ᠪᠤᠭᠤᠳᠤ ᠬᠤᠳᠠ ᠶ᠋ᠢᠨ ᠲᠠᠷᠢᠶᠠᠯᠠᠩ ᠮᠠᠯ ᠠᠵᠤ ᠠᠬᠤᠢ ᠶ᠋ᠢᠨ ᠰᠢᠨᠵᠢᠯᠡᠬᠦ ᠤᠬᠠᠭᠠᠨ ᠤ᠋ ᠰᠤᠳᠤᠯᠭᠠᠨ ᠤ᠋ ᠬᠦᠷᠢᠶᠡᠯᠡᠩ ᠡᠨᠡ ᠵᠢᠯ ᠲᠠᠷᠢᠮᠠᠯ ᠢ᠋ ᠬᠠᠮᠠᠭᠠᠯᠠᠬᠤ ᠦᠷ᠎ᠠ ᠨᠦᠯᠦᠭᠡ ᠵᠢᠨ ᠲᠤᠭᠤᠷᠢᠨ ᠳ᠋ᠤ ᠰᠢᠰᠲᠧᠮᠳᠤ ᠲᠤᠷᠰᠢᠯᠳᠠ ᠬᠢᠵᠦ᠂ ᠠᠮᠤ ᠪᠤᠳᠠᠭᠠᠨ ᠤ᠋ ᠡᠯᠪᠡᠭ ᠬᠤᠷᠢᠶᠠᠯᠳᠠ ᠳ᠋ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤ᠋ᠨ ᠲᠤᠯᠭᠠᠭᠤᠷᠢᠯᠠᠯ ᠬᠠᠩᠭᠠᠬᠤ ᠶ᠋ᠢ ᠵᠤᠷᠢᠪᠠ᠃
ᠡᠨᠡ ᠵᠢᠯ ᠲᠤᠰ ᠬᠦᠷᠢᠶᠡᠯᠡᠩ ᠭᠦᠶᠠᠩ ᠰᠢᠶᠠᠨ ᠤ᠋ ᠵᠢᠨ ᠱᠠᠨ ᠪᠠᠯᠭᠠᠰᠤ ᠶ᠋ᠢᠨ ᠳ᠋ᠦᠩ ᠭᠤᠸᠠᠨ ᠵᠢᠩ ᠲᠤᠰᠬᠤᠨ ᠤ᠋ 320 ᠮᠤ᠌ ᠡᠷᠳᠡᠨᠢ ᠰᠢᠰᠢ ᠶ᠋ᠢᠨ ᠲᠠᠷᠢᠶ᠎ᠠ ᠶ᠋ᠢ ᠲᠠᠷᠢᠮᠠᠯ ᠢ᠋ ᠬᠠᠮᠠᠭᠠᠯᠠᠬᠤ ᠦᠷ᠎ᠠ ᠨᠦᠯᠦᠭᠡ ᠶ᠋ᠢᠨ ᠵᠢᠱ᠌ᠢᠶᠠ ᠦᠵᠡᠭᠦᠯᠬᠦ ᠲᠤᠷᠰᠢᠯᠳᠠ ᠶ᠋ᠢᠨ ᠤᠷᠤᠨ ᠪᠤᠯᠭᠠᠵᠤ᠂ 4 ᠰᠠᠷ᠎ᠠ ᠡᠴᠡ ᠡᠬᠢᠯᠡᠨ ᠰᠢᠰᠲᠧᠮᠳᠤ ᠲᠤᠷᠰᠢᠯᠳᠠ ᠦᠷᠨᠢᠭᠦᠯᠵᠤ᠂ 11 ᠰᠠᠷ᠎ᠠ ᠪᠤᠯᠳᠠᠯ᠎ᠠ ᠦᠷᠬᠦᠯᠵᠢᠯᠡᠬᠦ ᠪᠡᠷ ᠪᠤᠢ᠃ ᠡᠭᠦᠨ ᠳ᠋ᠤ᠂ ᠲᠠᠷᠢᠮᠠᠯ ᠢ᠋ ᠬᠠᠮᠠᠭᠠᠯᠠᠬᠤ ᠦᠷ᠎ᠠ ᠨᠦᠯᠦᠭᠡ ᠶ᠋ᠢᠨ ᠲᠤᠬᠠᠢ ᠦᠨᠡᠯᠡᠯᠳᠡ ᠬᠢᠬᠦ ᠭᠤᠤᠯ ᠡᠭᠦᠷᠭᠡ ᠳ᠋ᠤ ᠠᠩᠬᠠᠷᠤᠯ ᠶ᠋ᠢᠡᠨ ᠲᠦᠪᠯᠡᠷᠡᠭᠦᠯᠦᠨ᠂ 《ᠭᠤᠤᠯᠯᠠᠬᠤ ᠲᠤᠷᠰᠢᠯᠳᠠ ᠪᠡᠷ ᠭᠤᠤᠯᠳᠠᠭᠤᠯᠤᠨ᠂ ᠲᠦᠪᠯᠡᠷᠡᠭᠦᠯᠦᠨ ᠵᠢᠱ᠌ᠢᠶᠠ ᠦᠵᠡᠭᠦᠯᠬᠦ ᠪᠡᠷ ᠬᠠᠪᠰᠤᠷᠤᠮᠵᠢ ᠪᠤᠯᠭᠠᠬᠤ》 ᠲᠤᠰᠬᠠᠢ ᠲᠦᠷᠦᠯ ᠤ᠋ᠨ ᠲᠤᠷᠰᠢᠯᠳᠠ ᠶ᠋ᠢᠨ ᠰᠢᠰᠲᠧᠮ ᠢ᠋ ᠪᠠᠢᠭᠤᠯᠵᠤ᠂ ᠡᠯ᠎ᠠ ᠵᠦᠢᠯ ᠤ᠋ᠨ ᠲᠤᠷᠰᠢᠯᠳᠠ ᠪᠠ ᠰᠤᠳᠤᠯᠭᠠᠨ ᠢ᠋ ᠨᠠᠷᠢᠨ ᠤᠨᠤᠴᠠᠳᠠᠢ ᠦᠷᠨᠢᠭᠦᠯᠦᠨ᠂ ᠲᠠᠷᠢᠮᠠᠯ ᠢ᠋ ᠬᠠᠮᠠᠭᠠᠯᠠᠬᠤ ᠦᠷ᠎ᠠ ᠨᠦᠯᠦᠭᠡ ᠶ᠋ᠢᠨ ᠲᠤᠬᠠᠢ ᠲᠤᠭ᠎ᠠ ᠪᠠᠷᠢᠮᠳᠠ ᠰᠢᠨᠵᠢᠯᠡᠬᠦ ᠤᠬᠠᠭᠠᠨᠴᠢ᠂ ᠨᠠᠷᠢᠨ ᠤᠨᠤᠴᠠᠳᠠᠢ᠂ ᠯᠠᠪᠯᠠᠵᠤ ᠪᠤᠯᠬᠤ ᠶ᠋ᠢ ᠪᠠᠳᠤᠯᠠᠵᠤ᠂ ᠳᠠᠷᠠᠭᠠᠴᠢ ᠶ᠋ᠢᠨ ᠪᠦᠬᠦ ᠬᠤᠳᠠ ᠶ᠋ᠢᠨ ᠲᠠᠷᠢᠮᠠᠯ ᠢ᠋ ᠬᠠᠮᠠᠭᠠᠯᠠᠬᠤ ᠠᠵᠢᠯ ᠢ᠋ ᠰᠢᠯᠢᠳᠡᠭᠵᠢᠭᠦᠯᠬᠦ ᠵᠢᠴᠢ ᠮᠡᠷᠭᠡᠵᠢᠯ ᠢ᠋ ᠳᠡᠯᠭᠡᠷᠡᠭᠦᠯᠬᠦ ᠳ᠋ᠤ ᠪᠠᠳᠤ ᠴᠢᠩᠭ᠎ᠠ ᠦᠨᠳᠦᠰᠤᠯᠡᠯ ᠬᠠᠩᠭᠠᠬᠤ ᠪᠤᠯᠤᠨ᠎ᠠ᠃
