《ᠠᠷᠪᠠᠨ ᠲᠠᠪᠤᠳᠤᠭᠠᠷ ᠲᠠᠪᠤᠨ ᠵᠢᠯ》 ᠤ᠋ᠨ ᠬᠥᠭᠵᠢᠯᠲᠡ ᠵᠢᠨ ᠵᠠᠩᠬᠢᠯᠠᠭ᠎ᠠ ᠵᠢᠨ ᠲᠡᠦᠬᠡᠳᠦ ᠣᠷᠣᠨ ᠪᠠᠢᠷᠢ᠎ᠶᠢ ᠣᠢᠯᠠᠭᠠᠬᠤ ᠵᠢᠨ ᠴᠢᠬᠤᠯᠠ ᠴᠢᠨᠠᠷ
2026-05-29 10:28:55
ᠵᠣᠬᠢᠶᠠᠭ᠍ᠴᠢ᠄
​ ᠶᠠᠡᠭ ᠹᠸᠡᠭ ᠴᠸᠡᠭ ᠱᠸᠨ ᠵᠢᠶᠠ ᠸᠸᠢ
ᠣᠩᠱᠢᠭ᠍ᠰᠠᠨ ᠣᠳᠠᠭ᠎ᠠ᠄
★★★☆☆

《ᠠᠷᠪᠠᠨ ᠲᠠᠪᠤᠳᠤᠭᠠᠷ ᠲᠠᠪᠤᠨ ᠵᠢᠯ》 ᠤ᠋ᠨ ᠲᠥᠯᠦᠪᠵᠢᠭᠦᠯᠭᠡ᠎ᠶᠢᠨ ᠰᠠᠨᠠᠭᠤᠯᠭ᠎ᠠ᠎ᠳᠤ 《ᠠᠷᠪᠠᠨ ᠲᠠᠪᠤᠳᠤᠭᠠᠷ ᠲᠠᠪᠤᠨ ᠵᠢᠯ》᠎ᠤ᠋ᠨ ᠲᠥᠯᠦᠪᠵᠢᠭᠦᠯᠭᠡ᠎ᠶᠢᠨ ᠬᠤᠭᠤᠴᠠᠭ᠎ᠠ ᠪᠣᠯ ᠨᠡᠢᠭᠡᠮ ᠵᠢᠷᠦᠮᠳᠦ ᠣᠳᠣᠬᠢᠴᠢᠯᠠᠯᠲᠠ᠎ᠶᠢ ᠦᠨᠳᠦᠰᠦᠨ᠎ᠳᠡᠭᠡᠨ ᠪᠡᠶᠡᠯᠡᠭᠦᠯᠬᠦ ᠶᠠᠪᠤᠴᠠ᠎ᠳᠡᠬᠢ ᠤᠷᠢᠳᠤᠬᠢ᠎ᠶᠢ ᠵᠠᠯᠭᠠᠮᠵᠢᠯᠠᠨ ᠬᠣᠢᠰᠢᠬᠢ᠎ᠳᠤ ᠵᠠᠮ ᠨᠡᠭᠡᠭᠡᠬᠦ ᠴᠢᠬᠤᠯᠠ ᠪᠠᠢᠷᠢ ᠰᠠᠭᠤᠷᠢ᠎ᠲᠠᠢ ᠶᠤᠮ᠂ ᠡᠨᠡ ᠪᠣᠯ ᠎ᠨᠡᠢᠭᠡᠮ ᠵᠢᠷᠤᠮᠳᠦ ᠣᠳᠣᠬᠢᠴᠢᠯᠠᠯᠲᠠ᠎ᠶᠢ ᠦᠨᠳᠦᠰᠦᠨ᠎ᠳᠡᠭᠡᠨ ᠪᠡᠶᠡᠯᠡᠭᠦᠯᠬᠦ ᠰᠠᠭᠤᠷᠢ᠎ᠶᠢ ᠪᠡᠬᠢᠵᠢᠭᠦᠯᠬᠦ ᠂ ᠪᠦᠭᠦ ᠲᠠᠯ᠎ᠠ᠎ᠪᠠᠷ ᠬᠦᠴᠦᠯᠡᠬᠦ ᠵᠠᠩᠭᠢᠯᠠᠭ᠎ᠠ᠎ᠶᠢᠨ ᠬᠤᠭᠤᠴᠠᠭ᠎ᠠ ᠮᠥᠨ ᠬᠡᠵᠦ ᠵᠢᠭᠠᠵᠤ ᠭᠠᠷᠭᠠᠪᠠ᠃ ᠶᠡᠷᠦᠩᠬᠡᠢ ᠱᠦᠵᠢ ᠰᠢ ᠵᠢᠨ ᠫᠢᠩ 《ᠤᠯᠤᠰ ᠠᠷᠠᠳ᠎ᠤᠨ ᠠᠵᠤ ᠠᠬᠤᠢ ᠪᠠ ᠨᠡᠢᠭᠡᠮ᠎ᠦᠨ ᠬᠦᠭ᠌ᠵᠢᠯᠲᠠ᠎ᠶᠢᠨ ᠠᠷᠪᠠᠨ ᠲᠠᠪᠤᠳᠤᠭᠠᠷ ᠲᠠᠪᠤᠨ ᠵᠢᠯ᠎ᠦᠨ ᠲᠥᠯᠦᠪᠵᠢᠭᠦᠯᠭᠡ᠎ᠶᠢ ᠲᠣᠭᠲᠠᠭᠠᠬᠤ ᠲᠤᠬᠠᠢ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ  ᠵᠢᠨ ᠰᠠᠨᠠᠭᠤᠯᠭ᠎ᠠ ᠶ᠋ᠢᠨ ᠲᠤᠬᠠᠢ ᠲᠣᠳᠣᠷᠬᠠᠢᠯᠠᠯᠲᠠ》᠎ᠳ᠋ᠤ᠌᠂ ᠰᠠᠨᠠᠭᠤᠯᠭ᠎ᠠ ᠵᠢᠨ ᠨᠤᠤᠷᠠᠭ ᠨᠢ 《ᠠᠷᠪᠠᠨ ᠲᠠᠪᠤᠳᠤᠭᠠᠷ ᠲᠠᠪᠤᠨ ᠵᠢᠯ》 ᠎ᠤ᠋ᠨ ᠬᠤᠭᠤᠴᠠᠭᠠᠨ᠎ᠳᠠᠬᠢ ᠨᠠᠮ ᠪᠠ ᠤᠯᠤᠰ᠎ᠤᠨ ᠠᠵᠢᠯ ᠦᠢᠯᠡᠰ᠎ᠦᠨ ᠬᠦᠭ᠌ᠵᠢᠯᠲᠠ᠎ᠶᠢᠨ ᠣᠷᠣᠰᠢᠵᠤ ᠪᠠᠢᠭ᠎ᠠ ᠲᠠᠣᠬᠡᠠ ᠣᠷᠣᠨ ᠪᠠᠢᠷᠢ᠎ᠶᠢ ᠣᠨᠣᠪᠴᠢᠲᠠᠢ ᠡᠵᠡᠮᠰᠢᠵᠦ᠂ ᠢᠯᠠᠯᠲᠠ᠎ᠶᠢᠨ ᠡᠷᠴᠢᠨ ᠳᠡᠭᠡᠷ᠎ᠡ ᠤᠷᠤᠭᠰᠢᠯᠠᠵᠤ᠂ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ ᠵᠢᠨ ᠪᠦᠲᠣᠭᠡᠠ ᠪᠠᠢᠭᠤᠯᠤᠯᠲᠠ᠎ᠶᠢ ᠵᠠᠯᠭᠠᠭ᠎ᠠ ᠪᠠᠷ ᠠᠬᠢᠭᠤᠯᠬᠤ ᠪᠠᠰᠠ ᠨᠢᠭᠡ ᠤᠳᠠᠭᠠᠨ᠎ᠤ ᠶᠡᠷᠦᠩᠬᠡᠢ ᠲᠠᠢ᠍ᠢᠴᠢᠯᠠᠯᠲᠠ᠂ ᠶᠡᠷᠦᠩᠬᠡᠢ ᠪᠠᠢᠷᠢᠯᠠᠭᠤᠯᠤᠯᠲᠠ ᠮᠥᠨ ᠭᠡᠵᠤ ᠵᠢᠭᠠᠵᠤ ᠭᠠᠷᠭᠠᠪᠠ᠃ ᠲᠡᠭᠡᠪᠡᠯ ᠡᠨᠡ ᠲᠡᠦᠬᠡ᠎ᠶᠢᠨ ᠣᠷᠣᠨ ᠪᠠᠢᠷᠢ᠎ᠶᠢ ᠶᠠᠭᠠᠬᠢᠵᠤ ᠣᠢᠯᠠᠭᠠᠬᠤ ᠪᠣᠶ? ᠬᠥᠭᠵᠢᠯᠲᠡ᠎ᠶᠢᠨ ᠣᠷᠴᠢᠨ᠎ᠳᠤ ᠲᠤᠯᠭᠠᠷᠠᠵᠤ ᠪᠠᠢᠭ᠎ᠠ ᠭᠦᠨ ᠭᠦᠨᠵᠡᠭᠡᠢ ᠨᠠᠷᠢᠨ ᠪᠤᠳᠤᠯᠢᠶᠠᠨᠲᠠᠢ ᠬᠤᠪᠢᠷᠠᠯᠲᠠ ᠵᠢᠨ ᠨᠥᠬᠥᠴᠡᠯ ᠳᠣᠣᠷ᠎ᠠ ᠬᠡᠷᠬᠢᠨ ᠰᠢᠨ᠎ᠡ ᠠᠵᠠ ᠲᠣᠬᠢᠶᠠᠯ᠎ᠢ ᠲᠠᠨᠢᠨ ᠮᠠᠭᠠᠳᠯᠠᠵᠤ᠂ ᠰᠢᠨ᠎ᠡ ᠥᠷᠢᠰᠦᠯᠳᠦᠭᠡᠨ᠎ᠢ ᠤᠭᠲᠤᠬᠤ ᠪᠤᠶ? ᠳᠡᠯᠡᠬᠡᠢ᠎ᠶᠢᠨ ᠵᠠᠭᠤᠨ ᠵᠢᠯ᠎ᠦᠨ ᠬᠤᠪᠢᠷᠠᠯᠲᠠ᠎ᠶᠢᠨ ᠰᠢᠨ᠎ᠡ ᠪᠠᠢᠳᠠᠯ ᠪᠣᠯᠣᠨ ᠬᠥᠭᠵᠢᠯᠲᠡ᠎ᠶᠢᠨ ᠳᠤᠮᠳᠠᠬᠢ ᠲᠣᠪᠣᠢᠮ᠎ᠠ ᠠᠰᠠᠭᠤᠳᠠᠯ᠎ᠢ ᠬᠡᠷᠬᠢᠨ ᠪᠦᠲᠦᠮᠵᠢᠲᠡᠢ ᠠᠷᠭᠠᠴᠠᠬᠤ ᠪᠤᠢ?

ᠲᠡᠦᠬᠡ᠎ᠶᠢᠨ ᠣᠷᠣᠨ ᠪᠠᠢᠷᠢ᠎ᠶᠢ ᠣᠨᠣᠪᠴᠢᠲᠠᠶ ᠡᠵᠡᠮᠰᠢᠬᠦ ᠬᠡᠷᠡᠭᠲᠠᠢ

《ᠨᠡᠢᠭᠡᠮ ᠵᠢᠷᠤᠮᠳᠦ ᠣᠳᠣᠬᠢᠴᠢᠯᠠᠯᠲᠠ᠎ᠶᠢ ᠪᠡᠶᠡᠯᠡᠭᠦᠯᠬᠦ ᠪᠣᠯ ᠱᠠᠲᠤᠯᠠᠨ ᠠᠬᠢᠬᠤ ᠶᠠᠪᠤᠴᠠ᠂ ᠲᠠᠰᠤᠷᠠᠯᠲᠠ ᠦᠭᠡᠢ ᠬᠥᠭᠵᠢᠨ ᠲᠠᠪᠰᠢᠬᠤ ᠲᠡᠦᠬᠡᠨ ᠶᠠᠪᠤᠴᠠ ᠮᠥᠨ᠂ ᠴᠥᠬᠥᠷᠡᠰᠢ ᠦᠭᠡᠢ ᠴᠢᠷᠮᠠᠢᠵᠤ᠂ ᠦᠷᠭᠦᠯᠵᠢᠯᠡᠨ ᠲᠡᠮᠡᠴᠡᠬᠦ ᠬᠡᠷᠡᠭᠲᠠᠢ》᠃ ᠰᠢᠨ᠎ᠡ ᠳᠤᠮᠳᠠᠳᠤ ᠤᠯᠤᠰ ᠪᠠᠢᠭᠤᠯᠤᠭᠳᠠᠭᠰᠠᠨ᠎ᠠᠴᠠ ᠨᠠᠭᠠᠰᠢ ᠨᠡᠢᠭᠡᠮ ᠵᠢᠷᠤᠮᠳᠦ ᠣᠳᠣᠬᠢᠴᠢᠯᠠᠯᠳᠠ ᠵᠢᠨ ᠪᠦᠲᠦᠭᠡᠨ ᠪᠠᠢᠭᠤᠯᠤᠯᠲᠠ᠎ᠶᠢᠨ ᠪᠠᠢᠯᠳᠤᠬᠤ ᠪᠣᠳᠣᠯᠭ᠎ᠠ᠎ᠶᠢᠨ ᠪᠠᠢᠷᠢᠯᠠᠭᠤᠯᠤᠯᠲᠠ᠎ᠶᠢᠨ ᠲᠣᠭᠣᠷᠢᠨ᠎ᠳᠤ  ᠮᠠᠨ᠎ᠤ ᠤᠯᠤᠰ ᠤᠷᠢᠳ ᠬᠣᠵᠢᠳ ᠠᠷᠪᠠᠨ ᠳᠥᠷᠪᠡᠨ ᠲᠠᠪᠤᠨ ᠵᠢᠯ᠎ᠦᠨ ᠲᠥᠯᠦᠪᠵᠢᠭᠦᠯᠭᠡ (ᠲᠥᠯᠥᠪᠯᠡᠭᠡ) ᠶ᠋ᠢ ᠲᠣᠭᠲᠠᠭᠠᠨ ᠬᠡᠷᠡᠭᠵᠢᠭᠦᠯᠵᠦ᠂  《ᠠᠵᠤ ᠠᠬᠤᠢ ᠨᠡᠢᠭᠡᠮ᠎ᠦᠨ ᠬᠥᠭᠵᠢᠯᠲᠡ᠂ ᠤᠯᠤᠰ᠎ᠤᠨ ᠶᠡᠷᠦᠩᠬᠡᠢ ᠬᠦᠴᠦᠨ᠎ᠦ ᠳᠡᠭᠡᠭᠰᠢᠯᠡᠯᠲᠡ᠂ ᠠᠷᠠᠳ᠎ᠤᠨ ᠠᠮᠢᠳᠤᠷᠠᠯ᠎ᠤᠨ ᠰᠠᠢᠵᠢᠷᠠᠯᠲᠠ᠎ᠶᠢ ᠬᠦᠴᠦᠲᠡᠢ ᠠᠬᠢᠭᠤᠯᠵᠤ᠂ ᠳᠡᠯᠡᠬᠡᠢ ᠳ᠋ᠠᠬᠢᠨ᠎ᠳᠤ ᠬᠣᠪᠣᠷ ᠲᠣᠬᠢᠶᠠᠯᠳᠤᠬᠤ ᠠᠵᠤ ᠠᠬᠤᠢ᠎ᠶᠢᠨ ᠲᠦᠷᠭᠡᠨ ᠬᠥᠭᠵᠢᠯᠲᠡ᠎ᠶᠢᠨ ᠭᠠᠢᠬᠠᠮᠰᠢᠭ᠋ ᠪᠠ ᠨᠡᠢᠭᠡᠮ᠎ᠦᠨ ᠤᠷᠳᠤ ᠬᠤᠭᠤᠴᠠᠭᠠᠨ᠎ᠤ ᠲᠣᠭᠲᠠᠭᠤᠨ᠎ᠤ ᠭᠠᠢᠬᠠᠮᠰᠢᠭ᠋᠎ᠢ ᠡᠭᠦᠳᠪᠡ》 ᠃  ᠠᠷᠪᠠᠨ ᠳᠥᠷᠪᠡᠨ ᠲᠠᠪᠤᠨ ᠵᠢᠯ᠎ᠦᠨ ᠲᠥᠯᠦᠪᠵᠢᠭᠦᠯᠭᠡ(ᠲᠥᠯᠥᠪᠯᠡᠭᠡ)ᠵᠢᠨ ᠪᠢᠳᠡᠨ᠎ᠳᠦ ᠲᠠᠯᠪᠢᠭ᠍ᠰᠠᠨ ᠪᠠᠲᠤ ᠪᠡᠬᠢ ᠰᠠᠭᠤᠷᠢᠨ ᠳᠡᠭᠡᠷ᠎ᠡ ᠵᠣᠭᠰᠣᠵᠤ᠂ 《ᠠᠷᠪᠠᠨ ᠲᠠᠪᠤᠳᠤᠭᠠᠷ ᠲᠠᠪᠤᠨ ᠵᠢᠯ》᠎ᠤᠨ ᠲᠥᠯᠦᠪᠵᠢᠭᠦᠯᠭᠡ᠎ᠶᠢᠨ ᠬᠤᠭᠤᠴᠠᠭᠠᠨ᠎ᠳᠤ ᠨᠡᠢᠭᠡᠮ ᠵᠢᠷᠤᠮᠳᠦ ᠣᠳᠣᠬᠢᠴᠢᠯᠠᠯᠲᠠ᠎ᠶᠢᠨ ᠠᠶᠠᠨ ᠳᠤᠮᠳᠠ ᠦᠷᠭᠦᠯᠵᠢᠯᠡᠨ ᠲᠡᠮᠡᠴᠡᠬᠦ ᠬᠡᠷᠡᠭᠲᠡᠢ ᠂ ᠪᠢᠳᠡ ᠨᠠᠮ ᠪᠠ ᠤᠯᠤᠰ᠎ᠤᠨ ᠠᠵᠢᠯ ᠦᠢᠯᠡᠰ᠎ᠦᠨ ᠣᠷᠣᠰᠢᠵᠤ ᠪᠠᠢᠭ᠎ᠠ ᠲᠡᠦᠬᠡᠨ ᠣᠷᠣᠨ ᠪᠠᠢᠷᠢ ᠪᠠ ᠬᠥᠭᠵᠢᠯᠲᠡ᠎ᠶᠢᠨ ᠱᠠᠲᠤ᠎ᠶᠢ ᠣᠨᠣᠪᠴᠢᠲᠠᠢ ᠮᠠᠭᠠᠳᠯᠠᠵᠤ᠂ ᠴᠠᠭ ᠦᠶ᠎ᠡ᠎ᠶᠢᠨ ᠣᠨᠴᠠᠯᠢᠭ᠋ ᠪᠠ ᠴᠠᠭ ᠦᠶ᠎ᠡ᠎ᠶᠢᠨ ᠡᠭᠦᠷᠭᠡ᠎ᠶᠢ ᠲᠣᠳᠣᠷᠬᠠᠢ ᠣᠢᠯᠠᠭᠠᠬᠤ ᠬᠡᠷᠡᠭᠲᠡᠢ᠃

