ᠦᠪᠦᠷ ᠮᠤᠩᠭᠤᠯ ᠡᠩᠬᠦᠷᠠᠢ ᠠᠮᠢᠳᠠᠨ ᠢ᠋ ᠲᠡᠵᠢᠭᠡᠬᠦ ᠰᠦ ᠵᠢᠴᠢ ᠰᠦ ᠶ᠋ᠢᠨ ᠪᠦᠲᠦᠭᠡᠭᠳᠡᠭᠦᠨ ᠤ᠋ ᠵᠠᠪᠰᠠᠷ ᠤ᠋ᠨ ᠲᠤᠷᠰᠢᠯᠳᠠ ᠶ᠋ᠢᠨ ᠲᠦᠷᠦᠯ ᠵᠦᠢᠯ ᠤ᠋ᠨ ᠳᠠᠭᠠᠭᠠᠴᠢᠯᠠᠯᠳᠠ ᠵᠠᠷᠯᠠᠵᠤ ᠪᠠᠢᠨ᠎ᠠ
2026-05-29 10:51:16
ᠵᠣᠬᠢᠶᠠᠭ᠍ᠴᠢ᠄
ᠡᠷᠳᠡᠨᠢᠬᠤᠸᠠᠷ
ᠣᠩᠱᠢᠭ᠍ᠰᠠᠨ ᠣᠳᠠᠭ᠎ᠠ᠄
★★★☆☆

ᠦᠪᠦᠷ ᠮᠤᠩᠭᠤᠯ ᠤ᠋ᠨ ᠬᠦᠬᠡᠬᠤᠳᠠ ᠶ᠋ᠢᠨ ᠤᠯᠠᠨ ᠨᠡᠢᠳᠡ ᠶ᠋ᠢᠨ ᠡᠬᠢ ᠪᠠᠶᠠᠯᠢᠭ ᠤ᠋ᠨ ᠠᠷᠠᠯᠵᠢᠶᠠᠨ ᠤ᠋ ᠲᠦᠪ ᠡᠴᠡ ᠤᠢᠯᠠᠭᠠᠭᠰᠠᠨ ᠶ᠋ᠢᠡᠷ᠂ ᠡᠩᠬᠦᠷᠠᠢ ᠠᠮᠢᠳᠠᠨ ᠢ᠋ ᠲᠡᠵᠢᠭᠡᠬᠦ ᠰᠦ ᠵᠢᠴᠢ ᠰᠦ ᠶ᠋ᠢᠨ ᠪᠦᠲᠦᠭᠡᠭᠳᠡᠭᠦᠨ ᠤ᠋ ᠵᠠᠪᠰᠠᠷ ᠤ᠋ᠨ ᠲᠤᠷᠰᠢᠯᠳᠠ ᠶ᠋ᠢᠨ ᠲᠦᠷᠦᠯ ᠵᠦᠢᠯ ᠤ᠋ᠨ ᠪᠠᠢᠭᠤᠯᠤᠯᠳᠠ ᠤᠢᠷ᠎ᠠ ᠳ᠋ᠤ ᠴᠢᠩ ᠱᠦᠢ ᠾᠧ ᠰᠢᠶᠠᠨ ᠤ᠋ ᠬᠦᠭᠵᠢᠭᠦᠯᠦᠯᠳᠡ ᠪᠠ ᠦᠭᠡᠷᠡᠴᠢᠯᠡᠯᠳᠡ ᠶ᠋ᠢᠨ ᠵᠦᠪᠯᠡᠯ ᠤ᠋ᠨ ᠵᠦᠪᠰᠢᠶᠡᠷᠡᠯ ᠢ᠋ ᠤᠯᠵᠤ᠂ ᠲᠦᠷᠦᠯ ᠵᠦᠢᠯ ᠤ᠋ᠨ ᠬᠢᠨ ᠬᠢᠷᠢ ᠭᠡᠮ ᠢ᠋ ᠰᠡᠭᠦᠯ ᠳ᠋ᠤᠨᠢ ᠪᠠᠢᠴᠠᠭᠠᠬᠤ ᠬᠡᠯᠪᠡᠷᠢ ᠪᠡᠷ ᠢᠯᠡ ᠪᠡᠷ ᠳᠠᠭᠠᠭᠠᠴᠢᠯᠠᠯᠳᠠ ᠵᠠᠷᠯᠠᠵᠤ ᠪᠠᠢᠨ᠎ᠠ᠃

