ᠨᠠᠮ ᠎ᠤᠨ ᠪᠠᠢᠭᠤᠯᠤᠯᠲᠠ ᠪᠡᠷ ᠬᠦᠳᠦᠯᠦᠨ ᠳᠠᠭᠠᠭᠤᠯᠵᠦ ᠦᠨᠳᠦᠰᠦᠲᠡᠨ᠎ᠦ ᠪᠦᠯᠬᠦᠮᠳᠡᠯ᠎ᠦᠨ ᠰᠢᠨ᠎ᠡ ᠬᠠᠭᠤᠳᠠᠰᠤ᠎ᠶᠢ ᠪᠢᠴᠢᠭᠯᠡᠨ᠎ᠡ
2026-05-29 16:54:47
ᠵᠣᠬᠢᠶᠠᠭ᠍ᠴᠢ᠄
ᠬᠠᠨ ᠯᠢᠩ ᠯᠢᠩ
ᠣᠩᠱᠢᠭ᠍ᠰᠠᠨ ᠣᠳᠠᠭ᠎ᠠ᠄
★★★☆☆

ᠨᠠᠮ᠎ᠤᠨ ᠭᠡᠰᠢᠭᠦᠨ ᠺᠠᠳ᠋ᠷᠴᠤᠳ᠎ᠤᠨ ᠠᠷᠠᠳ ᠲᠦᠮᠡᠨ᠎ᠳᠦ ᠦᠢᠯᠡᠴᠢᠯᠡᠬᠦ ᠵᠣᠷᠢᠯᠲᠠ᠎ᠶᠢ ᠭᠦᠨᠵᠡᠭᠡᠢ ᠦᠢᠯᠡᠳᠦᠯᠭᠡᠵᠢᠭᠦᠯᠵᠦ᠂ ᠪᠣᠳᠠᠲᠤ ᠠᠵᠢᠯᠯᠠᠭ᠎ᠠ᠎ᠪᠠᠷ᠎ᠢᠶᠠᠨ ᠦᠨᠳᠦᠰᠦᠲᠡᠨ᠎ᠦ ᠪᠦᠯᠬᠦᠮᠳᠡᠯ ᠲᠠᠪᠰᠢᠯᠳᠠ᠎ᠶᠢ ᠠᠬᠢᠭᠤᠯᠬᠤ᠎ᠶᠢᠨ ᠲᠥᠯᠥᠭᠡ᠂ ᠲᠦᠷᠦᠭᠦᠭᠡᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠨᠡᠢᠭᠡᠮ᠎ᠦᠨ ᠠᠵᠢᠯ᠎ᠤᠨ ᠬᠡᠯᠲᠡᠰ᠎ᠦᠨ ᠪᠠᠢᠭᠤᠯᠭ᠎ᠠ᠎ᠶᠢᠨ ᠨᠠᠮ᠎ᠤᠨ ᠬᠣᠷᠢᠶ᠎ᠠ(ᠺᠠᠳ᠋ᠷ᠎ᠤᠨ ᠭᠠᠵᠠᠷ)ᠵᠢᠨ ᠨᠠᠮ᠎ᠤᠨ ᠡᠭᠦᠷ ᠲᠦᠷᠦᠭᠦᠯᠡᠨ ᠶᠡᠷᠦᠩᠬᠡᠢᠯᠡᠭᠰᠡᠨ ᠪᠠᠲᠤᠯᠠᠪᠤᠷᠢ᠎ᠶᠢᠨ ᠲᠥᠪ᠎ᠦᠨ ᠨᠠᠮ᠎ᠤᠨ ᠡᠭᠦᠷ᠎ᠲᠠᠢ ᠬᠠᠮᠲᠤᠷᠠᠵᠤ᠂ ᠬᠦᠬᠡᠬᠤᠲᠠ ᠢ᠋ᠢᠨ ᠲᠢᠶᠠᠨ ᠹᠦ ᠨᠡᠢᠭᠡᠮ ᠲᠣᠭᠣᠷᠢᠭ᠋᠎ᠤᠨ ᠨᠠᠮ᠎ᠤᠨ ᠡᠭᠦᠷ᠎ᠲᠠᠢ ᠬᠠᠮᠲᠤᠷᠠᠨ《ᠨᠠᠮ᠎ᠤᠨ ᠪᠠᠢᠭᠤᠯᠤᠯᠲᠠ ᠪᠡᠷ ᠬᠦᠳᠦᠯᠦᠨ ᠳᠠᠭᠠᠭᠤᠯᠵᠦ ᠬᠥᠭᠵᠢᠯᠲᠡ᠎ᠶᠢ ᠠᠬᠢᠭᠤᠯᠵᠤ ᠦᠨᠳᠦᠰᠦᠲᠡᠨ᠎ᠦ ᠪᠦᠯᠬᠦᠮᠳᠡᠯ᠎ᠦᠨ ᠰᠢᠨ᠎ᠡ ᠬᠠᠭᠤᠳᠠᠰᠤ ᠵᠢ ᠪᠢᠴᠢᠭᠯᠡᠨ᠎ᠡ》 ᠬᠡᠬᠦ ᠭᠣᠣᠯ ᠰᠡᠳᠦᠪᠲᠦ ᠨᠠᠮ᠎ᠤᠨ ᠡᠳᠦᠷ᠎ᠦᠨ ᠠᠵᠢᠯᠯᠠᠭ᠎ᠠ᠎ᠶᠢ ᠥᠷᠨᠢᠭᠦᠯᠵᠡᠢ᠃

ᠠᠵᠢᠯᠯᠠᠭ᠎ᠠ᠎ᠶᠢᠨ ᠳᠤᠮᠳᠠ᠂ ᠪᠦᠬᠦ ᠨᠠᠮ᠎ᠤᠨ ᠭᠡᠰᠢᠭᠦᠳ ᠶᠡᠷᠦᠩᠬᠡᠢ ᠱᠦᠵᠢ ᠰᠢ᠎ᠶᠢᠨ ᠫᠢᠩ᠎ᠤᠨ ᠦᠨᠳᠦᠰᠦᠲᠡᠨ᠎ᠦ ᠠᠵᠢᠯ᠎ᠢ ᠴᠢᠩᠭᠠᠳᠬᠠᠨ ᠰᠠᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ᠂ ᠵᠠᠰᠠᠭ᠎ᠤᠨ ᠠᠵᠢᠯ᠎ᠤᠨ ᠪᠦᠲᠦᠮᠵᠢ᠎ᠶᠢᠨ ᠲᠤᠬᠠᠢ ᠵᠥᠪ ᠦᠵᠡᠯᠲᠡ᠎ᠶᠢ ᠪᠤᠢ ᠪᠣᠯᠭᠠᠨ ᠦᠢᠯᠡᠳᠦᠯᠭᠡᠵᠢᠭᠦᠯᠬᠦ ᠲᠤᠬᠠᠢ ᠴᠢᠬᠤᠯᠠ ᠥᠭᠦᠯᠡᠯᠲᠡ᠎ᠶᠢ ᠭᠦᠨᠵᠡᠭᠡᠢ ᠰᠤᠷᠤᠯᠴᠠᠵᠤ᠂ 《ᠪᠥᠬᠥᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠦᠨᠳᠦᠰᠦᠲᠡᠨ᠎ᠦ ᠪᠦᠯᠬᠦᠮᠳᠡᠯ ᠲᠠᠪᠰᠢᠯᠳᠠ᠎ᠶᠢ ᠠᠬᠢᠭᠤᠯᠬᠤ ᠬᠠᠤᠯᠢ》 ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ᠎ᠢ ᠬᠢᠨᠠᠮᠠᠭᠠᠢ ᠰᠤᠳᠤᠯᠤᠨ ᠤᠩᠰᠢᠵᠤ᠂ ᠦᠵᠡᠯ ᠰᠠᠨᠠᠭᠠᠨ᠎ᠤ ᠰᠠᠭᠤᠷᠢ᠎ᠵᠢ ᠴᠢᠨᠠᠬᠰᠢᠲᠠ ᠪᠠᠲᠤᠳᠬᠠᠨ᠂ ᠠᠵᠢᠯᠯᠠᠭᠠᠨ᠎ᠤ ᠬᠠᠮᠲᠤ᠎ᠶᠢᠨ ᠲᠠᠨᠢᠯᠲᠠ᠎ᠵᠢ ᠨᠢᠭ᠍ᠲᠠᠷᠠᠭᠤᠯᠪᠠ᠃

