠎ᠶ᠋ᠢᠨ ᠮᠡᠳᠡᠯᠭᠡ᠂ ᠮᠡᠬᠡᠯᠡᠯ᠎ᠢ ᠡᠰᠡᠷᠭᠦᠴᠡᠬᠦ᠌ ᠰᠠᠨᠠᠭᠤᠯᠭ᠎ᠠ᠎ᠶ᠋ᠢ ᠣᠯᠠᠨ ᠲᠦᠮᠡᠨ᠎ᠦ ᠳᠡᠷᠭᠡᠳᠡ ᠬᠦᠷᠬᠡᠪᠡ᠃
ᠠᠵᠢᠯᠯᠠᠭ᠎ᠠ᠎ᠶ᠋ᠢᠨ ᠠᠬᠤᠢ ᠲᠠᠯᠠᠪᠠᠶ᠎ᠳᠤ᠂ ᠬᠠᠤᠯᠢ ᠲᠦᠭᠡᠮᠡᠯᠵᠢᠭᠦᠯᠬᠦ᠌ ᠡᠯ᠎ᠡ ᠲᠥᠷᠥᠯ᠎ᠦᠨ ᠤᠬᠠᠭᠤᠯᠭ᠎ᠠ᠎ᠶ᠋ᠢᠨ ᠮᠠᠲ᠋ᠧᠷᠢᠶᠠᠯ᠎ᠢ ᠡᠮᠬᠢ ᠵᠢᠷᠤᠮ᠎ᠲᠠᠶ ᠳᠡᠯᠭᠡᠨ ᠲᠠᠯᠪᠢᠵᠤ᠂ ᠪᠠᠢᠴᠠᠭᠠᠬᠤ ᠠᠵᠢᠯᠲᠠᠳ ᠬᠢᠯᠪᠠᠷ ᠣᠢᠯᠠᠭᠠᠮᠵᠢᠲᠠᠶ ᠬᠡᠯᠡ ᠬᠡᠯᠡᠯᠬᠡ ᠪᠡᠷ ᠨᠠᠮ᠎ᠤᠨ ᠦᠨᠳᠦᠰᠦᠲᠡᠨ᠎ᠦ ᠲᠥᠷᠥ᠎ᠶ᠋ᠢᠨ ᠪᠣᠳᠣᠯᠭ᠎ᠠ᠂ ᠦᠨᠳᠦᠰᠦᠲᠡᠨ᠎ᠦ ᠬᠠᠤᠯᠢ ᠴᠠᠭᠠᠵᠠ ᠬᠠᠤᠯᠢ ᠲᠣᠭ᠍ᠲᠠᠭᠠᠯ ᠵᠢᠴᠢ 《ᠪᠦᠬᠦᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢ ᠠᠬᠢᠭᠤᠯᠬᠤ ᠬᠠᠤᠯᠢ 》 ᠶ᠋ᠢ ᠭᠦᠨᠵᠡᠭᠡᠶ ᠤᠬᠠᠭᠤᠯᠤᠨ ᠲᠠᠢᠯᠪᠤᠷᠢᠯᠠᠵᠤ᠂ ᠦᠨᠳᠦᠰᠦᠲᠡᠨ᠎ᠨᠦᠭᠦᠳ᠎ᠦᠨ ᠣᠯᠠᠨ ᠲᠦᠮᠡᠨ ᠢ ᠬᠥᠲᠥᠯᠥᠨ ᠵᠢᠯᠣᠭᠣᠳᠴᠤ᠌ ᠪᠠᠢᠭᠠᠳ ᠳᠤᠮᠳᠠᠳᠤ ᠶ᠋ᠢᠨ ᠦᠨᠳᠦᠰᠦᠲᠡᠨ ᠦ ᠬᠠᠮᠲᠤ ᠶ᠋ᠢᠨ ᠴᠣᠭ᠍ᠴᠠ ᠶ᠋ᠢᠨ ᠣᠢᠯᠠᠭᠠᠭ᠍ᠳᠠᠬᠤᠨ᠎ᠢ ᠬᠦᠨᠵᠡᠭᠡᠢᠷᠡᠬᠦᠯᠪᠡ᠃
