5 ᠰᠠᠷ᠎ᠠ᠎ᠶ᠋ᠢᠨ 19 ᠤ᠋ ᠦᠳᠡ᠎ᠶ᠋ᠢᠨ ᠡᠮᠦᠨ᠎ᠡ᠂ 2026 ᠣᠨ᠎ᠤ 《ᠨᠢᠭᠡ ᠪᠦᠰᠡ ᠨᠢᠭᠡ ᠵᠠᠮ· ᠬᠡᠷᠡᠯ ᠭᠡᠭᠡ ᠵᠢᠨ ᠠᠶᠠᠯᠠᠯ》 ᠤ᠋ᠨ ᠮᠣᠩᠭᠣᠯ ᠤᠯᠤᠰ᠎ᠤ᠋ᠨ ᠠᠵᠢᠯᠯᠠᠭ᠎ᠠ᠎ᠳᠤ ᠣᠷᠣᠯᠴᠠᠭ᠍ᠰᠠᠨ 120 ᠴᠠᠭᠠᠨ ᠬᠠᠷᠠᠩ ᠡᠪᠡᠳᠴᠢᠲᠡᠨ ᠡᠷᠢᠶᠡᠨ ᠬᠣᠲᠠ᠎ᠶ᠋ᠢᠨ ᠲᠡᠮᠦᠷ ᠵᠠᠮ᠎ᠤᠨ ᠪᠣᠭᠣᠮᠲᠠ᠎ᠪᠠᠷ ᠬᠢᠯᠢ᠎ᠳᠦ ᠣᠷᠣᠵᠤ ᠢᠷᠡᠪᠡ᠃ ᠡᠷᠢᠶᠡᠨ ᠬᠣᠲᠠ᠎ᠶ᠋ᠢᠨ ᠬᠢᠯᠢ᠎ᠪᠡᠷ ᠣᠷᠣᠵᠤ ᠭᠠᠷᠬᠤ ᠬᠢᠯᠢ᠎ᠶ᠋ᠢᠨ ᠬᠠᠮᠠᠭᠠᠯᠠᠯᠲᠠ᠎ᠶ᠋ᠢᠨ ᠪᠠᠢᠴᠠᠭᠠᠬᠤ ᠥᠷᠲᠡᠭᠡ ᠨᠢ ᠪᠣᠭᠣᠮᠲᠠ᠎ᠪᠠᠷ ᠥᠩᠭᠡᠷᠡᠬᠦ᠌ ᠴᠢᠨᠠᠷ ᠰᠠᠢᠲᠠᠶ ᠪᠥᠭᠡᠳ ᠥᠨᠳᠥᠷ ᠪᠦᠲᠦᠮᠵᠢᠲᠡᠶ ᠦᠶ᠋ᠯᠡᠴᠢᠯᠡᠭᠡ᠎ᠪᠡᠷ ᠬᠢᠯᠢ ᠠᠯᠤᠰᠯᠠᠭ᠍ᠰᠠᠨ ᠠᠶᠠᠯᠠᠯ᠎ᠢ ᠬᠠᠮᠠᠭᠠᠯᠠᠵᠤ᠂ ᠪᠣᠳᠠᠲᠤ ᠠᠵᠢᠯᠯᠠᠭ᠎ᠠ᠎ᠪᠠᠷ᠎ᠢᠶᠠᠨ ᠳᠤᠮᠳᠠᠳᠤ ᠮᠣᠩᠭᠣᠯ᠎ᠤᠨ ᠠᠷᠠᠳ᠎ᠤᠨ ᠬᠣᠭᠣᠷᠣᠨᠳᠣᠬᠢ ᠰᠡᠳᠭᠢᠯᠢᠳᠤᠯᠠᠭᠠᠴᠠᠭᠤᠯᠬᠤ ᠬᠥᠭᠥᠷᠭᠡ᠎ᠶ᠋ᠢ ᠪᠠᠢᠭᠤᠯᠪᠠ᠃
ᠬᠢᠯᠢ᠎ᠳᠦ ᠣᠷᠣᠵᠤ ᠢᠷᠡᠭ᠌ᠰᠡᠨ ᠡᠪᠡᠳᠴᠢᠲᠡᠨ᠎ᠦ ᠣᠯᠠᠩᠬᠢ᠎ᠨᠢ ᠨᠠᠰᠤᠲᠠᠶ ᠬᠥᠮᠦᠨ᠂ ᠬᠥᠳᠡᠯᠵᠦ᠍ ᠪᠠᠷᠢᠬᠤ᠎ᠳᠤ ᠳᠥᠭᠥᠮ ᠦᠭᠡᠢ ᠪᠠᠢᠳᠠᠯ᠎ᠳᠤ ᠴᠢᠭ᠌ᠯᠡᠭᠦᠯᠦᠨ᠂ ᠲᠣᠰ ᠥᠷᠲᠡᠭᠡ᠎ᠨᠢ ᠲᠤᠰᠭᠠᠶ ᠦᠶ᠋ᠯᠡᠴᠢᠯᠡᠭᠡᠨ᠎ᠦ ᠲᠥᠰᠦᠯ ᠲᠣᠭ᠍ᠲᠠᠭᠠᠵᠤ᠂ ᠦᠶ᠋ᠯᠡᠴᠢᠯᠡᠭᠡᠨ᠎ᠦ ᠦᠵᠡᠯ ᠤᠬᠠᠮᠰᠠᠷ᠎ᠢᠶᠠᠷ ᠴᠢᠩᠭ᠎ᠠ᠂ ᠱᠢᠯᠭᠠᠨ ᠪᠠᠲᠤᠯᠠᠬᠤ ᠳ᠋ᠤ ᠴᠢᠳᠠᠮᠠᠭᠠᠢ ᠠᠵᠢᠯᠲᠠᠨ᠎ᠢ ᠰᠣᠩᠭᠣᠨ ᠲᠣᠮᠢᠯᠠᠵᠤ᠂ ᠪᠠᠢᠴᠠᠭᠠᠨ ᠱᠢᠯᠭᠠᠬᠤ ᠭᠣᠭ᠍ᠴᠣᠭ᠎ᠠ᠎ᠶ᠋ᠢᠨ ᠥᠨᠳᠥᠷ ᠪᠦᠲᠦᠮᠵᠢᠲᠡᠶ ᠪᠥᠭᠡᠳ ᠰᠠᠭᠠᠳ ᠥᠬᠡᠶ ᠪᠠᠢᠬᠤ᠎ᠶ᠋ᠢ ᠪᠠᠲᠤᠯᠠᠪᠠ᠃ ᠮᠣᠩᠭᠣᠯ ᠬᠡᠯᠡᠨ᠎ᠳᠦ ᠨᠡᠪᠲᠡᠷᠡᠭ᠌ᠰᠡᠨ ᠠᠷᠠᠳ᠎ᠤᠨ ᠴᠠᠭ᠍ᠳᠠᠭ᠎ᠠ᠎ᠶ᠋ᠢ ᠰᠤᠡᠭᠭᠤᠵᠤ᠂ ᠪᠥᠬᠥ᠌ ᠶᠠᠪᠤᠴᠠ᠎ᠳᠤ ᠡᠪᠡᠳᠴᠢᠲᠡᠨ᠎ᠢ ᠬᠠᠮᠵᠢᠨ ᠭᠠᠳᠠᠭᠠᠳᠤ᠎ᠶ᠋ᠢᠨ ᠬᠥᠮᠦᠨ᠎ᠦ ᠬᠢᠯᠢ᠎ᠳᠦ ᠣᠷᠣᠬᠤ᠎ᠶ᠋ᠢ ᠳᠠᠩᠰᠠᠯᠠᠬᠤ ᠺᠠᠷᠲ ᠲᠠᠭ᠍ᠯᠠᠬᠤ ᠵᠡᠷᠭᠡ ᠵᠦᠶ᠋ᠯᠡᠰ᠎ᠢ ᠭᠦᠶ᠋ᠴᠡᠳᠭᠡᠵᠦ᠍᠂ ᠦᠭᠡ ᠬᠡᠯᠡᠨ᠎ᠦ ᠨᠡᠪᠲᠡᠷᠡᠯᠴᠡᠭᠡᠨᠦ ᠬᠠᠷᠰᠢ ᠰᠠᠭᠠᠳ᠎ᠢ ᠠᠷᠢᠯᠭᠠᠵᠠᠢ᠃ ᠡᠭᠦᠨ᠎ᠦ ᠬᠠᠮᠲᠤ᠂ ᠲᠣᠰ ᠥᠷᠲᠡᠭᠡ᠎ᠨᠢ ᠬᠣᠯᠪᠣᠭᠠᠯᠠᠨ ᠪᠠᠢᠴᠠᠭᠠᠬᠤ ᠨᠢᠭᠡᠴᠢ᠎ᠲᠠᠢ ᠬᠠᠮᠳᠤᠷᠠᠨ᠂ 《ᠨᠢᠭᠡ ᠥᠷᠲᠡᠭᠡᠴᠢᠯᠡᠭᠰᠡᠨ ᠮᠠᠶᠢᠭ》 ᠤ᠋ᠨ ᠲᠦᠷᠭᠡᠨ ᠨᠡᠪᠲᠡᠷᠡᠬᠦ᠌ ᠵᠠᠮ ᠨᠡᠭᠡᠭᠡᠵᠦ᠂ ᠬᠢᠯᠢ᠎ᠳᠦ ᠣᠷᠣᠵᠤ ᠢᠷᠡᠭ᠌ᠰᠡᠨ ᠡᠪᠡᠳᠴᠢᠲᠡᠨ᠎ᠳᠦ ᠪᠣᠭᠣᠮᠲᠠ᠎ᠪᠠᠷ ᠥᠩᠭᠡᠷᠡᠬᠦ᠌᠎ᠳᠦ ᠲᠥᠬᠥᠮ ᠦᠵᠡᠭᠦᠯᠵᠦ᠍᠂ ᠪᠣᠭᠣᠮᠲᠠ ᠪᠠᠷ ᠥᠩᠭᠡᠷᠡᠬᠦ᠌ ᠴᠠᠭ᠎ᠢ ᠬᠠᠮᠤᠭ᠎ᠤᠨ ᠶᠡᠬᠡ ᠬᠡᠮᠵᠢᠶ᠎ᠡ᠎ᠪᠡᠷ ᠠᠷᠪᠢᠯᠠᠪᠠ᠃
ᠣᠢᠯᠠᠭᠠᠭ᠍ᠰᠠᠨ᠎ᠢᠶᠠᠷ᠂ ᠮᠣᠩᠭᠣᠯ ᠤᠯᠤᠰ᠎ᠤᠨ ᠡᠪᠡᠳᠴᠢᠲᠡᠨ ᠬᠢᠯᠢ᠎ᠳᠦ ᠤᠷᠤᠭ᠍ᠰᠠᠨ᠎ᠤ ᠳᠠᠷᠠᠭ᠎ᠠ ᠡᠷᠢᠶᠡᠨ ᠬᠣᠲᠠ᠎ᠶ᠋ᠢᠨ ᠤᠯᠠᠭᠠᠨ ᠵᠠᠭᠠᠯᠮᠠᠢᠲᠠᠨ᠎ᠤ ᠨᠡᠢᠭᠡᠮᠯᠢᠭ᠎ᠡᠴᠡ ᠮᠡᠰᠡ ᠵᠠᠰᠠᠯ ᠬᠢᠬᠦ᠌᠎ᠡᠴᠡ ᠡᠮᠦᠨᠡᠬᠢ ᠪᠠᠢᠴᠠᠭᠠᠯᠲᠠ ᠪᠠ ᠡᠷᠡᠭᠦᠯᠵᠢᠯ᠎ᠦᠨ ᠡᠮᠴᠢᠯᠡᠭᠡ᠎ᠶ᠋ᠢ ᠵᠣᠬᠢᠶᠠᠨ ᠪᠠᠢᠭᠤᠯᠤᠨ᠎ᠠ᠃ ᠲᠣᠰ ᠤᠳᠠᠭ᠎ᠠ᠎ᠶ᠋ᠢᠨ ᠬᠢᠯᠢ᠎ᠪᠡᠷ ᠣᠷᠣᠵᠤ ᠡᠮᠨᠡᠨ ᠵᠠᠰᠠᠭ᠍ᠰᠠᠨ ᠠᠵᠢᠯᠯᠠᠭ᠎ᠠ᠎ᠨᠢ ᠡᠪᠡᠳᠴᠢᠲᠡᠨ᠎ᠦ ᠬᠠᠷᠠᠭ᠎ᠠ ᠵᠢ ᠰᠠᠢᠵᠢᠷᠠᠭᠤᠯᠬᠤ ᠪᠡᠷ ᠪᠠᠷᠠᠬᠤ ᠥᠬᠡᠶ᠂ ᠨᠠᠩ ᠴᠤ᠌ ᠳᠤᠮᠳᠠᠳᠤ ᠮᠣᠩᠭᠣᠯ ᠬᠣᠶᠠᠷ ᠤᠯᠤᠰ᠎ᠤᠨ ᠠᠷᠠᠳ ᠲᠦᠮᠡᠨ᠎ᠦ ᠵᠠᠶ᠎ᠶ᠋ᠢ ᠣᠢᠷᠠᠲᠤᠭᠤᠯᠵᠤ᠂ ᠳᠤᠮᠳᠠᠳᠤ ᠮᠣᠩᠭᠣᠯ᠎ᠤᠨ ᠡᠶᠡᠯᠳᠡᠭ ᠬᠥᠷᠰᠢ᠎ᠶ᠋ᠢᠨ ᠨᠥᠬᠥᠷᠯᠡᠯ᠎ᠢ ᠠᠬᠢᠭᠤᠯᠬᠤ᠎ᠳᠤ ᠬᠦᠴᠦᠨ ᠨᠡᠮᠡᠷᠢᠯᠡᠭ᠌ᠰᠡᠨ ᠪᠠᠢᠨ᠎ᠠ᠃