ᠤᠢᠯᠠᠭᠠᠭᠰᠠᠨ ᠶ᠋ᠢᠡᠷ᠂ ᠲᠤᠰ ᠲᠦᠷᠦᠯ ᠵᠦᠢᠯ ᠤ᠋ᠨ ᠳᠠᠭᠠᠭᠠᠴᠢᠯᠠᠯᠳᠠ ᠵᠠᠷᠯᠠᠬᠤ ᠡᠳᠡᠭᠡᠳ ᠨᠢ ᠴᠢᠩ ᠱᠦᠢ ᠾᠧ ᠰᠢᠶᠠᠨ ᠤ᠋ ᠮᠠᠯ ᠠᠵᠤ ᠠᠬᠤᠢ ᠲᠠᠷᠢᠶᠠᠯᠠᠩ ᠤ᠋ᠨ ᠮᠡᠷᠭᠡᠵᠢᠯ ᠢ᠋ ᠳᠡᠯᠭᠡᠷᠡᠭᠦᠯᠬᠦ ᠲᠦᠪ (ᠴᠢᠩ ᠱᠦᠢ ᠾᠧ ᠰᠢᠶᠠᠨ ᠤ᠋ ᠮᠠᠯ ᠠᠵᠤ ᠠᠬᠤᠢ ᠲᠠᠷᠢᠶᠠᠯᠠᠩ ᠤ᠋ᠨ ᠰᠢᠨᠵᠢᠯᠡᠬᠦ ᠤᠬᠠᠭᠠᠨ ᠤ᠋ ᠰᠤᠳᠤᠯᠭᠠᠨ ᠤ᠋ ᠬᠦᠷᠢᠶᠡᠯᠡᠩ) ᠪᠠᠢᠵᠤ᠂ ᠲᠦᠷᠦᠯ ᠵᠦᠢᠯ ᠤ᠋ᠨ ᠪᠦᠲᠦᠭᠡᠨ ᠪᠠᠢᠭᠤᠯᠤᠯᠳᠠ ᠶ᠋ᠢᠨ ᠪᠡᠯᠡ ᠮᠦᠩᠬᠦ ᠶ᠋ᠢ ᠡᠳ᠋ ᠤ᠋ᠨ ᠵᠠᠰᠠᠭ ᠡᠴᠡ ᠤᠯᠭᠤᠨ᠂ ᠨᠡᠢᠳᠡ 930 ᠲᠦᠮᠡᠨ ᠲᠦᠭᠦᠷᠢᠭ ᠤ᠋ᠨ ᠪᠡᠯᠡ ᠮᠦᠩᠬᠦ ᠤᠷᠤᠭᠤᠯᠬᠤ ᠪᠡᠷ ᠲᠦᠯᠦᠪᠯᠡᠵᠦ ᠪᠤᠢ᠃ ᠲᠤᠰ ᠲᠦᠷᠦᠯ ᠵᠦᠢᠯ ᠢ᠋ ᠴᠢᠩ ᠱᠦᠢ ᠾᠧ ᠰᠢᠶᠠᠨ ᠳ᠋ᠤ ᠪᠠᠢᠭᠤᠯᠵᠤ᠂ ᠨᠡᠢᠳᠡ 1728 ᠳᠡᠭᠰᠢ ᠳᠦᠷᠪᠡᠯᠵᠢᠨ ᠮᠧᠲᠷ ᠤ᠋ᠨ ᠭᠠᠵᠠᠷ ᠢ᠋ ᠡᠵᠡᠯᠡᠨ᠂ ᠡᠩᠭᠦᠷᠠᠢ ᠠᠮᠢᠳᠠᠨ ᠢ᠋ ᠲᠡᠵᠢᠭᠡᠬᠦ ᠰᠢᠩᠭᠡᠨ ᠲᠦᠯᠦᠪᠳᠦ ᠰᠦ ᠶ᠋ᠢᠨ ᠵᠠᠪᠰᠠᠷ ᠤ᠋ᠨ ᠲᠤᠷᠰᠢᠯᠳᠠ ᠶ᠋ᠢᠨ ᠦᠢᠯᠡᠳᠪᠤᠷᠢᠯᠡᠯ ᠤ᠋ᠨ ᠱᠤᠭᠤᠮ᠂ ᠡᠩᠭᠦᠷᠠᠢ ᠠᠮᠢᠳᠠᠨ ᠢ᠋ ᠲᠡᠵᠢᠭᠡᠬᠦ ᠢᠰᠭᠡᠭᠰᠡᠨ ᠰᠦ ᠶ᠋ᠢᠨ ᠵᠠᠪᠰᠠᠷ ᠤ᠋ᠨ ᠲᠤᠷᠰᠢᠯᠳᠠ ᠶ᠋ᠢᠨ ᠦᠢᠯᠡᠳᠪᠤᠷᠢᠯᠡᠯ ᠤ᠋ᠨ ᠱᠤᠭᠤᠮ᠂ ᠡᠩᠬᠦᠷᠠᠢ ᠠᠮᠢᠳᠠᠨ ᠢ᠋ ᠲᠡᠵᠢᠭᠡᠬᠦ ᠮᠢᠬ᠎ᠠ ᠰᠦ ᠶ᠋ᠢᠨ ᠨᠠᠢᠷᠠᠯᠭᠠᠳᠤ ᠨᠤᠢᠳᠠᠨ ᠢᠳᠡᠰᠢ ᠶ᠋ᠢᠨ ᠵᠠᠪᠰᠠᠷ ᠤ᠋ᠨ ᠲᠤᠷᠰᠢᠯᠳᠠ ᠶ᠋ᠢᠨ ᠦᠢᠯᠡᠳᠪᠤᠷᠢᠯᠡᠯ ᠤ᠋ᠨ ᠱᠤᠭᠤᠮ᠂ ᠡᠩᠬᠦᠷᠠᠢ ᠠᠮᠢᠳᠠᠨ ᠢ᠋ ᠲᠡᠵᠢᠭᠡᠬᠦ ᠬᠠᠭᠰᠠᠭᠠᠭᠰᠠᠨ ᠬᠡᠯᠪᠡᠷᠢ ᠶ᠋ᠢᠨ ᠬᠠᠳᠠᠭᠤ ᠲᠦᠯᠦᠪᠳᠦ ᠰᠦ ᠶ᠋ᠢᠨ ᠪᠦᠲᠦᠭᠡᠭᠳᠡᠭᠦᠨ ᠤ᠋ ᠤᠷᠤᠨ ᠲᠤᠭᠤᠷᠢᠭ ᠬᠤᠪᠢᠶᠠᠭᠰᠠᠨ ᠳᠤᠯᠠᠭᠠᠨ ᠤ᠋ ᠬᠡᠮᠵᠢᠶ᠎ᠠ ᠶ᠋ᠢ ᠡᠵᠡᠮᠳᠡᠬᠦ ᠵᠠᠪᠰᠠᠷ ᠤ᠋ᠨ ᠲᠤᠷᠰᠢᠯᠳᠠ ᠶ᠋ᠢᠨ ᠦᠢᠯᠡᠳᠪᠤᠷᠢᠯᠡᠯ ᠤ᠋ᠨ ᠱᠤᠭᠤᠮ᠂ ᠠᠷᠢᠭᠤᠨ ᠴᠡᠪᠡᠷ ᠳᠤᠭᠳᠠᠮᠠᠯ ᠳᠤᠯᠠᠭᠠᠨᠳᠤ ᠰᠢᠰᠲᠧᠮ ᠵᠡᠷᠭᠡ ᠶ᠋ᠢ ᠪᠠᠢᠭᠤᠯᠬᠤ ᠪᠤᠯᠤᠨ᠎ᠠ᠃

ᠤᠢᠷ᠎ᠠ ᠶ᠋ᠢᠨ ᠵᠢᠯ ᠳ᠋ᠤ ᠴᠢᠩ ᠱᠦᠢ ᠾᠧ ᠰᠢᠶᠠᠨ ᠡᠩᠬᠦᠷᠠᠢ ᠠᠮᠢᠳᠠᠨ ᠤ᠋ ᠠᠵᠤ ᠠᠬᠤᠢ ᠶ᠋ᠢ ᠶᠡᠬᠡ ᠪᠡᠷ ᠪᠤᠢᠵᠢᠭᠤᠯᠤᠨ ᠬᠦᠭᠵᠢᠭᠦᠯᠵᠦ᠂ 2026 ᠤᠨ ᠤ᠋ ᠵᠠᠰᠠᠭ ᠤ᠋ᠨ ᠤᠷᠳᠤᠨ ᠤ᠋ ᠠᠵᠢᠯ ᠤ᠋ᠨ ᠢᠯᠡᠳᠭᠡᠯ ᠳ᠋ᠡᠭᠡᠨ ᠴᠤ᠌ ᠡᠩᠬᠦᠷᠠᠢ ᠠᠮᠢᠳᠠᠨ ᠢ᠋ ᠲᠡᠵᠢᠭᠡᠬᠦ ᠰᠦ ᠶ᠋ᠢᠨ ᠪᠦᠲᠦᠭᠡᠭᠳᠡᠭᠦᠨ ᠤ᠋ ᠲᠦᠷᠦᠯ ᠵᠦᠢᠯ ᠢ᠋ ᠪᠦᠲᠦᠭᠡᠨ ᠪᠠᠢᠭᠤᠯᠵᠤ ᠠᠰᠢᠭᠯᠠᠯᠳᠠ ᠳ᠋ᠤ ᠤᠷᠤᠭᠤᠯᠬᠤ ᠶ᠋ᠢ ᠠᠬᠢᠭᠤᠯᠤᠨ᠎ᠠ ᠭᠡᠵᠦ ᠳᠤᠷᠠᠳᠴᠠᠢ᠃ ᠤᠳᠤᠬᠠᠨ ᠳ᠋ᠤ ᠲᠤᠰ ᠰᠢᠶᠠᠨ ᠤ᠋ ᠬᠢᠨ ᠶᠠᠭ ᠡᠩᠭᠦᠷᠠᠢ ᠠᠮᠢᠳᠠᠨ ᠤ᠋ ᠠᠵᠤ ᠠᠬᠤᠢ ᠶ᠋ᠢᠨ ᠠᠵᠤ ᠦᠢᠯᠡᠰ ᠤ᠋ᠨ ᠬᠦᠷᠢᠶᠡᠯᠡᠩ ᠢ᠋ ᠱᠠᠯᠠᠪᠳᠠᠨ ᠪᠦᠲᠦᠭᠡᠨ ᠪᠠᠢᠭᠤᠯᠵᠤ᠂ ᠭᠠᠵᠠᠷ ᠤᠷᠤᠨ ᠤ᠋ ᠪᠡᠨ ᠴᠢᠨᠠᠷᠯᠢᠭ ᠰᠦ ᠶ᠋ᠢᠨ ᠢᠷᠡᠯᠳᠡ ᠬᠢᠭᠡᠳ ᠡᠯᠳᠡᠪ ᠠᠮᠤ ᠶ᠋ᠢᠨ ᠡᠬᠢ ᠪᠠᠶᠠᠯᠢᠭ ᠲᠠᠭᠠᠨ ᠲᠦᠰᠢᠭᠯᠡᠨ ᠡᠩᠬᠦᠷᠠᠢ ᠠᠮᠢᠳᠠᠨ ᠢ᠋ ᠲᠡᠵᠢᠭᠡᠬᠦ ᠰᠢᠩᠭᠡᠨ ᠲᠦᠯᠦᠪᠳᠤ ᠰᠦ᠂ ᠢᠰᠭᠡᠭᠰᠡᠨ ᠰᠦ᠂ ᠮᠢᠬ᠎ᠠ ᠰᠦ ᠶ᠋ᠢᠨ ᠨᠠᠢᠷᠠᠯᠭᠠᠳᠤ ᠨᠤᠢᠳᠠᠨ ᠢᠳᠡᠰᠢ ᠵᠡᠷᠭᠡ ᠤᠨᠴᠠᠯᠢᠭᠳᠤ ᠪᠦᠲᠦᠭᠡᠭᠳᠡᠭᠦᠨ ᠳ᠋ᠤ ᠠᠩᠬᠠᠷᠤᠯ ᠶ᠋ᠢᠡᠨ ᠲᠦᠪᠯᠡᠷᠡᠭᠦᠯᠵᠤ᠂ 《ᠮᠠᠯᠵᠢᠯ ᠤ᠋ᠨ ᠲᠠᠯᠠᠪᠠᠢ + ᠦᠢᠯᠡᠳᠪᠤᠷᠢ + ᠵᠠᠬ᠎ᠠ ᠳᠡᠯᠭᠡᠭᠦᠷ》 ᠤ᠋ᠨ ᠬᠡᠯᠪᠡᠷᠢ ᠶ᠋ᠢᠨ ᠪᠦᠬᠦ ᠠᠵᠤ ᠦᠢᠯᠡᠰ ᠤ᠋ᠨ ᠬᠡᠯᠬᠢᠶ᠎ᠠ ᠶ᠋ᠢᠨ ᠬᠦᠭᠵᠢᠯᠳᠡ ᠶ᠋ᠢᠨ ᠵᠠᠭᠪᠤᠷ ᠢ᠋ ᠬᠦᠴᠦᠯᠡᠨ ᠴᠤᠭᠴᠠᠯᠠᠵᠤ ᠪᠠᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号