《ᠠᠷᠪᠠᠨ ᠲᠠᠪᠤᠳᠤᠭᠠᠷ ᠲᠠᠪᠤᠨ ᠵᠢᠯ》 ᠎ᠤ᠋ᠨ ᠲᠥᠯᠦᠪᠵᠢᠭᠦᠯᠭᠡ᠎ᠶᠢᠨ ᠬᠤᠭᠤᠴᠠᠭ᠎ᠠ ᠪᠣᠯ  《ᠤᠷᠢᠳᠤᠬᠢ᠎ᠶᠢ ᠵᠠᠯᠭᠠᠮᠵᠢᠯᠠᠨ ᠬᠣᠢᠰᠢᠬᠢ᠎ᠳᠤ ᠵᠠᠮ ᠨᠡᠭᠡᠭᠡᠬᠦ》ᠪᠤᠤᠬᠢᠶ᠎ᠠ᠎ᠶᠢᠨ ᠴᠡᠭ ᠮᠥᠨ᠃ ᠨᠠᠮ᠎ᠤᠨ ᠠᠷᠪᠠ ᠶᠢᠰᠦᠳᠦᠭᠡᠷ ᠶᠡᠬᠡ ᠬᠤᠷᠠᠯ ᠂ ᠬᠣᠷᠢᠳᠤᠭᠠᠷ ᠶᠡᠬᠡ ᠬᠤᠷᠠᠯ᠎ᠠᠴᠠ ᠨᠡᠢᠭᠡᠮ ᠵᠢᠷᠤᠮᠲᠦ ᠣᠳᠣᠬᠢᠴᠢᠯᠠᠯᠲᠠ ᠵᠢᠨ ᠬᠦᠴᠦᠷᠬᠡᠭ ᠤᠯᠤᠰ᠎ᠢ ᠪᠦᠬᠦ ᠲᠠᠯ᠎ᠠ᠎ᠪᠠᠷ ᠪᠡᠶᠡᠯᠡᠭᠦᠯᠬᠦ ᠲᠤᠬᠠᠢ《ᠬᠣᠶᠠᠷ ᠠᠯᠬᠤᠮ᠎ᠢᠶᠠᠷ ᠶᠠᠪᠤᠬᠤ》ᠪᠠᠢᠯᠳᠤᠬᠤ ᠪᠣᠳᠣᠯᠭ᠎ᠠ᠎ᠶᠢᠨ ᠲᠣᠬᠢᠷᠠᠭᠤᠯᠤᠯᠲᠠ ᠬᠢᠵᠦ᠂ ᠡᠭᠦᠨ᠎ᠳᠦ 2035 ᠣᠨ ᠪᠣᠯᠬᠤ᠎ᠳᠤ ᠨᠡᠢᠭᠡᠮ ᠵᠢᠷᠤᠮᠳᠦ ᠣᠳᠣᠬᠢᠴᠢᠯᠠᠯᠲᠠ᠎ᠶᠢ ᠦᠨᠳᠦᠰᠦᠨ᠎ᠳᠡᠭᠡᠨ ᠪᠡᠶᠡᠯᠡᠭᠦᠯᠬᠦ᠎ᠳᠦ᠂ ᠴᠢᠨᠡᠭᠡᠯᠢᠭ ᠨᠡᠢᠭᠡᠮ᠎ᠢ ᠪᠦᠬᠦ ᠲᠠᠯ᠎ᠠ᠎ᠪᠠᠷ ᠪᠡᠶᠡᠯᠡᠭᠦᠯᠦᠭᠰᠡᠨ ᠰᠠᠭᠤᠷᠢᠨ ᠳᠡᠭᠡᠷ᠎ᠡ《ᠠᠷᠪᠠᠨ ᠳᠥᠷᠪᠡᠳᠦᠭᠡᠷ ᠲᠠᠪᠤᠨ ᠵᠢᠯ》ᠡᠴᠡ《ᠠᠷᠪᠠᠨ ᠵᠢᠷᠭᠤᠳᠤᠭᠠᠷ ᠲᠠᠪᠤᠨ ᠵᠢᠯ》᠎ᠤ᠋ᠨ ᠭᠤᠷᠪᠠᠨ ᠲᠠᠪᠤᠨ ᠵᠢᠯ᠎ᠦᠨ ᠲᠥᠯᠦᠪᠵᠢᠭᠦᠯᠭᠡ᠎ᠶᠢ ᠬᠡᠷᠡᠭᠵᠢᠭᠦᠯᠬᠦ᠎ᠪᠡᠷ ᠲᠠᠮᠵᠢᠨ ᠪᠡᠶᠡᠯᠡᠭᠦᠯᠬᠦ ᠬᠡᠷᠡᠭᠲᠡᠢ᠃ ᠡᠨᠡ ᠨᠢ《ᠠᠷᠪᠠᠨ ᠲᠠᠪᠤᠳᠤᠭᠠᠷ ᠲᠠᠪᠤᠨ ᠵᠢᠯ》᠎ᠤ᠋ᠨ ᠲᠥᠯᠦᠪᠵᠢᠭᠦᠯᠭᠡ᠎ᠨᠢ《ᠠᠷᠪᠠᠨ ᠳᠥᠷᠪᠡᠳᠦᠭᠡᠷ ᠲᠠᠪᠤᠨ ᠵᠢᠯ》᠎ᠤ᠋ᠨ ᠬᠤᠭᠤᠴᠠᠭᠠᠨ᠎ᠳᠤ ᠣᠯᠣᠭᠰᠠᠨ ᠡᠯ᠎ᠡ ᠵᠦᠢᠯ᠎ᠦᠨ ᠦᠷ᠎ᠡ ᠪᠦᠲᠦᠭᠡᠯ᠎ᠢ ᠪᠦᠬᠦ ᠲᠠᠯ᠎ᠠ᠎ᠪᠠᠷ ᠪᠡᠬᠢᠵᠢᠭᠦᠯᠦᠨ ᠭᠦᠨᠵᠡᠭᠡᠢᠷᠡᠭᠦᠯᠬᠦ ᠬᠡᠷᠡᠭᠲᠡᠢ ᠮᠥᠷᠲᠡᠭᠡᠨ ᠪᠠᠰᠠ 2035 ᠣᠨ᠎ᠳᠤ ᠎ᠨᠡᠢᠭᠡᠮ ᠵᠢᠷᠤᠮᠳᠦ ᠣᠳᠣᠬᠢᠴᠢᠯᠠᠯᠲᠠ᠎ᠶᠢᠨ ᠠᠤᠭ᠎ᠠ ᠬᠠᠷᠠᠯᠲᠠ᠎ᠶᠢ ᠦᠨᠳᠦᠰᠦᠨ᠎ᠳᠡᠭᠡᠨ ᠪᠡᠶᠡᠯᠡᠭᠦᠯᠬᠦ᠎ᠳᠦ ᠰᠢᠰᠲᠧᠮᠲᠦ ᠴᠢᠨᠠᠷᠲᠠᠢ ᠂ ᠪᠠᠢᠯᠳᠤᠬᠤ ᠪᠣᠳᠣᠯᠭ᠎ᠠ᠎ᠶᠢᠨ ᠴᠢᠨᠠᠷᠲᠠᠢ ᠪᠠᠢᠷᠢᠯᠠᠭᠤᠯᠤᠯᠲᠠ ᠬᠢᠬᠦ᠎ᠶᠢ ᠱᠠᠭᠠᠷᠳᠠᠵᠤ ᠪᠠᠢᠨ᠎ᠠ᠃ ᠡᠨᠡ ᠨᠢ《ᠠᠷᠪᠠᠨ ᠲᠠᠪᠤᠳᠤᠭᠠᠷ ᠲᠠᠪᠤᠨ ᠵᠢᠯ》᠎ᠤ᠋ᠨ ᠬᠤᠭᠤᠴᠠᠭᠠᠨ᠎ᠳᠤ 《ᠠᠷᠪᠠᠨ ᠳᠥᠷᠪᠡᠳᠦᠭᠡᠷ ᠲᠠᠪᠤᠨ ᠵᠢᠯ》᠎ᠤ᠋ᠨ ᠬᠤᠭᠤᠴᠠᠭᠠᠨ᠎ᠤ ᠮᠠᠨ᠎ᠤ ᠤᠯᠤᠰ᠎ᠤᠨ ᠬᠥᠭᠵᠢᠯᠲᠡ ᠴᠢᠬᠤᠯᠠ ᠶᠡᠬᠡ ᠠᠮᠵᠢᠯᠲᠠ ᠣᠯᠣᠭᠰᠠᠨ ᠦᠨᠳᠦᠰᠦᠨ ᠰᠢᠯᠲᠠᠭᠠᠨ᠎ᠢ ᠭᠦᠨᠵᠡᠭᠡᠢ ᠳ᠋ᠦᠩᠨᠡᠵᠦ᠂《ᠠᠷᠪᠠᠨ ᠳᠥᠷᠪᠡᠳᠦᠭᠡᠷ ᠲᠠᠪᠤᠨ ᠵᠢᠯ》᠎ᠤ᠋ᠨ ᠬᠤᠭᠤᠴᠠᠭᠠᠨ᠎ᠤ ᠥᠭᠡᠷᠡᠴᠢᠯᠡᠯᠲᠡ ᠬᠥᠭᠵᠢᠯᠲᠡ ᠲᠣᠭᠲᠠᠭᠤᠨ᠎ᠤ ᠰᠠᠢᠨ ᠰᠠᠢᠬᠠᠨ ᠪᠠᠢᠳᠠᠯ᠎ᠢ ᠪᠠᠲᠤᠯᠠᠭᠰᠠᠨ ᠰᠠᠭᠤᠷᠢᠨ ᠳᠡᠭᠡᠷ᠎ᠡ 《ᠠᠷᠪᠠᠨ ᠳᠥᠷᠪᠡᠳᠦᠭᠡᠷ ᠲᠠᠪᠤᠨ ᠵᠢᠯ》᠎ᠤ᠋ᠨ ᠬᠤᠭᠤᠴᠠᠭᠠᠨ᠎ᠳᠦ ᠰᠢᠢᠳᠪᠦᠷᠢᠯᠡᠵᠦ ᠳᠡᠢᠯᠦᠭᠰᠡᠨ ᠦᠭᠡᠢ ᠬᠦᠴᠢᠷ ᠠᠰᠠᠭᠤᠳᠠᠯ᠂ ᠬᠥᠭᠵᠢᠯᠲᠡ᠎ᠶᠢ ᠬᠢᠵᠠᠭᠠᠷᠯᠠᠵᠤ ᠪᠠᠢᠭ᠎ᠠ ᠪᠣᠭᠣᠮᠢ᠂ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ᠎ᠶᠢ ᠠᠬᠢᠭᠤᠯᠬᠤ ᠳᠤᠲᠠᠭᠤᠳᠠᠯ ᠪᠠᠭᠤᠷᠠᠢ ᠲᠠᠯ᠎ᠠ ᠵᠢ ᠰᠢᠢᠳᠪᠦᠷᠢᠯᠡᠵᠦ᠂ 《ᠨᠢᠭᠡ ᠵᠢᠷᠤᠭ ᠲᠥᠰᠥᠪ᠎ᠢᠶᠡᠷ ᠡᠴᠦᠰ ᠲᠦ᠍ᠨᠢ ᠲᠤᠯᠲᠠᠯ᠎ᠠ ᠠᠵᠢᠯᠯᠠᠬᠤ》 ᠵᠣᠷᠢᠭ᠋ ᠰᠠᠨᠠᠭ᠎ᠠ᠎ᠪᠠᠷ ᠤᠷᠤᠭ᠍ᠰᠢ ᠬᠥᠭᠵᠢᠬᠦ ᠬᠡᠷᠡᠭᠳᠡᠢ᠎ᠶᠢ ᠬᠠᠷᠠᠭᠤᠯᠵᠤ ᠪᠠᠢᠨ᠎ᠠ᠃

《ᠠᠷᠪᠠᠨ ᠲᠠᠪᠤᠳᠤᠭᠠᠷ ᠲᠠᠪᠤᠨ ᠵᠢᠯ》᠎ᠤ᠋ᠨ ᠲᠥᠯᠦᠪᠵᠢᠭᠦᠯᠭᠡ᠎ᠶᠢᠨ ᠬᠤᠭᠤᠴᠠᠭ᠎ᠠ ᠪᠣᠯ 《ᠪᠦᠬᠦ ᠲᠠᠯ᠎ᠠ᠎ᠪᠠᠷ ᠬᠦᠴᠦᠯᠡᠬᠦ》ᠵᠠᠩᠭᠢᠯᠠᠭ᠎ᠠ᠎ᠶᠢᠨ ᠴᠡᠭ ᠪᠣᠯᠣᠨ᠎ᠠ᠃᠎ᠨᠡᠢᠭᠡᠮ ᠵᠢᠷᠤᠮᠳᠦ ᠣᠳᠣᠬᠢᠴᠢᠯᠠᠯᠲᠠ᠎ᠶᠢ ᠦᠨᠳᠦᠰᠦᠨ᠎ᠳᠡᠭᠡᠨ ᠪᠡᠶᠡᠯᠡᠭᠦᠯᠬᠦ ᠨᠢ ᠠᠵᠤ ᠠᠬᠤᠢ᠂ ᠤᠯᠤᠰ ᠲᠦᠷᠦ᠂ ᠰᠣᠶᠣᠯ᠂ ᠨᠡᠢᠭᠡᠮ᠂ ᠠᠮᠢ ᠠᠬᠤᠢ ᠵᠡᠷᠭᠡ ᠲᠠᠯ᠎ᠠ᠎ᠳᠤ ᠬᠣᠯᠪᠣᠭᠳᠠᠵᠤ ᠪᠠᠢᠳᠠᠭ᠃ ᠲᠡᠦᠬᠡᠨ ᠳᠡᠭᠡᠷ᠎ᠡ ᠮᠠᠨ᠎ᠤ ᠤᠯᠤᠰ᠎ᠤᠨ ᠡᠯ᠎ᠡ ᠴᠠᠭ ᠦᠶ᠎ᠡ᠎ᠶᠢᠨ ᠲᠠᠪᠤᠨ ᠵᠢᠯ᠎ᠦᠨ ᠲᠥᠯᠦᠪᠵᠢᠭᠦᠯᠭᠡ (ᠲᠥᠯᠥᠪᠯᠡᠭᠡ )᠎ᠨᠢ  ᠲᠤᠰ ᠲᠤᠰ᠎ᠤᠨ ᠬᠢᠨᠢ ᠭᠣᠣᠯᠳᠠᠯᠭ᠎ᠠ᠎ᠲᠠᠢ ᠪᠠᠢᠵᠤ᠂ 《ᠠᠩᠬᠠᠳᠤᠭᠠᠷ ᠲᠠᠪᠤᠨ ᠵᠢᠯ》᠎ᠡᠴᠡ《ᠲᠠᠪᠤᠳᠤᠭᠠᠷ ᠲᠠᠪᠤᠨ ᠵᠢᠯ》᠎ᠤ᠋ᠨ ᠲᠥᠯᠦᠪᠵᠢᠭᠦᠯᠭᠡ᠎ᠵᠢᠨ ᠬᠤᠭᠤᠴᠠᠭᠠᠨ᠎ᠳᠤ᠂ ᠮᠠᠨ᠎ᠤ ᠤᠯᠤᠰ ᠬᠦᠨᠳᠦ ᠠᠵᠤ ᠦᠢᠯᠡᠳᠪᠦᠷᠢ᠎ᠶᠢ ᠤᠷᠢᠳ᠎ᠢᠶᠠᠷ ᠬᠥᠭᠵᠢᠭᠦᠯᠵᠦ᠂ ᠪᠡᠶ᠎ᠡ᠎ᠪᠡᠨ ᠳᠠᠭᠠᠭᠠᠭᠰᠠᠨ ᠪᠦᠷᠢᠨ ᠪᠦᠲᠦᠨ ᠠᠵᠤ ᠦᠢᠯᠡᠳᠪᠦᠷᠢ᠎ᠶᠢᠨ ᠰᠢᠰᠲᠧᠮ᠎ᠢ ᠪᠠᠶ᠋ᠢᠭᠤᠯᠬᠤ᠎ᠪᠠᠷ ᠭᠣᠣᠯᠳᠠᠯᠭ᠎ᠠ ᠪᠣᠯᠭᠠᠪᠠ; 《ᠵᠢᠷᠭᠤᠳᠤᠭᠠᠷ ᠲᠠᠪᠤᠨ ᠵᠢᠯ》᠎ᠦ᠋ᠨ ᠲᠥᠯᠦᠪᠵᠢᠭᠦᠯᠭᠡ᠎ᠵᠢᠨ ᠬᠤᠭᠤᠴᠠᠭ᠎ᠠ᠎ᠠᠴᠠ 《ᠠᠷᠪᠠᠳᠤᠭᠠᠷ ᠲᠠᠪᠤᠨ ᠵᠢᠯ》᠎ᠦ᠋ᠨ ᠲᠥᠯᠦᠪᠵᠢᠭᠦᠯᠭᠡ᠎ᠵᠢᠨ ᠬᠤᠭᠤᠴᠠᠭ᠎ᠠ ᠬᠦᠷᠲᠡᠯ᠎ᠡ᠂ ᠠᠵᠤ ᠠᠬᠤᠢ᠎ᠶᠢᠨ ᠪᠠᠢᠭᠤᠯᠤᠮᠵᠢ᠎ᠵᠢᠨ ᠥᠭᠡᠷᠡᠴᠢᠯᠡᠯᠲᠡ ᠪᠣᠯᠣᠨ ᠠᠵᠤ ᠠᠬᠤᠢ᠎ᠶᠢᠨ ᠨᠡᠮᠡᠭᠳᠡᠯ᠎ᠦᠨ ᠬᠤᠷᠳᠤᠴᠠ ᠪᠡᠷ ᠭᠣᠣᠯ ᠰᠡᠳᠦᠪ ᠪᠣᠯᠭᠠᠵᠠᠢ; 《ᠠᠷᠪᠠᠨ ᠨᠢᠭᠡᠳᠦᠭᠡᠷ ᠲᠠᠪᠤᠨ ᠵᠢᠯ》 ᠎ᠤ᠋ᠨ ᠲᠥᠯᠦᠪᠵᠢᠭᠦᠯᠭᠡ᠎ᠬᠤᠭᠤᠴᠠᠭ᠎ᠠ ᠡᠴᠡ ᠡᠬᠢᠯᠡᠨ᠂ ᠠᠷᠠᠳ᠎ᠤᠨ ᠠᠮᠢᠳᠤᠷᠠᠯ᠎ᠢ ᠪᠠᠲᠤᠯᠠᠨ ᠰᠠᠢᠵᠢᠷᠠᠭᠤᠯᠬᠤ᠂ ᠨᠡᠢᠭᠡᠮ᠎ᠦᠨ ᠪᠠᠢᠭᠤᠯᠤᠯᠲᠠ᠎ᠶᠢ ᠴᠢᠩᠭᠠᠳᠬᠠᠨ ᠤᠯᠤᠰ᠎ᠢᠶᠠᠨ ᠬᠦᠴᠦᠷᠬᠡᠭᠵᠢᠭᠦᠯᠵᠦ ᠠᠷᠠᠳ᠎ᠢᠶᠠᠨ ᠪᠠᠶᠠᠵᠢᠭᠤᠯᠬᠤ᠎ᠶᠢ ᠨᠢᠭᠡᠳᠬᠡᠬᠦ ᠪᠡᠷ ᠲᠥᠯᠦᠪᠵᠢᠭᠦᠯᠭᠡ᠎ᠶᠢᠨ ᠭᠣᠣᠯ ᠣᠢᠯᠠᠭᠠᠭᠳᠠᠬᠤᠨ ᠪᠣᠯᠭᠠᠭᠰᠠᠨ ᠪᠠᠢᠨ᠎ᠠ; 《ᠠᠷᠪᠠᠨ ᠭᠤᠷᠪᠠᠳᠤᠭᠠᠷ ᠲᠠᠪᠤᠨ ᠵᠢᠯ》᠎ᠤ᠋ᠨ ᠲᠥᠯᠦᠪᠵᠢᠭᠦᠯᠭᠡ᠎ᠡᠴᠡ ᠡᠬᠢᠯᠡᠵᠦ᠂ 《ᠰᠢᠨ᠎ᠡ᠎ᠶᠢ ᠡᠭᠦᠳᠬᠦ᠂ ᠵᠣᠬᠢᠴᠠᠩᠭᠤᠢ᠂ ᠪᠣᠬᠢᠷᠲᠤᠯ ᠦᠭᠡᠢ᠂ ᠨᠡᠭᠡᠭᠡᠯᠲᠡᠲᠤ᠂ ᠬᠠᠮᠲᠤ᠎ᠪᠠᠷ ᠡᠳ᠋ᠯᠡᠬᠦ》ᠰᠢᠨ᠎ᠡ ᠬᠥᠭᠵᠢᠯᠲᠡ᠎ᠶᠢᠨ ᠣᠢᠯᠠᠭᠠᠭᠳᠠᠬᠤᠨ ᠨᠢ ᠮᠠᠨ᠎ᠤ ᠤᠯᠤᠰ᠎ᠤᠨ ᠬᠥᠭᠵᠢᠯᠲᠡ᠎ᠶᠢᠨ ᠰᠡᠳᠬᠢᠴᠡ᠂ ᠬᠥᠭᠵᠢᠯᠲᠡ᠎ᠶᠢᠨ ᠴᠢᠭᠯᠡᠯ᠂ ᠬᠥᠭᠵᠢᠯᠲᠡ᠎ᠶᠢᠨ ᠬᠦᠴᠦᠯᠡᠬᠦ ᠴᠡᠭ᠎ᠦᠨ ᠲᠥᠪᠯᠡᠷᠡᠩᠭᠦᠢ ᠢᠯᠡᠷᠡᠯ ᠪᠣᠯᠪᠠ᠃ 《ᠠᠷᠪᠠᠨ ᠲᠠᠪᠤᠳᠤᠭᠠᠷ ᠲᠠᠪᠤᠨ ᠵᠢᠯ》᠎ᠦ᠋ᠨ ᠲᠥᠯᠦᠪᠵᠢᠭᠦᠯᠭᠡ᠎ᠶᠢᠨ ᠬᠤᠭᠤᠴᠠᠭᠠᠨ᠎ᠳᠤ ᠰᠢᠰᠲᠧᠮᠲᠦ ᠰᠡᠳᠬᠢᠬᠦᠢ᠎ᠶᠢ ᠡᠷᠬᠡᠪᠰᠢ ᠪᠠᠷᠢᠮᠲᠠᠯᠠᠵᠤ᠂《ᠲᠠᠪᠤ᠎ᠶᠢ ᠨᠢᠭᠡ ᠴᠣᠭᠴᠠᠵᠢᠭᠤᠯᠬᠤ》ᠶᠡᠷᠦᠩᠬᠡᠢ ᠪᠠᠢᠷᠢᠯᠠᠭᠤᠯᠤᠯᠲᠠ᠎ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ᠂ 《ᠲᠦᠷᠪᠡᠨ ᠪᠦᠬᠦ ᠲᠠᠯ᠎ᠠ》᠎ᠶ᠋ᠢᠨ ᠪᠠᠢᠯᠳᠤᠬᠤ ᠪᠣᠳᠣᠯᠭ᠎ᠠ᠎ᠶᠢᠨ ᠪᠠᠢᠷᠢᠯᠠᠭᠤᠯᠤᠯᠲᠠ᠎ᠶᠢ ᠵᠣᠬᠢᠴᠠᠩᠭᠤᠢ᠎ᠪᠠᠷ ᠠᠬᠢᠭᠤᠯᠬᠤ ᠱᠠᠭᠠᠷᠳᠠᠯᠭ᠎ᠠ ᠶᠣᠰᠣᠭᠠᠷ᠂ ᠠᠵᠤ ᠠᠬᠤᠢ ᠨᠡᠢᠭᠡᠮ᠎ᠦᠨ ᠬᠥᠭᠵᠢᠯᠲᠡ ᠪᠠ ᠨᠠᠮ᠎ᠤᠨ ᠪᠠᠢᠭᠤᠯᠤᠯᠲᠠ᠎ᠶᠢᠨ ᠡᠯ᠎ᠡ ᠲᠠᠯ᠎ᠠ᠎ᠶᠢᠨ ᠠᠵᠢᠯ᠎ᠢ ᠪᠦᠬᠦ ᠲᠠᠯ᠎ᠠ᠎ᠪᠠᠷ ᠪᠠᠢᠷᠢᠯᠠᠭᠤᠯᠬᠤ ᠬᠡᠷᠡᠭᠲᠡᠢ ᠪᠤᠯᠤᠬᠰᠠᠨ ᠪᠠᠢᠨ᠎ᠠ᠃

