2026 ᠣᠨ᠎ᠤ 《ᠡᠮ ᠡᠮᠨᠡᠯᠭᠡ ᠡᠮᠴᠢᠯᠡᠭᠡ ᠵᠢ ᠦᠨᠳᠦᠰᠦᠨ ᠱᠠᠲᠤᠨ᠎ᠳᠤ ᠬᠦᠷᠭᠡᠬᠦ》 ᠲᠣᠭᠣᠷᠢᠨ ᠡᠮᠨᠡᠬᠦ᠌ ᠠᠵᠢᠯᠯᠠᠭ᠎ᠠ ᠶᠠᠪᠤᠭ᠍ᠳᠠᠪᠠ
2026-05-29 16:01:27
ᠵᠣᠬᠢᠶᠠᠭ᠍ᠴᠢ᠄
ᠰᠦᠨ ᠯᠢ ᠶᠢᠡᠭ
ᠣᠩᠱᠢᠭ᠍ᠰᠠᠨ ᠣᠳᠠᠭ᠎ᠠ᠄
★★★☆☆

5 ᠰᠠᠷ᠎ᠠ᠎ᠶ᠋ᠢᠨ 21᠎ᠤ᠋ ᠡᠳᠦᠷ᠂ ᠤᠯᠤᠰ᠎ᠤᠨ ᠨᠡᠭᠦᠳᠡᠯ ᠠᠷᠠᠳ᠎ᠤᠨ ᠬᠠᠮᠢᠶᠠᠷᠤᠯᠲᠠ᠎ᠶ᠋ᠢᠨ ᠲᠣᠪᠴᠢᠶ᠎ᠠ᠂ ᠤᠯᠤᠰ᠎ᠤᠨ ᠬᠢᠲᠠᠳ ᠡᠮ ᠡᠮᠨᠡᠯᠭᠡ᠎ᠶ᠋ᠢᠨ ᠬᠠᠮᠢᠶᠠᠷᠤᠯᠲᠠ᠎ᠶ᠋ᠢᠨ ᠲᠣᠪᠴᠢᠶ᠎ᠠ᠎ᠠᠴᠠ ᠬᠠᠮᠲᠤᠷᠠᠨ ᠥᠷᠨᠢᠭᠦᠯᠦᠭ᠌ᠰᠡᠨ 2026 ᠣᠨ᠎ᠤ 《ᠡᠮ ᠡᠮᠨᠡᠯᠭᠡ ᠡᠮᠴᠢᠯᠡᠭᠡ ᠵᠢ ᠦᠨᠳᠦᠰᠦᠨ ᠱᠠᠲᠤᠨ᠎ᠳᠤ ᠬᠦᠷᠭᠡᠬᠦ》 ᠲᠣᠭᠣᠷᠢᠨ ᠡᠮᠨᠡᠬᠦ᠌ ᠠᠵᠢᠯᠯᠠᠭ᠎ᠠ ᠠᠯᠠᠱᠠ ᠵᠢᠨ ᠬᠢᠯᠢ ᠬᠢᠵᠠᠭᠠᠷ ᠤᠷᠤᠨ ᠵᠢᠡᠷ ᠶᠠᠪᠤᠭ᠍ᠳᠠᠪᠠ᠃

ᠡᠮᠴᠢᠯᠡᠭᠡᠨ᠎ᠦ ᠲᠤᠰᠭᠠᠶ ᠮᠡᠷᠭᠡᠵᠢᠯᠲᠡᠨ ᠭᠦᠨ ᠵᠤᠵᠠᠭᠠᠨ ᠬᠠᠯᠠᠮᠵᠢᠯᠠᠯ ᠪᠠ ᠴᠢᠨᠠᠷ ᠰᠠᠢᠲᠠᠶ ᠡᠮᠴᠢᠯᠡᠭᠡᠨ᠎ᠦ ᠡᠬᠢ ᠪᠠᠶᠠᠯᠢᠭ᠎ᠢ ᠠᠪᠴᠤ᠌ ᠡᠯᠡᠰᠦᠨ ᠭᠣᠪᠢ᠂ ᠬᠢᠯᠢ᠎ᠶ᠋ᠢᠨ ᠡᠮᠦᠨ᠎ᠡ ᠵᠠᠬ᠎ᠠ ᠳ᠋ᠤ ᠬᠦᠷᠴᠦ᠍᠂ ᠬᠢᠯᠢ ᠬᠢᠵᠠᠭᠠᠷ᠎ᠢ ᠰᠠᠬᠢᠨ ᠰᠠᠭᠤᠵᠤ ᠪᠠᠢᠭ᠎ᠠ ᠬᠢᠯᠢ᠎ᠶ᠋ᠢᠨ ᠬᠠᠮᠠᠭᠠᠯᠠᠯᠲᠠ ᠵᠢᠨ ᠠᠷᠠᠳ᠎ᠤᠨ ᠴᠠᠭ᠍ᠳᠠᠭ᠎ᠠ᠂ ᠺᠠᠳ᠋ᠷ ᠠᠵᠢᠯᠲᠠᠨ᠂ ᠬᠢᠯᠢ ᠬᠠᠮᠠᠭᠠᠯᠠᠭ᠍ᠴᠢ ᠵᠢᠴᠢ ᠮᠠᠯᠵᠢᠬᠤ ᠣᠷᠣᠨ᠎ᠤ ᠣᠯᠠᠨ ᠲᠦᠮᠡᠨ ᠳ᠋ᠤ ᠬᠡᠷ᠎ᠤ᠋ᠨ ᠡᠬᠦᠳᠡᠨ ᠳ᠋ᠡᠬᠢ ᠡᠮᠴᠢᠯᠡᠭᠡᠨ ᠤ᠋ ᠦᠢᠯᠡᠴᠢᠯᠡᠭᠡ ᠵᠢ ᠬᠦᠷᠭᠡᠪᠡ᠃

ᠲᠣᠭᠣᠷᠢᠨ ᠡᠮᠨᠡᠬᠦ᠌ ᠡᠮᠴᠢᠯᠡᠭᠡᠨ᠎ᠦ ᠠᠩᠭᠢ᠎ᠨᠢ ᠾᠧᠨᠠᠨ ᠮᠤᠵᠢ᠎ᠶ᠋ᠢᠨ ᠬᠢᠲᠠᠳ ᠡᠮ ᠡᠮᠨᠡᠯᠭᠡ᠎ᠶ᠋ᠢᠨ ᠶᠡᠬᠡ ᠰᠤᠷᠭᠠᠭᠤᠯᠢ᠎ᠶ᠋ᠢᠨ ᠬᠠᠷᠢᠶᠠᠲᠤ ᠨᠢᠭᠡᠳᠦᠭᠡᠷ ᠡᠮᠨᠡᠯᠭᠡ᠎ᠶ᠋ᠢᠨ ᠬᠣᠷᠢᠶ᠎ᠠ᠂ ᠭᠠᠨᠰᠦ ᠮᠤᠵᠢ᠎ᠶ᠋ᠢᠨ ᠬᠢᠲᠠᠳ ᠡᠮᠨᠡᠯᠭᠡ᠎ᠶ᠋ᠢᠨ ᠬᠣᠷᠢᠶ᠎ᠠ᠂ ᠱᠧᠨᠵᠧᠨ᠎ᠦ ᠬᠢᠯᠢ᠎ᠶ᠋ᠢᠨ ᠪᠠᠢᠴᠠᠭᠠᠯᠲᠠ᠎ᠶ᠋ᠢᠨ ᠶᠡᠷᠦᠩᠬᠡᠶ ᠥᠷᠲᠡᠭᠡ ᠵᠢᠨ ᠡᠮᠨᠡᠯᠭᠡ᠎ᠶ᠋ᠢᠨ ᠬᠣᠷᠢᠶ᠎ᠠ ᠵᠢᠨ 15 ᠡᠮᠴᠢᠯᠡᠭᠡᠨ᠎ᠦ ᠲᠤᠰᠭᠠᠶ ᠮᠡᠷᠭᠡᠵᠢᠯᠲᠡᠨ᠎ᠵᠢᠡᠷ ᠪᠦᠷᠢᠯᠳᠦᠵᠦ᠂ ᠵᠢᠷᠦᠬᠡ ᠲᠠᠷᠢᠬᠢ ᠴᠢᠰᠤᠨ ᠰᠤᠳᠠᠯ᠎ᠤᠨ ᠡᠪᠡᠳᠴᠢᠨ᠂ ᠶᠠᠰᠤᠨ᠎ᠤ ᠡᠮᠨᠡᠯᠭᠡ᠎ᠶ᠋ᠢᠨ ᠡᠷᠡᠭᠦᠯᠵᠢᠯ᠂ ᠳᠣᠲᠣᠭᠠᠳᠤ ᠱᠦᠭᠦᠷᠡᠯ᠎ᠦᠨ ᠡᠪᠡᠳᠴᠢᠨ᠂ ᠡᠷᠡᠭᠦᠯᠵᠢᠭᠦᠯᠬᠦ᠌ ᠹᠢᠽᠢᠺ ᠵᠠᠰᠠᠯ᠂ ᠰᠡᠳᠭᠢᠴᠡ᠎ᠶ᠋ᠢᠨ ᠵᠢᠯᠣᠭᠣᠳᠣᠯᠭ᠎ᠠ ᠵᠡᠷᠭᠡ ᠬᠦᠷᠢᠶ᠎ᠡ ᠴᠠᠷᠠᠭ᠎ᠠ ᠵᠢ ᠬᠠᠮᠤᠷᠴᠤ᠂ ᠬᠢᠯᠢ ᠬᠢᠵᠠᠭᠠᠷ᠎ᠤᠨ ᠬᠠᠬᠢᠷ ᠬᠦᠢᠲᠡᠨ᠂ ᠰᠠᠯᠬᠢ ᠱᠢᠭᠤᠷᠭ᠎ᠠ ᠶᠡᠬᠡᠲᠡᠶ ᠣᠷᠴᠢᠨ ᠲᠣᠭᠣᠷᠢᠨ᠎ᠤ ᠣᠨᠴᠠᠯᠢᠭ ᠵᠢᠴᠢ ᠬᠢᠯᠢ᠎ᠶ᠋ᠢᠨ ᠴᠠᠭ᠍ᠳᠠᠭ᠎ᠠ ᠤᠷᠲᠤ ᠬᠤᠭᠤᠴᠠᠭ᠎ᠠ᠎ᠪᠠᠷ ᠵᠢᠵᠢᠭᠦᠷᠯᠡᠭ᠌ᠰᠡᠨ᠎ᠡᠴᠡ ᠪᠣᠯᠤᠭ᠍ᠰᠠᠨ ᠬᠦᠵᠦᠭᠦᠦ ᠰᠡᠭᠡᠷ᠎ᠦᠨ ᠡᠪᠡᠳᠴᠢᠨ᠂ ᠦᠶ᠎ᠡ ᠬᠡᠰᠢᠬᠦᠦ ᠵᠢᠨ ᠭᠡᠮᠲᠦᠯ᠂ ᠨᠣᠢᠷ ᠬᠤᠯᠵᠢᠬᠤ ᠵᠡᠷᠭᠡ ᠡᠪᠡᠳᠴᠢᠨ ᠳ᠋ᠤ ᠬᠠᠨᠳᠤᠭᠤᠯᠤᠨ᠂ ᠲᠤᠰᠭᠠᠶ ᠮᠡᠷᠭᠡᠵᠢᠯᠲᠡᠨ ᠡᠴᠨ ᠰᠤᠳᠠᠯ ᠪᠠᠷᠢᠵᠤ ᠣᠨᠣᠱᠢᠯᠠᠬᠤ᠂ ᠴᠢᠰᠤᠨ᠎ᠤ ᠪᠠᠢᠴᠠᠭᠠᠯᠲᠠ᠂ ᠵᠡᠭᠦᠦ ᠲᠥᠭᠡᠨᠡᠯᠭᠡ᠎ᠶ᠋ᠢᠨ ᠹᠢᠽᠢᠺ ᠵᠠᠰᠠᠯ᠂ ᠡᠷᠡᠭᠦᠯ ᠮᠡᠨᠳᠦ᠍᠎ᠶ᠋ᠢᠨ ᠤᠬᠠᠭᠤᠯᠭ᠎ᠠ ᠬᠥᠮᠦᠵᠢᠯ᠂ ᠰᠡᠳᠭᠢᠴᠡ᠎ᠶ᠋ᠢᠨ ᠵᠢᠯᠣᠭᠣᠳᠣᠯᠭ᠎ᠠ ᠵᠡᠷᠭᠡ ᠨᠢᠭᠡ ᠥᠷᠲᠡᠭᠡᠴᠢᠯᠡᠭᠰᠡᠨ ᠮᠠᠶᠢᠭ᠎ᠤᠨ ᠦᠶ᠋ᠯᠡᠴᠢᠯᠡᠭᠡ ᠬᠠᠡᠭᠭᠠᠵᠠᠢ᠃