ᠶᠠᠷᠢᠯᠴᠠᠨ ᠰᠣᠯᠢᠯᠴᠠᠬᠤ ᠳᠤᠮᠳᠠ᠂ ᠪᠠᠢᠭᠤᠯᠭ᠎ᠠ᠎ᠶᠢᠨ ᠨᠠᠮ᠎ᠤᠨ ᠭᠡᠰᠢᠭᠦᠨ ᠪᠠ ᠨᠡᠢᠭᠡᠮ ᠲᠣᠭᠣᠷᠢᠭ᠋᠎ᠤᠨ ᠨᠠᠮ᠎ᠤᠨ ᠭᠡᠰᠢᠭᠦᠨ᠂ ᠰᠠᠭᠤᠭᠠᠯᠢ ᠠᠷᠠᠳ᠎ᠤᠨ ᠲᠥᠯᠥᠭᠡᠯᠡᠭᠴᠢ ᠨᠢᠭᠤᠷᠳᠠᠨ ᠰᠡᠳᠬᠢᠯ᠎ᠦᠨ ᠦᠭᠡ᠎ᠪᠡᠨ ᠶᠠᠷᠢᠯᠴᠠᠵᠤ᠂ ᠨᠡᠢᠭᠡᠮ ᠲᠣᠭᠣᠷᠢᠭ᠋᠎ᠤᠨ ᠠᠷᠠᠳ᠎ᠤᠨ ᠠᠮᠢᠳᠤᠷᠠᠯ᠎ᠤᠨ ᠪᠣᠳᠠᠲᠤ ᠶᠠᠪᠤᠳᠠᠯ᠂ ᠲᠦᠷᠦ᠎ᠶᠢᠨ ᠪᠣᠳᠣᠯᠭ᠎ᠠ᠎ᠶᠢ ᠨᠠᠢᠳᠠᠪᠤᠷᠢᠵᠢᠭᠤᠯᠬᠤ᠂ ᠬᠣᠯᠪᠣᠭᠠᠯᠠᠬᠤ᠎ᠶᠢ ᠳᠠᠭᠠᠭᠠᠵᠤ ᠬᠠᠪᠰᠤᠷᠤᠨ ᠲᠡᠳᠬᠦᠬᠦ ᠵᠡᠷᠭᠡ᠎ᠳᠦ ᠠᠩᠬᠠᠷᠤᠯ᠎ᠢᠶᠠᠨ ᠲᠥᠪᠯᠡᠷᠡᠭᠦᠯᠵᠦ᠂ ᠦᠨᠡᠨᠴᠢ᠎ᠪᠡᠷ ᠰᠠᠨᠠᠯ᠎ᠢᠶᠠᠨ ᠰᠣᠯᠢᠯᠴᠠᠵᠤ᠂ ᠰᠠᠢᠨ ᠠᠷᠭ᠎ᠠ ᠪᠣᠳᠣᠯᠭ᠎ᠠ᠎ᠶᠢ ᠬᠠᠮᠲᠤ ᠪᠠᠷ ᠰᠦᠪᠡᠭᠴᠢᠯᠡᠪᠡ᠃ ᠳᠠᠷᠠᠭ᠎ᠠ ᠳ᠋ᠤᠨᠢ᠂ ᠪᠦᠬᠦ ᠬᠥᠮᠥᠰ ᠬᠠᠮᠲᠤ ᠪᠠᠷ 《ᠰᠦᠨ ᠲᠠᠯᠠᠢ ᠢ᠋ᠢᠨ ᠵᠡᠷᠭᠡᠯᠭᠡ》 ᠭᠡᠬᠦ ᠺᠢᠨᠣ᠋᠎ᠶᠢ ᠰᠣᠨᠢᠷᠬᠠᠵᠤ᠂ 《ᠭᠤᠷᠪᠠᠨ ᠮᠢᠩᠭᠠᠨ ᠥᠨᠥᠴᠢᠨ ᠬᠡᠦᠬᠡᠳ ᠢ᠋ ᠦᠷᠡᠴᠢᠯᠡᠨ ᠲᠡᠵᠢᠭᠡᠭᠰᠡᠨ ᠨᠢ》 ᠭᠡᠬᠦ ᠰᠡᠳᠬᠢᠯ ᠬᠥᠳᠡᠯᠭᠡᠮ᠎ᠡ ᠦᠯᠢᠭᠡᠷ᠎ᠢ ᠡᠷᠭᠢᠴᠡᠭᠦᠯᠵᠦ᠂ ᠦᠨᠳᠦᠰᠦᠲᠡᠨ᠎ᠨᠦᠭᠦᠳ᠎ᠦᠨ ᠠᠬ᠎ᠠ ᠳᠡᠭᠦᠦ ᠨᠠᠷ ᠬᠠᠷᠢᠯᠴᠠᠨ ᠳᠣᠲᠣᠨᠣ ᠪᠠᠢᠵᠦ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠭᠰᠠᠨ ᠭᠦᠨ ᠵᠤᠵᠠᠭᠠᠨ ᠨᠥᠬᠥᠷᠯᠡᠯ᠎ᠢ ᠭᠦᠨᠵᠡᠭᠡᠢ ᠣᠢᠯᠠᠭᠠᠪᠠ᠃ 

ᠲᠣᠰ ᠤᠳᠠᠭᠠᠨ᠎ᠤ ᠠᠵᠢᠯᠯᠠᠭ᠎ᠠ ᠪᠣᠯ《ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠨᠡᠢᠭᠡᠮ᠎ᠦᠨ ᠠᠵᠢᠯ᠎ᠤᠨ ᠬᠡᠯᠲᠡᠰ ᠪᠣᠯᠣᠨ ᠦᠢᠯᠡᠴᠢᠯᠡᠬᠦ ᠡᠲᠡᠭᠡᠳ ᠬᠠᠮᠲᠤᠷᠠᠨ ᠭᠣᠣᠯ ᠰᠡᠳᠦᠪᠲᠦ ᠨᠠᠮ᠎ᠤᠨ ᠡᠳᠦᠷ᠎ᠦᠨ ᠠᠵᠢᠯᠯᠠᠭ᠎ᠠ᠎ᠶᠢ ᠥᠷᠨᠢᠭᠦᠯᠬᠦ ᠠᠵᠢᠯ᠎ᠤᠨ ᠲᠥᠰᠥᠯ》 ᠢ᠋ ᠨᠠᠢᠳᠠᠪᠤᠷᠢᠵᠢᠭᠤᠯᠤᠬᠰᠠᠨ ᠪᠣᠳᠠᠲᠠᠢ ᠠᠷᠭ᠎ᠠ ᠬᠡᠮᠵᠢᠶ᠎ᠡ ᠮᠥᠨ᠂ ᠪᠠᠢᠭᠤᠯᠭ᠎ᠠ ᠪᠣᠯᠣᠨ ᠦᠨᠳᠦᠰᠦᠨ ᠱᠠᠲᠤᠨ᠎ᠤ ᠳᠠᠭᠠᠭᠠᠴᠢᠯᠠᠨ ᠬᠠᠷᠢᠯᠴᠠᠵᠦ ᠬᠠᠮᠲᠤ᠎ᠪᠠᠷ ᠪᠠᠶ᠋ᠢᠭᠤᠯᠬᠤ ᠎ᠶᠢ ᠠᠬᠢᠭᠤᠯᠤᠬᠰᠠᠨ ᠠᠮᠢᠳᠤᠯᠢᠭ᠋ ᠦᠢᠯᠡᠳᠦᠯᠭᠡ ᠮᠥᠨ᠃ 


ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号