ᠲᠤᠷᠰᠢᠯᠳᠠ ᠶ᠋ᠢᠨ ᠨᠠᠷᠢᠨ ᠤᠨᠤᠴᠠᠳᠠᠢ ᠴᠢᠨᠠᠷ ᠢ᠋ ᠪᠠᠳᠤᠯᠠᠬᠤ ᠶ᠋ᠢᠨ ᠲᠦᠯᠦᠭᠡ᠂ ᠲᠤᠰᠬᠠᠢ ᠮᠡᠷᠭᠡᠵᠢᠯ ᠤ᠋ᠨ ᠪᠦᠯᠬᠦᠮ ᠤ᠋ᠨ ᠬᠢᠨ ᠡᠯ᠎ᠠ ᠵᠠᠩᠬᠢᠯᠠᠭ᠎ᠠ ᠶ᠋ᠢᠨ ᠭᠤᠭᠴᠤᠭ᠎ᠠ ᠶ᠋ᠢᠨ ᠪᠤᠭᠤᠮᠳᠠ ᠶ᠋ᠢ ᠪᠠᠳᠤ ᠰᠠᠬᠢᠵᠤ᠂ ᠭᠦᠶᠠᠩ ᠰᠢᠶᠠᠨ ᠤ᠋ ᠠᠭᠤᠷ ᠠᠮᠢᠰᠬᠤᠯ ᠤ᠋ᠨ ᠨᠦᠬᠦᠴᠡᠯ ᠳ᠋ᠤ ᠳᠤᠬᠢᠷᠠᠬᠤ ᠰᠦᠷᠬᠡᠤ ᠤᠷᠴᠢᠨ ᠢ᠋ ᠳᠡᠰᠪᠤᠷᠢᠯᠡᠬᠦ ᠴᠢᠨᠠᠷ ᠶ᠋ᠢᠡᠷ ᠰᠠᠢᠨ ᠡᠷᠳᠡᠨᠢ ᠰᠢᠰᠢ ᠶ᠋ᠢᠨ ᠡᠭᠦᠯᠳᠡᠷ 《ᠪᠢ ᠰᠢᠶᠠᠩ 101》 ᠶ᠋ᠢ ᠰᠤᠩᠭᠤᠨ ᠲᠠᠷᠢᠪᠠ᠃ ᠪᠠᠰᠠ ᠳᠤᠬᠢᠭᠤᠷ ᠲᠤᠯᠤᠭᠠᠨ ᠤᠳᠤ ᠵᠠᠮᠴᠢᠯᠠᠭᠤᠷ ᠰᠢᠰᠲ᠋ᠧᠮ ᠶ᠋ᠢᠡᠷ ᠨᠠᠷᠢᠨ ᠤᠨᠤᠴᠠᠳᠠᠢ ᠪᠡᠷ ᠲᠠᠷᠢᠬᠤ ᠮᠡᠷᠭᠡᠵᠢᠯ ᠢ᠋ ᠠᠰᠢᠭᠯᠠᠨ᠂ ᠲᠠᠷᠢᠬᠤ ᠭᠦᠨᠴᠡ ᠪᠠ ᠴᠢᠬᠢ ᠶ᠋ᠢᠨ ᠵᠠᠢ ᠶ᠋ᠢ ᠪᠠᠷᠢᠮᠵᠢᠶᠠᠵᠢᠭᠤᠯᠤᠨ ᠡᠵᠡᠮᠰᠢᠵᠦ᠂ ᠮᠤ᠌ ᠨᠢᠭᠡᠴᠢ ᠶ᠋ᠢᠨ ᠴᠢᠬᠢ ᠪᠠᠷᠢᠬᠤ ᠨᠤᠷᠮ᠎ᠠ ᠶ᠋ᠢ 6667 ᠰᠠᠭᠤᠷᠢ ᠪᠠᠢᠯᠭᠠᠬᠤ ᠶ᠋ᠢ ᠪᠠᠳᠤᠯᠠᠪᠠ᠃ ᠤᠳᠤᠬᠠᠨ ᠳ᠋ᠤ ᠲᠤᠷᠰᠢᠯᠳᠠ ᠶ᠋ᠢᠨ ᠤᠷᠤᠨ ᠤ᠋ ᠡᠷᠳᠡᠨᠢ ᠰᠢᠰᠢ ᠨᠢᠭᠡᠨᠳᠡ ᠴᠢᠬᠢ ᠭᠠᠷᠬᠤ ᠬᠤᠭᠤᠴᠠᠭᠠᠨ ᠳ᠋ᠤ ᠤᠷᠤᠵᠤ᠂ ᠴᠢᠬᠢ ᠪᠠᠷᠢᠭᠰᠠᠨ ᠨᠤᠷᠮ᠎ᠠ ᠨᠢ 96% ᠳ᠋ᠤ ᠬᠦᠷᠴᠤ᠂ ᠤᠷᠭᠤᠯᠳᠠ ᠨᠢ ᠶᠡᠷᠦᠩᠬᠡᠢ ᠳ᠋ᠡᠭᠡᠨ ᠳᠡᠭᠰᠢᠬᠡᠨ ᠪᠠᠢᠨ᠎ᠠ᠃ ᠲᠤᠷᠰᠢᠯᠳᠠ ᠶ᠋ᠢᠨ ᠤᠷᠤᠨ ᠤ᠋ ᠬᠢᠨ ᠡᠷᠳᠡᠨᠢ ᠰᠢᠰᠢ ᠶ᠋ᠢᠨ ᠤᠷᠭᠤᠯᠳᠠ ᠵᠢᠴᠢ ᠡᠪᠡᠳᠴᠢᠨ ᠬᠤᠷᠤᠬᠠᠢ ᠶ᠋ᠢᠨ ᠬᠦᠨᠦᠭᠡᠯ ᠢ᠋ ᠰᠡᠷᠭᠡᠢᠯᠡᠨ ᠡᠵᠡᠮᠳᠡᠭᠰᠡᠨ ᠦᠷ᠎ᠠ ᠪᠦᠲᠦᠮᠵᠢ ᠶ᠋ᠢ ᠪᠦᠬᠦ ᠶᠠᠪᠤᠴᠠ ᠪᠡᠷ ᠮᠦᠷᠳᠡᠨ ᠪᠠᠢᠴᠠᠭᠠᠵᠤ᠂ ᠲᠠᠷᠢᠮᠠᠯ ᠢ᠋ ᠬᠠᠮᠠᠭᠠᠯᠠᠬᠤ ᠠᠵᠢᠯ ᠤ᠋ᠨ ᠠᠮᠤ ᠪᠤᠳᠠᠭᠠᠨ ᠤ᠋ ᠬᠤᠬᠢᠷᠠᠯ ᠢ᠋ ᠪᠠᠭᠠᠰᠬᠠᠬᠤ᠂ ᠤᠨᠠᠯᠳᠠ ᠶ᠋ᠢ ᠨᠡᠮᠡᠭᠳᠡᠭᠦᠯᠬᠦ ᠠᠵᠢᠯ ᠳ᠋ᠡᠬᠢ ᠪᠤᠳᠠᠳᠠᠢ ᠬᠤᠪᠢ ᠨᠡᠮᠡᠭᠦᠷᠢ ᠶ᠋ᠢ ᠰᠢᠰᠲᠧᠮ ᠲᠠᠢ ᠲᠤᠭᠠᠴᠠᠨ ᠪᠤᠳᠤᠵᠤ᠂ ᠤᠷᠤᠨ ᠨᠤᠳᠤᠭ ᠤ᠋ᠨ ᠵᠢᠡᠨ ᠡᠷᠳᠡᠨᠢ ᠰᠢᠰᠢ ᠶ᠋ᠢᠨ ᠲᠠᠷᠢᠮᠠᠯ ᠢ᠋ ᠬᠠᠮᠠᠭᠠᠯᠠᠬᠤ ᠠᠵᠢᠯ ᠢ᠋ ᠰᠢᠯᠢᠳᠡᠭᠵᠢᠭᠦᠯᠬᠦ ᠮᠡᠷᠭᠡᠵᠢᠯ ᠤ᠋ᠨ ᠵᠠᠭᠪᠤᠷ ᠢ᠋ ᠪᠤᠯᠪᠠᠰᠤᠷᠠᠭᠤᠯᠤᠨ ᠭᠠᠷᠭᠠᠬᠤ ᠪᠤᠯᠤᠨ᠎ᠠ᠃