ᠡᠨᠡ ᠵᠢᠯ᠎ᠦᠨ ᠲᠣᠭᠣᠷᠢᠨ ᠡᠮᠨᠡᠬᠦ᠌ ᠠᠵᠢᠯᠯᠠᠭ᠎ᠠ᠎ᠨᠢ 《ᠰᠦᠯᠵᠢᠶᠠᠨ ᠭᠠᠳᠠᠨ᠎ᠠ ᠬᠡᠷ᠎ᠲᠦᠨᠢ ᠬᠦᠷᠴᠦ᠍ ᠣᠨᠣᠱᠢᠯᠠᠨ ᠡᠮᠨᠡᠬᠦ᠌᠂ ᠰᠦᠯᠵᠢᠶᠡᠨ ᠳᠡᠭᠡᠷ᠎ᠡ ᠮᠥᠷᠳᠡᠨ ᠳᠠᠭᠠᠵᠤ ᠦᠷ᠎ᠡ ᠪᠦᠲᠦᠮᠵᠢ ᠠᠰᠠᠭᠤᠬᠤ》 ᠪᠥᠬᠥ᠌ ᠦᠶᠡᠯᠡᠯ᠎ᠦᠨ ᠡᠷᠡᠭᠦᠯ ᠮᠡᠨᠳᠦ᠍᠎ᠶ᠋ᠢᠨ ᠦᠶ᠋ᠯᠡᠴᠢᠯᠡᠭᠡᠨ᠎ᠦ ᠲᠣᠭ᠍ᠲᠠᠴᠠ᠎ᠶ᠋ᠢ ᠱᠢᠨ᠎ᠡ᠎ᠵᠢ ᠡᠭᠦᠳᠦᠨ ᠬᠡᠷᠡᠭ᠌ᠵᠢᠭᠦᠯᠵᠦ᠍᠂ ᠬᠢᠯᠢ ᠬᠢᠵᠠᠭᠠᠷ᠎ᠤᠨ ᠣᠯᠠᠨ ᠲᠦᠮᠡᠨ᠎ᠦ ᠳᠠᠬᠢᠨ ᠡᠮᠨᠡᠭᠦᠯᠬᠦ᠌᠎ᠳᠦ ᠳᠥᠭᠥᠮ ᠦᠭᠡᠢ ᠪᠠᠢᠬᠤ ᠠᠰᠠᠭᠤᠳᠠᠯ᠎ᠢ ᠱᠢᠶ᠋ᠳᠪᠦᠷᠢᠯᠡᠵᠦ᠍᠂ ᠬᠢᠯᠢ ᠨᠤᠳᠤᠭ ᠵᠢᠡᠨ ᠰᠠᠬᠢᠨ ᠬᠠᠮᠠᠭᠠᠯᠠᠵᠤ ᠪᠠᠢᠭ᠎ᠠ ᠴᠠᠬᠳᠠᠭ᠎ᠠ ᠣᠯᠠᠨ ᠲᠦᠮᠡᠨ ᠤ᠋ ᠬᠣᠢᠱᠢᠳᠠ᠎ᠶ᠋ᠢᠨ ᠵᠣᠪᠠᠨᠢᠯ ᠢ᠋ ᠨᠢ ᠠᠷᠢᠯᠭᠠᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号