《ᠠᠷᠪᠠᠨ ᠲᠠᠪᠤᠳᠤᠭᠠᠷ ᠲᠠᠪᠤᠨ ᠵᠢᠯ》᠎ᠤ᠋ᠨ ᠲᠥᠯᠦᠪᠵᠢᠭᠦᠯᠭᠡ᠎ᠶᠢᠨ ᠬᠤᠭᠤᠴᠠᠭ᠎ᠠ ᠪᠣᠯ《ᠰᠠᠭᠤᠷᠢ ᠵᠢ ᠪᠡᠬᠢᠵᠢᠭᠦᠯᠬᠦ》 ᠬᠦᠴᠦᠯᠡᠬᠦ ᠴᠡᠭ ᠪᠣᠯᠣᠨ᠎ᠠ᠃ ᠠᠤᠭ᠎ᠠ ᠬᠠᠷᠠᠯᠲᠠ᠎ᠶᠢ ᠪᠡᠶᠡᠯᠡᠭᠦᠯᠬᠦ᠎ᠳᠦ ᠪᠠᠲᠤ ᠪᠡᠬᠢ ᠰᠠᠭᠤᠷᠢ᠎ᠳᠤ ᠲᠦᠰᠢᠭᠯᠡᠳᠡᠭ᠃ 《ᠠᠷᠪᠠᠨ ᠲᠠᠪᠤᠳᠤᠭᠠᠷ ᠲᠠᠪᠤᠨ ᠵᠢᠯ》ᠬᠤᠭᠤᠴᠠᠭ᠎ᠠ ᠎ᠳᠦ ᠠᠪᠴᠤ ᠬᠡᠯᠡᠪᠡᠯ ᠡᠨᠡ ᠬᠦ᠌ ᠰᠠᠭᠤᠷᠢ ᠪᠣᠯ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠪᠡᠶ᠎ᠡ᠎ᠪᠡᠨ ᠳᠠᠭᠠᠭᠠᠵᠤ ᠬᠦᠴᠦᠷᠬᠡᠭᠵᠢᠬᠦ᠎ᠶᠢᠨ ᠰᠠᠭᠤᠷᠢ ᠮᠥᠨ᠂ ᠠᠵᠤ ᠦᠢᠯᠡᠰ᠎ᠦᠨ ᠬᠡᠯᠬᠢᠶ᠎ᠡ ᠬᠠᠩᠭᠠᠯᠭ᠎ᠠ᠎ᠶᠢᠨ ᠬᠡᠯᠬᠢᠶ᠎ᠡ᠎ᠶᠢᠨ ᠤᠶᠠᠨ ᠬᠠᠳᠠᠨ ᠴᠢᠨᠠᠷ ᠪᠠ ᠠᠮᠤᠷ ᠲᠦᠪᠰᠢᠨ᠎ᠦ ᠰᠠᠭᠤᠷᠢ ᠮᠥᠨ᠂ ᠳᠣᠲᠣᠭᠠᠳᠤ ᠬᠡᠷᠡᠭᠴᠡᠭᠡ᠎ᠶᠢᠨ ᠰᠢᠰᠲᠧᠮ᠎ᠦᠨ ᠬᠦᠴᠦᠷᠬᠡᠭ ᠶᠡᠬᠡ ᠲᠣᠭᠲᠠᠭᠤᠨ᠎ᠤ ᠰᠠᠭᠤᠷᠢ ᠮᠥᠨ᠂ ᠤᠯᠤᠰ᠎ᠤᠨ ᠠᠮᠤᠷ ᠲᠦᠪᠰᠢᠨ᠎ᠦ ᠰᠢᠰᠲᠧᠮ ᠪᠠ ᠴᠢᠳᠠᠪᠤᠷᠢ᠎ᠶᠢᠨ ᠣᠳᠣᠬᠢᠴᠢᠯᠠᠯᠲᠠ᠎ᠶᠢᠨ ᠰᠠᠭᠤᠷᠢ ᠮᠥᠨ᠂ ᠪᠠᠰᠠ ᠴᠤ᠌ ᠨᠡᠢᠭᠡᠮ᠎ᠦᠨ ᠡᠶ᠎ᠡ ᠵᠣᠬᠢᠴᠠᠩᠭᠤᠢ ᠲᠣᠭᠲᠠᠭᠤᠨ᠎ᠤ ᠰᠠᠭᠤᠷᠢ ᠮᠥᠨ᠃ ᠣᠳᠣᠬᠠᠨ᠎ᠳᠤ ᠮᠠᠨ᠎ᠤ ᠤᠯᠤᠰ᠎ᠤᠨ ᠬᠥᠭᠵᠢᠯᠲᠡ᠎ᠳᠦ ᠲᠤᠯᠭᠠᠷᠠᠵᠤ ᠪᠠᠢᠭ᠎ᠠ ᠠᠶᠤᠯ ᠲᠦᠭᠰᠢᠭᠦᠷᠢ ᠥᠷᠢᠰᠦᠯᠳᠦᠭᠡᠨ ᠨᠡᠮᠡᠭᠳᠡᠵᠦ ᠪᠠᠢᠨ᠎ᠠ᠂ ᠭᠠᠭᠴᠠ ᠬᠦ᠌ ᠡᠨᠡ ᠬᠤᠭᠤᠴᠠᠭᠠᠨ᠎ᠳᠤ ᠰᠠᠭᠤᠷᠢ᠎ᠪᠠᠨ ᠪᠠᠲᠤ ᠲᠠᠯᠪᠢᠵᠤ᠂ ᠳᠤᠲᠠᠭᠤᠳᠠᠯ᠎ᠢᠶᠠᠨ ᠨᠥᠬᠥᠪᠦᠷᠢᠯᠡᠵᠦ᠂ ᠪᠠᠭᠤᠷᠠᠢ ᠲᠠᠯ᠎ᠠ᠎ᠪᠠᠨ ᠬᠦᠴᠦᠷᠬᠡᠭᠵᠢᠭᠦᠯᠪᠡᠯ ᠰᠠᠶᠢ ᠢᠷᠡᠭᠡᠳᠦᠢ᠎ᠶᠢᠨ ᠰᠠᠯᠬᠢ ᠪᠣᠷᠣᠭᠠᠨ᠎ᠤ ᠳᠤᠮᠳᠠ ᠯᠠᠪᠳᠠᠭᠤᠨ᠎ᠢᠶᠠᠷ ᠤᠷᠤᠭᠰᠢᠯᠠᠵᠤ᠂ ᠎ᠨᠡᠢᠭᠡᠮ ᠵᠢᠷᠤᠮᠳᠦ ᠣᠳᠣᠬᠢᠴᠢᠯᠠᠯᠲᠠ᠎ᠶᠢᠨ ᠣᠩᠭᠣᠴᠠ᠎ᠶᠢᠨ ᠠᠶᠠᠯᠠᠯ᠎ᠤᠨ ᠱᠤᠭᠤᠮ᠎ᠠᠴᠠ ᠦᠯᠦ ᠰᠠᠯᠬᠤ ᠎ᠶᠢ ᠦᠨᠡᠨ ᠬᠦ᠌ ᠪᠠᠲᠤᠯᠠᠵᠤ ᠴᠢᠳᠠᠨ᠎ᠠ᠃

ᠰᠢᠨ᠎ᠡ ᠠᠵᠠ ᠲᠣᠬᠢᠶᠠᠯ ᠪᠠ ᠥᠷᠢᠰᠦᠯᠳᠦᠭᠡᠨ᠎ᠢ ᠨᠡᠪᠲᠡ ᠠᠵᠢᠭ᠍ᠯᠠᠬᠤ ᠬᠡᠷᠡᠭᠲᠠᠢ

《ᠠᠷᠪᠠᠨ ᠲᠠᠪᠤᠳᠤᠭᠠᠷ ᠲᠠᠪᠤᠨ ᠵᠢᠯ》᠎ᠤ᠋ᠨ ᠲᠥᠯᠦᠪᠵᠢᠭᠦᠯᠭᠡ᠎ᠶᠢᠨ ᠬᠤᠭᠤᠴᠠᠭᠠᠨ᠎ᠳᠤ ᠮᠠᠨ᠎ᠤ ᠤᠯᠤᠰ᠎ᠤᠨ ᠬᠥᠭᠵᠢᠯᠲᠡ᠎ᠶᠢᠨ ᠣᠷᠴᠢᠨ ᠨᠥᠬᠥᠴᠡᠯ ᠭᠦᠨᠵᠡᠭᠡᠢ ᠪᠤᠳᠤᠯᠢᠶᠠᠨᠲᠠᠢ ᠬᠤᠪᠢᠷᠠᠯᠲᠠ᠎ᠳᠤ ᠲᠤᠯᠭᠠᠷᠠᠵᠤ ᠪᠤᠢ᠃ ᠲᠣᠮᠣ᠌ ᠤᠯᠤᠰ᠎ᠤᠨ ᠬᠠᠷᠢᠴᠠᠭ᠎ᠠ ᠨᠢ ᠤᠯᠠᠨ ᠤᠯᠤᠰ᠎ᠤᠨ ᠪᠠᠢᠳᠠᠯ᠎ᠢ ᠨᠥᠯᠥᠭᠡᠯᠡᠵᠦ᠂ ᠤᠯᠠᠨ ᠤᠯᠤᠰ᠎ᠤᠨ ᠪᠠᠢᠳᠠᠯ᠎ᠤᠨ ᠬᠤᠪᠢᠰᠤᠯᠲᠠ ᠨᠢ ᠤᠯᠤᠰ᠎ᠤᠨ ᠳᠣᠲᠣᠭᠠᠳᠤ᠎ᠶᠢᠨ ᠬᠥᠭᠵᠢᠯᠲᠡ᠎ᠶᠢ ᠭᠦᠨᠵᠡᠭᠡᠢ ᠨᠥᠯᠥᠭᠡᠯᠡᠵᠦ᠂ ᠮᠠᠨ᠎ᠤ ᠤᠯᠤᠰ᠎ᠤᠨ ᠬᠥᠭᠵᠢᠯᠲᠡ ᠨᠢ ᠪᠠᠢᠯᠳᠤᠬᠤ ᠪᠣᠳᠣᠯᠭ᠎ᠠ᠎ᠶᠢᠨ ᠠᠵᠠ ᠲᠣᠬᠢᠶᠠᠯ ᠪᠠ ᠠᠶᠤᠯ ᠲᠦᠭᠰᠢᠭᠦᠷᠢᠲᠦ ᠥᠷᠢᠰᠦᠯᠳᠦᠭᠡᠨ ᠳ᠋ᠤ᠌ ᠵᠡᠷᠭᠡ᠎ᠪᠡᠷ ᠲᠤᠯᠭᠠᠷᠠᠵᠤ᠂ ᠲᠣᠭᠲᠠᠭᠠᠯᠲᠤ ᠪᠤᠰᠤ ᠲᠥᠰᠥᠭᠡᠯᠡᠬᠦᠶ᠎ᠡ ᠪᠡᠷᠬᠡ ᠬᠦᠴᠦᠨ ᠵᠦᠢᠯ ᠨᠡᠮᠡᠭᠳᠡᠵᠦ ᠪᠠᠢᠭ᠎ᠠ ᠴᠠᠭ ᠦᠶ᠎ᠡ᠎ᠳᠦ ᠣᠷᠣᠰᠢᠵᠤ ᠪᠠᠢᠨ᠎ᠠ᠃ ᠠᠵᠠ ᠲᠣᠬᠢᠶᠠᠯ᠎ᠢ ᠣᠨᠣᠪᠴᠢᠲᠠᠢ ᠮᠠᠭᠠᠳᠯᠠᠨ ᠲᠠᠨᠢᠵᠤ᠂ ᠥᠷᠢᠰᠦᠯᠳᠦᠭᠡᠨ᠎ᠢ ᠯᠠᠪᠳᠠᠭᠤᠨ ᠠᠷᠭᠠᠴᠠᠭᠠᠬᠤ ᠪᠣᠯ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠦᠷᠦ ᠵᠢ ᠵᠠᠰᠠᠵᠤ ᠵᠠᠰᠠᠭ᠎ᠢ ᠡᠷᠬᠢᠯᠡᠬᠦ ᠪᠠᠢᠯᠳᠤᠬᠤ ᠪᠣᠳᠣᠯᠭ᠎ᠠ᠎ᠶᠢᠨ ᠳᠠᠪᠠᠭᠤᠯᠢᠭ᠋ ᠮᠥᠨ᠃ 20 ᠳ᠋ᠤᠭᠠᠷ ᠵᠠᠭᠤᠨ᠎ᠤ ᠶᠡᠷᠡᠭᠡᠳ ᠣᠨ᠎ᠳᠤ ᠮᠥᠩᠭᠥᠨ ᠭᠦᠢᠯᠭᠡᠭᠡᠨ᠎ᠦ ᠬᠢᠮᠤᠷᠠᠯ ᠪᠦᠬᠦᠶ᠋ᠢᠯᠡ ᠠᠽᠢᠶ᠎ᠠ ᠲᠢᠪ᠎ᠢ ᠨᠥᠯᠥᠭᠡᠯᠡᠵᠦ᠂ ᠮᠠᠨ᠎ᠤ ᠤᠯᠤᠰ᠎ᠤᠨ ᠭᠠᠳᠠᠭᠠᠳᠤ ᠭᠠᠷᠭᠠᠯᠲᠠ᠂ ᠭᠠᠳᠠᠭᠠᠳᠤ ᠪᠡᠯᠡ᠎ᠶᠢᠨ ᠠᠰᠢᠭ᠍ᠯᠠᠯᠲᠠ ᠵᠢᠴᠢ ᠠᠵᠤ ᠠᠬᠤᠢ᠎ᠶᠢᠨ ᠨᠡᠮᠡᠭᠳᠡᠯ᠎ᠳᠦ ᠪᠦᠷ ᠨᠡᠯᠢᠶᠡᠳ ᠶᠡᠬᠡ ᠳᠠᠭᠠᠷᠢᠯᠲᠠ ᠎ᠠᠪᠴᠢᠷᠠᠪᠠ; ᠡᠭᠦᠨ᠎ᠦ ᠬᠠᠮᠲᠤ  ᠮᠠᠨ᠎ᠤ ᠤᠯᠤᠰ᠎ᠤᠨ ᠳᠡᠯᠡᠬᠡᠢ᠎ᠶᠢᠨ ᠠᠷᠠᠯᠵᠢᠶᠠᠨ᠎ᠤ ᠵᠣᠬᠢᠶᠠᠨ ᠪᠠᠢᠭᠤᠯᠤᠯᠲᠠ᠎ᠳᠤ ᠣᠷᠣᠬᠤ ᠬᠡᠯᠡᠯᠴᠡᠭᠡ ᠬᠠᠮᠤᠭ ᠡᠴᠦᠰ᠎ᠦᠨ ᠱᠠᠲᠤᠨ᠎ᠳᠤ ᠣᠷᠣᠪᠠ᠃ ᠬᠡᠯᠡᠯᠴᠡᠭᠡ᠎ᠶᠢᠨ ᠠᠮᠠᠯᠠᠯᠲᠠ᠎ᠶᠢ ᠦᠨᠳᠦᠰᠦᠯᠡᠪᠡᠯ᠂ ᠮᠠᠨ᠎ᠤ ᠤᠯᠤᠰ᠎ᠤᠨ ᠠᠵᠤ ᠠᠬᠤᠢ᠎ᠶᠢᠨ ᠬᠠᠮᠢᠶᠠᠷᠤᠯᠲᠠ᠎ᠶᠢᠨ ᠪᠠᠢᠭᠤᠯᠤᠮᠵᠢ ᠵᠢᠨ ᠭᠣᠣᠯ ᠲᠠᠯ᠎ᠠ ᠡᠷᠬᠡᠪᠰᠢ ᠠᠯᠢ ᠲᠦᠷᠭᠡᠨ᠎ᠢᠶᠡᠷ ᠤᠯᠠᠨ ᠤᠯᠤᠰ᠎ᠤᠨ ᠵᠤᠷᠰᠢᠯ᠎ᠲᠠᠢ ᠵᠣᠯᠭᠠᠵᠤ᠂ ᠵᠠᠬ᠎ᠠ ᠳᠡᠯᠭᠡᠭᠦᠷ᠎ᠦᠨ ᠠᠵᠤ ᠠᠬᠤᠢ᠎ᠶᠢᠨ ᠠᠷᠭ᠎ᠠ ᠪᠠᠷᠢᠯ᠎ᠢ ᠨᠡᠩ ᠤᠯᠠᠨ ᠬᠡᠷᠡᠭᠯᠡᠵᠦ ᠪᠠᠢᠭᠠᠳ ᠠᠵᠤ ᠠᠬᠤᠢ᠎ᠶᠢ ᠲᠣᠬᠢᠷᠠᠭᠤᠯᠤᠨ ᠡᠵᠡᠮᠳᠡᠬᠦ ᠬᠡᠷᠡᠭᠲᠡᠢ᠃ ᠰᠢᠨ᠎ᠡ ᠥᠷᠢᠰᠦᠯᠳᠦᠭᠡᠨ᠎ᠦ ᠡᠮᠦᠨ᠎ᠡ᠂ 《ᠶᠢᠰᠦᠳᠦᠭᠡᠷ ᠲᠠᠪᠤᠨ ᠵᠢᠯ》᠎ᠤ᠋ᠨ ᠲᠥᠯᠥᠪᠵᠢᠭᠦᠯᠭᠡ᠎ᠶᠢᠨ ᠬᠦᠳᠦᠯᠪᠦᠷᠢ᠎ᠳᠤ᠂ ᠤᠯᠤᠰ ᠠᠷᠠᠳ᠎ᠤᠨ ᠠᠵᠤ ᠠᠬᠤᠢ᠎ᠶᠢ ᠦᠷᠭᠦᠯᠵᠢᠯᠡᠭᠰᠡᠨ᠂ ᠲᠦᠷᠭᠡᠨ᠂ ᠡᠷᠡᠭᠦᠯ᠎ᠢᠶᠡᠷ ᠬᠥᠭᠵᠢᠬᠦ᠎ᠶᠢ ᠠᠬᠢᠭᠤᠯᠬᠤ᠎ᠶᠢᠨ ᠵᠠᠩᠭᠢᠯᠠᠭ᠎ᠠ ᠨᠢ ᠪᠦᠬᠦ ᠲᠠᠯ᠎ᠠ᠎ᠶᠢᠨ ᠠᠴᠢ ᠬᠣᠯᠪᠣᠭᠳᠠᠯ ᠪᠦᠬᠦᠢ ᠬᠣᠶᠠᠷ ᠦᠨᠳᠦᠰᠦᠨ ᠴᠢᠨᠠᠷᠲᠠᠢ ᠬᠤᠪᠢᠷᠠᠯᠲᠠ᠎ᠶᠢ ᠬᠡᠷᠡᠭᠵᠢᠭᠦᠯᠬᠦ ᠶᠠᠪᠤᠳᠠᠯ ᠪᠣᠯᠣᠨ᠎ᠠ ᠭᠡᠵᠦ ᠲᠣᠳᠣᠷᠬᠠᠢ ᠵᠢᠭᠠᠵᠤ ᠭᠠᠷᠭᠠᠪᠠ᠄ ᠨᠢᠭᠡ᠎ᠳᠦ᠂ ᠠᠵᠤ ᠠᠬᠤᠢ᠎ᠶᠢᠨ ᠪᠠᠢᠭᠤᠯᠤᠮᠵᠢ ᠵᠢ ᠤᠯᠠᠮᠵᠢᠯᠠᠯᠲᠤ ᠲᠥᠯᠥᠪᠯᠡᠭᠡᠲᠦ ᠠᠵᠤ ᠠᠬᠤᠢ᠎ᠶᠢᠨ ᠪᠠᠢᠭᠤᠯᠤᠮᠵᠢ᠎ᠠᠴᠠ ᠨᠡᠢᠭᠡᠮ ᠵᠢᠷᠤᠮ᠎ᠤᠨ ᠵᠠᠬ᠎ᠠ ᠳᠡᠯᠭᠡᠭᠦᠷ᠎ᠦᠨ ᠠᠵᠤ ᠠᠬᠤᠢ᠎ᠶᠢᠨ ᠪᠠᠢᠭᠤᠯᠤᠮᠵᠢ ᠲᠡᠢᠰᠢ ᠬᠤᠪᠢᠷᠠᠭᠤᠯᠬᠤ ᠶᠠᠪᠤᠳᠠᠯ ᠪᠣᠯᠣᠨ᠎ᠠ; ᠬᠣᠶᠠᠷ᠎ᠲᠤ᠂ ᠠᠵᠤ ᠠᠬᠤᠢ᠎ᠶᠢᠨ ᠨᠡᠮᠡᠭᠳᠡᠯ᠎ᠦᠨ ᠠᠷᠭ᠎ᠠ ᠮᠠᠶᠢᠭ᠋᠎ᠢ ᠪᠦᠳᠦᠭᠦᠯᠢᠭ ᠬᠡᠯᠪᠡᠷᠢ᠎ᠡᠴᠡ ᠡᠷᠴᠢᠮᠵᠢᠭᠦᠯᠦᠭᠰᠡᠨ ᠬᠡᠯᠪᠡᠷᠢ ᠲᠡᠢᠰᠢ ᠬᠤᠪᠢᠷᠠᠭᠤᠯᠤᠨ᠎ᠠ᠃ᠠᠵᠤ ᠠᠬᠤᠢ᠎ᠶᠢᠨ ᠪᠠᠢᠭᠤᠯᠤᠮᠵᠢ ᠵᠢᠨ ᠥᠭᠡᠷᠡᠴᠢᠯᠡᠯᠲᠡ ᠤᠯᠠᠮ ᠨᠢᠭᠡ ᠠᠯᠬᠤᠮ ᠭᠦᠨᠵᠡᠭᠡᠢᠷᠡᠭᠰᠡᠨ ᠶᠠᠪᠤᠳᠠᠯ ᠨᠢ ᠡᠬᠢ ᠪᠠᠶᠠᠯᠢᠭ᠋᠎ᠢ ᠲᠣᠬᠢᠷᠠᠭᠤᠯᠬᠤ ᠶᠠᠪᠤᠴᠠ᠎ᠳᠠᠬᠢ ᠵᠠᠬ᠎ᠠ ᠳᠡᠯᠭᠡᠭᠦᠷ᠎ᠦᠨ ᠰᠠᠭᠤᠷᠢᠯᠠᠬᠤ ᠴᠢᠨᠠᠷᠲᠠᠢ ᠦᠢᠯᠡᠳᠦᠯ᠎ᠢ ᠢᠯᠡᠳᠲᠡ ᠴᠢᠩᠭᠠᠷᠠᠭᠤᠯᠵᠤ᠂ ᠤᠯᠤᠰ᠎ᠤᠨ ᠬᠣᠷᠸ᠎ᠠ ᠲᠣᠬᠢᠷᠠᠭᠤᠯᠤᠯ ᠡᠵᠡᠮᠳᠡᠯ᠎ᠦᠨ ᠰᠢᠰᠲᠧᠮ᠎ᠢ ᠤᠯᠠᠮ ᠲᠡᠭᠦᠯᠳᠡᠷᠵᠢᠭᠦᠯᠵᠦ᠂ ᠨᠡᠢᠭᠡᠮ ᠵᠢᠷᠤᠮ᠎ᠤᠨ ᠵᠠᠬ᠎ᠠ ᠳᠡᠯᠭᠡᠭᠦᠷ᠎ᠦᠨ ᠠᠵᠤ ᠠᠬᠤᠢ᠎ᠶᠢᠨ ᠪᠠᠢᠭᠤᠯᠤᠮᠵᠢ  ᠵᠢ ᠠᠩᠬ᠎ᠠ ᠠᠯᠬᠤᠮ ᠪᠠᠢᠭᠤᠯᠵᠦ᠂ ᠤᠯᠤᠰ᠎ᠤᠨ ᠳᠣᠲᠣᠭᠠᠳᠤ ᠭᠠᠳᠠᠭᠠᠳᠤ᠎ᠶᠢᠨ ᠠᠶᠤᠯ ᠲᠦᠭᠰᠢᠭᠦᠷᠢ ᠥᠷᠢᠰᠦᠯᠳᠦᠭᠡᠨ᠎ᠢ ᠪᠦᠲᠦᠮᠵᠢᠲᠡᠢ ᠠᠷᠭᠠᠴᠠᠬᠤ᠎ᠳᠤ ᠰᠠᠭᠤᠷᠢ ᠲᠠᠯᠪᠢᠵᠤ ᠥᠭᠴᠡᠢ᠃《ᠠᠷᠪᠠᠨ ᠳᠥᠷᠪᠡᠳᠦᠭᠡᠷ ᠲᠠᠪᠤᠨ ᠵᠢᠯ》᠎ᠤ᠋ᠨ ᠬᠤᠭᠤᠴᠠᠭᠠᠨ᠎ᠳᠡᠬᠢ᠂ ᠡᠷᠢᠨ ᠵᠠᠭᠤᠨ᠎ᠤ ᠬᠢᠵᠢᠭ᠎ᠦᠨ ᠪᠠᠢᠳᠠᠯ᠎ᠤᠨ ᠥᠷᠢᠰᠦᠯᠳᠦᠭᠡᠨ᠎ᠦ ᠡᠮᠦᠨ᠎ᠡ᠂ ᠰᠢ ᠵᠢᠨ ᠫᠢᠩ ᠨᠥᠬᠥᠷ᠎ᠢᠶᠡᠷ ᠭᠣᠣᠯ ᠪᠣᠯᠭᠠᠭᠰᠠᠨ ᠨᠠᠮ᠎ᠤᠨ ᠲᠥᠪ ᠬᠣᠷᠢᠶ᠎ᠠ ᠠᠷᠠᠳ ᠲᠦᠮᠡᠨ᠎ᠢ ᠳᠡᠭᠡᠳᠦᠯᠡᠬᠦ᠂ ᠠᠮᠢ ᠨᠠᠰᠤ᠎ᠶᠢ ᠳᠡᠭᠡᠳᠦᠯᠡᠬᠦ᠎ᠶᠢ ᠪᠠᠷᠢᠮᠲᠠᠯᠠᠵᠤ᠂ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ ᠪᠠ ᠠᠵᠤ ᠠᠬᠤᠢ᠎ᠶᠢᠨ ᠬᠥᠭᠵᠢᠯᠲᠡ᠎ᠶᠢ ᠨᠢᠭᠡᠳᠦᠯᠲᠡᠢ ᠲᠥᠯᠥᠪᠵᠢᠭᠦᠯᠵᠦ᠂ ᠬᠢᠵᠢᠭ᠎ᠦᠨ ᠪᠠᠢᠳᠠᠯ᠎ᠢ ᠠᠮᠵᠢᠯᠲᠠ᠎ᠲᠠᠢ ᠠᠷᠭᠠᠴᠠᠭᠠᠬᠤ ᠳᠤᠮᠳᠠ ᠨᠡᠯᠢᠶᠡᠳ ᠲᠦᠷᠭᠡᠨ ᠬᠥᠭᠵᠢᠯᠲᠡ᠎ᠶᠢ ᠪᠡᠶᠡᠯᠡᠭᠦᠯᠪᠡ᠃ ᠡᠳᠡᠭᠡᠷ ᠠᠵᠠ ᠲᠣᠬᠢᠶᠠᠯ᠎ᠢ ᠮᠠᠭᠠᠳᠯᠠᠨ ᠲᠠᠨᠢᠵᠤ ᠥᠷᠢᠰᠦᠯᠳᠦᠭᠡᠨ᠎ᠢ ᠠᠷᠭᠠᠴᠠᠭᠠᠭᠰᠠᠨ ᠲᠡᠦᠬᠡᠨ ᠲᠤᠷᠰᠢᠯᠭ᠎ᠠ ᠨᠢ ᠪᠢᠳᠡᠨ᠎ᠳᠦ ᠵᠠᠮ ᠮᠦᠷ ᠪᠠ ᠠᠷᠭ᠎ᠠ᠎ᠵᠠᠮ᠎ᠤᠨ ᠲᠣᠯᠢᠯᠠᠯ ᠬᠠᠩᠭᠠᠵᠠᠢ᠃

ᠣᠳᠣᠬᠠᠨ᠎ᠳᠤ ᠮᠠᠨ᠎ᠤ ᠤᠯᠤᠰ᠎ᠤᠨ ᠬᠥᠭᠵᠢᠯᠲᠡ᠎ᠳᠦ ᠳᠣᠣᠷᠠᠬᠢ ᠬᠡᠳᠦᠨ ᠲᠠᠯ᠎ᠠ᠎ᠶᠢᠨ ᠠᠵᠠ ᠲᠣᠬᠢᠶᠠᠯ ᠪᠤᠢ᠃ ᠨᠢᠭᠡ᠎ᠳᠦ᠂ ᠰᠢᠨ᠎ᠡ ᠡᠭᠡᠯᠵᠢ᠎ᠶᠢᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠬᠤᠪᠢᠰᠬᠠᠯ ᠪᠣᠯᠣᠨ ᠠᠵᠤ ᠦᠢᠯᠡᠰ᠎ᠦᠨ ᠬᠤᠪᠢᠰᠤᠯᠲᠠ᠎ᠶᠢᠨ ᠲᠡᠦᠬᠡᠨ ᠠᠵᠠ ᠲᠣᠬᠢᠶᠠᠯ᠃ ᠬᠣᠶᠠᠷ᠎ᠲᠤ᠂ ᠤᠯᠤᠰ᠎ᠤᠨ ᠳᠣᠲᠣᠭᠠᠳᠤ᠎ᠶᠢᠨ ᠭᠡᠳᠤ ᠶᠡᠬᠡ ᠬᠡᠪᠴᠢᠶᠡᠨ᠎ᠦ ᠵᠠᠬ᠎ᠠ ᠳᠡᠯᠭᠡᠭᠦᠷ᠎ᠦᠨ ᠳᠠᠪᠠᠭᠤᠯᠢᠭ᠋᠎ᠤᠨ ᠠᠵᠠ ᠲᠣᠬᠢᠶᠠᠯ᠃ ᠭᠤᠷᠪᠠ᠎ᠳᠤ᠂ ᠥᠭᠡᠷᠡᠴᠢᠯᠡᠯᠲᠡ ᠨᠡᠭᠡᠭᠡᠯᠲᠡ᠎ᠶᠢ ᠪᠦᠬᠦ ᠲᠠᠯ᠎ᠠ᠎ᠪᠠᠷ ᠭᠦᠨᠵᠡᠭᠡᠢᠷᠡᠭᠦᠯᠬᠦ 《ᠠᠰᠢᠭ᠋ ᠲᠤᠰᠠ ᠵᠢᠨ᠎ᠠᠵᠠ ᠲᠣᠬᠢᠶᠠᠯ》᠃ ᠳᠥᠷᠪᠡ᠎ᠳᠦ᠂  ᠪᠦᠬᠦ ᠪᠥᠮᠪᠥᠷᠴᠡᠭ᠎ᠦᠨ ᠵᠠᠰᠠᠯᠲᠠ᠎ᠶᠢᠨ ᠰᠢᠰᠲᠧᠮ᠎ᠦᠨ ᠬᠤᠪᠢᠰᠤᠯᠲᠠ᠎ᠳᠤ ᠣᠷᠣᠯᠴᠠᠬᠤ ᠠᠵᠠ ᠲᠣᠬᠢᠶᠠᠯ ᠪᠤᠯᠤᠨ᠎ᠠ᠃ ᠡᠭᠦᠨ᠎ᠦ ᠬᠠᠮᠲᠤ ᠮᠠᠨ᠎ᠤ ᠤᠯᠤᠰ᠎ᠤᠨ ᠬᠥᠭᠵᠢᠯᠲᠡ᠎ᠳᠦ ᠪᠠᠰᠠ ᠵᠠᠷᠢᠮ ᠠᠶᠤᠯ ᠲᠦᠭᠰᠢᠭᠦᠷᠢ ᠥᠷᠢᠰᠦᠯᠳᠦᠭᠡᠨ ᠲᠤᠯᠭᠠᠷᠠᠵᠤ ᠪᠠᠢᠨ᠎ᠠ᠃ ᠨᠢᠭᠡ᠎ᠳᠦ᠂ ᠭᠠᠳᠠᠭᠠᠳᠤ ᠥᠷᠢᠰᠦᠯᠳᠦᠭᠡᠨ᠃ ᠵᠢᠱ᠌ᠢᠶᠡᠯᠡᠪᠡᠯ᠂ ᠣᠳᠣᠬᠠᠨ᠎ᠳᠤ ᠳᠡᠯᠡᠬᠡᠢ ᠳ᠋ᠠᠬᠢᠨ᠎ᠳᠦ ᠣᠷᠣᠭ᠎ᠠ ᠪᠤᠰᠬᠠᠭ᠎ᠠ ᠬᠤᠪᠢᠰᠤᠯᠲᠠ ᠵᠡᠷᠭᠡ᠎ᠪᠡᠷ ᠣᠷᠣᠰᠢᠵᠤ᠂ ᠳᠡᠯᠡᠬᠡᠢᠵᠢᠯᠲᠡ᠎ᠶᠢᠨ ᠰᠥᠷᠭᠡᠦ ᠦᠵᠡᠯ ᠰᠠᠨᠠᠭᠠᠨ᠎ᠤ ᠤᠷᠤᠰᠬᠠᠯ ᠲᠣᠯᠣᠭᠠᠢ ᠥᠨᠳᠡᠢᠵᠦ᠂ ᠭᠠᠭᠴᠠ ᠲᠠᠯᠠᠲᠤ ᠦᠵᠡᠯ᠂ ᠬᠠᠮᠠᠭᠠᠯᠠᠬᠤ ᠦᠵᠡᠯ ᠢᠯᠡᠳᠲᠡ ᠳᠡᠭᠡᠭᠰᠢᠯᠡᠵᠦ᠂ ᠵᠠᠷᠢᠮ ᠲᠣᠮᠣ᠌ ᠤᠯᠤᠰ ᠮᠠᠨ᠎ᠤ ᠤᠯᠤᠰ᠎ᠢ ᠪᠦᠬᠦ ᠲᠠᠯ᠎ᠠ᠎ᠪᠠᠷ ᠬᠣᠷᠢᠭ᠍ᠯᠠᠨ ᠳᠠᠷᠤᠬᠤ ᠪᠠᠢᠳᠠᠯ᠎ᠢ ᠣᠬᠣᠷᠬᠠᠨ ᠬᠤᠭᠤᠴᠠᠭᠠᠨ᠎ᠳᠤ ᠬᠤᠪᠢᠷᠠᠭᠤᠯᠬᠤ᠎ᠳᠤ ᠪᠡᠷᠬᠡᠲᠡᠢ ᠪᠠᠢᠨ᠎ᠠ; ᠵᠠᠩᠭᠢᠯᠠᠭ᠎ᠠ᠎ᠶᠢᠨ ᠭᠣᠣᠯᠯᠠᠬᠤ ᠮᠡᠷᠭᠡᠵᠢᠯ᠎ᠦᠨ《ᠪᠣᠭᠣᠮᠢ》᠎ᠵᠢᠨ ᠠᠰᠠᠭᠤᠳᠠᠯ ᠮᠥᠨ ᠬᠦ᠌ ᠲᠣᠪᠣᠢᠮ᠎ᠠ ᠪᠠᠢᠬᠤ ᠭᠡᠬᠦ ᠮᠡᠲᠦ᠃ ᠬᠣᠶᠠᠷ᠎ᠲᠤ᠂ ᠤᠯᠤᠰ᠎ᠤᠨ ᠳᠣᠲᠣᠭᠠᠳᠤ᠎ᠶᠢᠨ ᠠᠵᠤ ᠠᠬᠤᠢ ᠨᠡᠢᠭᠡᠮ᠎ᠦᠨ ᠬᠥᠭᠵᠢᠯᠲᠡ᠎ᠶᠢᠨ ᠬᠡᠯᠪᠡᠷᠢ᠎ᠪᠡᠨ ᠬᠤᠪᠢᠷᠠᠭᠤᠯᠬᠤ ᠥᠷᠢᠰᠦᠯᠳᠦᠭᠡᠨ᠃ ᠵᠢᠱ᠌ᠢᠶᠡᠯᠡᠪᠡᠯ᠂  ᠬᠥᠮᠥᠨ ᠠᠮᠠ᠎ᠶᠢᠨ ᠨᠠᠰᠤᠵᠢᠯᠲᠠ ᠲᠦᠷᠭᠡᠳᠴᠦ᠂ ᠬᠦᠡᠭᠭᠡᠵᠢᠯᠲᠡ ᠵᠢᠨ ᠨᠤᠷᠮ᠎ᠠ ᠪᠠᠭᠤᠷᠠᠵᠦ᠂ ᠤᠯᠠᠮᠵᠢᠯᠠᠯᠲᠤ ᠬᠥᠮᠥᠨ ᠠᠮᠠ᠎ᠶᠢᠨ ᠠᠰᠢᠭ᠋ ᠪᠠᠭᠤᠷᠠᠵᠤ᠂ ᠨᠡᠢᠭᠡᠮ᠎ᠦᠨ ᠪᠠᠲᠤᠯᠠᠭ᠎ᠠ᠎ᠶᠢᠨ ᠰᠢᠰᠲᠧᠮ ᠪᠠ ᠤᠷᠳᠤ ᠬᠤᠭᠤᠴᠠᠭᠠᠨ᠎ᠤ ᠠᠵᠤ ᠠᠬᠤᠢ᠎ᠶᠢᠨ ᠨᠡᠮᠡᠭᠳᠡᠯ᠎ᠦᠨ ᠲᠠᠯᠳᠠ ᠬᠦᠴᠦᠨ᠎ᠳᠦ ᠳᠠᠷᠤᠯᠲᠠ ᠤᠴᠠᠷᠠᠭᠤᠯᠵᠤ ᠪᠠᠢᠨ᠎ᠠ; ᠠᠷᠠᠳ ᠲᠦᠮᠡᠨ᠎ᠦ ᠰᠠᠢᠨ ᠰᠠᠢᠬᠠᠨ ᠠᠮᠢᠳᠤᠷᠠᠯ᠎ᠤᠨ ᠲᠤᠬᠠᠢ ᠬᠦᠰᠡᠯ ᠡᠷᠡᠮᠡᠯᠵᠡᠯ 《 ᠪᠠᠢᠬᠤ ᠡᠰᠡᠬᠦ 》 ᠡᠴᠡ《ᠰᠠᠢᠨ ᠡᠰᠡᠬᠦ》ᠲᠡᠢᠰᠢ ᠬᠤᠪᠢᠷᠠᠵᠤ᠂ ᠪᠣᠳᠠᠰ᠎ᠤᠨ ᠪᠠ ᠰᠣᠶᠣᠯ᠎ᠤᠨ ᠠᠮᠢᠳᠤᠷᠠᠯ᠎ᠳᠤ ᠨᠡᠩ ᠥᠨᠳᠥᠷ ᠱᠠᠭᠠᠷᠳᠠᠯᠭ᠎ᠠ ᠳᠤᠷᠠᠳᠤᠭᠰᠠᠨ᠎ᠢᠶᠠᠷ ᠪᠠᠷᠠᠬᠤ ᠦᠭᠡᠢ  ᠠᠷᠠᠳᠴᠢᠯᠠᠯ᠂ ᠬᠠᠤᠯᠢ ᠪᠡᠷ ᠵᠠᠰᠠᠬᠤ᠂ ᠲᠥᠪ ᠭᠣᠣᠯᠴᠢ᠂ ᠰᠢᠳᠤᠷᠭᠤ ᠶᠣᠰᠣ᠌᠂ ᠠᠮᠤᠷ ᠲᠦᠪᠰᠢᠨ᠂ ᠣᠷᠴᠢᠨ ᠲᠣᠭᠣᠷᠢᠨ ᠵᠡᠷᠭᠡ ᠲᠠᠯ᠎ᠠ᠎ᠶᠢᠨ ᠱᠠᠭᠠᠷᠳᠠᠯᠭ᠎ᠠ ᠴᠤ᠌ ᠡᠳᠦᠷ ᠢᠷᠡᠬᠦᠶ᠎ᠡ ᠨᠡᠮᠡᠭᠳᠡᠵᠦ ᠪᠠᠢᠨ᠎ᠠ᠃

