ᠲᠤᠮᠳᠠᠳᠤ ᠵᠢᠨ ᠤᠯᠠᠮᠵᠢᠯᠠᠯᠳᠤ ᠰᠤᠶᠤᠯ ᠨᠢ ᠲᠤᠮᠳᠠᠳᠤ ᠵᠢᠨ ᠦᠨᠳᠦᠰᠦᠳᠡᠨ᠎ᠤ ᠬᠡᠳᠦᠨ ᠮᠢᠩᠭᠠᠨ ᠵᠢᠯ᠎ᠤᠨ ᠠᠷᠠᠯᠵᠢᠶ᠎ᠠ ᠬᠤᠳᠠᠯᠳᠤᠭ᠎ᠠ ᠡᠷᠬᠢᠯᠡᠭᠰᠡᠨ ᠤᠢ ᠪᠢᠯᠢᠭ ᠤᠶᠤᠨ ᠤᠬᠠᠭᠠᠨ᠎ᠤ ᠲᠤᠨᠳᠠᠰᠦ᠎ᠵᠢ ᠠᠬᠤᠭᠤᠯᠵᠤ᠂ 《ᠰᠠᠢᠳ ᠡᠷᠳᠡᠮᠳᠡᠳ᠎ᠤᠨ ᠡᠳ᠋᠎ᠲᠦ ᠲᠤᠷᠠᠯᠠᠬᠤ ᠠᠨ᠎ᠤ ᠤᠯᠬᠤᠢᠳᠤᠷ ᠶᠤᠰᠤᠳᠠᠢ》ᠪᠠᠢᠬᠤ ᠠᠰᠢᠭ ᠵᠢᠷᠤᠮ᠎ᠤᠨ ᠦᠵᠡᠯ ᠰᠠᠨᠠᠭ᠎ᠠ ᠨᠢ ᠤᠯᠠᠮᠵᠢᠯᠠᠯᠳᠤ ᠠᠷᠠᠯᠵᠢᠶ᠎ᠠ ᠬᠤᠳᠠᠯᠳᠤᠭ᠎ᠠ ᠵᠢᠨ ᠦᠢᠯᠡ ᠠᠵᠢᠯᠯᠠᠭᠠᠨ᠎ᠤ ᠵᠢᠷᠤᠮᠵᠢᠯ ᠪᠤᠯᠤᠬᠰᠠᠭᠠᠷ ᠢᠷᠡᠵᠠᠢ᠃ ᠤᠯᠠᠮᠵᠢᠯᠠᠯᠳᠤ ᠰᠤᠶᠤᠯ᠎ᠢ ᠤᠳᠤ ᠦᠶ᠎ᠡ ᠵᠢᠨ ᠡᠵᠡᠩᠨᠡᠯᠳᠡ ᠪᠤᠷᠤᠯᠠᠭᠤᠯᠤᠯᠳᠠ ᠵᠢᠨ ᠤᠬᠠᠭᠠᠨ᠎ᠤ ᠬᠢᠴᠢᠶᠡᠯ᠎ᠤᠨ ᠲᠠᠩᠬᠢᠮ᠎ᠳᠦ ᠤᠷᠤᠭᠤᠯᠬᠤ ᠨᠢ ᠡᠸᠦ᠋ᠷᠤᠫᠡ ᠮᠠᠶᠢᠭ᠎ᠤᠨ ᠡᠵᠡᠩᠨᠡᠯᠳᠡ ᠪᠤᠷᠤᠯᠠᠭᠤᠯᠭ᠎ᠠ ᠵᠢᠨ ᠤᠨᠤᠯ᠎ᠤᠨ ᠤᠷᠤᠨ ᠨᠤᠳᠤᠬᠴᠢᠯᠠᠬᠰᠠᠨ ᠲᠤᠳᠠᠭᠤᠳᠠᠯ᠎ᠢ ᠨᠦᠬᠦᠪᠦᠷᠢᠯᠡᠵᠦ ᠴᠢᠳᠠᠬᠤ ᠪᠡᠷ ᠪᠠᠷᠠᠬᠤ ᠦᠭᠡᠢ ᠰᠤᠷᠤᠬᠴᠢᠳᠢ ᠵᠢᠯᠤᠭᠤᠳᠤᠨ《ᠪᠤᠷᠤᠯᠠᠭᠤᠯᠤᠯᠳᠠ ᠵᠢᠨ ᠬᠡᠮᠵᠢᠶ᠎ᠡ ᠪᠡᠷ ᠪᠠᠭᠠᠳᠤᠷᠢ ᠦᠨᠡᠯᠡᠬᠦ》 ᠢᠪᠴᠤᠤ ᠬᠦᠷᠢᠶ᠎ᠡ ᠴᠠᠷᠠᠭ᠎ᠠ ᠡᠴᠡ ᠰᠠᠯᠭᠠᠵᠤ ᠴᠢᠳᠠᠬᠤ ᠮᠦᠷᠳᠡᠭᠡᠨ ᠲᠡᠳᠡᠨ᠎ᠢ ᠵᠢᠯᠤᠭᠤᠳᠤᠨ ᠶᠤᠰᠤ ᠵᠢᠷᠤᠮᠳᠦ ᠨᠡᠢᠴᠡᠭᠰᠡᠨ ᠡᠵᠡᠩᠨᠡᠯᠳᠡ ᠪᠤᠷᠤᠯᠠᠭᠤᠯᠤᠯᠳᠠ ᠬᠢᠬᠦ᠂ ᠰᠤᠶᠤᠯ ᠲᠠᠳᠬᠠᠯᠳᠦ ᠨᠡᠢᠴᠡᠭᠰᠡᠨ ᠡᠵᠡᠩᠨᠡᠨ ᠪᠤᠷᠤᠯᠠᠭᠤᠯᠤᠯᠳᠠ ᠬᠢᠬᠦ ᠵᠦᠪ ᠰᠡᠳᠬᠢᠬᠦᠢ ᠲᠠᠢ ᠪᠤᠯᠭᠠᠵᠤ ᠴᠢᠳᠠᠨ᠎ᠠ᠃
ᠳᠤᠮᠳᠠᠳᠤ᠎ᠶᠢᠨ ᠰᠢᠯᠢᠳᠡᠭ ᠤᠯᠠᠮᠵᠢᠯᠠᠯᠲᠤ ᠰᠣᠶᠣᠯ ᠪᠣᠯ ᠳᠤᠮᠳᠠᠳᠤ᠎ᠶᠢᠨ ᠦᠨᠳᠦᠰᠦᠲᠡᠨ᠎ᠦ ᠤᠶᠤᠨ ᠰᠠᠨᠠᠭᠠᠨ᠎ᠤ ᠠᠮᠢᠨ ᠰᠤᠳᠠᠰᠤ ᠪᠠ ᠤᠭᠢ ᠱᠦᠯᠳᠦ ᠪᠠᠢᠵᠦ᠂ ᠰᠢᠨ᠎ᠡ ᠴᠠᠭ ᠦᠶ᠎ᠡ᠎ᠶᠢᠨ ᠶᠡᠬᠡ ᠳᠡᠭᠡᠳᠦ ᠰᠤᠷᠭᠠᠭᠤᠯᠢ᠎ᠶᠢᠨ ᠶᠣᠰᠣ᠌ ᠰᠤᠷᠲᠠᠬᠤᠨ᠎ᠢᠶᠠᠷ ᠬᠥᠮᠥᠨ᠎ᠢ ᠬᠥᠮᠥᠵᠢᠭᠦᠯᠬᠦ ᠦᠨᠳᠦᠰᠦᠨ ᠡᠭᠦᠷᠭᠡ᠎ᠶᠢ ᠨᠠᠢᠳᠠᠪᠤᠷᠢᠵᠢᠭᠤᠯᠬᠤ᠂ ᠬᠢᠴᠢᠶᠡᠯ᠎ᠦᠨ ᠦᠵᠡᠯ ᠰᠠᠨᠠᠭ᠎ᠠ ᠤᠯᠤᠰ ᠲᠦᠷᠦ᠎ᠶᠢᠨ ᠪᠠᠢᠭᠤᠯᠤᠯᠲᠠ᠎ᠶᠢ ᠠᠬᠢᠭᠤᠯᠬᠤ᠂ ᠲᠤᠰᠬᠠᠢ ᠮᠡᠷᠭᠡᠵᠢᠯ᠎ᠦᠨ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠬᠤ ᠡᠷᠬᠢᠮ ᠨᠠᠨᠳᠢᠨ ᠦᠵᠡᠯ ᠰᠠᠨᠠᠭᠠᠨ᠎ᠤ ᠡᠬᠢ ᠪᠠᠶᠠᠯᠢᠭ᠋ ᠪᠤᠯᠤᠨ᠎ᠠ᠃ ᠶᠡᠬᠡ ᠳᠡᠭᠡᠳᠦ ᠰᠤᠷᠭᠠᠭᠤᠯᠢ᠎ᠶᠢᠨ ᠬᠤᠳᠠᠯᠳᠤᠭᠠᠨ᠎ᠤ ᠰᠢᠨᠵᠢᠯᠡᠬᠦ ᠤᠬᠠᠭᠠᠨ᠎ᠤ ᠰᠤᠷᠭᠠᠨ ᠬᠥᠮᠦᠵᠢᠯ ᠨᠢ ᠤᠳᠤ ᠦᠶ᠎ᠡ᠎ᠶᠢᠨ ᠵᠠᠬ᠎ᠠ ᠳᠡᠯᠭᠡᠭᠦᠷ᠎ᠦᠨ ᠠᠵᠤ ᠠᠬᠤᠢ᠎ᠶᠢᠨ ᠪᠠᠢᠭᠤᠯᠤᠯᠲᠠ᠎ᠶᠢᠨ ᠴᠢᠳᠠᠪᠤᠷᠢᠲᠠᠨ᠎ᠢ ᠬᠥᠮᠥᠵᠢᠭᠦᠯᠬᠦ ᠭᠣᠣᠯ ᠵᠢᠭ᠍ᠰᠠᠭᠠᠯ᠎ᠤᠨ ᠭᠠᠵᠠᠷ ᠪᠣᠯᠤᠭᠰᠠᠨ᠎ᠤ ᠬᠤᠪᠢ᠎ᠳᠤ᠂ ᠰᠤᠷᠤᠬ᠍ᠴᠢᠳᠲᠤ᠌ ᠵᠥᠪ ᠠᠰᠢᠭ᠋ ᠵᠢᠷᠤᠮ ᠤᠨ ᠦᠵᠡᠯᠲᠡ᠂ ᠬᠤᠳᠠᠯᠳᠤᠭᠠᠨ᠎ᠤ ᠶᠣᠰᠣ᠌ ᠰᠤᠷᠲᠠᠬᠤᠨ᠎ᠤ ᠦᠵᠡᠯᠲᠡ᠂ ᠨᠡᠢᠭᠡᠮ᠎ᠦᠨ ᠬᠠᠷᠢᠭᠤᠴᠠᠯᠭᠠᠲᠤ ᠰᠡᠳᠬᠢᠯᠭᠡ᠎ᠶᠢ ᠪᠤᠢ ᠪᠤᠯᠭᠠᠬᠤ ᠴᠢᠬᠤᠯᠠ ᠡᠭᠦᠷᠭᠡ᠎ᠶᠢ ᠡᠭᠦᠷᠭᠡᠯᠡᠵᠦ ᠪᠠᠢᠳᠠᠭ᠃ 《ᠵᠠᠬ᠎ᠠ ᠳᠡᠯᠭᠡᠭᠦᠷ᠎ᠦᠨ ᠡᠵᠡᠩᠨᠡᠨ ᠪᠣᠷᠣᠯᠠᠭᠤᠯᠤᠯᠲᠠ ᠶ᠋ᠢᠨ ᠤᠬᠠᠭᠠᠨ》 ᠨᠢ ᠶᠡᠬᠡ ᠳᠡᠭᠡᠳᠦ ᠰᠤᠷᠭᠠᠭᠤᠯᠢ᠎ᠶᠢᠨ ᠦᠢᠯᠡᠳᠪᠦᠷᠢ ᠬᠤᠳᠠᠯᠳᠤᠭᠠᠨ᠎ᠤ ᠬᠠᠮᠢᠶᠠᠷᠤᠯᠲᠠ᠂ ᠡᠯᠸᠺᠲᠷᠤᠨ ᠬᠤᠳᠠᠯᠳᠤᠭ᠎ᠠ᠂ ᠬᠢᠯᠢ ᠠᠯᠤᠰᠯᠠᠭᠰᠠᠨ ᠬᠤᠳᠠᠯᠳᠤᠭ᠎ᠠ ᠵᠡᠷᠭᠡ ᠲᠤᠰᠬᠠᠢ ᠮᠡᠷᠭᠡᠵᠢᠯ᠎ᠦᠨ ᠭᠣᠣᠯᠯᠠᠬᠤ ᠰᠠᠭᠤᠷᠢ ᠬᠢᠴᠢᠶᠡᠯ ᠪᠣᠯᠤᠭᠰᠠᠨ᠎ᠤ ᠬᠤᠪᠢ᠎ᠳᠤ᠂ ᠦᠢᠯᠡᠳᠦᠯᠭᠡᠲᠦ ᠴᠢᠨᠠᠷ ᠪᠠ ᠥᠷᠲᠡᠭ᠎ᠦᠨ ᠬᠥᠲᠥᠯᠥᠨ ᠵᠢᠯᠤᠭᠣᠳᠬᠤ ᠴᠢᠨᠠᠷ᠎ᠢᠶᠠᠷ ᠲᠦᠢᠯ᠎ᠤᠨ ᠴᠢᠩᠭ᠎ᠠ ᠪᠠᠢᠳᠠᠭ᠃
ᠳᠤᠮᠳᠠᠳᠤ᠎ᠶᠢᠨ ᠰᠢᠯᠢᠳᠡᠭ ᠤᠯᠠᠮᠵᠢᠯᠠᠯᠲᠤ ᠰᠣᠶᠣᠯ᠎ᠢ 《ᠵᠠᠬ᠎ᠠ ᠳᠡᠯᠭᠡᠭᠦᠷ᠎ᠦᠨ ᠡᠵᠡᠩᠨᠡᠨ ᠪᠣᠷᠣᠯᠠᠭᠤᠯᠤᠯᠲᠠ᠎ᠶᠢᠨ ᠤᠬᠠᠭᠠᠨ》᠎ᠤ᠋ ᠵᠢᠭᠠᠨ ᠰᠤᠷᠭᠠᠯᠲᠠ᠎ᠶᠢᠨ ᠪᠦᠭᠦ ᠶᠠᠪᠤᠴᠠ᠎ᠳᠤ ᠰᠢᠰᠲᠧᠮ᠎ᠲᠠᠢ ᠠᠭᠤᠰᠤᠯᠴᠠᠭᠤᠯᠬᠤ᠎ᠶᠢ ᠠᠬᠢᠭᠤᠯᠵᠦ᠂ ᠤᠯᠠᠮᠵᠢᠯᠠᠯᠲᠤ ᠬᠤᠳᠠᠯᠳᠤᠭᠠᠨ᠎ᠤ ᠤᠬᠠᠭᠠᠨ᠎ᠤ ᠤᠢ ᠲᠤᠨᠳᠠᠰᠦ᠂ ᠦᠨᠡᠨᠴᠢ ᠢᠲᠡᠭᠡᠮᠵᠢ᠎ᠶᠢᠨ ᠰᠣᠶᠣᠯ᠂ ᠡᠶ᠎ᠡ ᠨᠠᠶ᠋ᠢᠷᠠᠮᠳᠠᠭᠤ ᠪᠠᠢᠬᠤ ᠣᠨᠣᠯᠵᠢᠬᠤᠨ᠎ᠢ ᠭᠦᠨᠵᠡᠭᠡᠢ ᠠᠭᠤᠳᠠᠯᠵᠤ᠂ ᠮᠡᠳᠡᠯᠭᠡ ᠤᠯᠠᠮᠵᠢᠯᠠᠬᠤ᠂ ᠴᠢᠳᠠᠪᠤᠷᠢ ᠬᠥᠮᠥᠵᠢᠭᠦᠯᠬᠦ ᠪᠠ ᠥᠷᠲᠡᠭ ᠦ᠋ᠨ ᠵᠢᠯᠣᠭᠣᠳᠤᠮᠵᠢ᠎ᠶᠢᠨ ᠣᠷᠭᠠᠨᠢᠭ᠋ ᠨᠢᠭᠡᠳᠦᠯ᠎ᠢ ᠪᠡᠶᠡᠯᠡᠭᠦᠯᠬᠦ ᠪᠣᠯ ᠬᠤᠳᠠᠯᠳᠤᠭᠠᠨ᠎ᠤ ᠰᠢᠨᠵᠢᠯᠡᠬᠦ ᠤᠬᠠᠭᠠᠨ᠎ᠤ ᠴᠢᠳᠠᠪᠤᠷᠢᠲᠠᠨ᠎ᠢ ᠬᠥᠮᠥᠵᠢᠭᠦᠯᠬᠦ ᠰᠢᠰᠲᠧᠮ᠎ᠢ ᠰᠢᠯᠢᠳᠡᠭᠵᠢᠭᠦᠯᠬᠦ᠎ᠶᠢᠨ ᠳᠣᠲᠣᠭᠠᠳᠤ ᠱᠠᠭᠠᠷᠳᠠᠯᠭ᠎ᠠ ᠪᠤᠯᠬᠤ᠎ᠪᠠᠷ ᠪᠠᠷᠠᠬᠤ ᠦᠭᠡᠢ᠂ ᠪᠠᠰᠠ ᠴᠤ᠌ ᠲᠤᠰᠬᠠᠢ ᠮᠡᠷᠭᠡᠵᠢᠯ᠎ᠦᠨ ᠵᠢᠭᠠᠨ ᠰᠤᠷᠭᠠᠯᠲᠠ᠎ᠶᠢᠨ ᠶᠠᠰᠤ ᠴᠢᠨᠠᠷ᠎ᠢ ᠳᠡᠭᠡᠭᠰᠢᠯᠡᠭᠦᠯᠵᠦ᠂ ᠥᠨᠳᠥᠷ ᠬᠡᠪ ᠴᠢᠨᠠᠷ ᠪᠦᠬᠦᠢ ᠬᠤᠳᠠᠯᠳᠤᠭᠠᠨ᠎ᠤ ᠰᠢᠨᠵᠢᠯᠡᠬᠦ ᠤᠬᠠᠭᠠᠨ᠎ᠤ ᠴᠢᠳᠠᠪᠤᠷᠢᠲᠠᠨ᠎ᠢ ᠬᠥᠮᠥᠵᠢᠭᠦᠯᠬᠦ᠎ᠶᠢᠨ ᠪᠣᠳᠠᠲᠤ ᠬᠡᠷᠡᠭᠴᠡᠭᠡ ᠪᠣᠯᠣᠨ᠎ᠠ᠃
《ᠵᠠᠬ᠎ᠠ ᠳᠡᠯᠭᠡᠭᠦᠷ᠎ᠦᠨ ᠡᠵᠡᠩᠨᠡᠨ ᠪᠣᠷᠣᠯᠠᠭᠤᠯᠤᠯᠲᠠ ᠶ᠋ᠢᠨ ᠤᠬᠠᠭᠠᠨ》 ᠨᠢ ᠵᠠᠬ᠎ᠠ ᠳᠡᠯᠭᠡᠭᠦᠷ᠎ᠦᠨ ᠥᠷᠢᠰᠦᠯᠳᠦᠭᠡᠨ᠂ ᠬᠡᠷᠡᠭᠯᠡᠭᠡᠨ᠎ᠦ ᠠᠵᠢᠯᠯᠠᠭ᠎ᠠ᠂ ᠠᠵᠤ ᠠᠬᠤᠢ᠍ᠢᠯᠠᠯ᠎ᠤᠨ ᠡᠵᠡᠩᠨᠡᠯᠲᠡ ᠪᠠ ᠨᠡᠢᠭᠡᠮ᠎ᠦᠨ ᠶᠣᠰᠣ᠌ ᠰᠤᠷᠲᠠᠬᠤᠨᠦ ᠬᠥᠮᠦᠵᠢᠯ᠎ᠢᠶᠡᠷ ᠭᠣᠣᠯᠳᠠᠭᠤᠯᠵᠤ᠂ ᠢᠯᠠᠩᠭᠤᠶ᠎ᠠ ᠥᠷᠲᠡᠭ᠎ᠦᠨ ᠵᠢᠯᠣᠭᠣᠳᠤᠮᠵᠢ ᠪᠠ ᠣᠶᠤᠨ ᠰᠠᠨᠠᠭᠠᠨ᠎ᠤ ᠲᠤᠯᠭᠠᠭᠤᠷᠢᠯᠠᠯ᠎ᠢ ᠶᠡᠬᠡ ᠪᠡᠷ ᠱᠠᠭᠠᠷᠳᠠᠵᠦ ᠪᠠᠢᠳᠠᠭ᠃ ᠳᠤᠮᠳᠠᠳᠤ᠎ᠶᠢᠨ ᠰᠢᠯᠢᠳᠡᠭ ᠤᠯᠠᠮᠵᠢᠯᠠᠯᠲᠤ ᠰᠣᠶᠣᠯ᠎ᠳᠤ ᠠᠭᠤᠯᠤᠭᠳᠠᠵᠤ ᠪᠦᠬᠦᠢ ᠦᠨᠡᠨᠴᠢ ᠢᠲᠡᠭᠡᠮᠵᠢ᠎ᠪᠡᠷ ᠦᠨᠳᠦᠰᠦ ᠪᠤᠯᠭᠠᠵᠤ᠂ ᠠᠰᠢᠭ᠋ ᠵᠢᠷᠤᠮ ᠢ ᠨᠢᠭᠡᠳᠬᠡᠬᠦ᠂ ᠥᠷᠥᠰᠢᠶᠡᠯ ᠵᠢᠷᠤᠮ᠎ᠢᠶᠠᠷ ᠪᠤᠰᠤᠳ᠎ᠢ ᠬᠠᠢᠷᠠᠯᠠᠬᠤ᠂ ᠲᠥᠪ ᠶᠣᠰᠣ᠌᠎ᠶᠢ ᠪᠠᠷᠢᠮᠲᠠᠯᠠᠨ ᠰᠢᠨ᠎ᠡ᠎ᠶᠢ ᠡᠭᠦᠳᠬᠦ ᠵᠡᠷᠭᠡ ᠭᠣᠣᠯᠯᠠᠬᠤ ᠣᠢᠯᠠᠭᠠᠭᠳᠠᠬᠤᠨ ᠨᠢ ᠰᠢᠨ᠎ᠡ ᠴᠠᠭ ᠦᠶ᠎ᠡ᠎ᠶᠢᠨ ᠬᠤᠳᠠᠯᠳᠤᠭᠠᠨ᠎ᠤ ᠤᠬᠠᠭᠠᠨ᠎ᠤ ᠴᠢᠳᠠᠪᠤᠷᠢᠲᠠᠨ᠎ᠤ ᠵᠠᠪᠠᠯ ᠪᠦᠷᠢᠯᠳᠦᠭᠦᠯᠬᠦ ᠶᠣᠰᠣᠲᠠᠢ ᠠᠵᠢᠯ ᠮᠡᠷᠭᠡᠵᠢᠯ᠎ᠦᠨ ᠶᠣᠰᠣ᠌ ᠰᠤᠷᠲᠠᠬᠤᠨ ᠪᠠᠢᠵᠦ᠂ ᠨᠡᠢᠭᠡᠮ᠎ᠦᠨ ᠬᠠᠷᠢᠭᠤᠴᠠᠯᠭᠠᠲᠤ ᠰᠡᠳᠬᠢᠯᠭᠡ᠂ ᠤᠯᠤᠰ ᠭᠡᠷ᠎ᠦᠨ ᠬᠠᠢᠷ᠎ᠠ ᠰᠡᠳᠬᠢᠯᠭᠡ᠎ᠲᠠᠢ ᠳᠡᠭᠡᠳᠦ ᠬᠡᠮᠵᠢᠶ᠎ᠡ᠎ᠪᠡᠷ ᠨᠡᠢᠴᠡᠵᠦ ᠪᠤᠢ᠃ ᠡᠢᠮᠤ ᠡᠴᠡ ᠳᠤᠮᠳᠠᠳᠤ᠎ᠶᠢᠨ ᠰᠢᠯᠢᠳᠡᠭ ᠤᠯᠠᠮᠵᠢᠯᠠᠯᠲᠤ ᠰᠣᠶᠣᠯ᠎ᠢ《ᠵᠠᠬ᠎ᠠ ᠳᠡᠯᠭᠡᠭᠦᠷ᠎ᠦᠨ ᠡᠵᠡᠩᠨᠡᠨ ᠪᠣᠷᠣᠯᠠᠭᠤᠯᠤᠯᠲᠠ ᠶ᠋ᠢᠨ ᠤᠬᠠᠭᠠᠨ》᠎ᠤ᠋ ᠵᠢᠭᠠᠨ ᠰᠤᠷᠭᠠᠯᠲᠠ᠎ᠳᠤ ᠠᠭᠤᠰᠤᠯᠴᠠᠭᠤᠯᠬᠤ ᠨᠢ ᠬᠢᠴᠢᠶᠡᠯ᠎ᠦᠨ ᠵᠢᠭᠠᠨ ᠰᠤᠷᠭᠠᠯᠲᠠ᠎ᠶᠢᠨ ᠠᠭᠤᠯᠭ᠎ᠠ᠎ᠶᠢ ᠪᠠᠶᠠᠯᠢᠭ᠍ᠵᠢᠭᠤᠯᠬᠤ ᠪᠡᠷ ᠪᠠᠷᠠᠬᠤ ᠦᠭᠡᠢ ᠬᠢᠴᠢᠶᠡᠯ᠎ᠦᠨ ᠰᠣᠶᠣᠯ᠎ᠦᠨ ᠠᠭᠤᠯᠬᠤᠨ ᠪᠠ ᠡᠷᠳᠡᠮ ᠰᠢᠨᠵᠢᠯᠡᠭᠡᠨ᠎ᠦ ᠭᠦᠨᠴᠡ᠎ᠶᠢ ᠲᠡᠭᠡᠭᠰᠢᠯᠡᠭᠦᠯᠵᠦ᠂ ᠤᠯᠠᠮᠵᠢᠯᠠᠯᠲᠤ ᠰᠣᠶᠣᠯ ᠤ᠋ᠨ ᠭᠦ᠋ᠨ ᠤᠬᠠᠭᠠᠨ᠎ᠤ ᠦᠵᠡᠯ ᠰᠠᠨᠠᠭ᠎ᠠ᠂ ᠠᠷᠠᠳ᠎ᠤᠨ ᠵᠠᠩ ᠦᠢᠯᠡ᠎ᠶᠢᠨ ᠡᠯᠧᠮᠧᠨ᠋ᠲ᠎ᠢ ᠣᠲᠣ᠌ ᠦᠶ᠎ᠡ᠎ᠶᠢᠨ ᠡᠵᠡᠩᠨᠡᠨ ᠪᠣᠷᠣᠯᠠᠭᠤᠯᠬᠤ ᠤᠷ᠎ᠠ ᠮᠡᠷᠭᠡᠵᠢᠯ ᠯᠦ᠍ᠭᠡ ᠤᠶᠠᠯᠳᠤᠭᠤᠯᠬᠤ᠎ᠳᠦ ᠠᠰᠢᠬᠳᠠᠢ ᠪᠠᠢᠵᠤ᠂ ᠰᠣᠶᠣᠯ᠎ᠤᠨ ᠲᠠᠯ᠎ᠠ ᠵᠢᠨ ᠡᠵᠡᠩᠨᠡᠨ ᠪᠣᠷᠣᠯᠠᠭᠤᠯᠤᠯᠲᠠ ᠵᠢᠨ ᠰᠡᠳᠬᠢᠬᠦᠢ ᠵᠢᠨ ᠰᠤᠷᠤᠬᠴᠢᠳ᠎ᠤᠨ ᠨᠠᠷᠠᠲᠤ ᠲᠥᠷᠥᠯ ᠲᠡᠮᠳᠡᠭᠲᠦ᠎ᠶᠢᠨ ᠰᠢᠨ᠎ᠡ ᠶ᠋ᠢ ᠡᠭᠦᠳᠬᠦ᠂ ᠠᠵᠤ ᠠᠬᠤᠢᠯᠠᠯ᠎ᠤᠨ ᠵᠠᠬ᠎ᠠ ᠳᠡᠯᠭᠡᠭᠦᠷ ᠤᠨ ᠡᠵᠡᠩᠨᠡᠨ ᠪᠣᠷᠣᠯᠠᠭᠤᠯᠬᠤ ᠵᠡᠷᠭᠡ ᠭᠣᠣᠯᠯᠠᠬᠤ ᠴᠢᠳᠠᠪᠤᠷᠢ᠎ᠶᠢ ᠲᠡᠭᠡᠭᠰᠢᠯᠡᠭᠦᠯᠭᠦ᠎ᠳᠦ ᠦᠵᠡᠭᠦᠯᠭᠦ ᠦᠢᠯᠡᠳᠦᠯ᠎ᠢ ᠲᠠᠨᠢᠭᠤᠯᠵᠤ᠂ ᠰᠤᠷᠤᠬ᠍ᠴᠢᠳ᠎ᠲᠤ ᠵᠠᠬ᠎ᠠ ᠳᠡᠯᠭᠡᠭᠦᠷ ᠤᠨ ᠡᠵᠡᠩᠨᠡᠨ ᠪᠣᠷᠣᠯᠠᠭᠤᠯᠬᠤ ᠳᠤᠮᠳᠠ ᠰᠢᠯᠢᠳᠡᠭ ᠤᠯᠠᠮᠵᠢᠯᠠᠯᠲᠤ ᠰᠣᠶᠣᠯ᠎ᠤᠨ ᠷᠢᠳᠢ ᠰᠢᠳᠢ ᠪᠠ ᠦᠨ᠎ᠡ ᠥᠷᠲᠡᠭ᠎ᠢ ᠭᠦᠨᠵᠡᠭᠡᠢ ᠮᠡᠳᠡᠷᠡᠭᠦᠯᠵᠦ᠂ ᠰᠣᠶᠣᠯ᠎ᠤᠨ ᠮᠡᠳᠡᠷᠡᠮᠵᠢ ᠪᠠ ᠰᠤᠶᠤᠯ᠎ᠤᠨ ᠢᠳᠡᠭᠡᠯ ᠪᠠᠬᠠᠳᠤᠯ᠎ᠢ ᠨᠢ ᠨᠡᠮᠡᠭᠳᠡᠭᠦᠯᠵᠦ᠂ ᠡᠷᠡᠰ ᠪᠠᠲᠤ ᠰᠣᠶᠣᠯ᠎ᠤᠨ ᠢᠲᠡᠭᠡᠯ᠎ᠢ ᠴᠢᠩᠭᠠᠳᠬᠠᠨ᠂ ᠰᠤᠷᠭᠠᠨ ᠬᠥᠮᠦᠵᠢᠯ᠎ᠦᠨ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠵᠦ ᠴᠢᠳᠠᠨ᠎ᠠ᠃ ᠲᠠᠭᠢᠪᠠᠯ᠂ ᠰᠣᠶᠣᠯ᠎ᠢ ᠤᠯᠠᠮᠵᠢᠯᠠᠵᠤ᠂ ᠬᠤᠳᠠᠯᠳᠤᠭᠠᠨ᠎ᠤ ᠪᠣᠯᠪᠠᠰᠤᠨ᠎ᠤ ᠪᠠᠢᠭᠤᠯᠤᠯᠲᠠ᠎ᠶᠢ ᠠᠬᠢᠭᠤᠯᠵᠤ᠂ ᠰᠣᠶᠣᠯ᠎ᠤᠨ ᠬᠦᠴᠦᠷᠬᠡᠭ ᠤᠯᠤᠰ᠎ᠤᠨ ᠪᠠᠢᠯᠳᠤᠬᠤ ᠪᠣᠳᠣᠯᠭ᠎ᠠ᠎ᠳᠤ ᠦᠢᠯᠡᠴᠢᠯᠡᠵᠦ ᠴᠢᠳᠠᠨ᠎ᠠ᠃
《ᠵᠠᠬ᠎ᠠ ᠳᠡᠯᠭᠡᠭᠦᠷ᠎ᠦᠨ ᠡᠵᠡᠩᠨᠡᠨ ᠪᠣᠷᠣᠯᠠᠭᠤᠯᠤᠯᠲᠠ ᠶ᠋ᠢᠨ ᠤᠬᠠᠭᠠᠨ》 ᠪᠣᠯ ᠠᠵᠤ ᠠᠬᠤᠢ᠍ᠢᠯᠠᠯ ᠬᠢᠭᠡᠳ ᠬᠡᠷᠡᠭᠯᠡᠭᠴᠢᠳ᠂ ᠰᠣᠶᠣᠯ ᠬᠢᠭᠡᠳ ᠵᠠᠬ᠎ᠠ ᠳᠡᠯᠭᠡᠭᠦᠷ᠎ᠢ ᠬᠣᠯᠪᠣᠬᠤ ᠴᠢᠬᠤᠯᠠ ᠠᠴᠢᠶᠠᠯᠠᠪᠤᠷᠢ ᠪᠣᠯᠣᠨ᠎ᠠ᠂ ᠦᠨᠡᠨᠴᠢ ᠢᠲᠡᠭᠡᠮᠵᠢ᠂ ᠶᠣᠰᠣ᠌ ᠵᠢᠷᠤᠮ᠂ ᠬᠠᠷᠢᠭᠤᠴᠠᠯᠭ᠎ᠠ᠂ ᠬᠠᠮᠲᠤ᠎ᠪᠠᠷ ᠠᠰᠢᠭ᠋ ᠭᠦᠷᠳᠡᠭᠦ ᠵᠡᠷᠭᠡ ᠤᠯᠠᠮᠵᠢᠯᠠᠯᠲᠤ ᠰᠣᠶᠣᠯ᠎ᠤᠨ ᠭᠣᠣᠯᠯᠠᠬᠤ ᠥᠷᠲᠡᠭ᠎ᠢ ᠲᠤᠰᠬᠠᠢ ᠮᠡᠷᠭᠡᠵᠢᠯ᠎ᠦᠨ ᠮᠡᠳᠡᠯᠭᠡ ᠤᠯᠠᠮᠵᠢᠯᠠᠬᠤ ᠪᠦᠭᠦ ᠶᠠᠪᠤᠴᠠ᠎ᠳᠤ ᠠᠭᠤᠰᠤᠯᠴᠠᠭᠤᠯᠤᠨ᠂ ᠰᠤᠷᠤᠬ᠍ᠴᠢᠳ᠎ᠢ ᠬᠥᠲᠥᠯᠥᠨ ᠵᠢᠯᠤᠭᠣᠳᠴᠤ᠂ ᠬᠤᠳᠠᠯ ᠬᠠᠭᠤᠷᠮᠠᠭ ᠤᠬᠠᠭᠤᠯᠭ᠎ᠠ᠂ ᠠᠰᠢᠭ᠋ ᠦᠵᠡᠵᠦ ᠵᠢᠷᠤᠮ᠎ᠢ ᠮᠠᠷᠲᠠᠬᠤ ᠵᠡᠷᠭᠡ ᠬᠡᠪ᠎ᠦᠨ ᠪᠤᠰᠤ ᠡᠵᠡᠩᠨᠡᠨ ᠪᠣᠷᠣᠯᠠᠭᠤᠯᠬᠤ ᠦᠢᠯᠡ ᠠᠵᠢᠯᠯᠠᠭ᠎ᠠ᠎ᠶᠢ ᠲᠠᠶᠠᠭᠳᠠᠭᠤᠯᠵᠤ᠂ ᠡᠵᠡᠩᠨᠡᠨ ᠪᠣᠷᠣᠯᠠᠭᠤᠯᠤᠯᠲᠠ᠎ᠶᠢᠨ ᠴᠢᠳᠠᠪᠤᠷᠢᠲᠠᠨ᠎ᠤ ᠲᠤᠬᠠᠢᠯᠠᠭᠰᠠᠨ ᠠᠵᠢᠯ᠎ᠤᠨ ᠶᠣᠰᠣ᠌ ᠰᠤᠷᠲᠠᠬᠤᠨ ᠪᠠ ᠶᠣᠰᠣ᠌ ᠰᠤᠷᠲᠠᠬᠤᠨ᠎ᠤ ᠬᠣᠷᠢᠭ᠎ᠠ ᠱᠤᠭᠤᠮ᠎ᠢ ᠪᠠᠲᠤ ᠴᠣᠭᠴᠠᠯᠠᠵᠤ᠂ ᠬᠠᠷᠢᠭᠤᠴᠠᠯᠭ᠎ᠠ᠎ᠲᠠᠢ᠂ ᠬᠠᠢᠷ᠎ᠠ ᠰᠡᠳᠬᠢᠯᠭᠡ᠎ᠲᠠᠢ᠂ ᠬᠠᠤᠯᠢ ᠳᠦᠷᠢᠮ᠎ᠢ ᠵᠢᠷᠤᠮᠯᠠᠬ᠍ᠰᠠᠨ ᠰᠢᠨ᠎ᠡ ᠴᠠᠭ ᠦᠶ᠎ᠡ᠎ᠶᠢᠨ ᠡᠵᠡᠩᠨᠡᠨ ᠪᠣᠷᠣᠯᠠᠭᠤᠯᠬᠤ ᠴᠢᠳᠠᠪᠤᠷᠢᠲᠠᠨ᠎ᠢ ᠬᠥᠮᠥᠵᠢᠭᠦᠯᠵᠦ ᠴᠢᠳᠠᠬᠤ ᠪᠦᠭᠡᠳ ᠵᠠᠬ᠎ᠠ ᠳᠡᠯᠭᠡᠭᠦᠷ᠎ᠦᠨ ᠡᠵᠡᠩᠨᠡᠨ ᠪᠣᠷᠣᠯᠠᠭᠤᠯᠤᠯᠲᠠ᠎ᠶᠢᠨ ᠦᠢᠯᠡ ᠠᠵᠢᠯᠯᠠᠭ᠎ᠠ᠎ᠶᠢ ᠵᠢᠷᠤᠮᠵᠢᠭᠤᠯᠤᠨ᠂ ᠬᠤᠳᠠᠯᠳᠤᠭᠠᠨ᠎ᠤ ᠠᠮᠢ ᠠᠬᠤᠢ᠎ᠶᠢ ᠴᠡᠪᠡᠷᠰᠢᠭᠦᠯᠵᠦ᠂ ᠬᠤᠳᠠᠯᠳᠤᠭᠠᠨ᠎ᠤ ᠪᠣᠯᠪᠠᠰᠤᠨ᠎ᠤ ᠪᠠᠢᠭᠤᠯᠤᠯᠲᠠ᠎ᠶᠢ ᠠᠬᠢᠭᠤᠯᠵᠤ᠂ ᠲᠣᠭᠲᠠᠭᠠᠯ᠎ᠳᠤ ᠨᠡᠢᠴᠡᠭᠰᠡᠨ ᠢᠲᠡᠭᠡᠮᠵᠢᠲᠡᠢ᠂ ᠲᠥᠪ ᠭᠤᠤᠯᠴᠢ᠎ᠪᠠᠷ ᠬᠠᠮᠲᠤ᠎ᠪᠠᠷ ᠠᠰᠢᠭ᠋ ᠭᠦᠷᠳᠡᠭᠦ ᠵᠠᠬ᠎ᠠ ᠳᠡᠯᠭᠡᠭᠦᠷ᠎ᠦᠨ ᠠᠵᠤ ᠠᠬᠤᠢ᠎ᠶᠢᠨ ᠣᠷᠴᠢᠨ ᠨᠥᠬᠥᠴᠡᠯ᠎ᠢ ᠪᠦᠲᠦᠭᠡᠨ ᠪᠠᠢᠭᠤᠯᠵᠤ᠂ ᠠᠵᠤ ᠠᠬᠤᠢ ᠨᠡᠢᠭᠡᠮ᠎ᠦᠨ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠵᠤ ᠴᠢᠳᠠᠨ᠎ᠠ᠃
ᠡᠢᠮᠦ᠎ᠡᠴᠡ᠂ ᠶᠡᠬᠡ ᠳᠡᠭᠡᠳᠦ ᠰᠤᠷᠭᠠᠭᠤᠯᠢ᠎ᠶᠢᠨ ᠬᠤᠳᠠᠯᠳᠤᠭᠠᠨ᠎ᠤ ᠤᠬᠠᠭᠠᠨ᠎ᠤ ᠵᠢᠭᠠᠨ ᠰᠤᠷᠭᠠᠯᠲᠠ᠎ᠶᠢᠨ ᠵᠢᠮ᠎ᠡ ᠶᠣᠰᠣ᠌ ᠬᠢᠭᠡᠳ ᠴᠢᠳᠠᠪᠤᠷᠢᠲᠠᠨ ᠬᠥᠮᠥᠵᠢᠭᠦᠯᠬᠦ ᠬᠠᠷᠠᠯᠲᠠ᠎ᠲᠠᠢ ᠤᠶᠠᠯᠳᠤᠭᠤᠯᠵᠤ᠂ ᠪᠦᠭᠦ ᠲᠠᠯ᠎ᠠ᠎ᠶᠢᠨ ᠰᠢᠰᠲᠧᠮᠵᠢᠭᠰᠡᠨ ᠠᠷᠭ᠎ᠠ ᠪᠠᠷᠢᠯ᠎ᠢᠶᠠᠷ ᠤᠯᠠᠮᠵᠢᠯᠠᠯᠲᠤ ᠰᠣᠶᠣᠯ᠎ᠢ ᠵᠢᠭᠠᠨ ᠰᠤᠷᠭᠠᠯᠲᠠ᠎ᠶᠢᠨ ᠡᠯ᠎ᠡ ᠭᠣᠭᠴᠣᠭ᠎ᠠ᠎ᠳᠤ ᠣᠷᠭᠠᠨᠢᠭ᠋᠎ᠢᠶᠠᠷ ᠠᠭᠤᠰᠤᠯᠴᠠᠭᠤᠯᠬᠤ ᠵᠢ ᠰᠤᠷᠭᠠᠨ ᠬᠥᠮᠦᠵᠢᠯ᠎ᠦᠨ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠬᠤ᠎ᠳᠦ ᠲᠤᠢᠯ᠎ᠤᠨ ᠴᠢᠬᠤᠯᠠ ᠦᠢᠯᠡᠳᠦᠯ ᠲᠠᠢ ᠶᠤᠮ᠃
ᠨᠢᠭᠡ᠎ᠳᠦ᠂ ᠪᠠᠭ᠍ᠰᠢ᠎ᠶᠢᠨ ᠡᠩᠨᠡᠭᠡᠨ᠎ᠦ ᠪᠠᠲᠤᠯᠠᠭ᠎ᠠ᠎ᠶᠢ ᠴᠢᠬᠤᠯᠠᠴᠢᠯᠠᠬᠤ ᠬᠡᠷᠡᠭᠲᠠᠢ᠃ ᠪᠠᠭ᠍ᠰᠢ ᠨᠠᠷ᠎ᠢ ᠬᠥᠲᠥᠯᠥᠨ ᠵᠢᠯᠤᠭᠣᠳᠬᠤ ᠵᠢ ᠳᠤᠮᠳᠠᠳᠤ᠎ᠶᠢᠨ ᠰᠢᠯᠢᠳᠡᠭ ᠤᠯᠠᠮᠵᠢᠯᠠᠯᠲᠤ ᠰᠣᠶᠣᠯ᠎ᠢ ᠭᠦᠨᠵᠡᠭᠡᠢ ᠰᠤᠷᠤᠯᠴᠠᠭᠤᠯᠵᠤ᠂ ᠰᠣᠶᠣᠯ᠎ᠤᠨ ᠲᠠᠢᠯᠪᠤᠷᠢᠯᠠᠯᠲᠠ᠂ ᠥᠷᠲᠡᠭ᠎ᠦᠨ ᠵᠢᠯᠣᠭᠣᠳᠤᠮᠵᠢ ᠬᠢᠭᠡᠳ ᠲᠤᠰᠬᠠᠢ ᠮᠡᠷᠭᠡᠵᠢᠯ᠎ᠦᠨ ᠬᠢᠴᠢᠶᠡᠯ᠎ᠦᠨ ᠠᠭᠤᠰᠤᠯᠴᠠᠯ᠎ᠤᠨ ᠲᠦᠪᠰᠢᠨ᠎ᠢ ᠳᠡᠭᠡᠭᠰᠢᠯᠡᠭᠦᠯᠵᠦ᠂ ᠲᠤᠰᠬᠠᠢ ᠮᠡᠷᠭᠡᠵᠢᠯ᠎ᠳᠦ ᠴᠠᠭᠠᠷᠠᠭᠰᠠᠨ ᠮᠥᠷᠲᠡᠭᠡᠨ ᠰᠣᠶᠣᠯ᠎ᠳᠤ ᠨᠡᠪᠲᠡᠷᠡᠭᠰᠡᠨ ᠪᠠᠭ᠍ᠰᠢ᠎ᠶᠢᠨ ᠡᠩᠨᠡᠭᠡ᠎ᠶᠢ ᠴᠣᠭᠴᠠᠯᠠᠨ ᠪᠠᠢᠭᠤᠯᠤᠨ᠎ᠠ᠃
ᠬᠣᠶᠠᠷ᠎ᠲᠤ᠂ ᠵᠢᠭᠠᠨ ᠰᠤᠷᠭᠠᠯᠲᠠ᠎ᠶᠢᠨ ᠠᠭᠤᠯᠭ᠎ᠠ᠎ᠶᠢᠨ ᠰᠢᠰᠲᠧᠮ᠎ᠢ ᠲᠡᠭᠦᠯᠳᠡᠷᠵᠢᠭᠦᠯᠬᠦ ᠬᠡᠷᠡᠭᠲᠠᠢ᠃ ᠬᠢᠴᠢᠶᠡᠯ᠎ᠦᠨ ᠡᠭᠢᠯᠡᠯᠲᠡ᠂ ᠪᠦᠯᠦᠭ ᠬᠡᠰᠡᠭ᠎ᠦᠨ ᠠᠭᠤᠯᠭ᠎ᠠ᠂ ᠬᠢᠴᠢᠶᠡᠯ᠎ᠦᠨ ᠲᠠᠩᠬᠢᠮ᠎ᠤᠨ ᠳ᠋ᠦᠩᠨᠡᠯᠲᠡ᠂ ᠬᠢᠴᠢᠶᠡᠯ᠎ᠦᠨ ᠳᠠᠷᠠᠭᠠᠬᠢ ᠥᠷᠭᠡᠳᠬᠡᠯ ᠵᠡᠷᠭᠡ ᠡᠯ᠎ᠡ ᠭᠣᠭᠴᠣᠭ᠎ᠠ᠎ᠳᠤ ᠤᠯᠠᠮᠵᠢᠯᠠᠯᠲᠤ ᠰᠣᠶᠣᠯ᠎ᠤᠨ ᠦᠷᠳᠡᠭ᠎ᠢᠶᠡᠷ ᠬᠥᠲᠥᠯᠥᠨ ᠳᠠᠭᠠᠭᠤᠯᠬᠤ᠎ᠶᠢ ᠴᠢᠬᠤᠯᠠᠴᠢᠯᠠᠵᠤ᠂ ᠵᠠᠬ᠎ᠠ ᠳᠡᠯᠭᠡᠭᠦᠷ᠎ᠦᠨ ᠪᠠᠢᠷᠢ ᠲᠣᠭᠲᠠᠭᠠᠯᠲᠠ ᠪᠣᠯᠣᠨ ᠬᠡᠷᠡᠭᠯᠡᠭᠴᠢᠳ᠎ᠦᠨ ᠦᠢᠯᠡ ᠠᠵᠢᠯᠯᠠᠭ᠎ᠠ᠎ᠶᠢᠨ ᠵᠢᠭᠠᠨ ᠰᠤᠷᠭᠠᠯᠲᠠ ᠳᠤᠮᠳᠠ ᠰᠤᠷᠤᠬ᠍ᠴᠢᠳ᠎ᠢ ᠬᠥᠲᠥᠯᠥᠨ ᠵᠢᠯᠤᠭᠣᠳᠴᠤ ᠬᠡᠷᠡᠭᠯᠡᠭᠴᠢᠳ᠎ᠢᠶᠡᠷ ᠭᠣᠣᠯ ᠪᠤᠯᠭᠠᠬ᠍ᠰᠠᠨ ᠡᠵᠡᠩᠨᠡᠨ ᠪᠣᠷᠣᠯᠠᠭᠤᠯᠬᠤ ᠦᠵᠡᠯᠲᠡ᠎ᠶᠢ ᠪᠤᠢ ᠪᠤᠯᠭᠠᠵᠤ᠂ ᠵᠠᠬ᠎ᠠ ᠳᠡᠯᠭᠡᠭᠦᠷ᠎ᠦᠨ ᠡᠵᠡᠩᠨᠡᠨ ᠪᠣᠷᠣᠯᠠᠭᠤᠯᠬᠤ᠎ᠶᠢᠨ ᠮᠥᠨ ᠴᠢᠨᠠᠷ ᠪᠣᠯ ᠬᠡᠷᠡᠭᠯᠡᠭᠴᠢᠳ᠎ᠦᠨ ᠰᠠᠢᠨ ᠰᠠᠢᠬᠠᠨ ᠠᠮᠢᠳᠤᠷᠠᠯ᠎ᠤᠨ ᠬᠡᠷᠡᠭᠴᠡᠭᠡ᠎ᠶᠢ ᠬᠠᠩᠭᠠᠬᠤ ᠶᠠᠪᠤᠳᠠᠯ ᠪᠣᠯᠣᠨ᠎ᠠ᠂ ᠬᠠᠷᠢᠨ ᠳᠠᠩ ᠴᠤᠯᠭᠤᠢ ᠠᠰᠢᠭ᠋ ᠬᠥᠭᠡᠭᠡᠴᠡᠯᠳᠦᠬᠦ ᠶᠠᠪᠤᠳᠠᠯ ᠪᠢᠰᠢ ᠭᠡᠳᠡᠭ᠎ᠢ ᠲᠠᠨᠢᠭᠤᠯᠤᠨ᠎ᠠ ; ᠨᠡᠷᠡᠲᠦ ᠲᠥᠷᠥᠯ ᠲᠡᠮᠳᠡᠭᠲᠦ᠎ᠶᠢᠨ ᠪᠠᠢᠭᠤᠯᠤᠯᠲᠠ ᠪᠠ ᠬᠡᠷᠡᠭᠯᠡᠭᠴᠢᠳ᠎ᠦᠨ ᠬᠠᠷᠢᠴᠠᠭᠠᠨ᠎ᠤ ᠬᠠᠮᠢᠶᠠᠷᠤᠯᠲᠠ᠎ᠶᠢᠨ ᠠᠭᠤᠯᠭ᠎ᠠ᠎ᠶᠢᠨ ᠵᠢᠭᠠᠨ ᠰᠤᠷᠭᠠᠯᠲᠠ ᠳᠦ 《ᠦᠨᠡᠨᠴᠢ ᠢᠲᠡᠭᠡᠮᠵᠢᠲᠡᠢ》 ᠰᠣᠶᠣᠯ᠎ᠤᠨ ᠣᠭᠢ ᠰᠣᠳᠣ᠌᠎ᠶᠢ ᠳᠣᠪᠤᠶ᠋ᠢᠯᠭᠠᠨᠠ ; ᠡᠵᠡᠩᠨᠡᠨ ᠪᠣᠷᠣᠯᠠᠭᠤᠯᠬᠤ ᠶᠣᠰᠣ᠌ ᠵᠦᠢ ᠬᠢᠭᠡᠳ ᠨᠡᠢᠭᠡᠮ᠎ᠦᠨ ᠬᠠᠷᠢᠭᠤᠴᠠᠯᠭ᠎ᠠ᠎ᠶᠢᠨ ᠠᠭᠤᠯᠭ᠎ᠠ᠎ᠶᠢᠨ ᠵᠢᠭᠠᠨ ᠰᠤᠷᠭᠠᠯᠲᠠ᠎ᠳᠤ 《ᠠᠰᠢᠭ᠋ ᠵᠢᠷᠤᠮ ᠢ ᠨᠢᠭᠡᠳᠬᠡᠬᠦ》 ᠦᠵᠡᠯ ᠰᠠᠨᠠᠭ᠎ᠠ᠎ᠶᠢ ᠴᠢᠬᠤᠯᠠᠴᠢᠯᠠᠨ᠂ ᠰᠤᠷᠤᠬ᠍ᠴᠢᠳ᠎ᠢ ᠬᠥᠲᠥᠯᠥᠨ ᠵᠢᠯᠤᠭᠣᠳᠴᠤ ᠠᠵᠤ ᠠᠬᠤᠢ᠎ᠶᠢᠨ ᠦᠷ᠎ᠡ ᠠᠰᠢᠭ᠋ ᠬᠢᠭᠡᠳ ᠨᠡᠢᠭᠡᠮ᠎ᠦᠨ ᠦᠷ᠎ᠡ ᠠᠰᠢᠭ᠋᠂ ᠬᠤᠳᠠᠯᠳᠤᠭᠠᠨ᠎ᠤ ᠠᠰᠢᠭ᠋ ᠲᠤᠰᠠ ᠬᠢᠭᠡᠳ ᠣᠯᠠᠨ ᠨᠡᠶ᠋ᠢᠲᠡ᠎ᠶᠢᠨ ᠠᠰᠢᠭ᠋ ᠲᠤᠰᠠ᠂ ᠣᠬᠣᠷ ᠬᠤᠭᠤᠴᠠᠭᠠᠨ᠎ᠤ ᠬᠠᠷᠠᠯᠲᠠ ᠬᠢᠭᠡᠳ ᠠᠯᠤᠰ ᠭᠡᠳᠦᠶᠢᠨ ᠬᠥᠭᠵᠢᠯᠲᠡ᠎ᠶᠢᠨ ᠬᠠᠷᠢᠴᠠᠭ᠎ᠠ᠎ᠶᠢ ᠵᠥᠪ᠎ᠢᠶᠡᠷ ᠰᠢᠢᠳᠪᠦᠷᠢᠯᠡᠬᠦ᠂ ᠬᠤᠳᠠᠯ ᠬᠠᠭᠤᠷᠮᠠᠭ ᠤᠬᠠᠭᠤᠯᠭ᠎ᠠ᠂ ᠬᠡᠪ᠎ᠦᠨ ᠪᠤᠰᠤ ᠥᠷᠢᠰᠦᠯᠳᠦᠭᠡᠨ ᠵᠡᠷᠭᠡ ᠮᠠᠭᠤ ᠮᠠᠭᠤᠬᠠᠢ ᠦᠢᠯᠡ ᠠᠵᠢᠯᠯᠠᠭ᠎ᠠ᠎ᠶᠢ ᠤᠬᠠᠮᠰᠠᠷ᠎ᠠᠴᠠ᠎ᠪᠠᠨ ᠬᠣᠷᠢᠭ᠍ᠯᠠᠵᠤ᠂ ᠡᠪ ᠵᠣᠬᠢᠴᠠᠩᠭᠤᠢ ᠵᠦᠢ ᠵᠤᠬᠢᠰᠳᠠᠢ ᠥᠷᠢᠰᠦᠯᠳᠦᠭᠡᠨ᠎ᠦ ᠣᠢᠯᠠᠭᠠᠭᠳᠠᠬᠤᠨ᠎ᠢ ᠪᠤᠢ ᠪᠤᠯᠭᠠᠬᠤ᠎ᠶᠢ ᠴᠢᠬᠤᠯᠠᠴᠢᠯᠠᠵᠤ᠂ ᠵᠢᠭᠠᠨ ᠰᠤᠷᠭᠠᠯᠲᠠ᠎ᠶᠢᠨ ᠠᠭᠤᠯᠭ᠎ᠠ᠎ᠶᠢᠨ ᠰᠢᠰᠲᠧᠮ᠎ᠢ ᠲᠡᠭᠦᠯᠳᠡᠷᠵᠢᠭᠦᠯᠦᠨ᠎ᠡ᠃
ᠭᠤᠷᠪᠠ᠎ᠳᠤ᠂ ᠵᠢᠭᠠᠨ ᠰᠤᠷᠭᠠᠯᠲᠠ᠎ᠶᠢᠨ ᠠᠷᠭ᠎ᠠ ᠶ᠋ᠢᠨ ᠲᠠᠯ᠎ᠠ᠎ᠪᠠᠷ ᠰᠢᠨ᠎ᠡ᠎ᠶᠢ ᠡᠭᠦᠳᠬᠦ᠎ᠶᠢ ᠴᠢᠬᠤᠯᠠᠴᠢᠯᠠᠬᠤ ᠬᠡᠷᠡᠬᠲᠠᠢ᠃ ᠤᠯᠠᠮᠵᠢᠯᠠᠯᠲᠤ ᠰᠣᠶᠣᠯ᠎ᠢ ᠨᠠᠩ ᠠᠮᠢᠳᠤᠯᠢᠭ᠋᠂ ᠣᠢᠯᠠᠭᠠᠮᠵᠢᠲᠠᠢ᠂ ᠪᠦᠲᠦᠮᠵᠢᠲᠡᠶ᠎ᠪᠠᠷ ᠠᠭᠤᠰᠤᠯᠴᠠᠭᠤᠯᠬᠤ ᠵᠢᠭᠠᠨ ᠰᠤᠷᠭᠠᠯᠲᠠ᠎ᠶᠢᠨ ᠠᠷᠭ᠎ᠠ ᠪᠠᠷᠢᠯ᠎ᠢ ᠰᠦᠪᠡᠭᠴᠢᠯᠡᠵᠦ᠂ ᠰᠤᠷᠤᠬ᠍ᠴᠢᠳ᠎ᠤᠨ ᠰᠤᠷᠤᠯᠴᠠᠯᠭ᠎ᠠ᠎ᠳᠤ ᠣᠷᠤᠯᠴᠠᠬᠤ ᠬᠢᠷᠢ ᠲᠦᠪᠰᠢᠨ ᠪᠠ ᠭᠥᠯᠢᠶᠡᠨ ᠠᠪᠬᠤ ᠴᠢᠳᠠᠪᠤᠷᠢ᠎ᠶᠢ ᠳᠡᠭᠡᠭᠰᠢᠯᠡᠭᠦᠯᠦᠨ᠎ᠡ ᠃ ᠬᠢᠴᠢᠶᠡᠯ᠎ᠤᠨ ᠲᠠᠩᠬᠢᠮ ᠤᠨ ᠠᠰᠠᠭᠤᠯᠲᠠ ᠳᠤᠷᠠᠳᠴᠤ ᠬᠥᠲᠥᠯᠥᠨ ᠵᠢᠯᠤᠭᠣᠳᠬᠤ᠂ ᠪᠠᠭ᠎ᠠ ᠳᠤᠭᠤᠢᠯᠠᠩ᠎ᠢᠶᠠᠷ ᠶᠠᠷᠢᠯᠴᠠᠬᠤ᠂ ᠭᠣᠣᠯ ᠰᠡᠳᠦᠪᠲᠦ ᠮᠠᠷᠭᠤᠯᠳᠤᠭᠠᠨ ᠬᠢᠬᠦ ᠵᠡᠷᠭᠡ ᠠᠷᠭ᠎ᠠ ᠪᠠᠷ 《ᠤᠯᠠᠮᠵᠢᠯᠠᠯᠲᠤ ᠰᠣᠶᠣᠯ ᠬᠢᠭᠡᠳ ᠤᠯᠤᠰ᠎ᠤᠨ ᠪᠠᠷᠠᠭᠠᠨ᠎ᠤ ᠨᠠᠷᠠᠲᠤ ᠲᠥᠷᠥᠯ ᠲᠡᠮᠳᠡᠭᠲᠦ᠎ᠶᠢᠨ ᠮᠠᠨᠳᠤᠯ》᠂ 《ᠰᠣᠶᠣᠯ᠎ᠤᠨ ᠢᠲᠡᠭᠡᠯ᠎ᠦᠨ ᠬᠠᠷᠠᠭᠠᠨ ᠳ᠋ᠠᠭᠢ ᠳᠤᠮᠳᠠᠳᠤ ᠤᠯᠤᠰ᠎ᠤᠨ ᠨᠠᠷᠠᠲᠤ ᠲᠥᠷᠥᠯ ᠲᠡᠮᠳᠡᠭᠲᠦ᠎ᠶᠢᠨ ᠮᠠᠨᠳᠤᠯ》 ᠵᠡᠷᠭᠡ ᠭᠣᠣᠯ ᠰᠡᠳᠦᠪ᠎ᠦᠨ ᠲᠣᠭᠣᠷᠢᠨ᠎ᠳᠤ ᠭᠦᠨᠵᠡᠭᠡᠢ ᠰᠤᠳᠤᠯᠤᠨ ᠶᠠᠷᠢᠯᠴᠠᠵᠤ᠂ ᠰᠤᠷᠤᠬ᠍ᠴᠢᠳ᠎ᠤᠨ ᠰᠣᠶᠣᠯ᠎ᠤᠨ ᠲᠠᠨᠢᠯᠲᠠ ᠪᠠ ᠰᠡᠳᠬᠢᠬᠦᠢ ᠶ᠋ᠢᠨ ᠴᠢᠳᠠᠪᠤᠷᠢ᠎ᠶᠢ ᠲᠡᠭᠡᠭᠰᠢᠯᠡᠭᠦᠯᠦᠨ᠎ᠡ᠃ ᠬᠠᠮᠲᠤᠳᠤᠨᠢ᠂ ᠮᠡᠳᠡᠭᠡ ᠵᠠᠩᠭᠢᠵᠢᠯᠲᠠ᠎ᠶᠢᠨ ᠵᠢᠭᠠᠨ ᠰᠤᠷᠭᠠᠯᠲᠠ᠎ᠶᠢ ᠠᠰᠢᠭ᠍ᠯᠠᠵᠤ᠂ ᠰᠦᠯᠵᠢᠶᠡᠨ ᠬᠢᠴᠢᠶᠡᠯ᠂ ᠰᠦᠯᠵᠢᠶᠡᠨ ᠳᠡᠭᠡᠷᠡᠬᠢ ᠵᠢᠭᠠᠨ ᠰᠤᠷᠭᠠᠯᠲᠠ᠎ᠶᠢᠨ ᠲᠠᠪᠴᠠᠩ᠎ᠢ ᠠᠰᠢᠭ᠍ᠯᠠᠨ᠂ ᠤᠯᠠᠮᠵᠢᠯᠠᠯᠲᠤ ᠰᠣᠶᠣᠯ ᠪᠠ ᠡᠵᠡᠩᠨᠡᠯᠲᠡ ᠪᠣᠷᠣᠯᠠᠭᠤᠯᠤᠯᠲᠠ᠎ᠶᠢ ᠠᠭᠤᠰᠤᠯᠴᠠᠭᠤᠯᠤᠭᠰᠠᠨ ᠵᠢᠭᠠᠨ ᠰᠤᠷᠭᠠᠯᠲᠠ᠎ᠶᠢᠨ ᠸᠢᠳᠢᠤ᠋᠂ ᠬᠡᠷᠡᠭ᠎ᠦᠨ ᠵᠢᠱ᠌ᠢᠶ᠎ᠡ᠎ᠶᠢᠨ ᠵᠠᠳᠠᠯᠤᠯᠲᠠ᠎ᠪᠠᠷ ᠰᠤᠷᠤᠬ᠍ᠴᠢᠳ᠎ᠤᠨ ᠰᠤᠷᠤᠯᠴᠠᠬᠤ ᠤᠷᠮ᠎ᠠ᠎ᠶᠢ ᠬᠥᠭᠵᠢᠭᠡᠨ᠎ᠡ᠃ ᠲᠠᠭᠢᠪᠠᠯ᠂ ᠦᠢᠯᠡᠳᠦᠯᠭᠡ᠎ᠶᠢᠨ ᠲᠠᠯ᠎ᠠ᠎ᠪᠠᠷ᠂ ᠰᠤᠷᠭᠠᠭᠤᠯᠢ᠎ᠶᠢᠨ ᠬᠦᠷᠢᠶᠡᠨ᠎ᠳᠤ《ᠤᠯᠠᠮᠵᠢᠯᠠᠯᠲᠤ ᠰᠣᠶᠣᠯ+ᠡᠵᠡᠩᠨᠡᠨ ᠪᠣᠷᠣᠯᠠᠭᠤᠯᠬᠤ ᠲᠥᠰᠥᠯ᠎ᠦᠨ ᠵᠢᠷᠤᠭ ᠲᠥᠯᠥᠪᠯᠡᠭᠡ》᠎ᠶ᠋ᠢᠨ ᠤᠷᠤᠯᠳᠤᠭᠠᠨ᠎ᠢ ᠵᠣᠬᠢᠶᠠᠨ ᠪᠠᠢᠭᠤᠯᠵᠤ᠂ ᠰᠤᠷᠤᠬ᠍ᠴᠢᠳ᠎ᠤᠨ ᠦᠢᠯᠡᠳᠦᠯᠭᠡ᠎ᠶᠢᠨ ᠴᠢᠳᠠᠪᠤᠷᠢ᠎ᠶᠢ ᠳᠠᠪᠲᠠᠨ ᠪᠣᠯᠪᠠᠰᠤᠷᠠᠭᠤᠯᠤᠨ᠎ᠠ᠃ ᠰᠤᠷᠭᠠᠭᠤᠯᠢ᠎ᠶᠢᠨ ᠭᠠᠳᠠᠨ᠎ᠠ᠂ ᠠᠵᠤ ᠠᠬᠤᠢᠯᠠᠯ ᠯᠤᠭ᠎ᠠ᠎ᠶᠢᠨ ᠬᠠᠮᠵᠢᠯᠴᠠᠭ᠎ᠠ᠎ᠶᠢ ᠴᠢᠩᠭᠠᠳᠬᠠᠵᠤ᠂ ᠰᠤᠷᠤᠬ᠍ᠴᠢᠳ᠎ᠢ ᠵᠣᠬᠢᠶᠠᠨ ᠪᠠᠢᠭᠤᠯᠵᠤ ᠪᠣᠳᠠᠰ᠎ᠤᠨ ᠪᠤᠰᠤ ᠰᠣᠶᠣᠯ᠎ᠤᠨ ᠡᠭᠦᠳᠦᠯᠲᠡ᠂ ᠬᠥᠳᠡᠭᠡ ᠲᠣᠰᠬᠣᠨ᠎ᠤ ᠣᠨᠴᠠᠯᠢᠭ᠍ᠲᠤ ᠠᠵᠤ ᠦᠢᠯᠡᠰ᠂ ᠬᠠᠭᠤᠴᠢᠨ ᠨᠡᠷᠡᠳᠤ ᠠᠵᠤ ᠠᠬᠤᠢᠯᠠᠯ ᠵᠡᠷᠭᠡ ᠪᠣᠳᠠᠲᠤ ᠦᠢᠯᠡᠳᠦᠯᠭᠡ᠎ᠶᠢᠨ ᠭᠠᠵᠠᠷ᠎ᠲᠤ ᠬᠦᠷᠴᠦ᠂ ᠰᠣᠶᠣᠯ᠎ᠤᠨ ᠡᠯᠧᠮᠧᠨ᠋ᠲ᠂ ᠤᠯᠠᠮᠵᠢᠯᠠᠯᠲᠤ ᠭᠤᠸ᠎ᠠ ᠵᠦᠢ᠂ ᠦᠨᠳᠦᠰᠦᠲᠡᠨ᠎ᠦ ᠵᠣᠷᠢᠭ᠋ ᠰᠠᠨᠠᠭ᠎ᠠ᠎ᠶᠢ ᠦᠢᠯᠡᠳᠬᠦᠨ᠎ᠦ ᠵᠢᠷᠤᠭ ᠲᠥᠯᠥᠪᠯᠡᠭᠡ᠂ ᠤᠬᠠᠭᠤᠯᠤᠨ ᠳᠠᠮᠵᠢᠭᠤᠯᠬᠤ ᠠᠷᠭ᠎ᠠ ᠪᠠᠷᠢᠯ ᠵᠢᠴᠢ ᠲᠦᠷᠦᠯ ᠲᠡᠮᠳᠡᠭ᠎ᠦᠨ ᠬᠦᠦᠷᠨᠢᠯ᠎ᠳᠤ ᠠᠭᠤᠰᠤᠯᠴᠠᠭᠤᠯᠵᠤ ᠪᠠᠢᠬᠤ ᠪᠣᠳᠠᠲᠤ ᠵᠢᠱ᠌ᠢᠶ᠎ᠡ᠎ᠪᠡᠷ ᠰᠣᠶᠣᠯ ᠨᠢ ᠬᠤᠳᠠᠯᠳᠤᠭ᠎ᠠ᠎ᠳᠤ ᠡᠨ᠋ᠸᠷᠭᠢ ᠣᠯᠭᠣᠵᠤ᠂ ᠬᠤᠳᠠᠯᠳᠤᠭ᠎ᠠ ᠨᠢ ᠰᠣᠶᠣᠯ᠎ᠢ ᠤᠯᠠᠮᠵᠢᠯᠠᠨ ᠵᠠᠯᠭᠠᠮᠵᠢᠯᠠᠬᠤ ᠵᠢ ᠠᠬᠢᠭᠤᠯᠬᠤ ᠬᠤᠤᠰ ᠴᠢᠭᠯᠡᠯ᠎ᠳᠦ ᠦᠢᠯᠡᠳᠦᠯ᠎ᠢ ᠲᠠᠨᠢᠭᠤᠯᠵᠤ᠂ ᠣᠨᠣᠯ᠎ᠤᠨ ᠮᠡᠳᠡᠯᠭᠡ ᠪᠠ ᠰᠣᠶᠣᠯ᠎ᠤᠨ ᠣᠨᠣᠯᠵᠢᠬᠤᠨ᠎ᠢ ᠪᠣᠳᠠᠲᠠᠢ ᠠᠵᠢᠯᠯᠠᠬᠤ ᠴᠢᠳᠠᠪᠤᠷᠢ ᠪᠣᠯᠭᠠᠨ ᠬᠤᠪᠢᠷᠠᠭᠤᠯᠤᠨ᠎ᠠ᠃
ᠳᠤᠮᠳᠠᠳᠤ᠎ᠶᠢᠨ ᠰᠢᠯᠢᠳᠡᠭ ᠤᠯᠠᠮᠵᠢᠯᠠᠯᠲᠤ ᠰᠣᠶᠣᠯ᠎ᠢ 《ᠵᠠᠬ᠎ᠠ ᠳᠡᠯᠭᠡᠭᠦᠷ᠎ᠦᠨ ᠡᠵᠡᠩᠨᠡᠨ ᠪᠣᠷᠣᠯᠠᠭᠤᠯᠤᠯᠲᠠ ᠶ᠋ᠢᠨ ᠤᠬᠠᠭᠠᠨ》 ᠤ᠋ ᠵᠢᠭᠠᠨ ᠰᠤᠷᠭᠠᠯᠲᠠ᠎ᠳᠤ ᠠᠭᠤᠰᠤᠯᠴᠠᠭᠤᠯᠬᠤ ᠪᠣᠯ ᠰᠢᠨ᠎ᠡ ᠴᠠᠭ ᠦᠶ᠎ᠡ᠎ᠶᠢᠨ ᠶᠡᠬᠡ ᠳᠡᠭᠡᠳᠦ ᠰᠤᠷᠭᠠᠭᠤᠯᠢ᠎ᠶᠢᠨ ᠬᠤᠳᠠᠯᠳᠤᠭᠠᠨ᠎ᠤ ᠰᠢᠨᠵᠢᠯᠡᠬᠦ ᠤᠬᠠᠭᠠᠨ᠎ᠤ ᠰᠤᠷᠭᠠᠨ ᠬᠥᠮᠦᠵᠢᠯ᠎ᠦᠨ ᠶᠣᠰᠣ᠌ ᠰᠤᠷᠲᠠᠬᠤᠨ᠎ᠢᠶᠠᠷ ᠬᠥᠮᠥᠨ᠎ᠢ ᠬᠥᠮᠥᠵᠢᠭᠦᠯᠬᠦ ᠦᠨᠳᠦᠰᠦᠨ ᠡᠭᠦᠷᠭᠡ᠎ᠶᠢ ᠨᠠᠢᠳᠠᠪᠤᠷᠢᠵᠢᠭᠤᠯᠬᠤ ᠴᠢᠬᠤᠯᠠ ᠠᠷᠭ᠎ᠠ ᠵᠠᠮ ᠮᠦᠨ᠃ ᠳᠤᠮᠳᠠᠳᠤ᠎ᠶᠢᠨ ᠰᠢᠯᠢᠳᠡᠭ ᠤᠯᠠᠮᠵᠢᠯᠠᠯᠲᠤ ᠰᠣᠶᠣᠯ᠎ᠢᠶᠠᠷ ᠵᠢᠭᠠᠨ ᠰᠤᠷᠭᠠᠯᠲᠠ᠎ᠶᠢᠨ ᠰᠦᠭ ᠰᠦᠨᠡᠰᠦ᠎ᠪᠠᠨ ᠪᠤᠯᠭᠠᠵᠤ᠂ ᠲᠤᠰᠬᠠᠢ ᠮᠡᠷᠭᠡᠵᠢᠯ᠎ᠦᠨ ᠰᠤᠷᠭᠠᠨ ᠬᠥᠮᠦᠵᠢᠯ ᠬᠢᠭᠡᠳ ᠰᠣᠶᠣᠯ᠎ᠵᠢᠡᠷ ᠬᠥᠮᠥᠨ ᠬᠥᠮᠥᠵᠢᠭᠦᠯᠬᠦ᠎ᠶᠢᠨ ᠭᠦᠨᠵᠡᠭᠡᠢ ᠠᠭᠤᠰᠤᠯᠴᠠᠯ ᠵᠢᠴᠢ ᠢᠵᠢᠯ ᠴᠢᠭᠯᠡᠯ᠎ᠢᠶᠡᠷ ᠬᠠᠮᠲᠤ ᠤᠷᠤᠭᠰᠢᠯᠠᠬᠤ᠎ᠶᠢ ᠠᠬᠢᠭᠤᠯᠬᠤ ᠨᠢ ᠨᠡᠩ ᠤᠯᠠᠨ ᠳᠡᠯᠡᠬᠡᠢ᠎ᠶᠢᠨ ᠬᠠᠷᠠᠴᠠ ᠲᠠᠢ᠂ ᠲᠤᠰᠬᠠᠢ ᠮᠡᠷᠭᠡᠵᠢᠯ᠎ᠦᠨ ᠴᠢᠳᠠᠪᠤᠷᠢ᠎ᠲᠠᠢ᠂ ᠦᠨᠳᠦᠰᠦᠲᠡᠨ᠎ᠦ ᠦᠨᠳᠦᠰᠦ ᠰᠤᠷᠪᠤᠯᠵᠢ᠎ᠲᠠᠢ᠂ ᠶᠣᠰᠣ᠌ ᠰᠤᠷᠲᠠᠬᠤᠨ᠎ᠢᠶᠠᠷ ᠥᠨᠳᠥᠷ ᠬᠤᠳᠠᠯᠳᠤᠭᠠᠨ᠎ᠤ ᠰᠠᠯᠠᠭᠠᠨ᠎ᠤ ᠴᠢᠳᠠᠪᠤᠷᠢᠲᠠᠨ ᠢ᠋ ᠬᠥᠮᠥᠵᠢᠭᠦᠯᠵᠦ᠂ ᠰᠤᠷᠭᠠᠨ ᠬᠥᠮᠦᠵᠢᠯ᠎ᠦᠨ ᠬᠦᠴᠦᠷᠬᠡᠭ ᠤᠯᠤᠰ᠂ ᠰᠣᠶᠣᠯ᠎ᠦᠨ ᠬᠦᠴᠦᠷᠬᠡᠭ ᠤᠯᠤᠰ᠂ ᠴᠢᠳᠠᠪᠤᠷᠢᠲᠠᠨ᠎ᠤ ᠬᠦᠴᠦᠷᠬᠡᠭ ᠤᠯᠤᠰ ᠢ᠋ ᠪᠦᠲᠦᠭᠡᠨ ᠪᠠᠢᠭᠤᠯᠵᠤ᠂ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ᠎ᠪᠠᠷ ᠳᠤᠮᠳᠠᠳᠤ᠎ᠶᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶᠢ ᠪᠦᠭᠦ ᠲᠠᠯ᠎ᠠ᠎ᠪᠠᠷ ᠠᠬᠢᠭᠤᠯᠬᠤ᠎ᠳᠤ ᠪᠠᠲᠤ ᠪᠡᠬᠢ ᠰᠤᠷᠭᠠᠨ ᠬᠥᠮᠦᠵᠢᠯ᠎ᠦᠨ ᠬᠦᠴᠦᠨ ᠴᠢᠳᠠᠯ᠎ᠢ ᠨᠡᠮᠡᠷᠢᠯᠡᠬᠦ ᠲᠤᠢᠯ᠎ᠤᠨ ᠴᠢᠬᠤᠯᠠ ᠴᠠᠭ ᠦᠶ᠎ᠡ᠎ᠶᠢᠨ ᠦᠨ᠎ᠡ ᠦᠷᠳᠡᠭ ᠲᠠᠢ ᠶᠤᠮ᠃
(ᠵᠣᠬᠢᠶᠠᠭ᠍ᠴᠢ᠎ᠶᠢᠨ ᠬᠠᠶᠢᠭ᠋᠄ ᠥᠪᠥᠷ ᠮᠣᠩᠭᠣᠯ᠎ᠤᠨ ᠡᠳ᠋᠎ᠤᠨ ᠵᠠᠰᠠᠭ ᠠᠵᠤ ᠠᠬᠤᠢ᠎ᠶᠢᠨ ᠶᠡᠬᠡ ᠰᠤᠷᠭᠠᠭᠤᠯᠢ)