ᠵᠠᠩ ᡁᠢ᠂ ᠯᠢ ᠰᠢᠨ ᠮᠢᠩ 《ᠳᠤᠮᠳᠠᠳᠤ ᠤᠯᠤᠰ᠎ᠤᠨ ᠶᠡᠬᠡ ᠳᠡᠭᠡᠳᠦ ᠰᠤᠷᠭᠠᠭᠤᠯᠢ᠎ᠶᠢᠨ ᠨᠡᠢᠭᠡᠮ᠎ᠦᠨ ᠰᠢᠨᠵᠢᠯᠡᠬᠦ ᠤᠬᠠᠭᠠᠨ》 ᠰᠡᠳᠭᠦᠯ᠎ᠤᠨ 2025 ᠣᠨ᠎ᠤ 5 ᠳ᠋ᠤᠭᠠᠷ ᠬᠤᠭᠤᠴᠠᠭ᠎ᠠ᠎ᠳᠤ ᠦᠭᠦᠯᠡᠯ ᠨᠡᠢᠳᠡᠯᠡᠵᠦ᠂ ᠬᠥᠮᠥᠨ᠎ᠦ ᠣᠳᠣᠬᠢᠴᠢᠯᠠᠯᠲᠠ᠎ᠶᠢ ᠠᠬᠢᠭᠤᠯᠬᠤ ᠪᠠ ᠪᠡᠶᠡᠯᠡᠭᠦᠯᠬᠦ ᠪᠣᠯ ᠳᠡᠯᠡᠬᠡᠢ᠎ᠶᠢᠨ ᠣᠳᠣᠬᠢᠴᠢᠯᠠᠯᠲᠠ᠎ᠶᠢᠨ ᠰᠡᠳᠦᠪᠲᠡᠬᠢ ᠠᠭᠤᠯᠭ᠎ᠠ ᠪᠣᠯᠬᠤ ᠪᠥᠭᠡᠳ ᠪᠠᠰᠠ ᠴᠤ᠌ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ᠎ᠶᠢᠨ ᠲᠤᠯᠭᠠᠮᠡᠭᠦᠷᠭᠡ ᠮᠦᠨ᠃ ᠬᠥᠮᠥᠨ᠎ᠦ ᠮᠥᠨ ᠴᠢᠨᠠᠷ ᠢ ᠱᠢᠨᠵᠢᠯᠡᠪᠡᠯ ᠬᠦᠮᠦᠨ ᠪᠤᠯ ᠰᠣᠶᠣᠯ᠎ᠲᠠᠢ ᠶᠤᠮ᠂ ᠬᠥᠮᠥᠨ᠎ᠦ ᠣᠳᠣᠬᠢᠴᠢᠯᠠᠯᠲᠠ᠎ᠶᠢᠨ ᠭᠣᠣᠯ ᠴᠥᠮ᠎ᠡ ᠪᠣᠯ ᠬᠥᠮᠥᠨ᠎ᠦ ᠣᠶᠤᠨ ᠰᠠᠨᠠᠭᠠᠨ᠎ᠤ ᠶᠢᠷᠲᠢᠨᠴᠦ ᠵᠢᠨ ᠣᠳᠣᠬᠢᠴᠢᠯᠠᠯᠲᠠ ᠶᠤᠮ᠃ ᠬᠥᠮᠥᠨ᠎ᠦ ᠣᠳᠣᠬᠢᠴᠢᠯᠠᠯᠲᠠ ᠪᠣᠯ ᠤᠯᠠᠮᠵᠢᠯᠠᠯᠲᠤ ᠰᠣᠶᠣᠯ᠎ᠤᠨ ᠰᠠᠭᠤᠷᠢᠨ ᠳᠡᠭᠡᠷᠡᠬᠢ ᠦᠷᠭᠦᠯᠵᠢᠯᠡᠯ ᠪᠠ ᠰᠢᠨᠡᠴᠢᠯᠡᠯᠲᠡ ᠮᠥᠨ ᠭᠡᠵᠦ ᠵᠢᠭᠠᠵᠦ ᠭᠠᠷᠭᠠᠪᠠ᠃ ᠤᠯᠠᠮᠵᠢᠯᠠᠯᠲᠤ ᠰᠣᠶᠣᠯ ᠨᠢ ᠬᠥᠮᠥᠨ᠎ᠦ ᠣᠳᠣᠬᠢᠴᠢᠯᠠᠯᠲᠠ᠎ᠶᠢᠨ ᠵᠣᠷᠢᠭ᠋ ᠰᠠᠨᠠᠭᠠᠨ᠎ᠤ ᠲᠠᠯ᠎ᠠ᠎ᠪᠠᠷ ᠬᠢ ᠪᠡᠶ᠎ᠡ᠎ᠪᠡᠨ ᠳᠠᠭᠠᠭᠠᠬᠤ ᠴᠢᠨᠠᠷ ᠪᠠ ᠭᠣᠣᠯ ᠴᠣᠭᠴᠠᠲᠤ ᠴᠢᠨᠠᠷ᠎ᠢ ᠲᠤᠯᠭᠠᠭᠤᠷᠢᠯᠠᠵᠤ᠂ ᠬᠥᠮᠥᠨ᠎ᠦ ᠣᠳᠣᠬᠢᠴᠢᠯᠠᠯᠲᠠ᠎ᠶᠢᠨ ᠳᠣᠲᠣᠭᠠᠳᠤ ᠡᠮᠬᠢ ᠳᠢᠭ᠌ᠯᠢᠮ᠎ᠢ ᠬᠠᠮᠠᠭᠠᠯᠠᠵᠤ᠂ ᠬᠥᠮᠥᠨ᠎ᠦ ᠣᠳᠣᠬᠢᠴᠢᠯᠠᠯᠲᠠ ᠵᠢᠨ ᠰᠣᠶᠣᠯ᠎ᠤᠨ ᠬᠡᠯᠪᠡᠷᠢ᠎ᠶᠢ ᠪᠦᠲᠦᠭᠡᠵᠦ ᠪᠠᠢᠳᠠᠭ᠃
ᠳᠤᠮᠳᠠᠳᠤ᠎ᠶᠢᠨ ᠰᠢᠯᠢᠳᠡᠭ ᠤᠯᠠᠮᠵᠢᠯᠠᠯᠲᠤ ᠰᠣᠶᠣᠯ ᠪᠣᠯ ᠳᠡᠯᠡᠬᠡᠢ᠎ᠶᠢᠨ ᠰᠢᠯᠢᠳᠡᠭ ᠤᠯᠠᠮᠵᠢᠯᠠᠯᠲᠤ ᠰᠣᠶᠣᠯ᠎ᠤᠨ ᠲᠣᠪᠣᠢᠮ᠎ᠠ ᠲᠥᠯᠥᠭᠡᠯᠡᠭᠴᠢ ᠮᠥᠨ᠂ ᠪᠠᠰᠠ ᠴᠤ᠌ ᠳᠤᠮᠳᠠᠳᠤ᠎ᠶᠢᠨ ᠪᠣᠯᠪᠠᠰᠤᠨ᠎ᠤ ᠤᠶᠤᠨ ᠤᠬᠠᠭᠠᠨ᠎ᠤ ᠱᠦᠯᠳᠦ ᠪᠠ ᠤᠬᠢ ᠰᠣᠳᠣ᠌ ᠮᠥᠨ᠂ ᠡᠭᠦᠨ᠎ᠳᠦ ᠰᠣᠳᠣ᠌ ᠮᠡᠷᠭᠡᠨ ᠭᠦᠨ ᠤᠬᠠᠭᠠᠨ᠎ᠤ ᠦᠵᠡᠯ ᠰᠠᠨᠠᠭ᠎ᠠ ᠨᠢ ᠬᠥᠮᠥᠨ᠎ᠦ ᠣᠳᠣᠬᠢᠴᠢᠯᠠᠯᠲᠠ᠎ᠶᠢᠨ ᠦᠷᠲᠡᠭ᠎ᠤᠨ ᠠᠭᠤᠯᠤᠭᠳᠠᠬᠤᠨ᠎ᠢ ᠲᠡᠭᠦᠯᠳᠡᠷᠵᠢᠭᠦᠯᠵᠦ᠂ ᠴᠤᠭ ᠪᠠᠳᠠᠷᠠᠩᠭᠤᠢ ᠬᠦᠮᠦᠨ ᠰᠣᠶᠣᠯ ᠦᠨ ᠵᠣᠷᠢᠭ᠋ ᠰᠠᠨᠠᠭ᠎ᠠ ᠨᠢ ᠬᠥᠮᠥᠨ᠎ᠦ ᠣᠳᠣᠬᠢᠴᠢᠯᠠᠯᠲᠠ᠎ᠶᠢᠨ ᠦᠷᠳᠡᠭ᠎ᠦᠨ ᠠᠴᠢ ᠬᠣᠯᠪᠣᠭᠳᠠᠯ᠎ᠢ ᠳᠡᠭᠡᠭᠰᠢᠯᠡᠭᠦᠯᠵᠦ᠂ ᠤᠶᠤᠨ ᠤᠬᠠᠭᠠᠨ᠎ᠢ ᠰᠡᠬᠡᠭᠡᠷᠡᠭᠦᠯᠬᠦ ᠦᠵᠡᠯ ᠰᠠᠨᠠᠭ᠎ᠠ ᠨᠢ ᠬᠥᠮᠥᠨ᠎ᠦ ᠣᠳᠣᠬᠢᠴᠢᠯᠠᠯᠲᠠ᠎ᠶᠢᠨ ᠲᠦᠷᠢ ᠬᠡᠯᠪᠡᠷᠢ ᠵᠢ ᠪᠠᠶᠠᠯᠢᠭ᠍ᠵᠢᠭᠤᠯᠵᠤ᠂ ᠡᠷᠬᠢᠮ ᠳᠡᠭᠡᠳᠦ ᠶᠣᠰᠣ᠌ ᠰᠤᠷᠲᠠᠬᠤᠨ᠎ᠤ ᠣᠢᠯᠠᠭᠠᠭᠳᠠᠬᠤᠨ ᠨᠢ ᠬᠥᠮᠥᠨ᠎ᠦ ᠣᠳᠣᠬᠢᠴᠢᠯᠠᠯᠲᠠ᠎ᠶᠢᠨ ᠣᠶᠤᠨ ᠰᠠᠨᠠᠭᠠᠨ᠎ᠤ ᠠᠬᠤᠢ ᠪᠠᠢᠳᠠᠯ᠎ᠢ ᠳᠡᠭᠡᠭᠰᠢᠯᠡᠭᠦᠯᠳᠡᠭ ᠶᠤᠮ᠃ ᠰᠢᠨ᠎ᠡ ᠴᠠᠭ ᠦᠶ᠎ᠡ ᠰᠢᠨ᠎ᠡ ᠠᠶᠠᠨ᠎ᠳᠤ ᠳᠤᠮᠳᠠᠳᠤ᠎ᠶᠢᠨ ᠰᠢᠯᠢᠳᠡᠭ ᠤᠯᠠᠮᠵᠢᠯᠠᠯᠲᠤ ᠰᠣᠶᠣᠯ᠎ᠨᠢ ᠤᠯᠠᠮᠵᠢᠯᠠᠯ ᠬᠥᠭᠵᠢᠯᠳᠡ ᠳᠤᠮᠳᠠ ᠪᠠᠨ ᠳᠤᠮᠳᠠᠳᠤ᠎ᠵᠢᠨ ᠬᠦᠮᠦᠨ᠎ᠤ ᠣᠳᠣᠬᠢᠴᠢᠯᠠᠯᠲᠠ᠎ᠳᠤ ᠦᠷᠲᠡᠭ ᠣᠯᠭᠣᠵᠤ᠂ ᠳᠦᠷᠢᠮ ᠲᠣᠭᠲᠠᠭᠠᠵᠤ᠂ ᠲᠦᠷᠢ ᠪᠦᠲᠦᠭᠡᠵᠦ ᠪᠠᠢᠨ᠎ᠠ᠂ ᠡᠭᠦᠨ᠎ᠤ ᠵᠠᠩᠭᠢᠯᠠᠭ᠎ᠠ ᠨᠢ ᠳᠤᠮᠳᠠᠳᠤ᠎ᠶᠢᠨ ᠰᠢᠯᠢᠳᠡᠭ ᠤᠯᠠᠮᠵᠢᠯᠠᠯᠲᠤ ᠰᠣᠶᠣᠯ᠎ᠤᠨ ᠲᠡᠦᠬᠡᠲᠦ ᠴᠢᠨᠠᠷᠲᠠᠢ ᠦᠷᠭᠦᠯᠵᠢᠯᠡᠯ᠂ ᠪᠦᠲᠦᠭᠡᠯᠴᠢ ᠴᠢᠨᠠᠷᠲᠠᠢ ᠬᠤᠪᠢᠷᠠᠭᠤᠯᠤᠯᠲᠠ᠂ ᠰᠢᠨ᠎ᠡ᠎ᠶᠢ ᠡᠭᠦᠳᠬᠦ ᠴᠢᠨᠠᠷᠲᠠᠢ ᠬᠥᠭᠵᠢᠯᠲᠡ ᠪᠣᠯᠣᠨ ᠳᠡᠯᠡᠬᠡᠢᠴᠢ ᠴᠢᠨᠠᠷᠲᠠᠢ ᠬᠣᠷᠰᠢᠯᠴᠠᠭ᠎ᠠ᠎ᠶᠢ ᠠᠬᠢᠭᠤᠯᠵᠤ᠂ ᠲᠡᠭᠦᠨ᠎ᠢ ᠤᠳᠤ ᠦᠶ᠎ᠡ᠎ᠶᠢᠨ ᠳᠡᠯᠡᠬᠡᠢ ᠶᠢᠷᠲᠢᠨᠴᠦ᠎ᠳᠦ ᠰᠢᠨ᠎ᠡ ᠠᠮᠢᠯᠠᠯ ᠪᠠ ᠰᠡᠷᠭᠦᠨ ᠮᠠᠨᠳᠤᠯᠲᠠ᠎ᠲᠠᠢ ᠪᠣᠯᠭᠠᠵᠤ᠂ ᠬᠥᠮᠥᠨ᠎ᠦ ᠣᠳᠣᠬᠢᠴᠢᠯᠠᠯᠲᠠ᠎ᠶᠢᠨ ᠲᠡᠦᠬᠡ᠎ᠶᠢᠨ ᠭᠦᠨᠴᠡ᠂ ᠠᠭᠤᠯᠤᠭᠳᠠᠬᠤᠨ᠎ᠤ ᠬᠡᠯᠪᠡᠷᠢ ᠪᠣᠯᠣᠨ ᠵᠠᠩ ᠴᠢᠨᠠᠷ᠎ᠢ ᠲᠠᠰᠤᠷᠠᠯᠳᠠ ᠦᠭᠡᠢ ᠥᠷᠭᠡᠳᠬᠡᠨ ᠳᠡᠭᠡᠭᠰᠢᠯᠡᠭᠦᠯᠦᠭᠰᠡᠨ᠎ᠳᠦ ᠪᠤᠢ᠃
(ᠰᠢᠨᠬᠤᠸᠠ ᠵᠤᠬᠢᠶᠠᠯ᠎ᠤᠨ ᠱᠦᠭᠦᠮᠡᠭ ᠡᠴᠡ )
2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ
ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ
ᠬᠠᠷᠢᠯᠴᠠᠬᠤ ᠤᠲᠠᠰᠤ᠄0471-6635435
ᠢᠮᠧᠯ᠄mgyxww@163.com 蒙ICP备10000005号