ᠡᠳᠡᠭᠡᠷ ᠠᠵᠠ ᠲᠣᠬᠢᠶᠠᠯ ᠪᠣᠯᠣᠨ ᠥᠷᠢᠰᠦᠯᠳᠦᠭᠡᠨ᠎ᠦ ᠡᠮᠦᠨ᠎ᠡ  ᠪᠢᠳᠡ ᠡᠷᠬᠡᠪᠰᠢ  ᠪᠠᠢᠯᠳᠤᠬᠤ ᠪᠣᠳᠣᠯᠭ᠎ᠠ᠎ᠶᠢᠨ ᠲᠣᠭᠲᠠᠯ ᠬᠦᠴᠦᠨ᠎ᠢᠶᠡᠨ ᠪᠠᠲᠤᠯᠠᠵᠤ᠂ ᠲᠡᠦᠬᠡ᠎ᠶᠢᠨ ᠬᠦᠯᠢᠴᠡᠩᠭᠦᠢ ᠰᠡᠳᠬᠢᠯᠭᠡ᠎ᠪᠡᠨ ᠨᠡᠮᠡᠭᠳᠡᠭᠦᠯᠵᠦ᠂ ᠨᠢᠳᠦᠨ ᠡᠮᠦᠨᠡᠬᠢ ᠬᠢᠮᠤᠷᠠᠯ ᠪᠣᠯᠣᠨ ᠥᠷᠢᠰᠦᠯᠳᠦᠭᠡᠨ᠎ᠦ ᠳᠤᠮᠳᠠ᠎ᠠᠴᠠ ᠰᠢᠨ᠎ᠡ ᠠᠵᠠ ᠲᠣᠬᠢᠶᠠᠯ᠎ᠢ ᠴᠢᠳᠠᠮᠠᠭᠠᠢ᠎ᠪᠠᠷ ᠡᠭᠦᠳᠦᠨ ᠡᠵᠡᠮᠳᠡᠵᠦ᠂ ᠬᠢᠮᠤᠷᠠᠯ᠎ᠤᠨ ᠳᠤᠮᠳᠠ ᠰᠢᠨ᠎ᠡ ᠠᠵᠠ ᠲᠣᠬᠢᠶᠠᠯ᠎ᠢ ᠪᠤᠢ ᠪᠣᠯᠭᠠᠵᠤ᠂ ᠠᠶᠤᠯ ᠲᠦᠭᠰᠢᠭᠦᠷᠢ᠎ᠶᠢᠨ ᠳᠤᠮᠳᠠ ᠰᠢᠨ᠎ᠡ ᠪᠠᠢᠳᠠᠯ᠎ᠢ ᠡᠭᠦᠳᠬᠦ ᠬᠡᠷᠡᠭᠲᠡᠢ᠃

ᠬᠠᠷᠠᠯᠲᠠ᠎ᠪᠠᠷ ᠤᠳᠤᠷᠢᠳᠤᠮᠵᠢ ᠪᠣᠯᠭᠠᠬᠤ ᠪᠠ ᠠᠰᠠᠭᠤᠳᠠᠯ᠎ᠢᠶᠠᠷ ᠤᠳᠤᠷᠢᠳᠤᠮᠵᠢ ᠪᠣᠯᠭᠠᠬᠤ᠎ᠶᠢ ᠪᠠᠷᠢᠮᠲᠠᠯᠠᠬᠤ ᠬᠡᠷᠡᠭᠲᠠᠢ

ᠬᠠᠷᠠᠯᠲᠠ᠎ᠪᠠᠷ ᠠᠩᠬᠠᠷᠤᠯ᠎ᠤᠨ ᠴᠡᠭ ᠪᠣᠯᠭᠠᠵᠤ᠂ ᠨᠢᠭᠡᠳᠦᠯᠲᠡᠢ ᠲᠥᠯᠥᠪᠵᠢᠭᠦᠯᠦᠨ᠂ ᠦᠵᠦ ᠲᠥᠯᠥᠪᠯᠡᠭᠡ ᠬᠢᠬᠦ ᠳᠡᠭᠡᠷ᠎ᠡ ᠬᠦᠴᠦ ᠲᠠᠯᠪᠢᠵᠤ᠂ ᠴᠢᠭᠯᠡᠯ᠎ᠦᠨ ᠮᠡᠳᠡᠷᠡᠮᠵᠢ᠂ ᠲᠥᠯᠥᠪᠯᠡᠭᠡᠲᠦ ᠴᠢᠨᠠᠷ᠎ᠢ ᠴᠢᠩᠭᠠᠳᠬᠠᠬᠤ ᠬᠡᠷᠡᠭᠲᠡᠢ; ᠪᠠᠰᠠ ᠠᠰᠠᠭᠤᠳᠠᠯ᠎ᠢᠶᠠᠷ ᠬᠦᠴᠦᠯᠡᠬᠦ᠂ ᠳᠤᠲᠠᠭᠤᠳᠠᠯ᠎ᠢ ᠨᠥᠬᠥᠪᠦᠷᠢᠯᠡᠬᠦ᠂ ᠪᠠᠭᠤᠷᠠᠢ ᠲᠠᠯ᠎ᠠ᠎ᠶᠢ ᠬᠦᠴᠦᠷᠬᠡᠭᠵᠢᠭᠦᠯᠬᠦ ᠲᠠᠯ᠎ᠠ᠎ᠪᠠᠷ ᠦᠷᠭᠦᠯᠵᠢᠯᠡᠨ ᠬᠦᠴᠦᠯᠡᠵᠦ᠂ ᠨᠠᠷᠢᠯᠢᠭ᠋ ᠣᠨᠣᠪᠴᠢᠲᠤ ᠴᠢᠨᠠᠷ᠂ ᠪᠣᠳᠠᠲᠤ ᠦᠷ᠎ᠡ ᠪᠦᠲᠦᠮᠵᠢᠲᠦ ᠴᠢᠨᠠᠷ᠎ᠢ ᠴᠢᠩᠭᠠᠳᠬᠠᠬᠤ  ᠬᠡᠷᠡᠭᠳᠡᠢ᠃ ᠡᠨᠡ ᠪᠤᠯ ᠰᠢ ᠵᠢᠨ ᠫᠢᠩ ᠨᠥᠬᠥᠷ᠎ᠢᠶᠡᠷ ᠭᠣᠣᠯ ᠪᠣᠯᠭᠠᠭᠰᠠᠨ ᠨᠠᠮ᠎ᠤᠨ ᠲᠥᠪ ᠬᠣᠷᠢᠶᠠᠨ᠎ᠤ ᠲᠦᠷᠦ᠎ᠶᠢ ᠵᠠᠰᠠᠵᠤ ᠵᠠᠰᠠᠭ᠎ᠢ ᠡᠷᠬᠢᠯᠡᠬᠦ ᠢᠯᠡᠳᠲᠡ ᠣᠨᠴᠠᠯᠢᠭ᠋ ᠮᠦᠨ᠃ ᠲᠥᠯᠦᠪᠵᠢᠭᠦᠯᠭᠡ᠎ᠪᠡᠷ ᠤᠳᠤᠷᠢᠳᠤᠮᠵᠢ ᠪᠣᠯᠭᠠᠵᠤ᠂ 《ᠠᠷᠪᠠᠨ ᠲᠠᠪᠤᠳᠤᠭᠠᠷ ᠲᠠᠪᠤᠨ ᠵᠢᠯ》᠎ᠦ᠋ᠨ ᠲᠥᠯᠦᠪᠵᠢᠭᠦᠯᠭᠡ᠎ᠶᠢᠨ ᠬᠤᠭᠤᠴᠠᠭᠠᠨ᠎ᠳᠤ ᠪᠢᠳᠡ ᠬᠥᠭᠵᠢᠯᠲᠡ᠎ᠶᠢᠨ ᠬᠠᠷᠠᠯᠲᠠ᠎ᠪᠠᠨ ᠲᠣᠭᠲᠠᠭᠠᠵᠤ᠂ ᠤᠷᠤᠭᠰᠢᠯᠠᠯᠲᠠ᠎ᠶᠢᠨ ᠵᠠᠮ᠎ᠢᠶᠠᠨ ᠲᠠᠰᠣᠷᠠᠯᠳᠠ ᠦᠭᠡᠢ ᠨᠡᠭᠡᠭᠡᠬᠦ ᠮᠥᠷᠲᠡᠭᠡᠨ ᠪᠠᠰᠠ ᠬᠥᠭᠵᠢᠯᠲᠡ᠎ᠶᠢᠨ ᠳᠤᠮᠳᠠ ᠠᠰᠠᠭᠤᠳᠠᠯ᠎ᠢ ᠢᠯᠡᠷᠡᠭᠦᠯᠵᠦ᠂ ᠠᠰᠠᠭᠤᠳᠠᠯ᠎ᠢ ᠰᠢᠢᠳᠪᠦᠷᠢᠯᠡᠵᠦ᠂ ᠬᠥᠭᠵᠢᠯᠲᠡ᠎ᠶᠢᠨ ᠪᠣᠭᠣᠮᠢ᠎ᠶᠢ ᠢᠯᠡᠨ ᠳᠠᠪᠠᠬᠤ ᠬᠡᠷᠡᠭᠲᠡᠢ᠃

