12345 ᠵᠠᠰᠠᠭ᠎ᠤᠨ ᠶᠠᠪᠤᠳᠠᠯ᠎ᠤᠨ ᠦᠶ᠋ᠯᠡᠴᠢᠯᠡᠭᠡᠨ᠎ᠤ ᠤᠯᠠᠨ ᠲᠦᠮᠡᠨ ᠳ᠋ᠤ ᠲᠥᠬᠥᠮ ᠦᠵᠡᠭᠦᠯᠬᠦ᠌ ᠬᠠᠯᠠᠮᠱᠢᠯ ᠤᠲᠠᠰᠤ ᠨᠢ ᠨᠢᠭᠡ ᠲᠠᠯ᠎ᠠ᠎ᠪᠠᠷ ᠨᠠᠮ᠎ᠤᠨ ᠬᠣᠷᠢᠶ᠎ᠠ ᠵᠠᠰᠠᠭ᠎ᠤᠨ ᠣᠷᠳᠣᠨ᠎ᠢ ᠬᠤᠯᠪᠤᠵᠤ᠂ ᠨᠦᠬᠦᠭᠡ ᠲᠠᠯ᠎ᠠ᠎ᠪᠠᠷ ᠠᠷᠠᠳ᠎ᠤᠨ ᠰᠡᠳᠭᠢᠯ ᠠᠷᠠᠳ᠎ᠤᠨ ᠰᠠᠨᠠᠭ᠎ᠠ ᠵᠢ ᠬᠤᠯᠪᠤᠵᠤ ᠪᠠᠢᠳᠠᠭ᠃ ᠠᠯᠠᠱᠠ ᠠᠢᠮᠠᠭ᠎ᠤᠨ 12345 ᠬᠠᠯᠠᠮᠱᠢᠯ ᠤᠲᠠᠰᠤ᠎ᠨᠢ ᠣᠯᠠᠨ ᠲᠦᠮᠡᠨ᠎ᠦ ᠪᠠᠴᠢᠮᠳᠡᠵᠤ ᠬᠦᠴᠢᠷᠳᠡᠵᠤ ᠵᠤᠪᠠᠨᠢᠵᠤ ᠬᠦᠰᠡᠵᠦ᠍ ᠪᠠᠢᠭ᠎ᠠ ᠠᠰᠠᠭᠤᠳᠠᠯ᠎ᠢ ᠰᠡᠳᠭᠢᠯ ᠳᠡᠯᠪᠢᠨ ᠱᠢᠶ᠋ᠳᠪᠦᠷᠢᠯᠡᠵᠦ᠍᠂ ᠭᠤᠷᠪᠠᠨ ᠵᠢᠯ ᠳᠠᠷᠠᠭᠠᠯᠠᠨ ᠪᠥᠬᠥ᠌ ᠤᠯᠤᠰ ᠤᠨ ᠳᠤᠮᠳᠠ ᠵᠢᠵᠢᠭ ᠬᠣᠲᠠ᠎ᠶ᠋ᠢᠨ ᠬᠠᠯᠠᠮᠱᠢᠯ ᠤᠲᠠᠰᠤᠨ᠎ᠤ ᠦᠶ᠋ᠯᠡᠴᠢᠯᠡᠭᠡᠨ᠎ᠦ ᠶᠠᠰᠤ ᠴᠢᠨᠠᠷ ᠤᠨ《A+》 ᠬᠠᠮᠤᠭ ᠥᠨᠳᠥᠷ ᠲᠠᠰ᠎ᠢᠶᠠᠷ ᠦᠨᠡᠯᠡᠭ᠌ᠳᠡᠪᠠ᠃