ᠢᠷᠭᠡᠨ᠎ᠦ ᠬᠠᠤᠯᠢ᠎ᠶ᠋ᠢᠨ ᠪᠢᠴᠢᠭ᠂ ᠮᠡᠬᠡᠯᠡᠯ᠎ᠢ ᠡᠰᠡᠷᠭᠦᠴᠡᠬᠦ᠌ ᠮᠡᠬᠡᠯᠡᠯ᠎ᠢ ᠰᠡᠷᠭᠡᠢᠯᠡᠬᠦ᠌᠂ ᠮᠡᠳᠡᠯᠭᠡ᠎ᠶ᠋ᠢᠨ ᠥᠮᠴᠢᠯᠡᠯ᠎ᠦᠨ ᠡᠷᠬᠡ᠎ᠶ᠋ᠢ ᠬᠠᠮᠠᠭᠠᠯᠠᠬᠤ ᠭᠤᠷᠪᠠ᠎ᠶ᠋ᠢ ᠨᠢᠭᠡ ᠴᠤᠬ᠍ᠴᠠᠵᠢᠭᠤᠯᠤᠬ᠍ᠰᠠᠨ ᠬᠠᠤᠯᠢ ᠲᠦᠭᠡᠮᠡᠯᠵᠢᠭᠦᠯᠬᠦ᠌ ᠤᠬᠠᠭᠤᠯᠭ᠎ᠠ᠎ᠶ᠋ᠢ ᠲᠤᠬᠠᠢ᠎ᠶ᠋ᠢᠨ ᠲᠠᠯᠠᠪᠠᠢ᠎ᠳᠤ ᠵᠡᠷᠭᠡ᠎ᠪᠡᠷ ᠥᠷᠨᠢᠭᠦᠯᠪᠡ᠃ ᠲᠣᠰ ᠤᠳᠠᠭ᠎ᠠ ᠵᠢᠨ ᠠᠵᠢᠯᠯᠠᠭ᠎ᠠ᠎ᠳᠤ ᠡᠯ᠎ᠡ ᠲᠥᠷᠥᠯ᠎ᠦᠨ ᠤᠬᠠᠭᠤᠯᠭ᠎ᠠ᠎ᠶ᠋ᠢᠨ ᠮᠠᠲ᠋ᠧᠷᠢᠶᠠᠯ᠎ᠢ ᠨᠡᠢᠲᠡ ᠬᠡᠳᠦᠨ ᠵᠠᠭᠤᠨ ᠬᠤᠪᠢ ᠲᠠᠷᠬᠠᠭᠠᠵᠤ᠂ ᠣᠯᠠᠨ ᠲᠦᠮᠡᠨ᠎ᠦ ᠯᠠᠪᠯᠠᠭ᠎ᠠ᠎ᠶ᠋ᠢ ᠵᠠᠭᠤ ᠭᠠᠷᠤᠶ ᠬᠥᠮᠦᠨ ᠤᠳᠠᠭ᠎ᠠ ᠭᠥᠯᠢᠶᠡᠨ ᠠᠪᠴᠤ᠌᠂ ᠣᠯᠠᠨ ᠲᠦᠮᠡᠨ᠎ᠲᠡᠶ ᠣᠢᠷᠠᠲᠤᠭ᠍ᠰᠠᠨ᠂ ᠬᠠᠯᠠᠭᠤᠨ ᠳᠤᠯᠠᠭᠠᠨ ᠤᠬᠠᠭᠤᠯᠭ᠎ᠠ᠎ᠶ᠋ᠢᠨ ᠠᠷᠭ᠎ᠠ ᠬᠡᠯᠪᠡᠷᠢ᠎ᠪᠡᠷ ᠬᠠᠤᠯᠢ᠎ᠪᠠᠷ ᠵᠠᠰᠠᠬᠤ ᠣᠢᠯᠠᠭᠠᠭ᠍ᠳᠠᠬᠤᠨ ᠢ ᠡᠳᠦᠷ ᠲᠤᠲᠤᠮ ᠤᠨ ᠠᠵᠢᠯ᠂ ᠬᠥᠮᠦᠰ ᠦᠨ ᠰᠡᠳᠭᠢᠯ᠎ᠳᠦ ᠭᠦᠨ ᠬᠠᠳᠠᠩᠱᠢᠭᠤᠯᠵᠠᠶ᠃