ᠬᠠᠷᠠᠯᠲᠠ᠎ᠪᠠᠷ ᠬᠥᠲᠥᠯᠥᠮᠵᠢ ᠪᠣᠯᠭᠠᠵᠤ᠂ ᠬᠥᠭᠵᠢᠯᠲᠡ᠎ᠶᠢᠨ ᠵᠢᠷᠤᠭ ᠲᠥᠰᠥᠪ᠎ᠢ ᠵᠢᠷᠤᠭᠯᠠᠬᠤ ᠬᠡᠷᠡᠭᠳᠡᠢ᠃ 《ᠠᠷᠪᠠᠨ ᠲᠠᠪᠤᠳᠤᠭᠠᠷ ᠲᠠᠪᠤᠨ ᠵᠢᠯ》᠎ᠤ᠋ᠨ ᠲᠥᠯᠦᠪᠵᠢᠭᠦᠯᠭᠡ᠎ᠶᠢᠨ ᠬᠤᠭᠤᠴᠠᠭ᠎ᠠ ᠪᠣᠯ ᠎ᠨᠡᠢᠭᠡᠮ ᠵᠢᠷᠤᠮᠲᠦ ᠣᠳᠣᠬᠢᠴᠢᠯᠠᠯᠲᠠ᠎ᠶᠢ ᠦᠨᠳᠦᠰᠦᠨ᠎ᠳᠡᠭᠡᠨ ᠪᠡᠶᠡᠯᠡᠭᠦᠯᠵᠦ ᠰᠠᠭᠤᠷᠢ᠎ᠶᠢ ᠪᠡᠬᠢᠵᠢᠭᠦᠯᠬᠦ᠂ ᠪᠦᠬᠦ ᠲᠠᠯ᠎ᠠ᠎ᠪᠠᠷ ᠬᠦᠴᠦᠯᠡᠬᠦ ᠵᠠᠩᠭᠢᠯᠠᠭ᠎ᠠ᠎ᠶᠢᠨ ᠬᠤᠭᠤᠴᠠᠭ᠎ᠠ ᠪᠣᠯᠣᠨ᠎ᠠ᠃ ᠡᠨᠡ ᠨᠢ ᠪᠢᠳᠡᠨ᠎ᠦ 2035 ᠣᠨ᠎ᠳᠤ ᠎ᠨᠡᠢᠭᠡᠮ ᠵᠢᠷᠤᠮᠲᠦ ᠣᠳᠣᠬᠢᠴᠢᠯᠠᠯᠲᠠ᠎ᠶᠢᠨ ᠬᠥᠭᠵᠢᠯᠲᠡ᠎ᠶᠢᠨ ᠶᠡᠷᠦᠩᠬᠡᠢ ᠬᠠᠷᠠᠯᠲᠠ᠎ᠶᠢ 《ᠠᠷᠪᠠᠨ ᠲᠠᠪᠤᠳᠤᠭᠠᠷ ᠲᠠᠪᠤᠨ ᠵᠢᠯ》᠎ᠦᠨ ᠲᠥᠯᠦᠪᠵᠢᠭᠦᠯᠭᠡ᠎ᠶᠢᠨ ᠬᠤᠭᠤᠴᠠᠭᠠᠨ᠎ᠤ ᠱᠠᠲᠤ ᠦᠶᠡᠴᠢ ᠴᠢᠨᠠᠷᠲᠠᠢ ᠬᠠᠷᠠᠯᠲᠠ ᠡᠭᠦᠷᠭᠡ᠎ᠲᠠᠢ ᠨᠢᠭᠡᠳᠬᠡᠬᠦ᠎ᠶᠢ ᠱᠠᠭᠠᠷᠳᠠᠵᠤ ᠪᠠᠢᠨ᠎ᠠ᠃ ᠨᠢᠭᠡ᠎ᠳᠦ᠂《ᠠᠷᠪᠠᠨ ᠳᠥᠷᠪᠡᠳᠦᠭᠡᠷ ᠲᠠᠪᠤᠨ ᠵᠢᠯ》ᠪᠣᠯᠣᠨ《ᠠᠷᠪᠠᠨ ᠲᠠᠪᠤᠳᠤᠭᠠᠷ ᠲᠠᠪᠤᠨ ᠵᠢᠯ》᠎ᠤ᠋ᠨ ᠵᠠᠯᠭᠠᠮᠵᠢ ᠵᠢᠨ ᠠᠵᠢᠯ᠎ᠢ ᠰᠠᠢᠲᠤᠷ ᠬᠢᠵᠦ᠂《ᠠᠷᠪᠠᠨ ᠳᠥᠷᠪᠡᠳᠦᠭᠡᠷ ᠲᠠᠪᠤᠨ ᠵᠢᠯ》᠎ᠤ᠋ᠨ ᠬᠤᠭᠤᠴᠠᠭᠠᠨ᠎ᠤ ᠠᠵᠤ ᠠᠬᠤᠢ ᠨᠡᠢᠭᠡᠮ᠎ᠦᠨ ᠬᠥᠭᠵᠢᠯᠲᠡ᠎ᠳᠦ ᠣᠯᠣᠭᠰᠠᠨ ᠯᠤᠲᠤ ᠶᠡᠬᠡ ᠠᠮᠵᠢᠯᠲᠠ ᠪᠦᠲᠦᠮᠵᠢ ᠲᠤᠷᠰᠢᠯᠭ᠎ᠠ ᠪᠠ ᠠᠷᠭ᠎ᠠ᠎ᠶᠢ ᠳ᠋ᠦᠩᠨᠡᠵᠦ᠂《ᠠᠷᠪᠠᠨ ᠳᠥᠷᠪᠡᠳᠦᠭᠡᠷ ᠲᠠᠪᠤᠨ ᠵᠢᠯ》᠎ᠤ᠋ᠨ ᠬᠤᠭᠤᠴᠠᠭᠠᠨ᠎ᠤ ᠠᠵᠤ ᠠᠬᠤᠢ ᠨᠡᠢᠭᠡᠮ᠎ᠦᠨ ᠬᠥᠭᠵᠢᠯᠲᠡ᠎ᠳᠦ ᠲᠤᠯᠭᠠᠷᠠᠭᠰᠠᠨ ᠲᠦᠭᠵᠢᠷᠡᠯ ᠡᠪᠡᠷᠰᠢᠶᠡᠯ ᠬᠦᠴᠢᠷ ᠠᠰᠠᠭᠤᠳᠠᠯ᠎ᠢ ᠡᠮᠬᠢᠯᠡᠨ ᠳᠢᠭᠯᠡᠵᠦ᠂《ᠠᠷᠪᠠᠨ ᠳᠥᠷᠪᠡᠳᠦᠭᠡᠷ ᠲᠠᠪᠤᠨ ᠵᠢᠯ》᠎ᠤ᠋ᠨ ᠲᠥᠯᠦᠪᠵᠢᠭᠦᠯᠭᠡ᠎ᠶᠢᠨ ᠬᠤᠭᠤᠴᠠᠭᠠᠨ᠎ᠳᠤ ᠪᠡᠶᠡᠯᠡᠭᠦᠯᠵᠦ ᠳᠡᠢᠯᠦᠭᠡᠳᠦᠢ ᠡᠭᠦᠷᠭᠡ᠎ᠶᠢ ᠦᠷᠭᠦᠯᠵᠢᠯᠡᠨ ᠪᠡᠶᠡᠯᠡᠭᠦᠯᠦᠨ᠎ᠡ; ᠬᠣᠶᠠᠷ᠎ᠲᠤ᠂ ᠤᠯᠤᠰ᠎ᠢᠶᠠᠨ ᠬᠦᠴᠦᠷᠬᠡᠭᠵᠢᠭᠦᠯᠬᠦ ᠪᠦᠲᠦᠭᠡᠨ ᠪᠠᠢᠭᠤᠯᠤᠯᠲᠠ᠂ ᠦᠨᠳᠦᠰᠦᠲᠡᠨ᠎ᠦ ᠰᠡᠷᠭᠦᠨ ᠮᠠᠨᠳᠤᠯᠲᠠ᠎ᠶᠢᠨ ᠠᠤᠭ᠎ᠠ ᠦᠢᠯᠡᠰ᠎ᠢ ᠪᠣᠳᠣᠯᠬᠢᠯᠠᠨ᠂ ᠎ᠨᠡᠢᠭᠡᠮ ᠵᠢᠷᠤᠮᠲᠦ ᠣᠳᠣᠬᠢᠴᠢᠯᠠᠯᠲᠠ᠎ᠶᠢ ᠦᠨᠳᠦᠰᠦᠨ᠎ᠳᠡᠭᠡᠨ ᠪᠡᠶᠡᠯᠡᠭᠦᠯᠬᠦ ᠬᠠᠷᠠᠯᠲᠠ᠎ᠶᠢ ᠲᠣᠭᠲᠠᠭᠠᠵᠤ᠂ ᠡᠯ᠎ᠡ ᠬᠦᠷᠢᠶ᠎ᠡ ᠴᠠᠷᠠᠭ᠎ᠠ᠂ ᠡᠯ᠎ᠡ ᠭᠠᠵᠠᠷ ᠣᠷᠣᠨ᠎ᠤ ᠬᠠᠷᠠᠯᠲᠠ ᠡᠭᠦᠷᠭᠡ ᠪᠣᠯᠣᠨ ᠰᠡᠳᠬᠢᠴᠡ ᠠᠷᠭ᠎ᠠ ᠬᠡᠮᠵᠢᠶ᠎ᠡ᠎ᠶᠢ ᠵᠣᠬᠢᠰᠲᠠᠢ ᠲᠣᠭᠲᠠᠭᠠᠵᠤ᠂《ᠠᠷᠪᠠᠨ ᠳᠥᠷᠪᠡᠳᠦᠭᠡᠷ ᠲᠠᠪᠤᠨ ᠵᠢᠯ》᠎ᠠ᠋ᠴᠠ《ᠠᠷᠪᠠᠨ ᠵᠢᠷᠭᠤᠳᠤᠭᠠᠷ ᠲᠠᠪᠤᠨ ᠵᠢᠯ》 ᠬᠦᠷᠲᠡᠯ᠎ᠡ ᠦᠷᠭᠦᠯᠵᠢᠯᠡᠨ ᠲᠡᠮᠡᠴᠡᠬᠦ᠎ᠪᠡᠷ ᠳᠠᠮᠵᠢᠨ᠂ ᠰᠢᠨ᠎ᠡ ᠴᠠᠭ ᠦᠶ᠎ᠡ᠎ᠶᠢᠨ《ᠬᠣᠶᠠᠷ ᠠᠯᠬᠤᠮ᠎ᠢᠶᠠᠷ ᠶᠠᠪᠤᠬᠤ》ᠪᠠᠢᠯᠳᠤᠬᠤ ᠪᠣᠳᠣᠯᠭ᠎ᠠ᠎ᠶᠢᠨ ᠨᠢᠭᠡᠳᠦᠭᠡᠷ ᠠᠯᠬᠤᠮ᠎ᠤᠨ ᠬᠠᠷᠠᠯᠲᠠ᠎ᠶᠢ ᠢᠯᠠᠯᠲᠠ᠎ᠲᠠᠢ᠎ᠪᠠᠷ ᠪᠡᠶᠡᠯᠡᠭᠦᠯᠬᠦ ᠬᠡᠷᠡᠭᠳᠡᠢ᠃