ᠠᠯᠠᠱᠠ ᠠᠢᠮᠠᠭ ᠦᠶ᠋ᠯᠡᠴᠢᠯᠡᠭᠡᠨ᠎ᠦ ᠲᠣᠭ᠍ᠲᠠᠴᠠ᠎ᠪᠠᠨ ᠲᠠᠰᠤᠷᠠᠯᠲᠠ ᠥᠬᠡᠶ ᠱᠢᠯᠢᠳᠡᠭ᠌ᠵᠢᠭᠦᠯᠵᠦ᠍᠂ 《ᠭᠥᠯᠢᠶᠡᠨ ᠠᠪᠴᠤ᠌ ᠱᠢᠶ᠋ᠳᠪᠦᠷᠢᠯᠡᠬᠦ᠌ — ᠱᠢᠯᠵᠢᠭᠦᠯᠦᠨ ᠭᠦᠶ᠋ᠴᠡᠳᠭᠡᠬᠦ᠌ — ᠱᠠᠯᠠᠪᠳᠠᠭᠤᠯᠤᠨ ᠭᠦᠶ᠋ᠴᠡᠳᠭᠡᠬᠦ᠌ — ᠬᠠᠷᠢᠭᠤ ᠲᠤᠰᠭᠠᠬᠤ》ᠪᠥᠬᠥ᠌ ᠶᠠᠪᠤᠴᠠ᠎ᠶ᠋ᠢᠨ ᠪᠢᠲᠡᠭᠦᠮᠵᠢᠯᠡᠭ᠌ᠰᠡᠨ ᠬᠠᠮᠢᠶᠠᠷᠤᠯᠲᠠ᠎ᠶ᠋ᠢᠨ ᠵᠠᠭ᠍ᠪᠤᠷ᠎ᠢ ᠪᠠᠢᠭᠤᠯᠵᠤ᠂ ᠰᠠᠯᠠᠭ᠎ᠠ ᠮᠥᠴᠢᠷ᠎ᠦᠨ ᠬᠠᠮᠵᠢᠯᠴᠠᠬᠤ ᠪᠡᠬᠢᠯᠡᠯᠲᠡ᠎ᠶ᠋ᠢ ᠨᠡᠪᠲᠡᠷᠡᠭᠦᠯᠵᠦ᠍᠂ ᠬᠦᠰᠡᠯ ᠱᠠᠭᠠᠷᠳᠠᠯᠭ᠎ᠠ᠎ᠵᠢ ᠲᠦᠷᠭᠡᠨ ᠭᠥᠯᠢᠶᠡᠨ ᠠᠪᠬᠤ᠂ ᠲᠦᠷᠭᠡᠨ ᠱᠢᠯᠵᠢᠭᠦᠯᠬᠦ᠌᠂ ᠲᠦᠷᠭᠡᠨ ᠭᠦᠶ᠋ᠴᠡᠳᠭᠡᠬᠦ᠌᠂ ᠲᠦᠷᠭᠡᠨ ᠬᠠᠷᠢᠭᠤ ᠦᠭᠬᠦ ᠶ᠋ᠢ ᠠᠬᠢᠭᠤᠯᠪᠠ᠃
ᠣᠳᠣᠬᠠᠨ ᠪᠣᠯᠲᠠᠯ᠎ᠠ᠂ ᠠᠯᠠᠱᠠ ᠠᠢᠮᠠᠭ᠎ᠤᠨ 12345 ᠬᠠᠯᠠᠮᠱᠢᠯ ᠤᠲᠠᠰᠤ ᠵᠢᠯ ᠳᠤᠮᠳᠠᠴᠢ᠎ᠪᠠᠷ 21 ᠲᠦᠮᠡ ᠭᠠᠷᠤᠢ ᠤᠲᠠᠰᠤ ᠲᠤᠰᠴᠤ᠌᠂ ᠬᠠᠨᠤᠮᠵᠢ᠎ᠶ᠋ᠢᠨ ᠨᠤᠷᠮ᠎ᠠ ᠨᠢ 98.6%᠎ᠳᠤ ᠬᠦᠷᠴᠦ᠍᠂ ᠠᠰᠠᠭᠤᠳᠠᠯ᠎ᠢ ᠱᠢᠢᠳᠪᠦᠷᠢᠯᠡᠭ᠌ᠰᠡᠨ ᠨᠤᠷᠮ᠎ᠠ 97.2% ᠳ᠋ᠤ ᠬᠦᠷᠴᠦ᠍᠂ ᠤᠯᠠᠨ ᠲᠦᠮᠡᠨ᠎ᠦ ᠬᠠᠨᠤᠮᠵᠢ᠎ᠶ᠋ᠢᠨ ᠨᠤᠷᠮ᠎ᠠ 98.7%᠎ᠳᠤ ᠬᠦᠷᠴᠠᠢ᠃
ᠠᠯᠠᠱᠠ ᠠᠢᠮᠠᠭ᠎ᠤᠨ 12345 ᠵᠠᠰᠠᠭ᠎ᠤᠨ ᠶᠠᠪᠤᠳᠠᠯ᠎ᠤᠨ ᠦᠶ᠋ᠯᠡᠴᠢᠯᠡᠭᠡᠨ᠎ᠦ ᠤᠯᠠᠨ ᠲᠦᠮᠡᠨ ᠳ᠋ᠤ ᠲᠥᠬᠥᠮ ᠦᠵᠡᠭᠦᠯᠬᠦ᠌ ᠬᠠᠯᠠᠮᠱᠢᠯ ᠤᠲᠠᠰᠤᠨ᠎ᠤ ᠪᠠᠲᠤᠯᠠᠭ᠎ᠠ᠎ᠶ᠋ᠢᠨ ᠲᠥᠪ᠎ᠦᠨ ᠬᠠᠷᠢᠭᠤᠴᠠᠯᠭᠠᠲᠠᠨ ᠡᠴᠡ᠄ 《ᠪᠢᠳᠡ ᠣᠯᠠᠨ ᠲᠦᠮᠡᠨ᠎ᠦ ᠬᠠᠨᠤᠮᠵᠢ ᠵᠢᠨ ᠬᠡᠮᠵᠢᠶ᠎ᠡ᠎ᠶ᠋ᠢ ᠠᠵᠢᠯ᠎ᠤᠨ ᠦᠷ᠎ᠡ ᠪᠦᠲᠦᠮᠵᠢ᠎ᠶ᠋ᠢ ᠬᠡᠮᠵᠢᠬᠦ᠌ ᠬᠠᠮᠤᠭ᠎ᠤᠨ ᠥᠨᠳᠥᠷ ᠪᠠᠷᠢᠮᠵᠢᠶ᠎ᠠ ᠪᠣᠯᠭᠠᠬᠤ᠎ᠶ᠋ᠢ ᠪᠠᠷᠢᠮᠲᠠᠯᠠᠵᠤ᠂ ᠬᠠᠯᠠᠮᠱᠢᠯ ᠤᠲᠠᠰᠤᠨ ᠤ ᠤᠶᠤᠨᠴᠢᠯᠠᠯᠲᠠ ᠶ᠋ᠢᠨ ᠲᠦᠪᠱᠢᠨ ᠢ ᠲᠠᠰᠤᠷᠠᠯᠲᠠ ᠥᠬᠡᠶ ᠳᠡᠭᠡᠭ᠌ᠰᠢᠯᠡᠭᠦᠯᠵᠦ᠍᠂ ᠡᠯ᠎ᠡ ᠲᠥᠷᠥᠯ᠎ᠦᠨ ᠬᠦᠰᠡᠯ ᠱᠠᠭᠠᠷᠳᠠᠯᠭ᠎ᠠ᠎ᠶ᠋ᠢ ᠥᠨᠳᠥᠷ ᠪᠦᠲᠦᠮᠵᠢᠲᠡᠶ᠎ᠪᠡᠷ ᠱᠢᠶ᠋ᠳᠪᠦᠷᠢᠯᠡᠵᠦ᠍᠂ ᠤᠯᠠᠨ ᠲᠦᠮᠡᠨ᠎ᠤ ᠬᠦᠷᠳᠡᠮᠵᠢ ᠵᠢᠨ ᠲᠦᠷᠦᠭᠳᠡᠯ᠂ ᠵᠢᠷᠭᠠᠯᠳᠤ ᠲᠦᠷᠦᠭᠳᠡᠯ᠎ᠢ ᠲᠡᠭᠡᠭᠰᠢᠯᠡᠬᠦᠯᠦᠨ᠎ᠠ》 ᠭᠡᠪᠡ᠃