ᠠᠰᠠᠭᠤᠳᠠᠯ᠎ᠢᠶᠠᠷ ᠭᠠᠷᠳᠠᠴᠠ ᠪᠣᠯᠭᠠᠵᠤ᠂ ᠬᠥᠭᠵᠢᠯᠲᠡ᠎ᠶᠢᠨ ᠬᠦᠴᠢᠷ ᠠᠰᠠᠭᠤᠳᠠᠯ᠎ᠢ ᠰᠢᠢᠳᠪᠦᠷᠢᠯᠡᠨ᠎ᠡ᠃ ᠶᠡᠷᠦᠩᠬᠡᠢ ᠱᠦᠵᠢ ᠰᠢ ᠵᠢᠨ ᠫᠢᠩ᠄《ᠠᠰᠠᠭᠤᠳᠠᠯ᠎ᠢᠶᠠᠷ ᠤᠳᠤᠷᠢᠳᠤᠮᠵᠢ ᠪᠣᠯᠭᠠᠬᠤ᠎ᠶᠢ ᠪᠠᠷᠢᠮᠲᠠᠯᠠᠵᠤ᠂ ᠲᠣᠪᠣᠢᠮ᠎ᠠ ᠠᠰᠠᠭᠤᠳᠠᠯ ᠪᠣᠯᠣᠨ ᠢᠯᠡᠷᠬᠡᠢ ᠳᠤᠲᠠᠭᠤᠳᠠᠯ᠎ᠳᠤ ᠠᠩᠬᠠᠷᠤᠯ᠎ᠢᠶᠠᠨ ᠲᠥᠪᠯᠡᠷᠡᠭᠦᠯᠵᠦ᠂ ᠠᠷᠠᠳ ᠤᠯᠠᠨ᠎ᠤ ᠬᠦᠰᠡᠯ ᠱᠠᠭᠠᠷᠳᠠᠯᠭ᠎ᠠ ᠪᠣᠯᠣᠨ ᠬᠦᠰᠡᠯ ᠡᠷᠡᠮᠡᠯᠵᠡᠯ᠎ᠳᠦ ᠬᠠᠷᠢᠭᠤᠯᠲᠠ ᠥᠭᠴᠦ᠂ ᠠᠯᠢ ᠤᠯᠠᠨ ᠴᠢᠬᠤᠯᠠ ᠶᠡᠬᠡ ᠰᠢᠨ᠎ᠡ  ᠪᠠᠢᠯᠳᠤᠬᠤ ᠪᠣᠳᠣᠯᠭ᠎ᠠ ᠪᠣᠯᠣᠨ ᠴᠢᠬᠤᠯᠠ ᠠᠷᠭ᠎ᠠ ᠬᠡᠮᠵᠢᠶ᠎ᠡ᠎ᠶᠢ ᠳᠤᠷᠠᠳᠬᠤ ᠨᠢ ᠠᠵᠤ ᠠᠬᠤᠢ ᠨᠡᠢᠭᠡᠮ᠎ᠦᠨ ᠦᠷᠭᠦᠯᠵᠢᠯᠡᠨ ᠡᠷᠡᠭᠦᠯ᠎ᠢᠶᠡᠷ ᠬᠥᠭᠵᠢᠬᠦ᠎ᠶᠢ ᠪᠠᠲᠤᠯᠠᠬᠤ᠎ᠳᠤ ᠴᠢᠬᠤᠯᠠ ᠠᠬᠢᠭᠤᠯᠬᠤ ᠦᠢᠯᠡᠳᠦᠯ ᠦᠵᠡᠭᠦᠯᠬᠦ ᠪᠤᠯᠤᠨ᠎ᠡ》 ᠭᠡᠵᠦ ᠴᠢᠬᠤᠯᠠᠴᠢᠯᠠᠪᠠ᠃ ᠠᠰᠠᠭᠤᠳᠠᠯ᠎ᠤᠨ ᠤᠳᠤᠷᠢᠳᠤᠮᠵᠢ ᠨᠢ ᠳᠤᠮᠳᠠᠳᠤ ᠤᠯᠤᠰ᠎ᠤᠨ ᠪᠣᠳᠠᠲᠤ ᠬᠥᠭᠵᠢᠯᠲᠡ᠎ᠳᠦ ᠦᠨᠳᠦᠰᠦᠯᠡᠬᠦ᠎ᠪᠡᠷ ᠦᠨᠳᠦᠰᠦᠯᠡᠯ ᠪᠣᠯᠭᠠᠬᠤ ᠮᠥᠷᠲᠡᠭᠡᠨ ᠪᠠᠰᠠ ᠳᠤᠮᠳᠠᠳᠤ ᠤᠯᠤᠰ᠎ᠤᠨ ᠲᠡᠦᠬᠡ᠎ᠶᠢᠨ ᠦᠷᠭᠦᠯᠵᠢᠯᠡᠯ᠎ᠦᠨ ᠤᠬᠠᠮᠰᠠᠷ᠎ᠢᠶᠠᠷ ᠰᠠᠭᠤᠷᠢ ᠪᠣᠯᠭᠠᠬᠤ ᠬᠡᠷᠡᠭᠲᠡᠢ᠃ ᠡᠨᠡ ᠨᠢ ᠪᠢᠳᠡᠨ᠎ᠢ ᠨᠢᠭᠡ᠎ᠳᠦ᠂  ᠴᠠᠭ ᠦᠶ᠎ᠡ᠎ᠶᠢᠨ ᠬᠥᠭᠵᠢᠯᠲᠡ᠎ᠶᠢᠨ ᠰᠡᠳᠦᠪ ᠡᠭᠦᠷᠭᠡ᠎ᠶᠢ ᠡᠵᠡᠮᠳᠡᠵᠦ᠂ ᠠᠵᠤ ᠠᠬᠤᠢ ᠨᠡᠢᠭᠡᠮ᠎ᠦᠨ ᠬᠥᠭᠵᠢᠯᠲᠡ᠎ᠶᠢᠨ ᠳᠤᠮᠳᠠ ᠢᠯᠡᠷᠡᠭᠰᠡᠨ ᠰᠢᠨ᠎ᠡ ᠠᠰᠠᠭᠤᠳᠠᠯ᠂ ᠰᠢᠨ᠎ᠡ ᠥᠷᠢᠰᠦᠯᠳᠦᠭᠡᠨ᠎ᠢ ᠰᠢᠢᠳᠪᠦᠷᠢᠯᠡᠬᠦ᠎ᠶᠢ ᠱᠠᠭᠠᠷᠳᠠᠵᠤ ᠪᠠᠢᠨ᠎ᠠ᠃ ᠵᠢᠱ᠌ᠢᠶᠡᠯᠡᠪᠡᠯ᠂ ᠬᠡᠳᠦ ᠶᠡᠬᠡ ᠬᠤᠳᠠ ᠵᠢᠨ ᠭᠡᠮ᠂ ᠬᠥᠮᠥᠨ ᠠᠮᠠ᠎ᠶᠢᠨ ᠨᠠᠰᠤᠵᠢᠯᠲᠠ᠎ᠶᠢᠨ ᠠᠰᠠᠭᠤᠳᠠᠯ ᠵᠡᠷᠭᠡ᠎ᠶᠢ ᠰᠢᠢᠳᠪᠦᠷᠢᠯᠡᠵᠦ᠂ ᠬᠥᠭᠵᠢᠯᠲᠡ᠎ᠶᠢ ᠬᠠᠷᠰᠢᠯᠠᠵᠤ ᠪᠠᠢᠭ᠎ᠠ ᠪᠣᠭᠣᠮᠢ᠎ᠶᠢ ᠠᠷᠢᠯᠭᠠᠬᠤ ᠬᠡᠷᠡᠭᠲᠡᠢ; ᠬᠣᠶᠠᠷ᠎ᠲᠤ᠂ ᠤᠷᠳᠤ ᠬᠤᠭᠤᠴᠠᠭ᠎ᠠ᠎ᠪᠠᠷ ᠰᠢᠢᠳᠪᠦᠷᠢᠯᠡᠶ᠎ᠡ ᠭᠡᠵᠦ ᠪᠤᠳᠤᠵᠤ ᠪᠠᠢᠭᠰᠠᠨ ᠪᠣᠯᠪᠠᠴᠤ ᠰᠠᠢᠲᠤᠷ ᠰᠢᠢᠳᠪᠦᠷᠢᠯᠡᠵᠦ ᠴᠢᠳᠠᠭᠠᠳᠤᠢ ᠠᠰᠠᠭᠤᠳᠠᠯ᠎ᠢ ᠰᠢᠢᠳᠪᠦᠷᠢᠯᠡᠵᠦ᠂ ᠵᠣᠷᠢᠭ᠍ᠲᠠᠢ᠎ᠪᠠᠷ ᠬᠦᠴᠢᠷ ᠠᠰᠠᠭᠤᠳᠠᠯ᠎ᠢ ᠰᠢᠢᠳᠪᠦᠷᠢᠯᠡᠵᠦ᠂ ᠵᠣᠷᠢᠭ᠍ᠲᠠᠢ᠎ᠪᠠᠷ ᠬᠠᠲᠠᠭᠤ ᠬᠠᠳᠠᠭᠠᠰᠤ᠎ᠶᠢ ᠮᠥᠷᠭᠥᠬᠦ ᠬᠡᠷᠡᠭᠲᠡᠢ᠃ ᠵᠢᠱ᠌ᠢᠶᠡᠯᠡᠪᠡᠯ᠂ ᠬᠥᠭᠵᠢᠯᠲᠡ ᠲᠡᠩᠴᠡᠭᠦᠷᠢ ᠦᠭᠡᠢ ᠭᠦᠢᠴᠡᠳ ᠦᠭᠡᠢ ᠪᠠᠢᠬᠤ ᠠᠰᠠᠭᠤᠳᠠᠯ ᠂ ᠬᠥᠳᠡᠭᠡ ᠠᠵᠤ ᠠᠬᠤᠢ ᠬᠥᠳᠡᠭᠡ ᠲᠣᠰᠬᠣᠨ᠎ᠤ ᠣᠳᠣᠬᠢᠴᠢᠯᠠᠯᠲᠠ ᠬᠠᠷᠢᠴᠠᠩᠭᠤᠢ ᠬᠣᠴᠣᠷᠤᠩᠭᠤᠢ ᠪᠠᠢᠬᠤ ᠠᠰᠠᠭᠤᠳᠠᠯ᠂ ᠠᠷᠠᠳ᠎ᠤᠨ ᠠᠮᠢᠳᠤᠷᠠᠯ᠎ᠤᠨ ᠪᠠᠲᠤᠯᠠᠭ᠎ᠠ ᠳᠤᠮᠳᠠᠬᠢ ᠳᠤᠲᠠᠭᠤᠳᠠᠯ ᠪᠠᠭᠤᠷᠠᠢ ᠲᠠᠯ᠎ᠠ ᠵᠡᠷᠭᠡ ᠪᠣᠯᠣᠨ᠎ᠠ; ᠭᠤᠷᠪᠠ᠎ᠳᠤ᠂ ᠭᠣᠣᠯᠳᠠᠯᠭ᠎ᠠ᠎ᠲᠠᠢ ᠬᠦᠷᠢᠶ᠎ᠡ ᠴᠠᠷᠠᠭᠠᠨ᠎ᠦ ᠠᠶᠤᠯ ᠲᠦᠭᠰᠢᠭᠦᠷᠢ᠎ᠶᠢᠨ ᠲᠠᠯᠳᠠ ᠭᠡᠮ᠎ᠢ ᠪᠠᠢᠴᠠᠭᠠᠵᠤ ᠠᠷᠢᠯᠭᠠᠨ᠂ 《ᠢᠯᠡᠷᠡᠭᠰᠡᠨ ᠭᠡᠮ᠎ᠢ ᠵᠠᠰᠠᠵᠤ᠂ ᠢᠯᠡᠷᠡᠭᠡᠳᠦᠢ ᠡᠪᠡᠳᠴᠢᠨ᠎ᠢ ᠰᠡᠷᠭᠡᠢᠯᠡᠵᠦ》᠂ ᠮᠠᠨ᠎ᠤ ᠤᠯᠤᠰ᠎ᠤᠨ ᠬᠥᠭᠵᠢᠯᠲᠡ᠎ᠶᠢᠨ ᠶᠡᠬᠡ ᠲᠠᠯ᠎ᠠ᠎ᠶᠢ ᠨᠥᠯᠥᠭᠡᠯᠡᠵᠦ ᠮᠡᠳᠡᠬᠦ ᠠᠶᠤᠯ ᠲᠦᠭᠰᠢᠭᠦᠷᠢ᠎ᠶᠢᠨ ᠲᠠᠯᠳᠠ ᠭᠡᠮ᠎ᠢ ᠴᠤᠬᠤᠶ᠋ᠢᠬᠤ ᠱᠠᠲᠤᠨ ᠳ᠋ᠤᠨᠢ ᠠᠷᠢᠯᠭᠠᠵᠦ᠂ ᠬᠠᠷᠠᠯᠲᠠ᠎ᠶᠢᠨ ᠤᠳᠤᠷᠢᠳᠤᠮᠵᠢ ᠪᠠ ᠠᠰᠠᠭᠤᠳᠠᠯ᠎ᠤᠨ ᠤᠳᠤᠷᠢᠳᠤᠮᠵᠢ᠎ᠶᠢ ᠨᠢᠭᠡᠳᠬᠡᠬᠦ ᠳᠤᠮᠳᠠ ᠰᠢᠪᠲᠤᠯᠤᠯᠲᠠ ᠭᠠᠷᠭᠠᠬᠤ ᠬᠡᠷᠡᠭᠲᠡᠢ᠃ ᠬᠠᠷᠠᠯᠲᠠ᠎ᠶᠢᠨ ᠤᠳᠤᠷᠢᠳᠤᠮᠵᠢ ᠪᠠ ᠠᠰᠠᠭᠤᠳᠠᠯ᠎ᠤᠨ ᠤᠳᠤᠷᠢᠳᠤᠮᠵᠢ ᠨᠢ ᠰᠢᠪᠠᠭᠤᠨ᠎ᠤ ᠬᠤᠤᠰ ᠵᠢᠬᠦᠷ᠂ ᠲᠡᠷᠭᠡᠨ᠎ᠦ ᠬᠣᠶᠠᠷ ᠬᠦᠷᠳᠦ ᠮᠡᠲᠦ ᠬᠠᠷᠢᠯᠴᠠᠨ ᠨᠥᠬᠥᠴᠡᠯᠳᠦᠵᠦ᠂  ᠡᠰᠡᠷᠭᠦᠴᠡᠯᠳᠦᠨ ᠨᠢᠭᠡᠳᠴᠦ ᠪᠠᠢᠳᠠᠭ᠃ ᠬᠠᠷᠠᠯᠲᠠ ᠨᠢ ᠠᠰᠠᠭᠤᠳᠠᠯ᠎ᠢ ᠰᠢᠢᠳᠪᠦᠷᠢᠯᠡᠬᠦ ᠴᠢᠭᠯᠡᠯ ᠪᠣᠯᠣᠨ᠎ᠠ᠂ ᠠᠰᠠᠭᠤᠳᠠᠯ ᠨᠢ ᠬᠠᠷᠠᠯᠲᠠ᠎ᠪᠠᠨ ᠪᠡᠶᠡᠯᠡᠭᠦᠯᠬᠦ᠎ᠳᠦ ᠡᠷᠬᠡᠪᠰᠢ ᠢᠯᠠᠨ ᠳᠠᠪᠠᠬᠤ ᠬᠡᠷᠡᠭᠲᠡᠢ ᠤᠷᠭᠢᠯ ᠪᠣᠯᠣᠨ᠎ᠠ᠃ ᠪᠢᠳᠡ ᠦᠵᠦ ᠲᠥᠯᠥᠪᠯᠡᠭᠡ᠎ᠶᠢ ᠴᠢᠩᠭᠠᠳᠬᠠᠵᠤ᠂ ᠡᠯ᠎ᠡ ᠵᠦᠢᠯ᠎ᠦᠨ ᠡᠭᠦᠷᠭᠡ᠎ᠶᠢ ᠵᠣᠬᠢᠴᠠᠭᠤᠯᠤᠨ ᠢᠵᠢ ᠪᠦᠷᠢᠳᠦᠭᠦᠯᠬᠦ᠎ᠶᠢ ᠦᠨᠡᠨ ᠬᠦ᠌ ᠪᠠᠲᠤᠯᠠᠬᠤ ᠬᠡᠷᠡᠭᠲᠡᠢ; ᠪᠠᠰᠠ ᠦᠨᠳᠦᠰᠦᠨ ᠱᠠᠲᠤᠨ᠎ᠤ ᠰᠦᠪᠡᠭᠴᠢᠯᠡᠯᠲᠡ᠎ᠶᠢ ᠵᠣᠷᠢᠭ᠍ᠵᠢᠭᠤᠯᠵᠤ᠂ ᠠᠯᠳᠠᠭ᠎ᠠ ᠪᠤᠷᠤᠭᠤ ᠪᠡᠷ ᠲᠤᠷᠰᠢᠬᠤ᠎ᠶᠢ ᠵᠥᠪᠰᠢᠶᠡᠷᠡᠵᠦ᠂ ᠢᠯᠠᠭᠳᠠᠯ᠎ᠢ ᠠᠭᠤᠴᠢᠯᠠᠨ ᠪᠠᠭᠲᠠᠭᠠᠵᠤ ᠂ ᠪᠦᠬᠦ ᠨᠡᠢᠭᠡᠮ᠎ᠦᠨ ᠰᠢᠨ᠎ᠡ᠎ᠶᠢ ᠡᠭᠦᠳᠬᠦ ᠪᠠ ᠡᠭᠦᠳᠦᠨ ᠪᠦᠲᠦᠭᠡᠬᠦ ᠠᠮᠢᠵᠢᠷᠠᠯ᠎ᠤᠨ ᠬᠦᠴᠦᠨ᠎ᠢ ᠬᠥᠭᠵᠢᠭᠡᠬᠦ ᠬᠡᠷᠡᠭᠲᠡᠢ᠃ ᠪᠠᠢᠯᠳᠤᠬᠤ ᠪᠣᠳᠣᠯᠭ᠎ᠠ᠎ᠶᠢᠨ ᠲᠥᠯᠦᠪᠵᠢᠭᠦᠯᠭᠡ᠎ᠶᠢᠨ ᠲᠣᠭᠲᠠᠪᠤᠷᠢᠲᠤ ᠴᠢᠨᠠᠷ ᠪᠠ ᠦᠷᠭᠦᠯᠵᠢᠯᠡᠬᠦ ᠴᠢᠨᠠᠷ᠎ᠢ ᠪᠠᠲᠤᠯᠠᠵᠤ᠂ ᠨᠢᠭᠡ ᠵᠢᠷᠤᠭ ᠲᠥᠰᠥᠪ᠎ᠢᠶᠡᠷ ᠡᠴᠦᠰ ᠲᠦ᠍ᠨᠢ ᠲᠤᠯᠲᠠᠯ᠎ᠠ ᠬᠢᠬᠦ ᠬᠡᠷᠡᠭᠲᠡᠢ; ᠪᠠᠰᠠ ᠳᠣᠲᠣᠭᠠᠳᠤ ᠭᠠᠳᠠᠭᠠᠳᠤ ᠣᠷᠴᠢᠨ ᠲᠣᠭᠣᠷᠢᠨ᠎ᠤ ᠬᠤᠪᠢᠷᠠᠯᠲᠠ᠎ᠶᠢ ᠦᠨᠳᠦᠰᠦᠯᠡᠨ᠂ ᠴᠠᠭ ᠲᠤᠨᠢ ᠲᠣᠬᠢᠷᠠᠭᠤᠯᠤᠨ ᠰᠢᠯᠢᠳᠡᠭᠵᠢᠭᠦᠯᠦᠨ ᠲᠣᠬᠢᠷᠠᠭᠤᠯᠵᠤ᠂ ᠲᠥᠯᠦᠪᠵᠢᠭᠦᠯᠭᠡ᠎ᠶᠢᠨ ᠵᠣᠬᠢᠴᠠᠬᠤ ᠴᠢᠨᠠᠷ ᠪᠣᠯᠣᠨ ᠠᠮᠢᠳᠤᠯᠢᠭ᠋ ᠴᠢᠨᠠᠷ᠎ᠢ ᠨᠡᠮᠡᠭᠳᠡᠭᠦᠯᠬᠦ ᠬᠡᠷᠡᠭᠲᠡᠢ᠃

(ᠵᠣᠬᠢᠶᠠᠭ᠍ᠴᠢ ᠵᠢᠨ ᠬᠠᠶᠢᠭ᠄ ᠳᠤᠮᠳᠠᠳᠤ ᠤᠯᠤᠰ᠎ᠤᠨ ᠠᠷᠠᠳ᠎ᠤᠨ ᠶᠡᠬᠡ ᠰᠤᠷᠭᠠᠭᠤᠯᠢ᠎ᠶᠢᠨ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠡᠦᠬᠡ ᠨᠠᠮ᠎ᠤᠨ ᠪᠠᠢᠭᠤᠯᠤᠯᠲᠠ᠎ᠶᠢᠨ ᠳᠡᠭᠡᠳᠦ ᠰᠤᠷᠭᠠᠭᠤᠯᠢ )

    —  《 ᠪᠡᠭᠡᠵᠢᠡᠭ᠎ᠤᠨ ᠡᠳᠦᠷ᠎ᠤᠨ ᠰᠤᠨᠢᠨ》 ᠡᠴᠡ

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号